ᠤᠯᠠᠭᠠᠨᠴᠠᠪ ᠵᠠᠰᠠᠭ ᠠᠯᠪᠠᠨ ᠲᠠᠷᠬᠠᠭᠠᠭᠰᠠᠨ 〔2021〕7 ᠳ᠋ᠤᠭᠠᠷ ᠲᠣᠭᠠᠲᠤ | | ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ | ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄ | ︽ᠤᠯᠠᠭᠠᠨᠴᠠᠪ ᠬᠤᠲᠠ ᠶᠢᠨ ᠴᠠᠭᠠᠨᠨᠠᠭᠤᠷ ᠤᠨ ᠠᠮᠢ ᠠᠬᠤᠢ ᠶᠢᠨ ᠬᠠᠮᠠᠭᠠᠯᠠᠯᠲᠠ ᠪᠠ ᠰᠡᠷᠭᠦᠭᠡᠨ | ᠵᠠᠰᠠᠯᠲᠠ ᠶᠢᠨ ᠬᠡᠷᠡᠭᠵᠢᠭᠦᠯᠬᠦ ᠲᠥᠰᠦᠯ︾ ᠢ ᠨᠢᠭᠡᠨᠲᠡ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠬᠤᠯᠪᠣᠭᠳᠠᠯ ᠪᠦᠬᠦᠢ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ | ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠲᠦᠭᠡᠢ᠃ | 2021ᠣᠨ ᠤ 2 ᠰᠠᠷ᠎ᠠ ᠶᠢᠨ 7 ᠤ ᠡᠳᠦᠷ | | ᠤᠯᠠᠭᠠᠨᠴᠠᠪ ᠬᠤᠲᠠ ᠶᠢᠨ ᠴᠠᠭᠠᠨᠨᠠᠭᠤᠷ ᠤᠨ ᠠᠮᠢ ᠠᠬᠤᠢ ᠶᠢᠨ ᠬᠠᠮᠠᠭᠠᠯᠠᠯᠲᠠ ᠪᠠ ᠰᠡᠷᠭᠦᠭᠡᠨ ᠵᠠᠰᠠᠯᠲᠠᠶᠢᠨ | ᠬᠡᠷᠡᠭᠵᠢᠭᠦᠯᠬᠦ ᠲᠥᠰᠦᠯ | ᠴᠠᠭᠠᠨᠨᠠᠭᠤᠷ ᠤᠨ ᠠᠮᠢ ᠠᠬᠤᠶ ᠶᠢ ᠬᠠᠮᠠᠭᠠᠯᠠᠬᠤ ᠪᠠ ᠰᠡᠷᠭᠦᠭᠡᠨ ᠵᠠᠰᠠᠬᠤ ᠠᠵᠢᠯ ᠢ ᠯᠠᠪᠳᠠᠭᠤᠨ ᠪᠠᠲᠤᠲᠠᠶ | ᠠᠬᠢᠭᠤᠯᠬᠤ ᠶᠢᠨ ᠲᠤᠰᠠᠳᠠ᠂ ᠤᠯᠤᠰ ᠤᠨ ︽ᠴᠠᠭᠠᠨᠨᠠᠭᠤᠷ ᠤᠨ ᠠᠮᠢ ᠠᠬᠤᠶ ᠶᠢ ᠬᠠᠮᠠᠭᠠᠯᠠᠬᠤ ᠪᠠ ᠰᠡᠷᠭᠦᠭᠡᠨ | ᠵᠠᠰᠠᠬᠤ ᠠᠵᠢᠯ ᠤᠨ ᠲᠥᠰᠦᠯ︾ ᠪᠣᠯᠤᠨ ᠥᠪᠡᠷᠲᠡᠭᠡᠨ ᠵᠠᠰᠠᠬᠤ ᠣᠷᠣᠨ ᠤ ︽ᠴᠠᠭᠠᠨᠨᠠᠭᠤᠷ ᠤᠨ ᠠᠮᠢ ᠠᠬᠤᠢ ᠶᠢᠨ | ᠬᠠᠮᠠᠭᠠᠯᠠᠯᠲᠠ ᠪᠠ ᠰᠡᠷᠭᠦᠭᠡᠨ ᠵᠠᠰᠠᠯᠲᠠ ᠶᠢᠨ ᠬᠡᠷᠡᠭᠵᠢᠭᠦᠯᠬᠦ ᠲᠥᠰᠦᠯ︾ ᠤᠨ ᠵᠣᠷᠢᠭ ᠰᠠᠨᠠᠭ᠎ᠠ ᠶᠢ ᠦᠨᠳᠦᠰᠦᠯᠡᠨ᠂ | ᠮᠠᠨ ᠤ ᠬᠤᠲᠠ ᠴᠠᠭᠠᠨᠨᠠᠭᠤᠷ ᠤᠨ ᠰᠠᠪᠠ ᠭᠠᠵᠠᠷ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠣᠰ ᠲᠥᠰᠦᠯ ᠢ | ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ | ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ | ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ᠂ ᠢᠯᠠᠩᠭᠤᠶ᠎ᠠ ᠴᠠᠭᠠᠨᠨᠠᠭᠤᠷ ᠤᠨ | ᠠᠰᠠᠭᠤᠳᠠᠯ ᠤᠨ ᠲᠤᠬᠠᠶ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠤᠯᠤᠰ | ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠵᠠᠰᠠᠯᠲᠠ ᠶᠢᠨ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ︽ | ᠲᠠᠭ᠎ᠠ ᠶᠢᠨ ᠨᠠᠭᠤᠷ ᠢ ᠶᠡᠷᠦᠩᠬᠡᠶᠢᠯᠡᠨ ᠵᠠᠰᠠᠬᠤ︾ ᠶᠢ ᠴᠢᠬᠤᠯᠠᠴᠢᠯᠠᠬᠤ ᠲᠠᠢ ᠠᠳᠠᠯᠢ ᠪᠠᠷ ᠴᠠᠭᠠᠨᠨᠠᠭᠤᠷ ᠤᠨ ᠠᠮᠢ | ᠠᠬᠤᠶ ᠶᠢ ᠬᠠᠮᠠᠭᠠᠯᠠᠬᠤ ᠪᠠ ᠵᠠᠰᠠᠨ ᠰᠡᠷᠭᠦᠭᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠨ᠎ᠠ᠃ ᠠᠮᠢ | ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠶᠢ ᠪᠠᠷᠢᠮᠲᠠᠯᠠᠵᠤ᠂ ︽ᠬᠥᠬᠡᠮᠳᠦᠭ | ᠠᠭᠤᠯᠠ ᠨᠣᠮᠢᠨ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠣᠶᠢᠯᠠᠭᠠᠭᠳᠠᠬᠤᠨ ᠢ ᠦᠶᠯᠡᠳᠦᠯᠭᠡᠵᠢᠭᠦᠯᠵᠦ | ᠂ ᠴᠠᠭᠠᠨᠨᠠᠭᠤᠷ ᠤᠨ ᠠᠮᠢ ᠠᠬᠤᠶ ᠶᠢᠨ ᠰᠢᠰᠲ᠋ᠧᠮ ᠤᠨ ᠶᠠᠰᠤ ᠴᠢᠨᠠᠷ ᠢ ᠰᠠᠶᠢᠵᠢᠷᠠᠭᠤᠯᠬᠤ ᠪᠠᠷ ᠭᠤᠤᠯ ᠪᠣᠯᠭᠠᠵᠤ᠂ | ᠤᠰᠤᠨ ᠤ ᠡᠬᠢ ᠪᠠᠶᠠᠯᠢᠭ ᠢᠶᠠᠷ ᠬᠠᠮᠤᠭ ᠤᠨ ᠴᠢᠩᠭ᠎ᠠ ᠬᠢᠵᠠᠭᠠᠷᠯᠠᠯ ᠪᠣᠯᠭᠠᠵᠤ᠂ ᠠᠮᠢ ᠠᠬᠤᠶ ᠶᠢᠨ ᠠᠮᠤᠷ ᠲᠦᠪᠰᠢᠨ᠂ | ᠤᠰᠤᠨ ᠤ ᠠᠮᠤᠷ ᠲᠦᠪᠰᠢᠨ᠂ ᠠᠮᠤ ᠪᠤᠳᠠᠭᠠᠨ ᠤ ᠠᠮᠤᠷ ᠲᠦᠪᠰᠢᠨ᠂ ᠲᠠᠷᠢᠶᠠᠯᠠᠩ ᠮᠠᠯ ᠠᠵᠤ ᠠᠬᠤᠶ ᠶᠢᠨ | ᠬᠥᠭᠵᠢᠯᠲᠡ ᠪᠣᠯᠤᠨ ᠶᠠᠳᠠᠭᠤ ᠠᠴᠠ ᠠᠩᠭᠢᠵᠢᠷᠠᠭᠤᠯᠵᠦ ᠣᠷᠣᠯᠭ᠎ᠠ ᠶᠢ ᠨᠡᠮᠡᠭᠳᠡᠭᠦᠯᠬᠦ ᠶᠢ ᠶᠡᠷᠦᠩᠬᠡᠶᠢᠯᠡᠨ ᠪᠣᠳᠣᠯᠬᠢᠯᠠᠵᠤ | ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠢ ᠶᠡᠷᠦᠩᠬᠡᠶᠢᠯᠡᠨ ᠵᠠᠰᠠᠬᠤ ᠶᠢ | ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠰᠠᠪᠠ ᠭᠠᠵᠠᠷ ᠤᠨ ᠠᠷᠠᠳ ᠣᠯᠠᠨ ᠤ ᠦᠶᠯᠡᠳᠪᠦᠷᠢᠯᠡᠯ᠂ | ᠠᠮᠢᠳᠤᠷᠠᠯ ᠤᠨ ᠬᠡᠷᠡᠭᠴᠡᠭᠡ ᠶᠢ ᠦᠷᠭᠦᠯᠵᠢᠯᠡᠨ ᠬᠠᠩᠭᠠᠬᠤ ᠶᠢ ᠬᠠᠮᠲᠤ ᠳᠤ ᠨᠢ ᠬᠠᠷᠠᠭᠠᠯᠵᠠᠵᠤ᠂ ᠴᠠᠭᠠᠨᠨᠠᠭᠤᠷ ᠤᠨ | ᠠᠮᠢ ᠠᠬᠤᠶ ᠶᠢ ᠬᠠᠮᠠᠭᠠᠯᠠᠬᠤ ᠪᠠ ᠵᠠᠰᠠᠨ ᠰᠡᠷᠭᠦᠭᠡᠬᠦ ᠨᠢᠭᠡ ᠪᠦᠯᠦᠭ ᠲᠥᠷᠥᠯ ᠵᠦᠶᠯ ᠢ ᠨᠠᠷᠢᠨ ᠬᠢᠨᠠᠮᠠᠭᠠᠶ | ᠲᠥᠯᠥᠪᠵᠢᠭᠦᠯᠦᠨ ᠬᠡᠷᠡᠭᠵᠢᠭᠦᠯᠦᠨ᠎ᠡ᠃ ᠤᠰᠤ ᠪᠠᠷ ᠤᠨᠠᠯᠲᠠ ᠶᠢ ᠲᠣᠭᠲᠠᠭᠠᠬᠤ᠂ ᠤᠰᠤ ᠪᠠᠷ ᠭᠠᠵᠠᠷ ᠢ | ᠲᠣᠭᠲᠠᠭᠠᠬᠤ ᠶᠢ ᠪᠠᠷᠢᠮᠲᠠᠯᠠᠵᠤ᠂ ᠭᠠᠵᠠᠷ ᠳᠤᠤᠷᠠᠬᠢ ᠤᠰᠤ ᠶᠢ ᠳᠠᠷᠤᠵᠤ ᠮᠠᠯᠲᠠᠬᠤ᠂ ᠲᠠᠷᠢᠶᠠᠯᠠᠩ ᠤᠨ ᠪᠦᠲᠦᠴᠡ ᠳᠤ | ᠲᠣᠬᠢᠷᠠᠭᠤᠯᠤᠯᠲᠠ ᠬᠢᠬᠦ᠂ ᠪᠠᠶᠢᠭᠠᠯᠢᠯᠢᠭ ᠨᠤᠲᠤᠭ ᠪᠡᠯᠴᠢᠭᠡᠷ ᠢ ᠬᠠᠮᠠᠭᠠᠯᠠᠬᠤ᠂ ᠲᠠᠷᠢᠶᠠᠯᠠᠬᠤ ᠶᠢ ᠵᠣᠭᠰᠣᠭᠠᠵᠤ ᠡᠪᠡᠰᠦ | ᠲᠠᠷᠢᠬᠤ᠂ ᠨᠤᠭᠤ ᠭᠠᠵᠠᠷ ᠢ ᠬᠠᠮᠠᠭᠠᠯᠠᠬᠤ ᠵᠡᠷᠭᠡ ᠲᠠᠯ᠎ᠠ ᠪᠠᠷ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠣᠨᠢᠨ | ᠳᠡᠭᠡᠷ᠎ᠡ ᠨᠢ ᠬᠦᠴᠦᠯᠡᠵᠦ᠂ ᠶᠡᠷᠦᠩᠬᠡᠶᠢᠯᠡᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠴᠠᠭᠠᠨᠨᠠᠭᠤᠷ ᠤᠨ ᠠᠮᠢ ᠠᠬᠤᠶ | ᠮᠠᠭᠤᠳᠠᠵᠤ ᠪᠠᠶᠢᠭ᠎ᠠ ᠬᠠᠨᠳᠤᠰᠢ ᠶᠢ ᠦᠨᠡᠨ ᠬᠦ ᠬᠤᠪᠢᠷᠠᠭᠤᠯᠵᠤ᠂ ᠰᠠᠪᠠ ᠭᠠᠵᠠᠷ ᠤᠨ ᠠᠮᠢ ᠠᠬᠤᠶ ᠶᠢᠨ | ᠰᠢᠰᠲ᠋ᠧᠮ ᠤᠨ ᠴᠢᠳᠠᠮᠵᠢ ᠶᠢ ᠠᠯᠬᠤᠮ ᠠᠯᠬᠤᠮ ᠢᠶᠠᠷ ᠰᠡᠷᠭᠦᠭᠡᠵᠦ᠂ ᠤᠮᠠᠷᠠᠲᠤ ᠶᠢᠨ ᠭᠠᠩ ᠬᠠᠭᠤᠷᠠᠶ᠂ ᠬᠠᠭᠠᠰ ᠭᠠᠩ | ᠬᠠᠭᠤᠷᠠᠶ ᠭᠠᠵᠠᠷ ᠣᠷᠣᠨ ᠤ ᠲᠠᠷᠢᠶᠠᠯᠠᠩ ᠮᠠᠯ ᠠᠵᠤ ᠠᠬᠤᠶ ᠰᠣᠯᠪᠢᠴᠠᠭᠰᠠᠨ ᠪᠦᠰᠡ ᠶᠢᠨ ︽ᠠᠭᠤᠯᠠ ᠤᠰᠤ ᠣᠶ | ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ︾ ᠤᠨ ᠶᠡᠷᠦᠩᠬᠡᠶᠢᠯᠡᠭᠰᠡᠨ ᠵᠠᠰᠠᠯᠲᠠ ᠶᠢᠨ ᠵᠢᠱᠢᠶ᠎ᠡ | ᠦᠵᠡᠭᠦᠯᠬᠦ ᠥᠯᠢᠭᠡᠷ ᠳᠠᠭᠤᠷᠢᠶᠠᠯ ᠢ ᠪᠣᠶ ᠪᠣᠯᠭᠠᠵᠤ᠂ ᠪᠡᠭᠡᠵᠢᠩ ᠲᠢᠶᠠᠨᠵᠢᠨ ᠾᠧᠪᠧᠶ ᠶᠢᠨ ᠠᠮᠢ ᠠᠬᠤᠶ ᠶᠢᠨ ᠠᠮᠤᠷ | ᠲᠦᠪᠰᠢᠨ ᠤ ᠬᠠᠯᠬᠠᠪᠴᠢ ᠶᠢ ᠪᠠᠬᠢᠵᠢᠭᠦᠯᠦᠨ᠎ᠡ᠃ | ︵ᠬᠤᠶᠠᠷ︶ ᠵᠠᠰᠠᠬᠤ ᠬᠦᠷᠢᠶ᠎ᠡ ᠬᠡᠪᠴᠢᠶ᠎ᠡ | ᠮᠠᠨ ᠤ ᠬᠤᠲᠠ ᠶᠢᠨ ᠬᠢᠯᠢ ᠳᠣᠲᠣᠷᠠᠬᠢ ᠴᠠᠭᠠᠨᠨᠠᠭᠤᠷ ᠤᠨ ᠰᠠᠪᠠ ᠭᠠᠵᠠᠷ ᠤᠨ ᠲᠠᠯᠠᠪᠠᠢ 4885 ᠲᠡᠭᠰᠢ | ᠳᠥᠷᠪᠡᠯᠵᠢᠨ ᠺᠢᠯᠣᠮᠧᠲᠷ ᠪᠠᠶᠢᠵᠤ᠂ ᠮᠠᠨ ᠤ ᠬᠤᠲᠠ ᠶᠢᠨ 5 ᠬᠤᠰᠢᠭᠤ ᠰᠢᠶᠠᠨ ᠤ 17 ᠰᠢᠶᠠᠩ ᠪᠠᠯᠭᠠᠰᠤ ᠶᠢᠨ | 252 ᠵᠠᠰᠠᠭ ᠵᠠᠬᠢᠷᠭᠠᠨ ᠤ ᠲᠣᠰᠬᠤᠨ ᠳᠤ ᠬᠤᠯᠪᠣᠭᠳᠠᠨ᠎ᠠ᠂ ᠡᠭᠦᠨ ᠳᠤ ᠱᠠᠩᠳᠤ ᠰᠢᠶᠠᠨ 2515 ᠲᠡᠭᠰᠢ | ᠳᠥᠷᠪᠡᠯᠵᠢᠨ ᠺᠢᠯᠣᠮᠧᠲᠷ᠂ ᠬᠤᠸᠠᠳᠧ ᠰᠢᠶᠠᠨ 1410 ᠲᠡᠭᠰᠢ ᠳᠥᠷᠪᠡᠯᠵᠢᠨ ᠺᠢᠯᠣᠮᠧᠲᠷ᠂ ᠰᠢᠩ ᠾᠧ ᠰᠢᠶᠠᠨ | 865 ᠲᠡᠭᠰᠢ ᠳᠥᠷᠪᠡᠯᠵᠢᠨ ᠺᠢᠯᠣᠮᠧᠲᠷ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ 54 ᠲᠡᠭᠰᠢ | ᠳᠥᠷᠪᠡᠯᠵᠢᠨ ᠺᠢᠯᠣᠮᠧᠲᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ 41 ᠲᠡᠭᠰᠢ ᠳᠥᠷᠪᠡᠯᠵᠢᠨ ᠺᠢᠯᠣᠮᠧᠲᠷ | ᠪᠠᠭᠲᠠᠨ᠎ᠠ᠃ | ︵ᠭᠤᠷᠪᠠ︶ ᠠᠵᠢᠯ ᠤᠨ ᠬᠠᠷᠠᠯᠲᠠ | 2022 ᠣᠨ ᠪᠣᠯᠬᠤ ᠳᠤ᠂ ᠴᠠᠭᠠᠨᠨᠠᠭᠤᠷ ᠤᠯᠤᠰ ᠤᠨ ᠨᠤᠭᠤ ᠭᠠᠵᠠᠷ ᠤᠨ ᠴᠡᠴᠡᠷᠯᠢᠭ ᠢ ᠪᠠᠶᠢᠭᠤᠯᠵᠤ᠂ | ᠴᠠᠭᠠᠨᠨᠠᠭᠤᠷ ᠨᠤᠭᠤ ᠭᠠᠵᠠᠷ ᠤᠨ ᠠᠮᠢ ᠠᠬᠤᠢ ᠶᠢᠨ ᠰᠢᠰᠲ᠋ᠧᠮ ᠤᠨ ᠪᠦᠷᠢᠨ ᠪᠦᠲᠦᠨ ᠬᠠᠮᠠᠭᠠᠯᠠᠯᠲᠠ ᠶᠢ | ᠪᠡᠶᠡᠯᠡᠭᠦᠯᠦᠨ᠎ᠡ︔ ᠲᠠᠷᠢᠶᠠᠯᠠᠩ ᠤᠨ ᠲᠠᠷᠢᠮᠠᠯ ᠤᠨ ᠪᠦᠲᠦᠴᠡ ᠶᠢ ᠲᠠᠰᠤᠷᠠᠯᠲᠠ ᠥᠬᠡᠶ ᠲᠣᠬᠢᠷᠠᠭᠤᠯᠤᠨ | ᠲᠡᠭᠦᠯᠳᠡᠷᠵᠢᠭᠦᠯᠵᠦ᠂ ᠲᠤᠰᠬᠠᠶ ᠵᠦᠶᠯ ᠤᠨ ᠣᠷᠣᠭᠤᠯᠤᠯᠲᠠ ᠪᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠥᠲᠥᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠳᠤ ᠬᠦᠷᠦᠭᠡᠳᠦᠶ ᠤᠰᠤᠯᠠᠯᠲᠠ ᠶᠢᠨ ᠭᠠᠵᠠᠷ ᠢ ᠲᠠᠰ ᠳᠡᠪᠰᠢᠭᠦᠯᠦᠨ | ᠥᠭᠡᠷᠡᠴᠢᠯᠡᠵᠦ᠂ ᠥᠨᠳᠥᠷ ᠪᠦᠲᠦᠮᠵᠢᠲᠡᠶ ᠤᠰᠤ ᠠᠷᠪᠢᠯᠠᠬᠤ ᠮᠡᠷᠭᠡᠵᠢᠯ ᠢ ᠪᠥᠬᠦ ᠲᠠᠯ᠎ᠠ ᠪᠠᠷ ᠳᠡᠯᠭᠡᠷᠡᠭᠦᠯᠦᠨ | ᠬᠡᠷᠡᠭᠯᠡᠬᠦ ᠪᠠᠷ ᠴᠢᠷᠮᠠᠶᠢᠨ᠎ᠠ︔ ᠴᠠᠭᠠᠨᠨᠠᠭᠤᠷ ᠨᠤᠭᠤ ᠭᠠᠵᠠᠷ ᠤᠨ ᠡᠷᠭᠢᠨ ᠲᠣᠭᠤᠷᠢᠨ ᠤ ᠤᠰᠤᠯᠠᠯᠲᠠ ᠶᠢᠨ ᠮᠠᠰᠢᠨ | ᠴᠠᠬᠢᠯᠭᠠᠨ ᠬᠤᠳᠳᠤᠭ ᠢ ᠪᠦᠬᠦᠨ ᠢ ᠪᠢᠲᠡᠭᠦᠮᠵᠢᠯᠡᠨ ᠬᠠᠭᠠᠵᠤ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ | ᠲᠠᠲᠠᠬᠤ ᠶᠢ ᠵᠠᠰᠠᠬᠤ ᠠᠵᠢᠯ ᠢ ᠢᠯᠡᠳᠲᠡ ᠦᠷ᠎ᠡ ᠪᠦᠲᠦᠮᠵᠢ ᠲᠠᠢ ᠪᠣᠯᠭᠠᠨ᠎ᠠ᠃ | 2025 ᠣᠨ ᠪᠣᠯᠬᠤ ᠳᠤ᠂ ᠴᠠᠭᠠᠨᠨᠠᠭᠤᠷ ᠤᠨ ︽ᠬᠤᠶᠠᠷ ᠢ ᠪᠠᠭᠠᠰᠬᠠᠬᠤ︾ ︵ᠤᠰᠤᠯᠠᠯᠲᠠ ᠶᠢᠨ | ᠲᠠᠯᠠᠪᠠᠶ ᠶᠢ ᠪᠠᠭᠠᠰᠬᠠᠬᠤ᠂ ᠭᠠᠵᠠᠷ ᠳᠤᠤᠷᠠᠬᠢ ᠤᠰᠤ ᠪᠠᠷ ᠲᠠᠷᠢᠶᠠᠯᠠᠩ ᠤᠨ ᠤᠰᠤᠯᠠᠯᠲᠠ ᠬᠢᠬᠦ ᠵᠢᠯ ᠤᠨ ᠨᠡᠭᠡᠭᠡᠨ | ᠮᠠᠯᠲᠠᠬᠤ ᠬᠡᠮᠵᠢᠶ᠎ᠡ ᠶᠢ ᠪᠠᠭᠠᠰᠬᠠᠬᠤ︶᠂ ︽ᠨᠢᠭᠡ ᠰᠡᠷᠭᠦᠭᠡᠬᠦ︾ ︵ᠭᠠᠵᠠᠷ ᠳᠤᠤᠷᠠᠬᠢ ᠤᠰᠤᠨ ᠤ ᠪᠠᠶᠢᠷᠢ ᠶᠢ | ᠰᠡᠷᠭᠦᠭᠡᠬᠦ︶ ᠠᠮᠢ ᠠᠬᠤᠶ ᠶᠢ ᠬᠠᠮᠠᠭᠠᠯᠠᠬᠤ ᠪᠠ ᠵᠠᠰᠠᠨ ᠰᠡᠷᠭᠦᠭᠡᠬᠦ ᠬᠠᠷᠠᠯᠲᠠ ᠶᠢ ᠪᠡᠶᠡᠯᠡᠭᠦᠯᠦᠨ᠎ᠡ᠃ ᠴᠠᠭᠠᠨᠨᠠᠭᠤᠷ ᠤᠨ | ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠲᠣᠭᠲᠠᠭᠤᠨ ᠢᠶᠠᠷ ᠰᠠᠶᠢᠵᠢᠷᠠᠵᠤ᠂ ᠨᠤᠭᠤ ᠭᠠᠵᠠᠷ ᠤᠨ ᠠᠮᠢ | ᠠᠬᠤᠢ ᠶᠢᠨ ᠰᠢᠰᠲ᠋ᠧᠮ ᠤᠨ ᠲᠣᠭᠲᠠᠪᠤᠷᠢᠲᠤ ᠴᠢᠨᠠᠷ ᠤᠯᠠᠮ ᠨᠢᠭᠡ ᠠᠯᠬᠤᠮ ᠴᠢᠩᠭᠠᠷᠠᠨ᠎ᠠ︔ ᠥᠨᠳᠥᠷ ᠪᠦᠲᠦᠮᠵᠢᠲᠡᠢ | ᠤᠰᠤ ᠠᠷᠪᠢᠯᠠᠬᠤ ᠲᠠᠷᠢᠶᠠᠯᠠᠩ᠂ ᠬᠠᠭᠤᠷᠠᠢ ᠪᠠᠷ ᠲᠠᠷᠢᠵᠤ ᠪᠣᠷᠣᠭᠠᠨ ᠢᠶᠠᠷ ᠲᠡᠵᠢᠭᠡᠬᠦ ᠲᠠᠷᠢᠶᠠᠯᠠᠩ᠂ ᠡᠪᠡᠰᠦᠨ | ᠲᠡᠵᠢᠭᠡᠯᠲᠦ ᠮᠠᠯ ᠠᠵᠤ ᠠᠬᠤᠢ ᠶᠢᠨ ᠬᠥᠭᠵᠢᠯᠲᠡ ᠶᠢᠨ ᠬᠢᠷᠢ ᠲᠦᠪᠰᠢᠨ ᠢᠯᠡᠳᠲᠡ ᠳᠡᠭᠡᠭᠰᠢᠯᠡᠵᠦ᠂ ᠮᠠᠯᠴᠢᠨ | ᠲᠠᠷᠢᠶᠠᠴᠢᠨ ᠤ ᠣᠷᠣᠯᠭ᠎ᠠ ᠲᠣᠭᠲᠠᠭᠤᠨ ᠢᠶᠠᠷ ᠨᠡᠮᠡᠭᠳᠡᠨ᠎ᠡ︔ ᠭᠠᠵᠠᠷ ᠳᠤᠤᠷᠠᠬᠢ ᠤᠰᠤ ᠶᠢ ᠲᠠᠲᠠᠬᠤ ᠪᠠ | ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠶᠢ ᠴᠢᠷᠮᠠᠶᠢᠨ ᠪᠡᠶᠡᠯᠡᠭᠦᠯᠵᠦ᠂ ᠴᠠᠭᠠᠨᠨᠠᠭᠤᠷ ᠤᠨ ᠠᠮᠢ ᠠᠬᠤᠶ | ᠮᠠᠭᠤᠳᠠᠬᠤ ᠬᠠᠨᠳᠤᠰᠢ ᠶᠢ ᠠᠯᠬᠤᠮ ᠠᠯᠬᠤᠮ ᠢᠶᠠᠷ ᠬᠤᠪᠢᠷᠠᠭᠤᠯᠤᠨ᠎ᠠ᠃ | ᠬᠤᠶᠠᠷ᠂ ᠠᠮᠢ ᠠᠬᠤᠶ ᠶᠢᠨ ᠬᠠᠮᠠᠭᠠᠯᠠᠯᠲᠠ ᠬᠢᠭᠡᠳ ᠵᠠᠰᠠᠨ ᠰᠡᠷᠭᠦᠭᠡᠯᠲᠡ ᠶᠢᠨ ᠶᠡᠷᠦᠩᠬᠡᠶᠢᠯᠡᠨ ᠵᠠᠰᠠᠬᠤ | ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠨ᠎ᠠ᠃ | ︵ᠨᠢᠭᠡ︶ ᠠᠮᠢ ᠠᠬᠤᠢ ᠶᠢᠨ ᠬᠠᠮᠠᠭᠠᠯᠠᠯᠲᠠ ᠵᠠᠰᠠᠯᠲᠠ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠨ᠎ᠠ᠃ | ᠲᠥᠯᠥᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠤᠰᠤᠨ ᠠᠰᠢᠭᠯᠠᠯᠲᠠ | ᠤᠰᠤᠨ ᠴᠠᠬᠢᠯᠭᠠᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠳᠤ ᠨᠠᠶᠢᠳᠠᠵᠤ᠂ ᠠᠮᠢ ᠠᠬᠤᠶ ᠶᠢᠨ | ᠬᠠᠮᠠᠭᠠᠯᠠᠯᠲᠠ᠂ ᠰᠠᠪᠠ ᠭᠠᠵᠠᠷ ᠤᠨ ᠶᠡᠷᠦᠩᠬᠡᠶᠢᠯᠡᠭᠰᠡᠨ ᠵᠠᠰᠠᠯᠲᠠ᠂ ᠭᠠᠵᠠᠷ ᠣᠷᠣᠨ ᠤ ᠠᠵᠤ ᠦᠶᠯᠡᠰ ᠤᠨ | ᠪᠦᠲᠦᠴᠡ ᠶᠢᠨ ᠲᠣᠬᠢᠷᠠᠭᠤᠯᠤᠯᠲᠠ᠂ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠬᠢᠭᠡᠳ | ᠬᠥᠭᠵᠢᠯᠲᠡ ᠶᠢᠨ ᠵᠠᠭᠪᠤᠷ ᠤᠨ ᠬᠤᠪᠢᠷᠠᠭᠤᠯᠤᠯᠲᠠ᠂ ᠠᠮᠢ ᠠᠬᠤᠶ ᠶᠢᠨ ᠨᠥᠬᠦᠪᠥᠷᠢ ᠶᠢᠨ ᠲᠣᠭᠲᠠᠴᠠ᠂ ᠣᠷᠣᠨ | ᠪᠦᠰᠡ ᠠᠯᠤᠰᠯᠠᠭᠰᠠᠨ ᠶᠡᠷᠦᠩᠬᠡᠶᠢᠯᠡᠭᠰᠡᠨ ᠵᠣᠬᠢᠴᠠᠭᠤᠯᠭ᠎ᠠ ᠬᠠᠮᠠᠭᠠᠯᠠᠯᠲᠠ ᠵᠡᠷᠭᠡ ᠲᠠᠯ᠎ᠠ ᠪᠠᠷ ︽ᠴᠠᠭᠠᠨᠨᠠᠭᠤᠷ ᠤᠨ ᠠᠮᠢ | ᠠᠬᠤᠶ ᠶᠢᠨ ᠬᠠᠮᠠᠭᠠᠯᠠᠯᠲᠠ ᠬᠢᠭᠡᠳ ᠵᠠᠰᠠᠨ ᠰᠡᠷᠭᠦᠭᠡᠯᠲᠡ ᠶᠢᠨ ᠶᠡᠷᠦᠩᠬᠡᠶᠢᠯᠡᠭᠰᠡᠨ ᠵᠠᠰᠠᠯᠲᠠ ᠶᠢᠨ ᠲᠥᠯᠥᠪᠵᠢᠭᠦᠯᠭᠡ︾ | ᠶᠢ ᠨᠠᠶᠢᠷᠠᠭᠤᠯᠤᠨ ᠵᠣᠬᠢᠶᠠᠨ᠎ᠠ᠃ | ᠲᠦᠷᠦᠭᠦᠯᠡᠬᠦ ᠨᠢᠭᠡᠴᠢ᠄ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ | ᠬᠠᠷᠢᠭᠤᠴᠠᠯᠭᠠᠲᠤ ᠨᠢᠭᠡᠴᠢ᠄ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ | ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠴᠠᠭ | ᠠᠭᠤᠷ ᠤᠨ ᠲᠣᠪᠴᠢᠶ᠎ᠠ᠂ ᠱᠠᠩᠳᠤ ᠰᠢᠶᠠᠨ᠂ ᠬᠤᠸᠠᠳᠧ ᠰᠢᠶᠠᠨ᠂ ᠰᠢᠩ ᠾᠧ ᠰᠢᠶᠠᠨ᠂ ᠴᠠᠬᠠᠷ ᠪᠠᠷᠠᠭᠤᠨ ᠭᠠᠷᠤᠨ | ᠡᠮᠦᠨᠡᠲᠦ ᠬᠤᠰᠢᠭᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ᠃ | ᠪᠡᠶᠡᠯᠡᠭᠦᠯᠬᠦ ᠬᠤᠭᠤᠴᠠᠭ᠎ᠠ᠄ 2021 ᠣᠨ ᠤ 2 ᠰᠠᠷ᠎ᠠ ᠶᠢᠨ ᠰᠡᠭᠦᠯᠴᠢ | ᠭᠤᠷᠪᠠ᠂ ᠴᠠᠭᠠᠨᠨᠠᠭᠤᠷ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠬᠠᠮᠵᠢᠯᠴᠠᠬᠤ | ᠲᠣᠭᠲᠠᠴᠠ ᠶᠢ ᠪᠠᠶᠢᠭᠤᠯᠤᠨ᠎ᠠ᠃ | ︵ᠬᠤᠶᠠᠷ︶ ᠣᠷᠣᠨ ᠪᠦᠰᠡ ᠶᠢᠨ ᠬᠠᠮᠠᠭᠠᠯᠠᠯᠲᠠ ᠶᠢᠨ ᠬᠠᠮᠵᠢᠯᠴᠠᠬᠤ ᠲᠣᠭᠲᠠᠴᠠ ᠶᠢ ᠪᠠᠶᠢᠭᠤᠯᠤᠨ᠎ᠠ᠃ | ᠥᠪᠥᠷ ᠮᠣᠩᠭᠤᠯ᠂ ᠱᠠᠨ ᠰᠢ᠂ ᠾᠧᠪᠧᠶ ︵ᠤᠯᠠᠭᠠᠨᠴᠠᠪ ᠂ ᠳ᠋ᠠᠲ᠋ᠦ᠋ᠩ᠂ ᠴᠢᠭᠤᠯᠤᠯᠲᠤ ᠬᠠᠭᠠᠯᠭ᠎ᠠ︶ | ᠶᠢᠨ ᠣᠷᠳᠣ ᠴᠠᠭᠠᠨ ᠬᠡᠷᠡᠮ ᠤᠨ ᠭᠤᠷᠪᠠᠯᠵᠢᠨ ᠬᠤᠶᠢᠭ ᠤᠨ ᠬᠠᠮᠲᠤᠷᠠᠯᠴᠠᠭᠠᠨ ᠤ ᠲᠣᠭᠲᠠᠴᠠ ᠶᠢᠨ ᠪᠣᠷᠣ | ᠲᠥᠯᠥᠪ ᠤᠨ ᠳᠣᠲᠣᠷ᠎ᠠ᠂ ᠴᠢᠭᠤᠯᠤᠯᠲᠤ ᠬᠠᠭᠠᠯᠭ᠎ᠠ ᠬᠤᠲᠠ ᠯᠤᠭ᠎ᠠ ᠶᠢᠨ ᠨᠡᠪᠲᠡᠷᠡᠯᠴᠡᠭᠡ ᠵᠣᠯᠭᠠᠯᠴᠠᠭ᠎ᠠ ᠪᠠᠨ | ᠴᠢᠩᠭᠠᠳᠬᠠᠵᠤ᠂ ᠬᠠᠮᠲᠤᠷᠠᠯᠴᠠᠭᠠᠨ ᠤ ᠪᠣᠷᠣ ᠲᠥᠯᠥᠪ ᠤᠨ ᠵᠥᠪᠯᠡᠯᠴᠡᠭᠡᠷ ᠲᠤ ᠭᠠᠷ ᠤᠨ ᠥᠰᠥᠭ ᠵᠢᠷᠤᠵᠤ᠂ | ᠬᠠᠮᠲᠤᠷᠠᠭᠰᠠᠨ ᠬᠤᠷᠠᠯ ᠤᠨ ᠲᠦᠷᠢᠮ ᠢ ᠪᠠᠶᠢᠭᠤᠯᠤᠨ᠂ ᠲᠣᠭᠲᠠᠮᠠᠯ ᠬᠤᠭᠤᠴᠠᠭ᠎ᠠ ᠲᠠᠢ ᠪᠠᠷ ᠬᠠᠮᠲᠤᠷᠠᠭᠰᠠᠨ ᠬᠤᠷᠠᠯ | ᠬᠤᠷᠠᠯᠳᠤᠭᠤᠯᠵᠤ᠂ ᠴᠠᠭᠠᠨᠨᠠᠭᠤᠷ ᠵᠢᠴᠢ ᠡᠷᠬᠢᠨ ᠲᠣᠭᠤᠷᠢᠨ ᠤ ᠣᠷᠣᠨ ᠪᠦᠰᠡ ᠶᠢᠨ ᠠᠮᠢ ᠠᠬᠤᠶ ᠶᠢᠨ ᠬᠠᠮᠠᠭᠠᠯᠠᠯᠲᠠ | ᠪᠠ ᠵᠠᠰᠠᠨ ᠰᠡᠷᠭᠦᠭᠡᠯᠲᠡ ᠶᠢ ᠬᠠᠮᠵᠢᠯᠴᠠᠨ ᠠᠬᠢᠭᠤᠯᠵᠤ᠂ ᠡᠯ᠎ᠡ ᠵᠦᠶᠯ ᠤᠨ ᠭᠤᠤᠯᠳᠠᠯᠭ᠎ᠠ ᠲᠠᠢ ᠡᠭᠦᠷᠭᠡ ᠶᠢᠨ | ᠨᠠᠶᠢᠳᠠᠪᠤᠷᠢᠵᠢᠭᠤᠯᠤᠯᠲᠠ ᠶᠢ ᠠᠬᠢᠭᠤᠯᠤᠨ᠂ ᠬᠢᠨᠠᠯᠲᠠ ᠬᠠᠮᠢᠶᠠᠷᠤᠯᠲᠠ ᠶᠢ ᠬᠠᠮᠵᠢᠯᠴᠠᠨ ᠴᠢᠩᠭᠠᠳᠬᠠᠵᠤ᠂ | ᠬᠡᠷᠡᠭᠵᠢᠭᠦᠯᠬᠦ ᠶᠠᠪᠤᠴᠠ ᠳᠤ ᠢᠯᠡᠷᠡᠭᠰᠡᠨ ᠪᠣᠳᠠᠲᠠᠶ ᠠᠰᠠᠭᠤᠳᠠᠯ ᠢ ᠵᠣᠬᠢᠴᠠᠭᠤᠯᠤᠨ ᠰᠢᠶᠳᠪᠦᠷᠢᠯᠡᠨ᠎ᠡ᠃ | ᠲᠦᠷᠦᠭᠦᠯᠡᠬᠦ ᠨᠢᠭᠡᠴᠢ᠄ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ | ᠬᠠᠷᠢᠭᠤᠴᠠᠯᠭᠠᠲᠤ ᠨᠢᠭᠡᠴᠢ᠄ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ᠂ ᠣᠢ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ | ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠴᠠᠭ ᠠᠭᠤᠷ ᠤᠨ ᠲᠣᠪᠴᠢᠶ᠎ᠠ᠂ ᠱᠠᠩᠳᠤ ᠰᠢᠶᠠᠨ᠂ | ᠬᠤᠸᠠᠳᠧ ᠰᠢᠶᠠᠨ᠂ ᠰᠢᠩ ᠾᠧ ᠰᠢᠶᠠᠨ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ᠂ ᠴᠠᠬᠠᠷ ᠪᠠᠷᠠᠭᠤᠨ | ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ | ᠪᠡᠶᠡᠯᠡᠭᠦᠯᠬᠦ ᠬᠤᠭᠤᠴᠠᠭ᠎ᠠ᠄ 2020 ᠣᠨ ᠤ ᠰᠡᠭᠦᠯᠴᠢ | ᠳᠥᠷᠪᠡ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠲᠦᠷᠢᠮ ᠢ | ᠨᠠᠶᠢᠳᠠᠪᠤᠷᠢᠵᠢᠭᠤᠯᠤᠨ᠎ᠠ᠃ | ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ | ᠬᠦᠷᠢᠶᠡᠯᠡᠩ ᠵᠡᠷᠭᠡ ᠨᠢᠭᠡᠴᠢ ᠶᠢᠨ ᠨᠠᠶᠢᠷᠠᠭᠤᠯᠤᠨ ᠵᠣᠬᠢᠶᠠᠭᠰᠠᠨ ᠰᠠᠪᠠ ᠭᠠᠵᠠᠷ ᠤᠨ ᠳᠣᠲᠣᠷᠠᠬᠢ ᠱᠠᠩᠳᠤ ᠰᠢᠶᠠᠨ | ᠵᠡᠷᠭᠡ 5 ᠬᠤᠰᠢᠭᠤ ᠰᠢᠶᠠᠨ ᠤ ︽ᠲᠠᠷᠢᠶᠠᠨ ᠭᠠᠵᠠᠷ ᠤᠨ ᠮᠠᠰᠢᠨ ᠴᠠᠬᠢᠯᠭᠠᠨ ᠬᠤᠳᠳᠤᠭ ᠤᠨ ᠤᠰᠤᠯᠠᠯᠲᠠ ᠶᠢᠨ | ᠤᠰᠤᠨ ᠤ ᠡᠬᠢ ᠪᠠᠶᠠᠯᠢᠭ ᠢ ᠨᠤᠲᠠᠯᠠᠭᠰᠠᠨ ᠮᠡᠳᠡᠭᠦᠯᠦᠯᠲᠡ︾ ᠶᠢ ᠦᠨᠳᠦᠰᠦᠯᠡᠨ᠂ ᠮᠡᠳᠡᠭᠦᠯᠦᠯᠲᠡ ᠳᠠᠬᠢ ᠰᠢᠶᠠᠩ᠂ | ᠪᠠᠯᠭᠠᠰᠤ᠂ ᠵᠠᠰᠠᠭ ᠵᠠᠬᠢᠷᠭᠠᠨ ᠤ ᠲᠣᠰᠬᠤᠨ ᠤ ᠣᠳᠣᠬᠢ ᠤᠰᠤᠯᠠᠯᠲᠠ ᠶᠢᠨ ᠲᠠᠯᠠᠪᠠᠶ ᠶᠢᠨ ᠪᠠᠶᠢᠴᠠᠭᠠᠯᠲᠠ ᠶᠢᠨ ᠦᠷ᠎ᠡ | ᠳ᠋ᠥᠩ ᠪᠣᠯᠤᠨ ᠦᠯᠡᠳᠡᠭᠡᠭᠰᠡᠨ ᠤᠰᠤᠯᠠᠯᠲᠠ ᠶᠢᠨ ᠲᠠᠯᠠᠪᠠᠶ ᠶᠢ ᠬᠡᠪ ᠢᠶᠠᠷ ᠪᠠᠶᠢᠯᠭᠠᠬᠤ ᠨᠤᠲᠠᠯᠠᠯ ᠤᠨ ᠳ᠋ᠦᠩ ᠢ | ᠦᠨᠳᠦᠰᠦᠯᠡᠪᠡᠯ᠂ ᠰᠠᠪᠠ ᠭᠠᠵᠠᠷ ᠤᠨ ᠳᠣᠲᠣᠷᠠᠬᠢ ᠣᠳᠣᠬᠢ ᠤᠰᠤᠯᠠᠯᠲᠠ ᠶᠢᠨ ᠲᠠᠯᠠᠪᠠᠶ ᠨᠢ 92 . 2 ᠲᠦᠮᠡᠨ ᠮᠦ | ᠪᠣᠯᠤᠨ᠎ᠠ᠃ | ︵ᠭᠤᠷᠪᠠ︶ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠡᠵᠡᠮᠳᠡᠬᠦ ᠬᠡᠮᠵᠢᠶ᠎ᠡ ᠵᠢᠴᠢ ᠦᠯᠡᠳᠡᠭᠡᠵᠦ | ᠪᠣᠯᠬᠤ ᠤᠰᠤᠯᠠᠯᠲᠠ ᠶᠢᠨ ᠲᠠᠯᠠᠪᠠᠶ ᠶᠢ ᠲᠣᠭᠲᠠᠭᠠᠨ᠎ᠠ᠃ ᠴᠠᠭᠠᠨᠨᠠᠭᠤᠷ ᠤᠨ ᠰᠠᠪᠠ ᠭᠠᠵᠠᠷ ᠤᠨ ᠡᠯ᠎ᠡ ᠬᠤᠰᠢᠭᠤ | ᠰᠢᠶᠠᠨ ᠤ ︽ᠲᠠᠷᠢᠶᠠᠨ ᠭᠠᠵᠠᠷ ᠤᠨ ᠮᠠᠰᠢᠨ ᠴᠠᠬᠢᠯᠭᠠᠨ ᠤ ᠬᠤᠳᠳᠤᠭ ᠤᠨ ᠤᠰᠤᠯᠠᠯᠲᠠ ᠶᠢᠨ ᠤᠰᠤᠨ ᠤ ᠡᠬᠢ | ᠪᠠᠶᠠᠯᠢᠭ ᠢ ᠨᠤᠲᠠᠯᠠᠭᠰᠠᠨ ᠮᠡᠳᠡᠭᠦᠯᠦᠯᠲᠡ︾ ᠶᠢᠨ ᠲᠥᠰᠦᠭᠡᠯᠡᠨ ᠪᠤᠳᠤᠭᠰᠠᠨ ᠦᠷ᠎ᠡ ᠳ᠋ᠦᠩ ᠤᠨ ᠶᠣᠰᠣᠭᠠᠷ᠂ | ᠴᠠᠭᠠᠨᠨᠠᠭᠤᠷ ᠤᠨ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠤᠨ ᠶᠡᠷᠦᠩᠬᠡᠢ ᠬᠡᠮᠵᠢᠶ᠎ᠡ 9702 ᠲᠦᠮᠡᠨ m 3 | ︵ᠡᠭᠦᠨ ᠳᠤ ᠱᠠᠩᠳᠤ ᠰᠢᠶᠠᠨ 5496 ᠲᠦᠮᠡᠨ m 3᠂ ᠬᠤᠸᠠᠳᠧ ᠰᠢᠶᠠᠨ 1867 ᠲᠦᠮᠡᠨ m 3᠂ ᠰᠢᠩ | ᠡᡁᠧ ᠰᠢᠶᠠᠨ 2255 ᠲᠦᠮᠡᠨ m 3᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ 50 ᠲᠦᠮᠡᠨ m 3᠂ | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ 34 ᠲᠦᠮᠡᠨ m 3︶ ᠪᠣᠯᠤᠨ᠎ᠠ᠃ | ᠰᠠᠪᠠ ᠭᠠᠵᠠᠷ ᠤᠨ ᠳᠣᠲᠣᠷᠠᠬᠢ ᠠᠰᠢᠭᠯᠠᠵᠤ ᠪᠣᠯᠬᠤ ᠤᠰᠤᠨ ᠤ ᠬᠡᠮᠵᠢᠶ᠎ᠡ ᠨᠢ 7760 . 6 ᠲᠦᠮᠡᠨ m 3 | ︵ᠡᠭᠦᠨ ᠳᠤ ᠱᠠᠩᠳᠤ ᠰᠢᠶᠠᠨ 4397 ᠲᠦᠮᠡᠨ m 3᠂ ᠬᠤᠸᠠᠳᠧ ᠰᠢᠶᠠᠨ 1493 . 6 ᠲᠦᠮᠡᠨ m 3᠂ | ᠰᠢᠩ ᠾᠧ ᠰᠢᠶᠠᠨ 1803 ᠲᠦᠮᠡᠨ m 3᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ 40 ᠲᠦᠮᠡᠨ m | 3᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ 27 ᠲᠦᠮᠡᠨ m 3︶ ᠪᠠᠶᠢᠵᠤ᠂ ᠤᠰᠤᠨ ᠤ ᠡᠬᠢ | ᠪᠠᠶᠠᠯᠢᠭ ᠤᠨ ᠶᠡᠷᠦᠩᠬᠡᠶ ᠬᠡᠮᠵᠢᠶᠡᠨ ᠤ 80 % ᠶᠢ ᠡᠵᠡᠯᠡᠨ᠎ᠡ᠃ ᠡᠭᠦᠨ ᠳᠤ᠂ ᠨᠡᠭᠡᠭᠡᠨ ᠮᠠᠯᠲᠠᠬᠤ ᠤᠰᠤᠨ ᠤ | ᠬᠡᠮᠵᠢᠶᠡᠨ ᠤ ᠡᠵᠡᠮᠳᠡᠯ ᠢ 6928 . 6 ᠲᠦᠮᠡᠨ m 3 ︵ᠡᠭᠦᠨ ᠳᠤ ᠱᠠᠩᠳᠤ ᠰᠢᠶᠠᠨ 3841 ᠲᠦᠮᠡᠨ m 3᠂ | ᠬᠤᠸᠠᠳᠧ ᠰᠢᠶᠠᠨ 1384 ᠲᠦᠮᠡᠨ m 3᠂ ᠰᠢᠩ ᠾᠧ ᠰᠢᠶᠠᠨ 1650 ᠲᠦᠮᠡᠨ m 3᠂ ᠴᠠᠬᠠᠷ ᠪᠠᠷᠠᠭᠤᠨ | ᠭᠠᠷᠤᠨ ᠡᠮᠦᠨᠡᠲᠦ ᠬᠤᠰᠢᠭᠤ 32 ᠲᠦᠮᠡᠨ m 3᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ 21 . 6 | ᠲᠦᠮᠡᠨ m 3︶ ᠪᠠᠷ ᠲᠣᠭᠲᠠᠭᠠᠵᠤ᠂ ᠠᠰᠢᠭᠯᠠᠵᠤ ᠪᠣᠯᠬᠤ ᠤᠰᠤᠨ ᠤ ᠬᠡᠮᠵᠢᠶᠡᠨ ᠤ 89 % ᠶᠢ ᠡᠵᠡᠯᠡᠨ᠎ᠡ︔ | ᠪᠡᠯᠡᠳᠬᠡᠯ ᠤᠰᠤᠨ ᠤ ᠬᠡᠮᠵᠢᠶ᠎ᠡ 900 . 2 ᠲᠦᠮᠡᠨ m 3 ᠪᠠᠶᠢᠵᠤ᠂ ᠠᠰᠢᠭᠯᠠᠵᠤ ᠪᠣᠯᠬᠤ ᠤᠰᠤᠨ ᠤ | ᠬᠡᠮᠵᠢᠶ᠎ᠡ ᠶᠢᠨ 11 % ᠶᠢ ᠡᠵᠡᠯᠡᠨ᠎ᠡ᠃ | ᠠᠵᠢᠯ ᠲᠥᠷᠥᠯ ᠤᠨ ᠬᠡᠷᠡᠭᠯᠡᠬᠦ ᠤᠰᠤᠨ ᠤ ᠬᠤᠪᠢᠶᠠᠷᠢᠯᠠᠯ ᠢᠶᠠᠷ᠂ ᠲᠠᠷᠢᠶᠠᠯᠠᠩ ᠤᠨ ᠤᠰᠤᠯᠠᠯᠲᠠ ᠶᠢᠨ | ᠤᠰᠤᠨ ᠤ ᠬᠡᠮᠵᠢᠶᠡᠨ ᠤ ᠡᠵᠡᠮᠳᠡᠯ 4934 . 4 ᠲᠦᠮᠡᠨ m 3᠂ ᠤᠰᠤᠯᠠᠯᠲᠠ ᠶᠢᠨ ᠬᠡᠷᠡᠭᠯᠡᠬᠦ ᠤᠰᠤᠨ ᠤ | ᠡᠵᠡᠮᠳᠡᠯ ᠢ 120 m 3 / ᠮᠦ ᠶᠢᠨ ᠪᠠᠷᠢᠮᠵᠢᠶ᠎ᠠ ᠪᠠᠷ ᠲᠥᠰᠦᠭᠡᠯᠡᠨ ᠪᠤᠳᠤᠪᠠᠯ᠂ ᠰᠠᠪᠠ ᠭᠠᠵᠠᠷ ᠲᠠᠬᠢ ᠬᠠᠳᠠᠭᠠᠯᠠᠵᠤ | ᠪᠣᠯᠬᠤ ᠤᠰᠤᠯᠠᠯᠲᠠ ᠶᠢᠨ ᠭᠠᠵᠠᠷ ᠤᠨ ᠲᠠᠯᠠᠪᠠᠶ ᠨᠢ 41 . 12 ᠲᠦᠮᠡᠨ ᠮᠦ ︵ᠡᠭᠦᠨ ᠳᠤ ᠱᠠᠩᠳᠤ ᠰᠢᠶᠠᠨ ᠤ | ᠲᠠᠷᠢᠶᠠᠯᠠᠩ ᠤᠨ ᠤᠰᠤᠯᠠᠯᠲᠠ ᠶᠢᠨ ᠤᠰᠤᠨ ᠤ ᠬᠡᠮᠵᠢᠶᠡᠨ ᠤ ᠡᠵᠡᠮᠳᠡᠯ 2641 . 2 ᠲᠦᠮᠡᠨ m 3᠂ ᠰᠠᠪᠠ | ᠭᠠᠵᠠᠷ ᠲᠠᠬᠢ ᠬᠠᠳᠠᠭᠠᠯᠠᠵᠤ ᠪᠣᠯᠬᠤ ᠤᠰᠤᠯᠠᠯᠲᠠ ᠶᠢᠨ ᠭᠠᠵᠠᠷ ᠤᠨ ᠲᠠᠯᠠᠪᠠᠶ ᠨᠢ 22 . 01 ᠲᠦᠮᠡᠨ ᠮᠦ᠂ | ᠬᠤᠸᠠᠳᠧ ᠰᠢᠶᠠᠨ ᠨᠢ 669 . 6 ᠲᠦᠮᠡᠨ m 3᠂ 5 . 58 ᠲᠦᠮᠡᠨ ᠮᠦ᠂ ᠰᠢᠩ ᠾᠧ ᠰᠢᠶᠠᠨ ᠨᠢ 1602 | ᠲᠦᠮᠡᠨ m 3᠂ 13 . 35 ᠲᠦᠮᠡᠨ ᠮᠦ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ ᠨᠢ 7 . 2 ᠲᠦᠮᠡᠨ | m 3᠂ 0.06 ᠲᠦᠮᠡᠨ ᠮᠦ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠨᠢ 14.4 ᠲᠦᠮᠡᠨ m 3᠂ 0. | 12ᠲᠦᠮᠡᠨ ᠮᠦ︶ ᠪᠠᠶᠢᠵᠤ᠂ ᠨᠡᠭᠡᠭᠡᠨ ᠮᠠᠯᠲᠠᠬᠤ ᠤᠰᠤᠨ ᠤ ᠬᠡᠮᠵᠢᠶᠡᠨ ᠤ ᠡᠵᠡᠮᠳᠡᠯ ᠤᠨ 71.2% ᠢ ᠡᠵᠡᠯᠡᠨ᠎ᠡ︔ | ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠳᠤ ᠬᠡᠷᠡᠭᠯᠡᠬᠦ ᠤᠰᠤᠨ ᠤ ᠬᠡᠮᠵᠢᠶᠡᠨ ᠤ ᠡᠵᠡᠮᠳᠡᠯ | 190 ᠲᠦᠮᠡᠨ m 3 ︵ᠡᠭᠦᠨ ᠳᠤ ᠱᠠᠩᠳᠤ ᠰᠢᠶᠠᠨ ᠤ 152 ᠲᠦᠮᠡᠨ m 3᠂ ᠬᠤᠸᠠᠳᠧ ᠰᠢᠶᠠᠨ ᠤ 38 | ᠲᠦᠮᠡᠨ m 3︶ ᠪᠠᠶᠢᠵᠤ᠂ ᠨᠡᠭᠡᠭᠡᠨ ᠮᠠᠯᠲᠠᠬᠤ ᠶᠢ ᠡᠵᠡᠮᠳᠡᠭᠰᠡᠨ ᠤᠰᠤᠨ ᠤ ᠬᠡᠮᠵᠢᠶ᠎ᠡ ᠶᠢᠨ 2 . 7 % ᠶᠢ | ᠡᠵᠡᠯᠡᠨ᠎ᠡ︔ ᠠᠮᠢᠳᠤᠷᠠᠯ ᠵᠢᠴᠢ ᠣᠯᠠᠨ ᠨᠡᠶᠢᠲᠡ ᠶᠢᠨ ᠦᠢᠯᠡᠴᠢᠯᠡᠭᠡᠨ ᠤ ᠬᠡᠷᠡᠭᠯᠡᠬᠦ ᠤᠰᠤᠨ ᠤ ᠬᠡᠮᠵᠢᠶᠡᠨ ᠤ ᠡᠵᠡᠮᠳᠡᠯ | 1422 . 6 ᠲᠦᠮᠡᠨ m 3 ︵ᠡᠭᠦᠨ ᠳᠤ ᠱᠠᠩᠳᠤ ᠰᠢᠶᠠᠨ 920 ᠲᠦᠮᠡᠨ m 3᠂ ᠬᠤᠸᠠᠳᠧ ᠰᠢᠶᠠᠨ 470 | ᠲᠦᠮᠡᠨ m 3᠂ ᠰᠢᠩ ᠡᠾᠧ ᠰᠢᠶᠠᠨ 30 ᠲᠦᠮᠡᠨ m 3᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ 1 . | 2 ᠲᠦᠮᠡᠨ m 3᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ 1 . 4 ᠲᠦᠮᠡᠨ m 3︶ ᠪᠠᠶᠢᠵᠤ᠂ | ᠨᠡᠭᠡᠭᠡᠨ ᠮᠠᠯᠲᠠᠬᠤ ᠤᠰᠤᠨ ᠤ ᠬᠡᠮᠵᠢᠶᠡᠨ ᠤ ᠡᠵᠡᠮᠳᠡᠯ ᠤᠨ 20 . 5 % ᠶᠢ ᠡᠵᠡᠯᠡᠨ᠎ᠡ︔ ᠪᠤᠰᠤᠳ ᠬᠡᠷᠡᠭᠯᠡᠬᠦ | ᠤᠰᠤᠨ ᠤ ᠬᠡᠮᠵᠢᠶ᠎ᠡ 381 . 6 ᠲᠦᠮᠡᠨ m 3 ︵ᠡᠭᠦᠨ ᠳᠤ ᠱᠠᠩᠳᠤ ᠰᠢᠶᠠᠨ 127 . 8 ᠲᠦᠮᠡᠨ m 3᠂ | ᠬᠤᠸᠠᠳᠧ ᠰᠢᠶᠠᠨ 206 . 4 ᠲᠦᠮᠡᠨ m 3᠂ ᠰᠢᠩ ᠡᠾᠧ ᠰᠢᠶᠠᠨ 18 ᠲᠦᠮᠡᠨ m 3᠂ ᠴᠠᠬᠠᠷ ᠪᠠᠷᠠᠭᠤᠨ | ᠭᠠᠷᠤᠨ ᠡᠮᠦᠨᠡᠲᠦ ᠬᠤᠰᠢᠭᠤ 23 . 6 ᠲᠦᠮᠡᠨ m 3᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ 5 . 8 | ᠲᠦᠮᠡᠨ m 3︶ ᠪᠠᠶᠢᠵᠤ᠂ ᠨᠡᠭᠡᠭᠡᠨ ᠮᠠᠯᠲᠠᠬᠤ ᠤᠰᠤᠨ ᠤ ᠬᠡᠮᠵᠢᠶᠡᠨ ᠤ ᠡᠵᠡᠮᠳᠡᠯ ᠤᠨ 5 . 5 % ᠶᠢ | ᠡᠵᠡᠯᠡᠨ᠎ᠡ᠃ | ᠲᠦᠷᠦᠭᠦᠯᠡᠬᠦ ᠨᠢᠭᠡᠴᠢ᠄ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ | ᠬᠠᠷᠢᠭᠤᠴᠠᠯᠭᠠᠲᠤ ᠨᠢᠭᠡᠴᠢ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠪᠠᠶᠢᠭᠠᠯᠢ ᠶᠢᠨ | ᠡᠬᠢ ᠪᠠᠶᠠᠯᠢᠭ ᠤᠨ ᠲᠣᠪᠴᠢᠶ᠎ᠠ᠂ ᠱᠠᠩᠳᠤ ᠰᠢᠶᠠᠨ᠂ ᠬᠤᠸᠠᠳᠧ ᠰᠢᠶᠠᠨ᠂ ᠰᠢᠩ ᠾᠧ ᠰᠢᠶᠠᠨ᠂ ᠴᠠᠬᠠᠷ ᠪᠠᠷᠠᠭᠤᠨ | ᠭᠠᠷᠤᠨ ᠡᠮᠦᠨᠡᠲᠦ ᠬᠤᠰᠢᠭᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ | ᠣᠷᠳᠣᠨ | ᠪᠡᠶᠡᠯᠡᠭᠦᠯᠬᠦ ᠬᠤᠭᠤᠴᠠᠭ᠎ᠠ᠄ 2020 ᠣᠨ ᠤ ᠰᠡᠭᠦᠯᠴᠢ | ︵ᠳᠥᠷᠪᠡ︶ ᠲᠠᠷᠢᠶᠠᠯᠠᠩ ᠤᠨ ᠤᠰᠤ ᠠᠷᠪᠢᠯᠠᠬᠤ ᠡᠷᠴᠢᠮ ᠢ ᠨᠡᠮᠡᠭᠳᠡᠭᠦᠯᠦᠨ᠎ᠡ᠃ ᠰᠠᠪᠠ ᠭᠠᠵᠠᠷ ᠲᠤ ︽ | ᠤᠰᠤᠨ ᠤ ᠲᠠᠷᠢᠮᠠᠯ ᠠᠴᠠ ᠬᠠᠭᠤᠷᠠᠢ ᠶᠢᠨ ᠲᠠᠷᠢᠮᠠᠯ ᠲᠠᠷᠢᠬᠤ ᠭᠠᠵᠠᠷ ᠪᠣᠯᠭᠠᠨ ᠥᠭᠡᠷᠡᠴᠢᠯᠡᠬᠦ︾ ᠡᠭᠦᠷᠭᠡ ᠶᠢ ᠨᠡᠶᠢᠲᠡ | 51 . 08 ᠲᠦᠮᠡᠨ ᠮᠥ ︵ᠱᠠᠩᠳᠤ ᠰᠢᠶᠠᠨ 36 . 32 ᠲᠦᠮᠡᠨ ᠮᠥ᠂ ᠰᠢᠩ ᠾᠧ ᠰᠢᠶᠠᠨ 12 . 89 | ᠲᠦᠮᠡᠨ ᠮᠥ᠂ ᠬᠤᠸᠠᠳᠧ ᠰᠢᠶᠠᠨ 1 . 67 ᠲᠦᠮᠡᠨ ᠮᠥ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ 0 . | 2 ᠲᠦᠮᠡᠨ ᠮᠥ︶ ᠶᠢ ᠪᠡᠶᠡᠯᠡᠭᠦᠯᠦᠨ᠎ᠡ᠂ ︽ᠤᠰᠤᠨ ᠤ ᠲᠠᠷᠢᠮᠠᠯ ᠠᠴᠠ ᠬᠠᠭᠤᠷᠠᠢ ᠶᠢᠨ ᠲᠠᠷᠢᠮᠠᠯ ᠲᠠᠷᠢᠬᠤ ᠭᠠᠵᠠᠷ | ᠪᠣᠯᠭᠠᠨ ᠥᠭᠡᠷᠡᠴᠢᠯᠡᠬᠦ︾ ᠡᠭᠦᠷᠭᠡ ᠶᠢ ᠭᠤᠷᠪᠠᠨ ᠵᠢᠯ ᠬᠤᠪᠢᠶᠠᠨ 4᠄ 3᠄ 3 ᠶᠢᠨ ᠬᠠᠷᠢᠴᠠᠯ ᠢᠶᠠᠷ ᠪᠠᠭᠠᠰᠬᠠᠨ᠎ᠠ᠂ | ᠡᠭᠦᠨ ᠳᠤ 2021 ᠣᠨ ᠳᠤ 20 . 44 ᠲᠦᠮᠡᠨ ᠮᠥ᠂ 2022 ᠣᠨ ᠳᠤ 15 . 32 ᠲᠦᠮᠡᠨ ᠮᠥ᠂ | 2023 ᠣᠨ ᠳᠤ 15 . 32 ᠲᠦᠮᠡᠨ ᠮᠥ ᠪᠡᠶᠡᠯᠡᠭᠦᠯᠵᠦ᠂ ᠮᠥ ᠪᠦᠷᠢ ᠳᠤ 300 ᠲᠥᠭᠦᠷᠢᠭ ᠤᠨ ᠪᠠᠷᠢᠮᠵᠢᠶ᠎ᠠ ᠪᠠᠷ | ᠤᠰᠤᠨ ᠤ ᠲᠠᠷᠢᠮᠠᠯ ᠠᠴᠠ ᠬᠠᠭᠤᠷᠠᠢ ᠶᠢᠨ ᠲᠠᠷᠢᠮᠠᠯ ᠲᠠᠷᠢᠬᠤ ᠭᠠᠵᠠᠷ ᠪᠣᠯᠭᠠᠨ ᠥᠭᠡᠷᠡᠴᠢᠯᠡᠬᠦ ᠲᠥᠷᠥᠯ ᠵᠦᠶᠯ ᠢ | ᠬᠡᠷᠡᠭᠵᠢᠭᠦᠯᠦᠭᠰᠡᠨ ᠲᠠᠷᠢᠶᠠᠴᠢᠨ ᠡᠷᠦᠬᠡ ᠳᠤ ᠨᠥᠬᠦᠪᠥᠷᠢ ᠥᠭᠴᠦ᠂ ᠦᠷᠭᠦᠯᠵᠢᠯᠡᠨ 7 ᠵᠢᠯ ᠨᠥᠬᠦᠪᠥᠷᠢ ᠥᠭᠭᠦᠨ᠎ᠡ᠃ | ᠬᠡᠷᠡᠯ᠂ ᠬᠠᠳᠠᠭᠠᠯᠠᠯᠲᠠ᠂ ᠮᠠᠯ ᠠᠵᠤ ᠠᠬᠤᠶ ᠶᠢ ᠨᠢᠭᠡ ᠴᠣᠭᠴᠠᠵᠢᠭᠤᠯᠤᠭᠰᠠᠨ ᠬᠡᠷᠡᠯ ᠴᠡᠨᠡᠭ ᠤᠨ ᠠᠵᠤ ᠦᠶᠯᠡᠰ ᠤᠨ | ᠲᠥᠷᠥᠯ ᠵᠦᠶᠯ ᠤᠨ ᠠᠰᠢᠭ ᠣᠷᠣᠯᠭ᠎ᠠ ᠪᠠᠷ ᠨᠥᠬᠦᠪᠥᠷᠢ ᠮᠥᠩᠭᠦ ᠶᠢᠨ ᠨᠢᠭᠡ ᠬᠡᠰᠡᠭ ᠢ ᠰᠢᠶᠳᠪᠦᠷᠢᠯᠡᠵᠦ᠂ | ᠬᠦᠷᠦᠯᠴᠡᠬᠦ ᠥᠬᠡᠶ ᠬᠡᠰᠡᠭ ᠢ ᠨᠢ ᠥᠪᠡᠷᠲᠡᠭᠡᠨ ᠵᠠᠰᠠᠬᠤ ᠣᠷᠣᠨ ᠤ ᠪᠠᠯᠠ ᠮᠥᠩᠭᠦ ᠶᠢᠨ ᠲᠤᠰᠠᠯᠠᠮᠵᠢ ᠳᠡᠮᠵᠢᠯᠭᠡ ᠶᠢ | ᠤᠯᠬᠤ ᠪᠠᠷ ᠢᠳᠡᠪᠬᠢᠲᠡᠶ ᠴᠢᠷᠮᠠᠶᠢᠨ᠎ᠠ᠃ ︽ᠤᠰᠤᠨ ᠤ ᠲᠠᠷᠢᠮᠠᠯ ᠠᠴᠠ ᠬᠠᠭᠤᠷᠠᠢ ᠶᠢᠨ ᠲᠠᠷᠢᠮᠠᠯ ᠲᠠᠷᠢᠬᠤ ᠭᠠᠵᠠᠷ | ᠪᠣᠯᠭᠠᠨ ᠥᠭᠡᠷᠡᠴᠢᠯᠡᠬᠦ︾ ᠲᠥᠷᠥᠯ ᠵᠦᠶᠯ ᠢ ᠬᠡᠷᠡᠭᠵᠢᠭᠦᠯᠬᠦ ᠶᠢᠨ ᠬᠠᠮᠲᠤ᠂ ᠬᠠᠷᠠᠭᠠᠯᠵᠠᠭᠰᠠᠨ ᠤᠰᠤᠯᠠᠯᠲᠠ ᠶᠢᠨ | ᠬᠤᠳᠳᠤᠭ ᠢ ᠪᠢᠲᠡᠭᠦᠮᠵᠢᠯᠡᠨ ᠵᠣᠭᠰᠣᠭᠠᠨ᠎ᠠ᠃ | ᠲᠦᠷᠦᠭᠦᠯᠡᠬᠦ ᠨᠢᠭᠡᠴᠢ᠄ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ | ᠬᠠᠷᠢᠭᠤᠴᠠᠯᠭᠠᠲᠤ ᠨᠢᠭᠡᠴᠢ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠡᠳ᠋ ᠤᠨ | ᠵᠠᠰᠠᠭ ᠤᠨ ᠲᠣᠪᠴᠢᠶ᠎ᠠ᠂ ᠱᠠᠩᠳᠤ ᠰᠢᠶᠠᠨ᠂ ᠬᠤᠸᠠᠳᠧ ᠰᠢᠶᠠᠨ᠂ ᠰᠢᠩ ᠾᠧ ᠰᠢᠶᠠᠨ᠂ ᠴᠠᠬᠠᠷ ᠪᠠᠷᠠᠭᠤᠨ ᠭᠠᠷᠤᠨ | ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ | ᠪᠡᠶᠡᠯᠡᠭᠦᠯᠬᠦ ᠬᠤᠭᠤᠴᠠᠭ᠎ᠠ᠄ 2025 ᠣᠨ ᠤ ᠰᠡᠭᠦᠯᠴᠢ | ︵ᠲᠠᠪᠤ︶ ᠥᠨᠳᠥᠷ ᠦᠷ᠎ᠡ ᠠᠰᠢᠭᠲᠤ ᠤᠰᠤ ᠠᠷᠪᠢᠯᠠᠬᠤ ᠤᠰᠤᠯᠠᠯᠲᠠ ᠶᠢ ᠲᠦᠷᠭᠡᠳᠬᠡᠨ ᠠᠬᠢᠭᠤᠯᠤᠨ᠎ᠠ᠃ | 2021 ᠣᠨ ᠤ 3 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠣᠳᠣᠬᠠᠨ ᠳᠤ ᠦᠯᠡᠳᠡᠵᠦ ᠪᠠᠶᠢᠭ᠎ᠠ ᠰᠠᠪᠠ | ᠭᠠᠵᠠᠷ ᠲᠠᠬᠢ 259 ᠢᠵᠢ ᠰᠦᠷᠴᠢᠨ ᠤᠰᠤᠯᠠᠬᠤ ᠲᠥᠬᠦᠭᠡᠷᠦᠮᠵᠢ ᠶᠢ ᠨᠤᠷᠠᠭᠠᠨ᠎ᠠ᠃ ᠰᠠᠪᠠ ᠭᠠᠵᠠᠷ ᠤᠨ | ᠳᠣᠲᠣᠷᠠᠬᠢ ᠦᠯᠡᠳᠡᠭᠡᠵᠦ ᠪᠣᠯᠬᠤ 41 . 12 ᠲᠦᠮᠡᠨ ᠮᠦ ᠤᠰᠤᠯᠠᠯᠲᠠ ᠶᠢᠨ ᠭᠠᠵᠠᠷ ᠲᠤ ᠥᠨᠳᠥᠷ ᠦᠷ᠎ᠡ | ᠠᠰᠢᠭᠲᠤ ᠤᠰᠤ ᠠᠷᠪᠢᠯᠠᠬᠤ ᠪᠠᠷ ᠭᠤᠣᠯ ᠪᠣᠯᠭᠠᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠪᠦᠬᠦᠨ ᠢ ᠬᠡᠷᠡᠭᠵᠢᠭᠦᠯᠵᠦ᠂ ᠡᠭᠦᠨ ᠳᠤ 8 . 6 ᠲᠦᠮᠡᠨ ᠮᠦ ︵ᠱᠠᠩᠳᠤ ᠰᠢᠶᠠᠨ 8 ᠲᠦᠮᠡᠨ ᠮᠦ | ᠂ ᠬᠤᠸᠠᠳᠧ ᠰᠢᠶᠠᠨ 0 . 6 ᠲᠦᠮᠡᠨ ᠮᠦ︶ ᠶᠢ ᠨᠢᠭᠡᠨᠲᠡ ᠪᠡᠶᠡᠯᠡᠭᠦᠯᠪᠡ︔ 2021 ᠣᠨ ᠳᠤ 7 . 49 ᠲᠦᠮᠡᠨ | ᠮᠥ ︵ᠱᠠᠩᠳᠤ ᠰᠢᠶᠠᠨ 4 . 92 ᠲᠦᠮᠡᠨ ᠮᠥ᠂ ᠬᠤᠸᠠᠳᠧ ᠰᠢᠶᠠᠨ 1 . 2 ᠲᠦᠮᠡᠨ ᠮᠥ᠂ ᠰᠢᠩ ᠾᠧ ᠰᠢᠶᠠᠨ | 1 . 25 ᠲᠦᠮᠡᠨ ᠮᠥ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ 0 . 12 ᠲᠦᠮᠡᠨ ᠮᠥ︶ ᠶᠢ ᠰᠢᠨ᠎ᠡ ᠪᠠᠷ | ᠪᠠᠶᠢᠭᠤᠯᠤᠨ᠎ᠠ︔ 25 . 03 ᠲᠦᠮᠡᠨ ᠮᠥ ︵ᠱᠠᠩᠳᠤ ᠰᠢᠶᠠᠨ 9 . 09 ᠲᠦᠮᠡᠨ ᠮᠥ᠂ ᠬᠤᠸᠠᠳᠧ ᠰᠢᠶᠠᠨ 3 . | 78 ᠲᠦᠮᠡᠨ ᠮᠥ᠂ ᠰᠢᠩ ᠾᠧ ᠰᠢᠶᠠᠨ 12 . 1 ᠲᠦᠮᠡᠨ ᠮᠥ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ | 0 . 06 ᠲᠦᠮᠡᠨ ᠮᠥ︶ ᠶᠢ ᠲᠠᠰ ᠳᠡᠪᠰᠢᠭᠦᠯᠦᠨ ᠥᠭᠡᠷᠡᠴᠢᠯᠡᠬᠦ ᠪᠠᠷ ᠪᠠᠶᠢᠨ᠎ᠠ᠃ ᠤᠰᠤ ᠪᠣᠷᠳᠣᠭᠤᠷ ᠢ ᠨᠢᠭᠡ | ᠴᠣᠭᠴᠠᠵᠢᠭᠤᠯᠤᠭᠰᠠᠨ ᠥᠨᠳᠥᠷ ᠦᠷ᠎ᠡ ᠠᠰᠢᠭᠲᠤ ᠤᠰᠤ ᠠᠷᠪᠢᠯᠠᠬᠤ ᠮᠡᠷᠭᠡᠵᠢᠯ᠂ ᠪᠦᠷᠢᠨ ᠪᠦᠷᠬᠦᠭᠦᠯ ᠭᠤᠤ ᠳᠤ | ᠳᠠᠷᠢᠵᠤ ᠪᠣᠷᠣᠭᠠᠨ ᠤ ᠤᠰᠤ ᠶᠢ ᠴᠤᠭᠯᠠᠭᠤᠯᠬᠤ ᠵᠡᠷᠭᠡ ᠮᠡᠷᠭᠡᠵᠢᠯ ᠢ ᠪᠥᠬᠦ ᠲᠠᠯ᠎ᠠ ᠪᠠᠷ ᠳᠡᠯᠭᠡᠷᠡᠭᠦᠯᠵᠦ᠂ ᠬᠥᠷᠥᠰᠥ | ᠰᠢᠷᠣᠶ ᠶᠢᠨ ᠴᠢᠭᠢᠭ ᠤᠨ ᠪᠠᠶᠢᠳᠠᠯ ᠢ ᠴᠠᠭ ᠲᠤᠬᠠᠶ ᠳᠤᠨᠢ ᠬᠢᠨᠠᠨ ᠡᠵᠡᠮᠳᠡᠬᠦ ᠶᠢ ᠴᠢᠩᠭᠠᠳᠬᠠᠨ᠂ ᠤᠰᠤᠯᠠᠯᠲᠠ ᠶᠢᠨ | ᠤᠰᠤ ᠨᠥᠬᠦᠪᠥᠷᠢᠯᠡᠬᠦ ᠶᠢᠨ ᠤᠶᠤᠨᠴᠢᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠲᠦᠷᠦᠭᠦᠯᠡᠬᠦ ᠨᠢᠭᠡᠴᠢ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ | ᠬᠠᠷᠢᠭᠤᠴᠠᠯᠭᠠᠲᠤ ᠨᠢᠭᠡᠴᠢ᠄ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ᠂ ᠱᠠᠩᠳᠤ ᠰᠢᠶᠠᠨ᠂ | ᠬᠤᠸᠠᠳᠧ ᠰᠢᠶᠠᠨ᠂ ᠰᠢᠩ ᠾᠧ ᠰᠢᠶᠠᠨ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ᠂ ᠴᠠᠬᠠᠷ ᠪᠠᠷᠠᠭᠤᠨ | ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ | ᠪᠡᠶᠡᠯᠡᠭᠦᠯᠬᠦ ᠬᠤᠭᠤᠴᠠᠭ᠎ᠠ᠄ 2022 ᠣᠨ ᠤ ᠰᠡᠭᠦᠯᠴᠢ | ︵ᠵᠢᠷᠭᠤᠭ᠎ᠠ︶ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠬᠤ ᠶᠢ ᠶᠡᠷᠦᠩᠬᠡᠶᠢᠯᠡᠨ ᠵᠠᠰᠠᠬᠤ ᠶᠢ | ᠦᠷᠭᠦᠯᠵᠢᠯᠡᠨ ᠠᠬᠢᠭᠤᠯᠤᠨ᠎ᠠ᠃ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠤᠰᠤᠨ ᠤ ᠡᠬᠢ ᠪᠠᠶᠠᠯᠢᠭ ᠢ | ᠨᠤᠲᠠᠯᠠᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠭᠠᠵᠠᠷ ᠳᠣᠣᠷᠠᠬᠢ ᠤᠰᠤ ᠶᠢ ᠲᠠᠲᠠᠬᠤ ᠵᠥᠪᠰᠢᠶᠡᠷᠡᠯ ᠢ ᠬᠢᠨᠠᠨ | ᠵᠥᠪᠰᠢᠶᠡᠷᠡᠬᠦ ᠬᠠᠮᠢᠶᠠᠷᠤᠯᠲᠠ ᠶᠢ ᠵᠢᠷᠤᠮᠵᠢᠭᠤᠯᠤᠨ᠂ ᠠᠮᠢᠳᠤᠷᠠᠯ᠂ ᠢᠳᠡᠭᠡᠨ ᠪᠠ ᠡᠮ ᠤᠨ ᠵᠦᠢᠯ ᠳᠤ ᠬᠡᠷᠡᠭᠯᠡᠬᠦ | ᠤᠰᠤ ᠶᠢ ᠭᠠᠷᠭᠠᠪᠠᠯ᠂ ᠰᠠᠪᠠ ᠭᠠᠵᠠᠷ ᠲᠤ ᠭᠠᠵᠠᠷ ᠳᠣᠣᠷᠠᠬᠢ ᠤᠰᠤ ᠶᠢ ᠰᠢᠨ᠎ᠡ ᠪᠠᠷ ᠲᠠᠲᠠᠵᠤ ᠬᠡᠷᠡᠭᠯᠡᠬᠦ ᠶᠢ ᠴᠢᠩᠭ᠎ᠠ | ᠴᠠᠭᠠᠵᠠᠯᠠᠵᠤ᠂ ᠴᠠᠭᠠᠨᠨᠠᠭᠤᠷ ᠤᠨ ᠰᠠᠪᠠ ᠭᠠᠵᠠᠷ ᠤᠨ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠬᠤ ᠶᠢ | ᠶᠡᠷᠦᠩᠬᠡᠶᠢᠯᠡᠨ ᠵᠠᠰᠠᠬᠤ ᠭᠤᠣᠯᠳᠠᠯᠭ᠎ᠠ ᠲᠠᠢ ᠬᠡᠷᠡᠭᠵᠢᠭᠦᠯᠬᠦ ᠣᠷᠣᠨ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ | ᠬᠤᠯᠪᠣᠭᠳᠠᠯ ᠪᠦᠬᠦᠢ ᠲᠣᠭᠲᠠᠭᠠᠯ ᠪᠣᠯᠤᠨ ᠱᠠᠭᠠᠷᠳᠠᠯᠭ᠎ᠠ ᠶᠣᠰᠣᠭᠠᠷ᠂ ᠮᠠᠯᠲᠠᠬᠤ ᠶᠢ ᠴᠠᠭᠠᠵᠠᠯᠠᠬᠤ ᠣᠷᠣᠨ᠂ | ᠮᠠᠯᠲᠠᠬᠤ ᠶᠢ ᠬᠢᠵᠠᠭᠠᠷᠯᠠᠬᠤ ᠣᠷᠣᠨ ᠢ ᠬᠤᠪᠢᠶᠠᠷᠢᠯᠠᠨ ᠲᠣᠭᠲᠠᠭᠠᠵᠤ᠂ ᠬᠤᠯᠪᠣᠭᠳᠠᠯ ᠪᠦᠬᠦᠢ ᠲᠣᠭᠲᠠᠭᠠᠯ ᠢ | ᠦᠨᠳᠦᠰᠦᠯᠡᠨ ᠭᠠᠵᠠᠷ ᠳᠣᠣᠷᠠᠬᠢ ᠤᠰᠤ ᠶᠢ ᠨᠡᠭᠡᠭᠡᠨ ᠮᠠᠯᠲᠠᠬᠤ ᠶᠢ ᠴᠢᠩᠭ᠎ᠠ ᠬᠠᠮᠢᠶᠠᠷᠤᠨ ᠡᠵᠡᠮᠳᠡᠨ᠎ᠡ᠃ 35 . 37 | ᠲᠡᠭᠰᠢ ᠳᠥᠷᠪᠡᠯᠵᠢᠨ ᠺᠢᠯᠣᠮᠧᠲᠷ ᠤᠨ ᠴᠠᠭᠠᠨᠨᠠᠭᠤᠷ ᠨᠤᠭᠤ ᠭᠠᠵᠠᠷ ᠤᠨ ᠴᠡᠴᠡᠷᠯᠢᠭ ᠤᠨ ᠡᠷᠭᠢᠨ ᠲᠣᠭᠤᠷᠢᠨ ᠤ | ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠢ ᠪᠦᠬᠦᠨ ᠢ ᠪᠢᠲᠡᠭᠦᠮᠵᠢᠯᠡᠨ ᠵᠣᠭᠰᠣᠭᠠᠨ᠎ᠠ᠃ ᠡᠨᠡ ᠨᠢ ᠱᠠᠩᠳᠤ | ᠰᠢᠶᠠᠨ ᠤ ᠳ᠋ᠠ ᠾᠸᠢ ᠱᠠ ᠲᠤ ᠪᠠᠯᠭᠠᠰᠤ᠂ ᠰᠢᠶᠣᠤ ᠬᠠᠢ ᠽᠢ ᠪᠠᠯᠭᠠᠰᠤ᠂ ᠱᠢ ᠪᠠ ᠴᠢᠩ ᠪᠠᠯᠭᠠᠰᠤᠨ ᠤ 12 ᠵᠠᠰᠠᠭ | ᠵᠠᠬᠢᠷᠭᠠᠨ ᠤ ᠲᠣᠰᠬᠤᠨ ᠳᠤ ᠬᠤᠯᠪᠣᠭᠳᠠᠵᠤ᠂ ᠲᠠᠯᠠᠪᠠᠢ ᠨᠢ 110 . 2 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ | ᠣᠳᠣᠬᠢ ᠤᠰᠤᠯᠠᠯᠲᠠ ᠶᠢᠨ ᠲᠠᠯᠠᠪᠠᠢ ᠨᠢ 4 . 37 ᠲᠦᠮᠡᠨ ᠮᠦ᠂ ᠤᠰᠤᠯᠠᠯᠲᠠ ᠶᠢᠨ ᠮᠠᠰᠢᠨ ᠴᠠᠬᠢᠯᠭᠠᠨ | ᠬᠤᠳᠳᠤᠭ 647 ᠪᠠᠶᠢᠨ᠎ᠠ᠃ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠰᠠᠪᠠ ᠭᠠᠵᠠᠷ ᠲᠤ ᠦᠯᠡᠳᠡᠭᠡᠭᠰᠡᠨ ᠮᠠᠰᠢᠨ ᠴᠠᠬᠢᠯᠭᠠᠨ ᠬᠤᠳᠳᠤᠭ | ᠪᠦᠬᠦᠨ ᠳᠤ ᠬᠡᠮᠵᠢᠯᠲᠡ ᠶᠢᠨ ᠪᠡᠯᠡᠳᠬᠡᠮᠵᠢ ᠤᠭᠰᠠᠷᠠᠵᠤ᠂ ᠤᠰᠤᠯᠠᠯᠲᠠ ᠶᠢᠨ ᠭᠠᠵᠠᠷ ᠤᠨ ᠤᠰᠤᠯᠠᠯᠲᠠ ᠳᠤ ᠬᠡᠷᠡᠭᠯᠡᠬᠦ | ᠤᠰᠤᠨ ᠳᠤ ᠬᠤᠲᠠ ᠶᠢᠨ ᠵᠠᠰᠠᠭ ᠤᠨ ᠣᠷᠳᠣᠨ ᠤ ︽ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ | ᠠᠵᠢᠯᠯᠠᠭᠠᠨ ᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠲᠤᠬᠠᠶ ᠵᠢᠯᠣᠭᠤᠳᠬᠤ ᠰᠠᠨᠠᠯ︾ ᠳᠤ ᠲᠣᠭᠲᠠᠭᠠᠭᠰᠠᠨ | ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢᠨ ᠪᠠᠷᠢᠮᠵᠢᠶ᠎ᠠ ᠶᠢ ᠴᠢᠩᠭ᠎ᠠ ᠵᠢᠷᠤᠮᠯᠠᠨ᠂ ᠱᠠᠲᠤᠯᠢᠭ ᠮᠠᠶ᠋ᠢᠭ ᠤᠨ ᠤᠰᠤᠨ ᠤ | ᠦᠨ᠎ᠡ᠂ ᠲᠣᠭᠲᠠᠭᠰᠠᠨ ᠲᠤᠭ᠎ᠠ ᠠᠴᠠ ᠬᠡᠲᠦᠷᠡᠭᠰᠡᠨ ᠳᠤ ᠨᠢ ᠠᠬᠢᠭᠤᠯᠤᠨ ᠪᠣᠳᠣᠵᠤ ᠦᠨ᠎ᠡ ᠨᠡᠮᠡᠬᠦ ᠳᠦᠷᠢᠮ ᠢ | ᠬᠡᠷᠡᠭᠵᠢᠭᠦᠯᠵᠦ᠂ ᠭᠦᠢᠴᠡᠳ ᠪᠤᠰᠤ ᠤᠰᠤᠯᠠᠯᠲᠠ ᠶᠢ ᠬᠡᠷᠡᠭᠵᠢᠭᠦᠯᠦᠨ᠂ ᠲᠠᠷᠢᠶᠠᠯᠠᠩ ᠤᠨ ᠤᠰᠤᠯᠠᠯᠲᠠ ᠳᠤ ᠬᠡᠷᠡᠭᠯᠡᠬᠦ | ᠤᠰᠤᠨ ᠤ ᠬᠡᠮᠵᠢᠶ᠎ᠡ ᠶᠢ ᠴᠢᠩᠭ᠎ᠠ ᠬᠢᠵᠠᠭᠠᠷᠯᠠᠨ᠎ᠠ᠃ | ᠲᠦᠷᠦᠭᠦᠯᠡᠬᠦ ᠨᠢᠭᠡᠴᠢ᠄ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ | ᠬᠠᠷᠢᠭᠤᠴᠠᠯᠭᠠᠲᠤ ᠨᠢᠭᠡᠴᠢ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠱᠠᠩᠳᠤ | ᠰᠢᠶᠠᠨ᠂ ᠬᠤᠸᠠᠳᠧ ᠰᠢᠶᠠᠨ᠂ ᠰᠢᠩ ᠾᠧ ᠰᠢᠶᠠᠨ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ᠂ ᠴᠠᠬᠠᠷ | ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ | ᠪᠡᠶᠡᠯᠡᠭᠦᠯᠬᠦ ᠬᠤᠭᠤᠴᠠᠭ᠎ᠠ᠄ 2025 ᠣᠨ ᠤ ᠰᠡᠭᠦᠯᠴᠢ | ︵ᠳᠣᠯᠤᠭ᠎ᠠ︶ ᠭᠤᠤᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢ ᠴᠢᠩᠭᠠᠳᠬᠠᠨ᠎ᠠ᠃ | ᠴᠠᠭᠠᠨᠨᠠᠭᠤᠷ ᠤᠨ ᠰᠠᠪᠠ ᠭᠠᠵᠠᠷ ᠤᠨ ᠱᠢ ᠪᠠ ᠴᠢᠩ ᠾᠧ ᠭᠤᠤᠯ᠂ ᠲᠠᠪᠤᠨ ᠠᠭᠤᠯᠠ ᠭᠤᠤᠯ ᠵᠡᠷᠭᠡ ᠭᠤᠤᠯ | ᠮᠥᠷᠡᠨ ᠢ ᠭᠤᠤᠯ ᠤᠨ ᠵᠠᠮ ᠯᠠᠶᠢᠳᠠᠵᠤ ᠵᠠᠰᠠᠬᠤ ᠲᠥᠯᠥᠪᠯᠡᠭᠡ ᠳᠤ ᠣᠷᠣᠭᠤᠯᠤᠨ᠎ᠠ᠃ ᠰᠠᠪᠠ ᠭᠠᠵᠠᠷ ᠤᠨ ᠳᠣᠲᠣᠷᠠᠬᠢ | 14 ᠤᠰᠤᠨ ᠴᠥᠭᠦᠷᠥᠮ ᠢ ᠵᠢᠭᠰᠠᠭᠠᠨ ᠪᠠᠶᠢᠴᠠᠭᠠᠵᠤ᠂ ᠲᠡᠰ ᠢ ᠪᠠᠭᠤᠷᠠᠭᠤᠯᠤᠨ ᠬᠡᠷᠡᠭᠯᠡᠭᠡᠨ ᠠᠴᠠ ᠭᠠᠷᠭᠠᠬᠤ | ᠨᠥᠬᠦᠴᠡᠯ ᠳᠤ ᠨᠡᠶᠢᠴᠡᠬᠦ ᠤᠰᠤᠨ ᠴᠥᠭᠦᠷᠥᠮ ᠳᠤ ᠳᠡᠰ ᠪᠠᠭᠤᠷᠠᠭᠤᠯᠤᠨ ᠬᠡᠷᠡᠭᠯᠡᠭᠡᠨ ᠠᠴᠠ ᠭᠠᠷᠭᠠᠨ᠎ᠠ᠃ ᠭᠤᠤᠯ | ᠮᠥᠷᠡᠨ ᠨᠠᠭᠤᠷ ᠴᠥᠭᠦᠷᠥᠮ ᠢ ᠴᠠᠭᠳᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠰᠠᠪᠠ ᠭᠠᠵᠠᠷ ᠤᠨ | ᠳᠣᠲᠣᠷᠠᠬᠢ ᠲᠦᠭᠵᠢᠷᠡᠵᠦ ᠪᠠᠶᠢᠭ᠎ᠠ ᠭᠤᠤᠯ ᠤᠨ ᠵᠠᠮ ᠢ ᠴᠠᠭ ᠲᠤᠬᠠᠶ ᠳᠤᠨᠢ ᠯᠠᠶᠢᠳᠠᠵᠤ᠂ ᠠᠶᠤᠯᠲᠠᠶ ᠪᠠᠷᠢᠯᠭ᠎ᠠ | ᠠᠶᠤᠯᠲᠠᠶ ᠬᠡᠰᠡᠭ ᠢ ᠰᠡᠷᠭᠡᠶᠢᠯᠡᠨ ᠬᠠᠮᠠᠭᠠᠯᠠᠵᠤ ᠪᠠᠬᠢᠵᠢᠭᠦᠯᠦᠨ᠎ᠡ᠃ | ᠲᠦᠷᠦᠭᠦᠯᠡᠬᠦ ᠨᠢᠭᠡᠴᠢ᠄ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ | ᠬᠠᠷᠢᠭᠤᠴᠠᠯᠭᠠᠲᠤ ᠨᠢᠭᠡᠴᠢ᠄ ᠱᠠᠩᠳᠤ ᠰᠢᠶᠠᠨ᠂ ᠬᠤᠸᠠᠳᠧ ᠰᠢᠶᠠᠨ᠂ ᠰᠢᠩ ᠾᠧ ᠰᠢᠶᠠᠨ᠂ ᠴᠠᠬᠠᠷ | ᠪᠠᠷᠠᠭᠤᠨ ᠭᠠᠷᠤᠨ ᠡᠮᠦᠨᠡᠲᠦ ᠬᠤᠰᠢᠭᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ | ᠵᠠᠰᠠᠭ ᠤᠨ ᠣᠷᠳᠣᠨ | ᠪᠡᠶᠡᠯᠡᠭᠦᠯᠬᠦ ᠬᠤᠭᠤᠴᠠᠭ᠎ᠠ᠄ 2025 ᠣᠨ ᠤ ᠰᠡᠭᠦᠯᠴᠢ | ︵ᠨᠠᠢᠮᠠ︶ ᠭᠠᠵᠠᠷ ᠳᠤᠤᠷᠠᠬᠢ ᠤᠰᠤ ᠶᠢ ᠬᠢᠨᠠᠨ ᠡᠵᠡᠮᠳᠡᠬᠦ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠠᠴᠠ ᠴᠠᠭᠠᠨᠨᠠᠭᠤᠷ ᠰᠠᠪᠠ ᠭᠠᠵᠠᠷ ᠲᠤ ᠤᠰᠤ ᠰᠣᠳᠣᠯᠠᠬᠤ | ᠥᠷᠲᠡᠭᠡ ᠪᠠ ᠭᠠᠵᠠᠷ ᠳᠣᠣᠷᠠᠬᠢ ᠤᠰᠤᠨ ᠤ ᠲᠦᠪᠰᠢᠨ ᠢ ᠬᠢᠨᠠᠨ ᠬᠡᠮᠵᠢᠬᠦ ᠥᠷᠲᠡᠭᠡ ᠨᠡᠮᠡᠨ ᠪᠠᠶᠢᠭᠤᠯᠬᠤ ᠪᠠᠷ | ᠭᠤᠶᠤᠴᠢᠯᠠᠵᠤ᠂ ᠴᠠᠭᠠᠨᠨᠠᠭᠤᠷ ᠰᠠᠪᠠ ᠭᠠᠵᠠᠷ ᠢ ᠪᠦᠷᠬᠦᠭᠰᠡᠨ ᠭᠠᠵᠠᠷ ᠳᠣᠣᠷᠠᠬᠢ ᠤᠰᠤ ᠶᠢ ᠬᠢᠨᠠᠨ ᠬᠡᠮᠵᠢᠬᠦ | ᠰᠢᠰᠲ᠋ᠧᠮ ᠢ ᠪᠠᠶᠢᠭᠤᠯᠵᠤ᠂ ᠭᠠᠵᠠᠷ ᠳᠣᠣᠷᠠᠬᠢ ᠤᠰᠤᠨ ᠤ ᠲᠦᠪᠰᠢᠨ᠂ ᠤᠰᠤᠨ ᠤ ᠬᠡᠮᠵᠢᠶᠡᠨ ᠤ ᠬᠤᠪᠢᠷᠠᠯᠲᠠ ᠶᠢᠨ | ᠪᠠᠶᠢᠳᠠᠯ ᠢ ᠴᠠᠭ ᠲᠤᠬᠠᠢ ᠳᠤ ᠨᠢ ᠬᠢᠨᠠᠨ ᠡᠵᠡᠮᠳᠡᠨ᠎ᠡ᠃ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠵᠢᠯᠴᠠᠨ ᠤᠰᠤ ᠵᠦᠢ ᠶᠢᠨ ᠰᠢᠨᠵᠢᠯᠡᠭᠡᠨ ᠤ ᠪᠠᠶᠢᠴᠠᠭᠠᠯᠲᠠ᠂ | ᠠᠮᠢ ᠠᠬᠤᠶ ᠶᠢᠨ ᠭᠠᠵᠠᠷ ᠰᠢᠨᠵᠢᠯᠡᠭᠡᠨ ᠤ ᠪᠠᠶᠢᠴᠠᠭᠠᠯᠲᠠ᠂ ᠠᠮᠢ ᠠᠬᠤᠶ ᠶᠢᠨ ᠪᠠᠶᠢᠳᠠᠯ ᠤᠨ ᠪᠠᠶᠢᠴᠠᠭᠠᠯᠲᠠ ᠬᠢᠨᠠᠨ | ᠬᠡᠮᠵᠢᠵᠦ ᠦᠨᠡᠯᠡᠨ ᠵᠢᠱᠢᠬᠦ ᠵᠡᠷᠭᠡ ᠠᠵᠢᠯ ᠢ ᠥᠷᠨᠢᠭᠦᠯᠵᠦ᠂ ᠭᠠᠵᠠᠷ ᠳᠤᠤᠷᠠᠬᠢ ᠤᠰᠤ ᠶᠢ ᠬᠡᠲᠦᠷᠡᠲᠡᠯ᠎ᠡ ᠲᠠᠲᠠᠭᠰᠠᠨ | ᠠᠮᠢ ᠠᠬᠤᠶ ᠶᠢᠨ ᠨᠥᠯᠥᠭᠡ ᠶᠢ ᠦᠨᠡᠯᠡᠨ ᠵᠢᠱᠢᠨ᠎ᠡ᠃ | ᠲᠦᠷᠦᠭᠦᠯᠡᠬᠦ ᠨᠢᠭᠡᠴᠢ᠄ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ | ᠬᠠᠷᠢᠭᠤᠴᠠᠯᠭᠠᠲᠤ ᠨᠢᠭᠡᠴᠢ᠄ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ | ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠱᠠᠩᠳᠤ ᠰᠢᠶᠠᠨ᠂ ᠬᠤᠸᠠᠳᠧ ᠰᠢᠶᠠᠨ᠂ ᠰᠢᠩ ᠾᠧ ᠰᠢᠶᠠᠨ᠂ | ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ | ᠵᠠᠰᠠᠭ ᠤᠨ ᠣᠷᠳᠣᠨ | ᠪᠡᠶᠡᠯᠡᠭᠦᠯᠬᠦ ᠬᠤᠭᠤᠴᠠᠭ᠎ᠠ᠄ 2022 ᠣᠨ ᠤ ᠰᠡᠭᠦᠯᠴᠢ | ︵ᠶᠢᠰᠦ︶ ᠤᠰᠤᠨ ᠳᠤ ᠬᠤᠯᠪᠣᠭᠳᠠᠭᠰᠠᠨ ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ | ᠴᠢᠩᠭᠠᠳᠬᠠᠨ᠎ᠠ᠃ ᠰᠠᠪᠠ ᠭᠠᠵᠠᠷ ᠤᠨ ᠬᠡᠪᠴᠢᠶᠡᠨ ᠳᠠᠬᠢ ᠤᠰᠤ ᠲᠠᠢ ᠬᠤᠯᠪᠣᠭᠳᠠᠭᠰᠠᠨ ᠠᠵᠤ ᠠᠬᠤᠶᠢᠯᠠᠯ ᠤᠨ | ᠬᠠᠶᠠᠭᠳᠠᠮᠠᠯ ᠤᠰᠤ ᠶᠢ ᠭᠠᠳᠠᠭᠰᠢᠯᠠᠭᠤᠯᠵᠤ ᠪᠠᠶᠢᠭ᠎ᠠ ᠪᠠᠶᠢᠳᠠᠯ ᠢ ᠬᠢᠨᠠᠨ ᠬᠡᠮᠵᠢᠵᠦ ᠬᠢᠨᠠᠨ ᠬᠠᠮᠢᠶᠠᠷᠬᠤ ᠪᠠᠨ ᠤᠯᠠᠮ | ᠨᠢᠭᠡ ᠠᠯᠬᠤᠮ ᠴᠢᠩᠭᠠᠳᠬᠠᠵᠦ᠂ ᠪᠣᠬᠢᠷ ᠤᠰᠤᠨ ᠤ ᠬᠠᠨᠳᠤᠰᠢ ᠨᠢ ᠣᠷᠴᠢᠨ ᠲᠣᠭᠤᠷᠢᠨ ᠢ ᠬᠠᠮᠠᠭᠠᠯᠠᠬᠤ | ᠱᠠᠭᠠᠷᠳᠠᠯᠭ᠎ᠠ ᠳᠤ ᠨᠡᠶᠢᠴᠡᠬᠦ᠂ ᠬᠠᠶᠠᠭᠳᠠᠮᠠᠯ ᠤᠰᠤ ᠶᠢ ᠲᠣᠭᠲᠠᠭᠤᠨ ᠢᠶᠠᠷ ᠪᠠᠷᠢᠮᠵᠢᠶ᠎ᠠ ᠳᠤ ᠬᠦᠷᠦᠭᠦᠯᠦᠨ | ᠭᠠᠳᠠᠭᠰᠢᠯᠠᠭᠤᠯᠬᠤ ᠶᠢ ᠦᠨᠡᠨᠬᠦ ᠪᠠᠲᠤᠯᠠᠵᠤ᠂ ᠶᠡᠷᠦᠩᠬᠡᠶᠢᠯᠡᠨ ᠠᠰᠢᠭᠯᠠᠬᠤ ᠶᠢ ᠪᠡᠶᠡᠯᠡᠭᠦᠯᠵᠦ᠂ ᠤᠰᠤᠨ ᠤ ᠡᠬᠢ | ᠪᠠᠶᠠᠯᠢᠭ ᠢ ᠠᠷᠪᠢᠯᠠᠬᠤ ᠶᠢᠨ ᠬᠠᠮᠲᠤ ᠪᠣᠬᠢᠷ ᠤᠰᠤ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠨ᠎ᠠ᠃ ᠰᠠᠪᠠ | ᠭᠠᠵᠠᠷ ᠤᠨ ᠳᠣᠲᠣᠷᠠᠬᠢ ᠠᠵᠤ ᠠᠬᠤᠶᠢᠯᠠᠯ ᠤᠳ ᠣᠷᠴᠢᠨ ᠲᠣᠭᠤᠷᠢᠨ ᠤ ᠰᠠᠭᠤᠷᠢ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠪᠠᠨ ᠴᠢᠩᠭᠠᠳᠬᠠᠵᠤ᠂ ᠢᠳᠡᠭᠡᠨ᠂ ᠡᠮ ᠡᠮᠨᠡᠯᠭᠡ ᠵᠡᠷᠭᠡ ᠠᠵᠤ ᠠᠬᠤᠶᠢᠯᠠᠯ ᠢ ᠭᠠᠷᠭᠠᠪᠠᠯ᠂ ᠪᠤᠰᠤᠳ | ᠠᠵᠤ ᠠᠬᠤᠶᠢᠯᠠᠯ ᠤᠳ ᠡᠷᠬᠡᠪᠰᠢ ᠳᠤᠮᠳᠠᠬᠢ ᠤᠰᠤ ᠶᠢ ᠬᠡᠷᠡᠭᠯᠡᠵᠦ᠂ ᠳᠤᠮᠳᠠ ᠤᠰᠤ ᠶᠢ ᠡᠭᠡᠭᠦᠯᠦᠨ ᠬᠡᠷᠡᠭᠯᠡᠬᠦ | ᠨᠣᠷᠮ᠎ᠠ ᠪᠠᠨ ᠳᠡᠭᠡᠭᠰᠢᠯᠡᠭᠦᠯᠦᠨ᠎ᠡ᠃ | ᠲᠦᠷᠦᠭᠦᠯᠡᠬᠦ ᠨᠢᠭᠡᠴᠢ᠄ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ | ᠬᠠᠷᠢᠭᠤᠴᠠᠯᠭᠠᠲᠤ ᠨᠢᠭᠡᠴᠢ᠄ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ᠂ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠱᠠᠩᠳᠤ ᠰᠢᠶᠠᠨ᠂ ᠬᠤᠸᠠᠳᠧ ᠰᠢᠶᠠᠨ᠂ ᠰᠢᠩ | ᠾᠧ ᠰᠢᠶᠠᠨ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ᠂ ᠴᠠᠬᠠᠷ ᠪᠠᠷᠠᠭᠤᠨ ᠭᠠᠷᠤᠨ ᠬᠤᠶᠢᠲᠤ | ᠬᠤᠰᠢᠭᠤᠨ ᠤ ᠠᠷᠠᠳ ᠤᠨ ᠵᠠᠰᠠᠭ ᠤᠨ ᠣᠷᠳᠣᠨ | ᠪᠡᠶᠡᠯᠡᠭᠦᠯᠬᠦ ᠬᠤᠭᠤᠴᠠᠭ᠎ᠠ᠄ 2022 ᠣᠨ ᠤ ᠰᠡᠭᠦᠯᠴᠢ | ᠲᠠᠪᠤ᠂ ᠲᠠᠷᠢᠮᠠᠯ ᠤᠨ ᠪᠦᠲᠦᠴᠡ ᠶᠢ ᠢᠳᠡᠪᠬᠢᠲᠡᠢ ᠲᠣᠬᠢᠷᠠᠭᠤᠯᠤᠨ᠎ᠠ᠃ | ᠰᠠᠪᠠ ᠭᠠᠵᠠᠷ ᠤᠨ ᠭᠠᠵᠠᠷ ᠤᠨ ᠭᠠᠳᠠᠷᠭᠤ ᠵᠢᠴᠢ ᠬᠥᠷᠥᠰᠥ ᠰᠢᠷᠣᠶ ᠶᠢᠨ ᠪᠦᠲᠦᠴᠡ ᠶᠢ ᠰᠢᠨᠵᠢᠯᠡᠬᠦ | ᠤᠬᠠᠭᠠᠨᠴᠢ ᠪᠠᠷ ᠦᠨᠡᠯᠡᠨ ᠵᠢᠱᠢᠵᠦ᠂ ᠤᠰᠤᠯᠠᠯᠲᠠ ᠲᠣᠬᠢᠷᠠᠮᠵᠢᠲᠠᠶ ᠪᠣᠯ ᠤᠰᠤᠯᠠᠯᠲᠠ ᠶᠢᠨ ᠲᠠᠷᠢᠶ᠎ᠡ ᠪᠣᠯᠭᠠᠵᠤ᠂ | ᠬᠠᠭᠤᠷᠠᠶ ᠲᠠᠷᠢᠶ᠎ᠡ ᠳᠤᠬᠢᠷᠠᠮᠵᠢᠲᠠᠢ ᠪᠣᠯ ᠬᠠᠭᠤᠷᠠᠶ ᠲᠠᠷᠢᠶ᠎ᠡ ᠪᠣᠯᠭᠠᠨ᠎ᠠ᠃ ᠲᠠᠷᠢᠶᠠᠯᠠᠩ ᠤᠨ ᠲᠠᠷᠢᠮᠠᠯ ᠤᠨ ᠪᠦᠲᠦᠴᠡ ᠶᠢ | ᠵᠦᠢ ᠵᠣᠬᠢᠰᠲᠠᠶ ᠲᠣᠬᠢᠷᠠᠭᠤᠯᠵᠤ᠂ ᠣᠶ ᠮᠣᠳᠣᠨ ᠤ ᠲᠠᠷᠢᠮᠠᠯ ᠤᠨ ᠪᠦᠲᠦᠴᠡ ᠶᠢ ᠰᠢᠯᠢᠳᠡᠭᠵᠢᠭᠦᠯᠦᠨ᠂ ᠲᠤᠬᠠᠶ ᠶᠢᠨ | ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠬᠠᠭᠤᠷᠠᠶ ᠪᠠᠷ ᠲᠠᠷᠢᠵᠤ ᠪᠣᠷᠣᠭᠠᠨ ᠢᠶᠠᠷ ᠲᠡᠵᠢᠭᠡᠬᠦ ᠲᠠᠷᠢᠶᠠᠯᠠᠩ ᠢ | ᠬᠥᠭᠵᠢᠭᠦᠯᠵᠦ᠂ ᠬᠠᠭᠤᠷᠠᠶ ᠪᠠᠷ ᠲᠠᠷᠢᠬᠤ ᠣᠷᠭᠠᠨᠢᠭ ᠲᠠᠷᠢᠶᠠᠯᠠᠩ ᠢ ᠳᠡᠮᠵᠢᠨ ᠬᠥᠭᠵᠢᠭᠦᠯᠵᠦ᠂ ᠤᠰᠤ ᠶᠡᠭᠡ | ᠬᠤᠷᠣᠭᠳᠠᠭᠤᠯᠬᠤ ᠲᠠᠷᠢᠮᠠᠯ ᠤᠨ ᠲᠠᠯᠠᠪᠠᠶ ᠶᠢ ᠪᠠᠭᠠᠰᠬᠠᠬᠤ ᠬᠡᠷᠡᠭᠲᠡᠶ᠃ | ︵ᠠᠷᠪᠠ︶ ᠲᠠᠷᠢᠶᠠᠯᠠᠩ ᠤᠨ ᠲᠠᠷᠢᠮᠠᠯ ᠤᠨ ᠪᠦᠲᠦᠴᠡ ᠶᠢ ᠲᠣᠬᠢᠷᠠᠭᠤᠯᠤᠨ᠎ᠠ᠃ ᠰᠢᠨᠵᠢᠯᠡᠬᠦ ᠤᠬᠠᠭᠠᠨᠴᠢ ᠪᠠᠷ | ᠲᠠᠷᠢᠮᠠᠯ ᠤᠨ ᠤᠰᠤ ᠬᠤᠷᠣᠭᠳᠠᠭᠤᠯᠬᠤ ᠭᠦᠶᠴᠡᠳᠬᠡᠬᠦ ᠲᠤᠭ᠎ᠠ ᠶᠢ ᠬᠢᠨᠠᠨ ᠲᠣᠭᠲᠠᠭᠠᠵᠤ᠂ ᠲᠥᠮᠥᠰᠥ᠂ ᠡᠷᠳᠡᠨᠢ ᠰᠢᠰᠢ | ᠂ ᠢᠳᠡᠰᠢᠨ ᠨᠣᠭᠤᠭ᠎ᠠ᠂ ᠰᠢᠬᠢᠷ ᠯᠤᠤᠪᠠᠩ᠂ ᠨᠡᠷᠡᠨ ᠬᠤᠸᠠᠷ ᠵᠡᠷᠭᠡ ᠤᠰᠤ ᠶᠡᠭᠡ ᠬᠤᠷᠣᠭᠳᠠᠭᠤᠯᠬᠤ ᠲᠠᠷᠢᠮᠠᠯ ᠤᠨ | ᠲᠠᠯᠠᠪᠠᠶ ᠶᠢ ᠬᠠᠰᠤᠨ ᠪᠠᠭᠠᠰᠬᠠᠵᠤ᠂ ᠤᠰᠤ ᠪᠠᠭ᠎ᠠ ᠬᠤᠷᠣᠭᠳᠠᠭᠤᠯᠬᠤ ᠭᠠᠩ ᠬᠠᠭᠰᠠᠷᠠᠭᠠᠨ ᠳᠤ ᠳᠠᠭᠠᠭᠠᠮᠠᠭᠠᠶ | ᠬᠡᠯᠪᠡᠷᠢ ᠶᠢᠨ ᠪᠣᠭᠤᠳᠠᠶ᠂ ᠨᠣᠬᠠᠶ ᠶᠢᠨ ᠬᠤᠰᠢᠭᠤ ᠪᠠ ᠡᠯᠳᠡᠪ ᠠᠮᠤ ᠡᠯᠳᠡᠪ ᠪᠤᠷᠴᠠᠭ ᠵᠡᠷᠭᠡ ᠲᠠᠷᠢᠮᠠᠯ ᠤᠨ ᠲᠠᠯᠠᠪᠠᠶ ᠶᠢ | ᠡᠮᠬᠢ ᠵᠢᠷᠤᠮ ᠲᠠᠢ ᠪᠠᠷ ᠥᠷᠭᠡᠳᠬᠡᠨ᠎ᠡ᠃ 2025 ᠣᠨ ᠪᠣᠯᠬᠤ ᠳᠤ᠂ ᠰᠠᠪᠠ ᠭᠠᠵᠠᠷ ᠲᠠᠬᠢ ᠲᠥᠮᠥᠰᠥ᠂ ᠡᠷᠳᠡᠨᠢ | ᠰᠢᠰᠢ᠂ ᠢᠳᠡᠰᠢᠨ ᠨᠣᠭᠤᠭ᠎ᠠ᠂ ᠰᠢᠬᠢᠷ ᠯᠤᠤᠪᠠᠩ᠂ ᠨᠡᠷᠡᠨ ᠬᠤᠸᠠᠷ ᠵᠡᠷᠭᠡ ᠤᠰᠤ ᠶᠡᠭᠡ ᠬᠤᠷᠣᠭᠳᠠᠭᠤᠯᠬᠤ | ᠲᠠᠷᠢᠮᠠᠯ ᠤᠨ ᠲᠠᠯᠠᠪᠠᠢ ᠶᠢᠨ ᠲᠠᠷᠢᠮᠠᠯ ᠤᠨ ᠶᠡᠷᠦᠩᠬᠡᠢ ᠲᠠᠯᠠᠪᠠᠢ ᠳᠠᠬᠢ ᠡᠵᠡᠯᠡᠬᠦ ᠬᠠᠷᠢᠴᠠᠯ ᠢ 42 % ᠪᠠᠶᠢᠭᠰᠠᠨ ᠠᠴᠠ | 25 % ᠪᠣᠯᠭᠠᠨ ᠪᠠᠭᠤᠷᠠᠭᠤᠯᠤᠨ᠎ᠠ︔ ᠨᠣᠬᠠᠶ ᠶᠢᠨ ᠬᠤᠰᠢᠭᠤ᠂ ᠪᠣᠭᠤᠳᠠᠶ᠂ ᠡᠯᠳᠡᠪ ᠠᠮᠤ ᠪᠤᠷᠴᠠᠭ ᠵᠡᠷᠭᠡ ᠤᠰᠤ | ᠪᠠᠭ᠎ᠠ ᠬᠤᠷᠣᠭᠳᠠᠭᠤᠯᠬᠤ ᠲᠠᠷᠢᠮᠠᠯ ᠤᠨ ᠵᠦᠶᠯ ᠤᠨ ᠲᠠᠷᠢᠮᠠᠯ ᠤᠨ ᠶᠡᠷᠦᠩᠬᠡᠶ ᠲᠠᠯᠠᠪᠠᠶ ᠳᠠᠬᠢ ᠡᠵᠡᠯᠡᠬᠦ ᠬᠠᠷᠢᠴᠠᠯ ᠢ 58 | % ᠠᠴᠠ 75 % ᠪᠣᠯᠲᠠᠯ᠎ᠠ ᠳᠡᠭᠡᠭᠰᠢᠯᠡᠭᠦᠯᠦᠨ᠎ᠡ᠃ ᠣᠷᠭᠠᠨᠢᠭ ᠬᠠᠭᠤᠷᠠᠶ ᠲᠠᠷᠢᠶᠠᠯᠠᠩ ᠢ ᠶᠡᠬᠡᠪᠡᠷ ᠬᠥᠭᠵᠢᠭᠦᠯᠵᠦ᠂ | ᠠᠵᠤ ᠠᠬᠤᠶᠢᠯᠠᠯ ᠤᠨ ᠬᠥᠲᠥᠯᠥᠨ ᠳᠠᠭᠠᠭᠤᠯᠵᠤ ᠳᠠᠶᠢᠴᠢᠯᠠᠬᠤ ᠦᠶᠯᠡᠳᠦᠯ ᠢ ᠴᠢᠩᠭᠠᠷᠠᠭᠤᠯᠤᠨ᠂ ᠮᠡᠷᠭᠡᠵᠢᠯ ᠤᠨ | ᠵᠢᠯᠣᠭᠤᠳᠣᠯᠭ᠎ᠠ ᠪᠠ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ︽ | ᠤᠰᠤᠨ ᠤ ᠲᠠᠷᠢᠮᠠᠯ ᠠᠴᠠ ᠬᠠᠭᠤᠷᠠᠢ ᠶᠢᠨ ᠲᠠᠷᠢᠮᠠᠯ ᠲᠠᠷᠢᠬᠤ ᠭᠠᠵᠠᠷ ᠪᠣᠯᠭᠠᠨ ᠥᠭᠡᠷᠡᠴᠢᠯᠡᠬᠦ︾ ᠣᠷᠣᠨ ᠤ | ᠳᠣᠲᠣᠷᠠᠬᠢ ᠣᠷᠭᠠᠨᠢᠭ ᠪᠦᠲᠦᠭᠡᠭᠳᠡᠬᠦᠨ ᠤ ᠭᠡᠷᠡᠴᠢᠯᠡᠬᠦ ᠲᠠᠯᠠᠪᠠᠶ ᠶᠢ ᠥᠷᠭᠡᠳᠬᠡᠨ᠎ᠡ᠃ ᠥᠨᠳᠥᠷ ᠨᠡᠮᠡᠯᠲᠡ ᠥᠷᠲᠡᠭ | ᠪᠦᠬᠦᠢ ᠠᠮᠢ ᠠᠬᠤᠶ ᠶᠢᠨ ᠣᠷᠭᠠᠨᠢᠭ ᠪᠣᠬᠢᠷᠲᠤᠯ ᠦᠭᠡᠶ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠵᠦ᠂ | ᠪᠦᠲᠦᠴᠡ ᠶᠢᠨ ᠲᠣᠬᠢᠷᠠᠭᠤᠯᠤᠯᠲᠠ ᠬᠢᠭᠰᠡᠨ ᠤ ᠳᠠᠷᠠᠭ᠎ᠠ ᠲᠠᠷᠢᠶᠠᠴᠢᠳ ᠤᠨ ᠣᠷᠣᠯᠭ᠎ᠠ ᠶᠢᠨ ᠬᠢᠷᠢ ᠬᠡᠮᠵᠢᠶ᠎ᠡ ᠶᠢ | ᠪᠠᠭᠤᠷᠠᠭᠤᠯᠬᠤ ᠦᠭᠡᠶ ᠪᠠᠶᠢᠬᠤ ᠶᠢ ᠴᠢᠷᠮᠠᠶᠢᠨ ᠪᠡᠶᠡᠯᠡᠭᠦᠯᠦᠨ᠎ᠡ᠃ | ᠲᠦᠷᠦᠭᠦᠯᠡᠬᠦ ᠨᠢᠭᠡᠴᠢ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ | ᠬᠠᠷᠢᠭᠤᠴᠠᠯᠭᠠᠲᠤ ᠨᠢᠭᠡᠴᠢ᠄ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠱᠠᠩᠳᠤ ᠰᠢᠶᠠᠨ᠂ ᠬᠤᠸᠠᠳᠧ ᠰᠢᠶᠠᠨ᠂ ᠰᠢᠩ ᠾᠧ ᠰᠢᠶᠠᠨ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ᠂ | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ | ᠪᠡᠶᠡᠯᠡᠭᠦᠯᠬᠦ ᠬᠤᠭᠤᠴᠠᠭ᠎ᠠ᠄ 2025 ᠣᠨ ᠤ ᠰᠡᠭᠦᠯᠴᠢ | ︵ᠠᠷᠪᠠᠨ ᠨᠢᠭᠡ︶ ᠴᠢᠨᠠᠷ ᠰᠠᠶᠢᠲᠠᠶ ᠲᠡᠵᠢᠭᠡᠯ ᠡᠪᠡᠰᠦ ᠲᠠᠷᠢᠬᠤ ᠶᠢ ᠢᠳᠡᠪᠬᠢᠲᠡᠶ ᠪᠠᠷ ᠲᠦᠯᠬᠢᠨ ᠠᠬᠢᠭᠤᠯᠤᠨ᠎ᠠ | ᠃ ᠶᠠᠰᠤ ᠴᠢᠨᠠᠷ ᠤᠨ ᠵᠡᠷᠭᠡ ᠳᠡᠰ ᠢᠶᠠᠷ ᠳᠤᠤᠷ᠎ᠠ᠂ ᠲᠠᠷᠢᠮᠠᠯ ᠤᠨ ᠦᠷ᠎ᠡ ᠠᠰᠢᠭ ᠢᠶᠠᠷ ᠠᠨᠠᠶ ᠲᠠᠷᠢᠶᠠᠨ ᠭᠠᠵᠠᠷ ᠲᠤ᠂ | ᠵᠢᠯ ᠪᠦᠷᠢ ︽ᠠᠮᠤ ᠪᠤᠳᠠᠭ᠎ᠠ ᠶᠢ ᠲᠡᠵᠢᠭᠡᠯ ᠪᠣᠷᠳᠤᠭ᠎ᠠ ᠪᠣᠯᠭᠠᠨ ᠥᠭᠡᠷᠡᠴᠢᠯᠡᠬᠦ︾ ᠪᠠ ᠲᠡᠵᠢᠭᠡᠯ ᠡᠪᠡᠰᠦ | ᠪᠣᠷᠳᠤᠭ᠎ᠠ ᠶᠢᠨ ᠰᠠᠭᠤᠷᠢᠨ ᠭᠠᠵᠠᠷ ᠤᠨ ᠪᠠᠲᠤᠯᠠᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠢ | ᠬᠡᠷᠡᠭᠵᠢᠭᠦᠯᠵᠦ᠂ ᠤᠰᠤ ᠪᠠᠭ᠎ᠠ ᠬᠤᠷᠣᠭᠳᠠᠭᠤᠯᠬᠤ ᠬᠥᠬᠡ ᠳᠠᠷᠤᠰᠢ ᠶᠢᠨ ᠡᠷᠳᠡᠨᠢ ᠰᠢᠰᠢ ᠪᠠ ᠬᠥᠬᠡ ᠶᠤᠤᠮᠠᠢ ᠵᠡᠷᠭᠡ | ᠲᠠᠷᠢᠮᠠᠯ ᠤᠨ ᠬᠡᠪᠴᠢᠶ᠎ᠡ ᠶᠢ ᠡᠮᠬᠢ ᠵᠢᠷᠤᠮ ᠲᠠᠢ ᠪᠠᠷ ᠥᠷᠭᠡᠳᠬᠡᠨ᠂ ︽ᠲᠡᠵᠢᠭᠡᠬᠦ ᠶᠢᠨ ᠲᠥᠯᠥᠭᠡ ᠲᠠᠷᠢᠬᠤ᠂ ᠲᠠᠷᠢᠵᠤ | ᠲᠡᠵᠢᠭᠡᠬᠦ ᠶᠢ ᠤᠶᠠᠯᠳᠤᠭᠤᠯᠬᠤ᠂ ᠲᠡᠵᠢᠭᠡᠬᠦ ᠪᠠᠷ ᠣᠷᠣᠯᠭ᠎ᠠ ᠪᠠᠨ ᠨᠡᠮᠡᠭᠳᠡᠭᠦᠯᠬᠦ︾ ᠮᠠᠯ ᠪᠡᠯᠴᠢᠭᠡᠷ ᠢ ᠨᠢᠭᠡ | ᠴᠣᠭᠴᠠᠵᠢᠭᠤᠯᠤᠨ ᠬᠥᠭᠵᠢᠭᠦᠯᠬᠦ ᠠᠷᠭ᠎ᠠ ᠵᠠᠮ ᠢ ᠪᠦᠷᠢᠯᠳᠦᠭᠦᠯᠬᠦ ᠶᠢ ᠢᠳᠡᠪᠬᠢᠲᠡᠶ ᠪᠠᠷ ᠠᠬᠢᠭᠤᠯᠵᠤ᠂ ᠠᠵᠤ | ᠦᠢᠯᠡᠰ ᠤᠨ ᠬᠡᠯᠬᠢᠶᠡᠰᠦ ᠶᠢ ᠤᠷᠲᠤᠳᠬᠠᠨ᠂ ᠲᠠᠷᠢᠶᠠᠯᠠᠩ ᠮᠠᠯ ᠠᠵᠤ ᠠᠬᠤᠢ ᠶᠢᠨ ᠣᠷᠴᠢᠯ ᠬᠥᠭᠵᠢᠯᠲᠡ᠂ | ᠪᠣᠬᠢᠷᠲᠤᠯ ᠥᠬᠡᠶ ᠬᠥᠭᠵᠢᠯᠲᠡ ᠶᠢ ᠪᠡᠶᠡᠯᠡᠭᠦᠯᠦᠨ᠎ᠡ᠃ | ᠲᠦᠷᠦᠭᠦᠯᠡᠬᠦ ᠨᠢᠭᠡᠴᠢ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ | ᠬᠠᠷᠢᠭᠤᠴᠠᠯᠭᠠᠲᠤ ᠨᠢᠭᠡᠴᠢ᠄ ᠱᠠᠩᠳᠤ ᠰᠢᠶᠠᠨ᠂ ᠬᠤᠸᠠᠳᠧ ᠰᠢᠶᠠᠨ᠂ ᠰᠢᠩ ᠾᠧ ᠰᠢᠶᠠᠨ᠂ ᠴᠠᠬᠠᠷ | ᠪᠠᠷᠠᠭᠤᠨ ᠭᠠᠷᠤᠨ ᠡᠮᠦᠨᠡᠲᠦ ᠬᠤᠰᠢᠭᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ | ᠵᠠᠰᠠᠭ ᠤᠨ ᠣᠷᠳᠣᠨ | ᠪᠡᠶᠡᠯᠡᠭᠦᠯᠬᠦ ᠬᠤᠭᠤᠴᠠᠭ᠎ᠠ᠄ 2025 ᠣᠨ ᠤ ᠰᠡᠭᠦᠯᠴᠢ | ︵ᠠᠷᠪᠠᠨ ᠬᠤᠶᠠᠷ︶ ᠣᠶ ᠮᠣᠳᠣ ᠲᠠᠷᠢᠬᠤ ᠪᠦᠲᠦᠴᠡ ᠶᠢ ᠰᠢᠯᠢᠳᠡᠭᠵᠢᠭᠦᠯᠦᠨ᠎ᠡ᠃ ᠣᠳᠣ ᠪᠠᠶᠢᠭ᠎ᠠ ᠣᠶ | ᠰᠢᠭᠤᠶ ᠡᠪᠡᠰᠦᠨ ᠤ ᠤᠷᠭᠤᠮᠠᠯ ᠤᠨ ᠬᠤᠴᠢᠯᠭ᠎ᠠ ᠶᠢ ᠰᠠᠶᠢᠲᠤᠷ ᠬᠠᠮᠠᠭᠠᠯᠠᠭᠰᠠᠨ ᠰᠠᠭᠤᠷᠢᠨ ᠳᠡᠭᠡᠷ᠎ᠡ᠂ ᠰᠠᠪᠠ | ᠭᠠᠵᠠᠷ ᠤᠨ ᠳᠣᠲᠣᠷᠠᠬᠢ 10 ᠲᠦᠮᠡᠨ ᠮᠦ ᠮᠠᠭᠤᠳᠠᠭᠰᠠᠨ ᠬᠠᠯᠬᠠᠪᠴᠢ ᠣᠶ᠂ ᠵᠡᠷᠡᠮᠳᠡᠭ ᠣᠶ ᠳᠤ ᠠᠯᠬᠤᠮ | ᠠᠯᠬᠤᠮ ᠢᠶᠠᠷ ᠰᠡᠷᠭᠦᠭᠡᠯᠲᠡ ᠬᠢᠵᠦ᠂ ᠣᠶ ᠰᠢᠭᠤᠶ ᠶᠢᠨ ᠬᠦᠶ ᠶᠢᠨ ᠶᠠᠰᠤ ᠴᠢᠨᠠᠷ ᠢ ᠰᠠᠶᠢᠵᠢᠷᠠᠭᠤᠯᠤᠨ᠎ᠠ᠃ ᠡᠭᠦᠯᠳᠡᠷ | ᠰᠣᠩᠭᠤᠬᠤ ᠲᠠᠯ᠎ᠠ ᠪᠠᠷ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠲᠣᠬᠢᠷᠠᠮᠵᠢᠲᠠᠶ | ᠭᠠᠵᠠᠷ ᠲᠤ ᠲᠣᠬᠢᠷᠠᠮᠵᠢᠲᠠᠶ ᠮᠣᠳᠣ ᠲᠠᠷᠢᠬᠤ ᠵᠠᠷᠴᠢᠮ ᠢ ᠪᠠᠷᠢᠮᠲᠠᠯᠠᠵᠤ᠂ ᠬᠥᠮᠦᠨ ᠤ ᠬᠦᠴᠦ ᠪᠠᠷ ᠵᠠᠶᠢᠯᠠᠭᠰᠠᠨ | ᠤᠯᠢᠶᠠᠰᠤ ᠵᠡᠷᠭᠡ ᠤᠰᠤ ᠶᠡᠭᠡ ᠬᠤᠷᠣᠭᠳᠠᠭᠤᠯᠬᠤ ᠮᠣᠳᠣᠨ ᠤ ᠲᠥᠷᠥᠯ ᠢ ᠠᠯᠬᠤᠮ ᠠᠯᠬᠤᠮ ᠢᠶᠠᠷ ᠨᠠᠶᠢᠯᠵᠠᠭᠤᠷ᠂ | ᠬᠡᠭᠡᠷ᠎ᠡ ᠶᠢᠨ ᠭᠦᠢᠯᠡᠰᠦ᠂ ᠲᠤᠭᠤᠷ᠂ ᠴᠢᠴᠠᠷᠭᠠᠨ᠎ᠠ᠂ ᠴᠢᠨ᠋ᠸ᠎ᠠ ᠶᠢᠨ ᠬᠠᠷᠮᠠᠭ ᠵᠡᠷᠭᠡ ᠨᠤᠲᠤᠭ ᠤᠨ ᠮᠣᠳᠣᠨ ᠤ ᠲᠥᠷᠥᠯ | ᠪᠣᠯᠭᠠᠨ ᠲᠣᠬᠢᠷᠠᠭᠤᠯᠤᠨ᠎ᠠ᠃ | ᠲᠦᠷᠦᠭᠦᠯᠡᠬᠦ ᠨᠢᠭᠡᠴᠢ᠄ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ | ᠬᠠᠷᠢᠭᠤᠴᠠᠯᠭᠠᠲᠤ ᠨᠢᠭᠡᠴᠢ᠄ ᠱᠠᠩᠳᠤ ᠰᠢᠶᠠᠨ᠂ ᠬᠤᠸᠠᠳᠧ ᠰᠢᠶᠠᠨ᠂ ᠰᠢᠩ ᠾᠧ ᠰᠢᠶᠠᠨ᠂ ᠴᠠᠬᠠᠷ | ᠪᠠᠷᠠᠭᠤᠨ ᠭᠠᠷᠤᠨ ᠡᠮᠦᠨᠡᠲᠦ ᠬᠤᠰᠢᠭᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ | ᠵᠠᠰᠠᠭ ᠤᠨ ᠣᠷᠳᠣᠨ | ᠪᠡᠶᠡᠯᠡᠭᠦᠯᠬᠦ ᠬᠤᠭᠤᠴᠠᠭ᠎ᠠ᠄ 2025 ᠣᠨ ᠤ ᠰᠡᠭᠦᠯᠴᠢ | ︵ᠠᠷᠪᠠᠨ ᠭᠤᠷᠪᠠ︶ ᠨᠤᠲᠤᠭ ᠪᠡᠯᠴᠢᠭᠡᠷ ᠢ ᠬᠠᠮᠠᠭᠠᠯᠠᠨ ᠵᠠᠰᠠᠨ ᠰᠡᠷᠭᠦᠭᠡᠬᠦ ᠶᠢ ᠥᠷᠨᠢᠭᠦᠯᠦᠨ᠎ᠡ᠃ ᠪᠡᠭᠡᠵᠢᠩ | ᠲᠢᠶᠠᠨᠵᠢᠨ ᠤ ᠰᠢᠷᠣᠢ ᠶᠢᠨ ᠰᠢᠭᠤᠷᠭ᠎ᠠ ᠶᠢᠨ ᠡᠬᠢ ᠶᠢ ᠵᠠᠰᠠᠬᠤ ᠵᠡᠷᠭᠡ ᠭᠤᠣᠯᠳᠠᠯᠭ᠎ᠠ ᠲᠠᠢ ᠢᠨᠵᠧᠨᠧᠷᠢᠩ ᠲᠤ | ᠲᠦᠰᠢᠭᠯᠡᠨ᠂ ᠲᠤᠬᠢᠷᠠᠬᠤ ᠡᠪᠡᠰᠦᠨ ᠦᠷ᠎ᠡ ᠲᠡᠷᠢᠬᠤ᠂ ᠬᠦᠷᠢᠶᠡᠯᠡᠵᠦ ᠪᠢᠲᠡᠭᠦᠮᠵᠢᠯᠡᠨ ᠪᠤᠶᠢᠵᠢᠭᠤᠯᠬᠤ᠂ ᠨᠥᠬᠦᠵᠦ | ᠲᠡᠷᠢᠵᠤ ᠰᠠᠶᠢᠵᠢᠷᠠᠭᠤᠯᠬᠤ ᠵᠡᠷᠭᠡ ᠠᠷᠭ᠎ᠠ ᠬᠡᠮᠵᠢᠶ᠎ᠡ ᠶᠢ ᠥᠷᠨᠢᠭᠦᠯᠬᠦ ᠪᠠᠷ ᠳᠠᠮᠵᠢᠭᠤᠯᠤᠨ ᠤᠷᠭᠤᠮᠠᠯ ᠤᠨ | ᠬᠤᠴᠢᠯᠭ᠎ᠠ ᠶᠢ ᠰᠡᠷᠭᠦᠭᠡᠵᠦ᠂ ᠤᠰᠤᠨ ᠰᠤᠷᠪᠤᠯᠵᠢ ᠶᠢ ᠬᠠᠳᠠᠭᠠᠯᠠᠬᠤ ᠴᠢᠳᠠᠪᠤᠷᠢ ᠶᠢ ᠨᠡᠮᠡᠭᠳᠡᠭᠦᠯᠦᠨ᠂ | ᠠᠭᠤᠷᠰᠢᠭᠤᠯᠬᠤ ᠬᠡᠮᠵᠢᠶ᠎ᠡ ᠶᠢ ᠪᠠᠭᠠᠰᠬᠠᠵᠤ᠂ ᠪᠠᠶᠢᠭᠠᠯᠢ ᠶᠢᠨ ᠬᠠᠳᠤᠯᠠᠩ ᠪᠡᠯᠴᠢᠭᠡᠷ ᠮᠠᠭᠤᠲᠠᠬᠤ᠂ ᠡᠯᠡᠰᠦᠷᠬᠡᠭᠵᠢᠬᠦ | ᠪᠠ ᠬᠤᠵᠢᠷᠰᠢᠬᠤ ᠶᠢ ᠰᠡᠷᠭᠡᠶᠢᠯᠡᠨ ᠵᠠᠰᠠᠨ᠎ᠠ᠃ ᠵᠠᠷᠢᠮ ᠬᠠᠮᠢᠶᠠᠷᠴᠤ ᠬᠠᠮᠠᠭᠠᠯᠠᠬᠤ ᠬᠦᠴᠢᠷᠳᠡᠯ ᠶᠡᠭᠡ᠂ ᠦᠨᠡᠨᠬᠦ | ᠪᠢᠲᠡᠭᠦᠮᠵᠢᠯᠡᠬᠦ ᠴᠢᠬᠤᠯᠠᠲᠠᠶ ᠭᠠᠵᠠᠷ ᠲᠤ ᠪᠢᠲᠡᠭᠦᠮᠵᠢᠯᠡᠬᠦ ᠠᠷᠭ᠎ᠠ ᠬᠡᠮᠵᠢᠶ᠎ᠡ ᠠᠪᠴᠤ᠂ ᠰᠡᠷᠭᠦᠭᠡᠨ ᠵᠠᠰᠠᠬᠤ ᠠᠵᠢᠯ ᠤᠨ | ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠨ᠎ᠠ᠃ | ᠲᠦᠷᠦᠭᠦᠯᠡᠬᠦ ᠨᠢᠭᠡᠴᠢ᠄ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ | ᠬᠠᠷᠢᠭᠤᠴᠠᠯᠭᠠᠲᠤ ᠨᠢᠭᠡᠴᠢ᠄ ᠱᠠᠩᠳᠤ ᠰᠢᠶᠠᠨ᠂ ᠬᠤᠸᠠᠳᠧ ᠰᠢᠶᠠᠨ᠂ ᠰᠢᠩ ᠾᠧ ᠰᠢᠶᠠᠨ᠂ ᠴᠠᠬᠠᠷ | ᠪᠠᠷᠠᠭᠤᠨ ᠭᠠᠷᠤᠨ ᠡᠮᠦᠨᠡᠲᠦ ᠬᠤᠰᠢᠭᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ | ᠵᠠᠰᠠᠭ ᠤᠨ ᠣᠷᠳᠣᠨ | ᠪᠡᠶᠡᠯᠡᠭᠦᠯᠬᠦ ᠬᠤᠭᠤᠴᠠᠭ᠎ᠠ᠄ 2025 ᠣᠨ ᠤ ᠰᠡᠭᠦᠯᠴᠢ | ᠵᠢᠷᠭᠤᠭ᠎ᠠ᠂ ᠲᠠᠷᠢᠶᠠᠯᠠᠬᠤ ᠶᠢ ᠵᠣᠭᠰᠣᠭᠠᠵᠤ ᠡᠪᠡᠰᠦ ᠲᠠᠷᠢᠬᠤ ᠶᠢ ᠯᠠᠪᠳᠠᠭᠤᠨ ᠢᠶᠠᠷ ᠬᠡᠷᠡᠭᠵᠢᠭᠦᠯᠦᠨ᠎ᠡ᠃ | ᠰᠠᠪᠠ ᠭᠠᠵᠠᠷ ᠤᠨ ᠠᠮᠢ ᠠᠬᠤᠶ ᠶᠢᠨ ᠬᠡᠷᠡᠭᠴᠡᠭᠡ ᠶᠢ ᠵᠦᠢ ᠵᠣᠬᠢᠰᠲᠠᠶ ᠦᠨᠡᠯᠡᠨ ᠵᠢᠱᠢᠬᠦ᠂ ᠲᠠᠷᠢᠶᠠᠴᠢᠳ ᠤᠨ | ᠬᠦᠰᠡᠯ ᠰᠠᠨᠠᠭ᠎ᠠ ᠶᠢ ᠬᠦᠨᠳᠦᠳᠬᠡᠬᠦ᠂ ᠲᠠᠷᠢᠶᠠᠴᠢᠳ ᠤᠨ ᠡᠷᠬᠡ ᠠᠰᠢᠭ ᠢ ᠬᠠᠮᠠᠭᠠᠯᠠᠬᠤ ᠰᠠᠭᠤᠷᠢᠨ ᠳᠡᠭᠡᠷ᠎ᠡ | ᠲᠠᠷᠢᠶᠠᠯᠠᠬᠤ ᠪᠠᠨ ᠵᠣᠭᠰᠣᠭᠠᠵᠤ ᠡᠪᠡᠰᠦ ᠲᠠᠷᠢᠬᠤ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠲᠠᠷᠢᠶᠠᠯᠠᠬᠤ ᠪᠠᠨ | ᠵᠣᠭᠰᠣᠭᠠᠵᠤ ᠡᠪᠡᠰᠦ ᠲᠠᠷᠢᠬᠤ ᠶᠢ ᠤᠷᠮᠠᠰᠢᠭᠤᠯᠬᠤ ᠲᠣᠭᠲᠠᠴᠠ ᠶᠢ ᠪᠦᠷᠢᠨᠰᠢᠭᠦᠯᠦᠨ᠂ ᠪᠤᠴᠠᠭᠠᠵᠤ ᠳᠡᠶᠢᠯᠬᠦ᠂ | ᠲᠣᠭᠲᠠᠭᠤᠨ ᠪᠠᠶᠢᠯᠭᠠᠬᠤ ᠶᠢ ᠦᠨᠡᠨᠬᠦ ᠪᠠᠲᠤᠯᠠᠨ᠎ᠠ᠃ | ︵ ᠠᠷᠪᠠᠨ ᠳᠥᠷᠪᠡ︶ ᠲᠠᠷᠢᠶᠠᠯᠠᠬᠤ ᠪᠠᠨ ᠵᠣᠭᠰᠣᠭᠠᠵᠤ ᠡᠪᠡᠰᠦ ᠲᠠᠷᠢᠬᠤ ᠶᠢ ᠰᠢᠨᠵᠢᠯᠡᠬᠦ ᠤᠬᠠᠭᠠᠨᠴᠢ ᠪᠥᠭᠡᠳ | ᠡᠮᠬᠢ ᠵᠢᠷᠤᠮ ᠲᠠᠢ ᠪᠠᠷ ᠲᠦᠯᠬᠢᠨ ᠠᠬᠢᠭᠤᠯᠤᠨ᠎ᠠ᠃ ᠴᠠᠭᠠᠨᠨᠠᠭᠤᠷ ᠤᠨ ᠰᠠᠪᠠ ᠭᠠᠵᠠᠷ ᠲᠤ ᠦᠷᠭᠦᠯᠵᠢᠯᠡᠨ | ᠲᠠᠷᠢᠶᠠᠯᠠᠬᠤ ᠳᠤ ᠲᠣᠬᠢᠷᠠᠮᠵᠢ ᠥᠬᠡᠶ ᠲᠠᠷᠢᠶᠠᠨ ᠭᠠᠵᠠᠷ ᠢ ᠲᠥᠷᠥᠯ ᠬᠤᠪᠢᠶᠠᠨ ᠪᠦᠷᠢᠳᠬᠡᠵᠦ᠂ ᠲᠠᠷᠢᠶᠠᠯᠠᠬᠤ ᠶᠢ | ᠵᠣᠭᠰᠣᠭᠠᠭᠰᠠᠨ ᠲᠠᠷᠢᠶᠠᠨ ᠭᠠᠵᠠᠷ ᠢ ᠲᠣᠳᠣᠷᠠᠭᠤᠯᠵᠤ᠂ ᠲᠠᠷᠢᠶᠠᠯᠠᠬᠤ ᠶᠢ ᠵᠣᠭᠰᠣᠭᠠᠨ ᠡᠪᠡᠰᠦ ᠲᠠᠷᠢᠨ᠎ᠠ᠃ 20 | ᠲᠦᠮᠡᠨ ᠮᠥ ᠭᠠᠵᠠᠷ ᠲᠤ ᠲᠠᠷᠢᠶᠠᠯᠠᠬᠤ ᠶᠢ ᠵᠣᠭᠰᠣᠭᠠᠨ ᠡᠪᠡᠰᠦ ᠲᠠᠷᠢᠬᠤ ᠶᠢ ᠲᠥᠯᠬᠢᠨ ᠠᠬᠢᠭᠤᠯᠵᠤ᠂ | ᠲᠠᠷᠢᠶᠠᠯᠠᠬᠤ ᠪᠠᠨ ᠵᠣᠭᠰᠣᠨ ᠡᠪᠡᠰᠦ ᠲᠠᠷᠢᠭᠰᠠᠨ ᠲᠠᠷᠢᠶᠠᠴᠢᠨ ᠡᠷᠦᠬᠡ ᠳᠤ ᠵᠢᠯ ᠪᠦᠷᠢ ᠮᠥ ᠪᠦᠷᠢ ᠳᠤ 100 | ᠲᠥᠭᠦᠷᠢᠭ ᠤᠨ ᠨᠥᠬᠦᠪᠥᠷᠢ ᠥᠭᠴᠦ᠂ ᠨᠥᠬᠦᠪᠥᠷᠢ ᠪᠠᠯᠠ ᠮᠥᠩᠭᠦ ᠶᠢ ᠭᠤᠤᠯᠳᠠᠭᠤ ᠳᠡᠭᠡᠳᠦ ᠱᠠᠲᠤᠨ ᠤ ᠲᠤᠰᠬᠠᠶ | ᠪᠠᠯᠠ ᠮᠥᠩᠭᠦ ᠶᠢᠨ ᠨᠥᠬᠦᠪᠥᠷᠢ ᠪᠠ ᠲᠥᠷᠥ ᠶᠢᠨ ᠪᠣᠳᠣᠯᠭ᠎ᠠ ᠶᠢᠨ ᠲᠥᠷᠥᠯ ᠵᠦᠶᠯ ᠤᠨ ᠳᠡᠮᠵᠢᠯᠭᠡ ᠠᠴᠠ ᠣᠯᠵᠤ᠂ | ᠬᠦᠷᠦᠯᠴᠡᠬᠦ ᠥᠬᠡᠶ ᠬᠡᠰᠡᠭ ᠢ ᠨᠢ ᠬᠤᠲᠠ ᠶᠢᠨ ᠡᠳ᠋ ᠤᠨ ᠵᠠᠰᠠᠭ ᠠᠴᠠ ᠨᠠᠶᠢᠳᠠᠪᠤᠷᠢᠵᠢᠭᠤᠯᠤᠨ ᠰᠢᠶᠳᠪᠦᠷᠢᠯᠡᠨ᠎ᠡ᠃ | ᠲᠦᠷᠦᠭᠦᠯᠡᠬᠦ ᠨᠢᠭᠡᠴᠢ᠄ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ | ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠱᠠᠩᠳᠤ ᠰᠢᠶᠠᠨ᠂ ᠬᠤᠸᠠᠳᠧ | ᠰᠢᠶᠠᠨ᠂ ᠰᠢᠩ ᠾᠧ ᠰᠢᠶᠠᠨ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ | ᠣᠷᠳᠣᠨ | ᠪᠡᠶᠡᠯᠡᠭᠦᠯᠬᠦ ᠬᠤᠭᠤᠴᠠᠭ᠎ᠠ᠄ 2021 ᠣᠨ ᠤ ᠰᠡᠭᠦᠯᠴᠢ | ︵ᠠᠷᠪᠠᠨ ᠲᠠᠪᠤ︶ ᠲᠠᠷᠢᠶᠠᠨ ᠭᠠᠵᠠᠷ ᠵᠡᠷᠭᠡ ᠶᠢᠨ ᠭᠦᠢᠴᠡᠳᠬᠡᠬᠦ ᠲᠤᠭ᠎ᠠ ᠶᠢ ᠲᠣᠬᠢᠷᠠᠭᠤᠯᠤᠨ ᠬᠠᠰᠤᠨ᠎ᠠ᠃ | ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢ ᠨᠠᠶᠢᠷᠠᠭᠤᠯᠤᠨ | ᠵᠣᠬᠢᠶᠠᠬᠤ ᠲᠠᠢ ᠤᠶᠠᠯᠳᠤᠭᠤᠯᠤᠨ᠂ ᠤᠯᠤᠰ᠂ ᠥᠪᠡᠷᠲᠡᠭᠡᠨ ᠵᠠᠰᠠᠬᠤ ᠣᠷᠣᠨ ᠠᠴᠠ ᠤᠯᠤᠰ ᠤᠨ ᠭᠠᠵᠠᠷ ᠰᠢᠷᠣᠶ ᠶᠢᠨ | ᠣᠷᠣᠨ ᠵᠠᠶ ᠶᠢᠨ ᠬᠡᠪᠴᠢᠶ᠎ᠡ ᠳᠤ ᠲᠣᠬᠢᠷᠠᠭᠤᠯᠤᠯᠲᠠ ᠬᠢᠬᠦ ᠪᠠᠷ ᠭᠤᠶᠤᠴᠢᠯᠠᠵᠤ᠂ ᠪᠣᠳᠠᠲᠠᠶ ᠲᠠᠷᠢᠶᠠᠯᠠᠬᠤ ᠶᠢ | ᠵᠣᠭᠰᠣᠭᠠᠭᠰᠠᠨ ᠲᠠᠯᠠᠪᠠᠶ ᠪᠠᠷ ᠰᠠᠪᠠ ᠭᠠᠵᠠᠷ ᠤᠨ ᠳᠣᠲᠣᠷᠠᠬᠢ ᠬᠤᠰᠢᠭᠤ ᠰᠢᠶᠠᠨ ᠳᠤ ᠬᠤᠯᠪᠣᠭᠳᠠᠬᠤ ᠲᠠᠷᠢᠶᠠᠨ | ᠭᠠᠵᠠᠷ ᠤᠨ ᠪᠠᠶᠢᠬᠤ ᠬᠡᠮᠵᠢᠶ᠎ᠡ ᠪᠣᠯᠤᠨ ᠥᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ | ᠲᠠᠯᠠᠪᠠᠶ ᠳᠤ ᠲᠣᠬᠢᠷᠠᠭᠤᠯᠤᠯᠲᠠ ᠬᠢᠵᠦ᠂ ᠠᠮᠤ ᠪᠤᠳᠠᠭ᠎ᠠ ᠲᠠᠷᠢᠬᠤ ᠲᠠᠯᠠᠪᠠᠶ ᠶᠢ ᠵᠦᠶ ᠵᠣᠬᠢᠰᠲᠠᠶ ᠲᠣᠭᠲᠠᠭᠠᠨ᠂ | ᠲᠠᠷᠢᠶᠠᠯᠠᠬᠤ ᠶᠢ ᠵᠣᠭᠰᠣᠭᠠᠬᠤ ᠪᠠ ᠲᠠᠷᠢᠶᠠᠨ ᠭᠠᠵᠠᠷ ᠢ ᠬᠠᠮᠠᠭᠠᠯᠠᠬᠤ ᠳᠠᠪᠬᠤᠷ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠨ᠎ᠠ᠃ ᠲᠠᠷᠢᠶᠠᠯᠠᠬᠤ ᠪᠠᠨ ᠵᠣᠭᠰᠣᠭᠠᠭᠰᠠᠨ ᠲᠠᠷᠢᠶᠠᠨ ᠭᠠᠵᠠᠷ ᠤᠨ ᠲᠠᠷᠬᠠᠯᠲᠠ ᠲᠠᠢ | ᠤᠶᠠᠯᠳᠤᠭᠤᠯᠤᠨ᠂ 2022 ᠣᠨ ᠤ ᠡᠴᠦᠰ ᠪᠣᠯᠬᠤ ᠳᠤ ᠲᠠᠷᠢᠶᠠᠨ ᠭᠠᠵᠠᠷ ᠤᠨ ᠬᠠᠳᠠᠭᠠᠯᠠᠯᠲᠠ ᠶᠢᠨ ᠬᠡᠮᠵᠢᠶ᠎ᠡ ᠶᠢ | 20 ᠲᠦᠮᠡᠨ ᠮᠥ ᠪᠠᠭᠠᠰᠬᠠᠵᠤ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠲᠠᠯᠠᠪᠠᠶ ᠶᠢ 71 ᠲᠦᠮᠡᠨ ᠮᠥ | ᠪᠠᠭᠤᠷᠠᠭᠤᠯᠬᠤ ᠪᠠᠷ ᠴᠢᠷᠮᠠᠶᠢᠨ᠎ᠠ᠃ | ᠲᠦᠷᠦᠭᠦᠯᠡᠬᠦ ᠨᠢᠭᠡᠴᠢ᠄ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ | ᠬᠠᠷᠢᠭᠤᠴᠠᠯᠭᠠᠲᠤ ᠨᠢᠭᠡᠴᠢ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠱᠠᠩᠳᠤ | ᠰᠢᠶᠠᠨ᠂ ᠬᠤᠸᠠᠳᠧ ᠰᠢᠶᠠᠨ᠂ ᠰᠢᠩ ᠾᠧ ᠰᠢᠶᠠᠨ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ᠂ ᠴᠠᠬᠠᠷ | ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ | ᠪᠡᠶᠡᠯᠡᠭᠦᠯᠬᠦ ᠬᠤᠭᠤᠴᠠᠭ᠎ᠠ᠄ 2022 ᠣᠨ ᠤ ᠰᠡᠭᠦᠯᠴᠢ | ︵ᠠᠷᠪᠠᠨ ᠵᠢᠷᠭᠤᠭ᠎ᠠ︶ ᠬᠠᠮᠢᠶ᠎ᠠ ᠪᠦᠬᠦᠢ ᠠᠵᠤ ᠦᠢᠯᠡᠰ ᠢ ᠬᠥᠭᠵᠢᠭᠦᠯᠦᠨ᠎ᠡ᠃ ᠣᠳᠣ ᠪᠠᠶᠢᠭ᠎ᠠ | ᠪᠡᠯᠴᠢᠭᠡᠷ ᠲᠠᠢ ᠤᠶᠠᠯᠳᠤᠭᠤᠯᠤᠨ᠂ ᠠᠰᠢᠭᠯᠠᠭᠠᠳᠤᠢ ᠭᠠᠵᠠᠷ ᠲᠤ ᠳᠠᠬᠢᠨ ᠡᠭᠦᠰᠴᠦ ᠪᠣᠯᠬᠤ ᠡᠨᠧᠷᠭᠢ ᠶᠢ | ᠬᠥᠭᠵᠢᠭᠦᠯᠵᠦ᠂ ᠠᠵᠤ ᠦᠢᠯᠡᠰ ᠤᠨ ᠣᠯᠠᠨ ᠡᠰᠢᠵᠢᠨ ᠬᠥᠭᠵᠢᠬᠦ ᠶᠢ ᠠᠬᠢᠭᠤᠯᠤᠨ᠎ᠠ᠃ ᠲᠤᠰ ᠭᠠᠵᠠᠷ ᠣᠷᠣᠨ ᠤ | ᠨᠠᠷᠠ ᠰᠠᠯᠬᠢᠨ ᠤ ᠡᠬᠢ ᠪᠠᠶᠠᠯᠢᠭ ᠤᠨ ᠳᠠᠪᠠᠭᠤᠯᠢᠭ ᠪᠠ ᠤᠯᠤᠰ ᠠᠴᠠ ᠳᠠᠬᠢᠨ ᠡᠭᠦᠰᠴᠦ ᠪᠣᠯᠬᠤ ᠡᠨᠧᠷᠭᠢ ᠶᠢ | ᠪᠦᠲᠦᠭᠡᠨ ᠪᠠᠶᠢᠭᠤᠯᠬᠤ ᠠᠵᠠ ᠲᠣᠬᠢᠶᠠᠯ ᠢ ᠭᠦᠢᠴᠡᠳ ᠠᠰᠢᠭᠯᠠᠵᠤ᠂ ᠮᠠᠯ ᠠᠵᠤ ᠠᠬᠤᠢ ᠶᠢᠨ ᠬᠥᠭᠵᠢᠯᠲᠡ ᠲᠠᠢ | ᠤᠶᠠᠯᠳᠤᠭᠤᠯᠤᠨ᠂ ᠡᠨᠧᠷᠭᠢ ᠬᠠᠳᠠᠭᠠᠯᠠᠬᠤ ᠪᠡᠯᠡᠳᠬᠡᠮᠵᠢ ᠶᠢ ᠲᠥᠬᠦᠷᠵᠢᠭᠦᠯᠵᠦ᠂ ᠭᠡᠷᠡᠯ᠂ ᠬᠠᠳᠠᠭᠠᠯᠠᠯᠲᠠ᠂ ᠮᠠᠯ ᠠᠵᠤ | ᠠᠬᠤᠢ ᠶᠢ ᠨᠢᠭᠡ ᠴᠣᠭᠴᠠᠵᠢᠭᠤᠯᠤᠭᠰᠠᠨ ᠭᠡᠷᠡᠯ ᠴᠡᠨᠡᠭ ᠤᠨ ᠠᠵᠤ ᠦᠢᠯᠡᠰ ᠤᠨ ᠲᠥᠷᠥᠯ ᠵᠦᠢᠯ ᠢ ᠪᠦᠲᠦᠭᠡᠨ | ᠪᠠᠶᠢᠭᠤᠯᠵᠤ᠂ ᠶᠡᠷᠦᠩᠬᠡᠢ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢ 1500 MWp ᠳᠤ ᠬᠦᠷᠦᠭᠦᠯᠬᠦ ᠪᠠᠷ | ᠲᠥᠯᠥᠪᠵᠢᠭᠦᠯᠦᠨ ᠪᠠᠶᠢᠭᠤᠯᠤᠨ᠎ᠠ᠃ ᠪᠡᠯᠴᠢᠭᠡᠷ ᠤᠨ ᠮᠠᠯ ᠠᠵᠤ ᠠᠬᠤᠶ ᠪᠠᠷ ᠲᠡᠵᠢᠭᠡᠨ ᠦᠷᠡᠵᠢᠭᠦᠯᠬᠦ ᠦᠢᠯᠡᠰ ᠢ | ᠳᠠᠶᠢᠴᠢᠯᠠᠵᠤ᠂ ᠰᠠᠭᠠᠯᠢ ᠶᠢᠨ ᠦᠨᠢᠶ᠎ᠡ᠂ ᠠᠯᠠᠰᠢᠨ ᠦᠬᠡᠷ ᠬᠤᠨᠢᠨ ᠤ ᠠᠵᠤ ᠦᠢᠯᠡᠰ ᠢ ᠶᠡᠬᠡᠪᠡᠷ ᠬᠥᠭᠵᠢᠭᠦᠯᠦᠨ᠂ | ᠣᠨᠴᠠᠯᠢᠭᠲᠤ ᠮᠣᠩᠭᠤᠯ ᠬᠢᠲᠠᠳ ᠡᠪᠡᠰᠦᠨ ᠡᠮ ᠢ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ | ᠬᠥᠭᠵᠢᠭᠦᠯᠵᠦ᠂ ᠴᠢᠨᠠᠷ ᠰᠠᠶᠢᠲᠠᠶ ᠲᠠᠷᠢᠮᠠᠯ ᠤᠨ ᠵᠦᠢᠯ ᠤᠨ ᠦᠷ᠎ᠡ ᠪᠤᠶᠢᠵᠢᠭᠤᠯᠬᠤ ᠰᠠᠭᠤᠷᠢᠨ ᠭᠠᠵᠠᠷ ᠢ ᠪᠦᠲᠦᠭᠡᠨ | ᠪᠠᠶᠢᠭᠤᠯᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ᠂ ᠪᠣᠬᠢᠷᠲᠤᠯ ᠦᠭᠡᠶ ᠬᠥᠭᠵᠢᠭᠦᠯᠬᠦ᠂ ᠣᠯᠠᠨ ᠠᠵᠤ | ᠦᠢᠯᠡᠰ ᠢ ᠬᠠᠮᠲᠤ ᠳᠤ ᠨᠢ ᠬᠥᠭᠵᠢᠭᠦᠯᠬᠦ ᠬᠠᠷᠠᠯᠲᠠ ᠶᠢ ᠪᠡᠶᠡᠯᠡᠭᠦᠯᠦᠨ᠎ᠡ᠃ ᠲᠠᠷᠢᠶᠠᠯᠠᠬᠤ ᠪᠠᠨ ᠵᠣᠭᠰᠣᠭᠠᠭᠰᠠᠨ ᠤ | ᠳᠠᠷᠠᠭ᠎ᠠ ᠭᠠᠷᠴᠤ ᠮᠡᠳᠡᠬᠦ ᠲᠠᠷᠢᠶᠠᠴᠢᠳ ᠤᠨ ᠣᠷᠣᠯᠭ᠎ᠠ ᠪᠠᠭᠤᠷᠠᠬᠤ ᠠᠰᠠᠭᠤᠳᠠᠯ ᠢ ᠦᠨᠡᠨᠬᠦ ᠰᠢᠶᠳᠪᠦᠷᠢᠯᠡᠵᠦ᠂ | ᠲᠠᠷᠢᠶᠠᠴᠢᠳ ᠤᠨ ᠠᠯᠤᠰ ᠬᠡᠳᠦ ᠶᠢᠨ ᠠᠵᠤ ᠠᠮᠢᠳᠤᠷᠠᠯ ᠪᠠᠲᠤᠯᠠᠭ᠎ᠠ ᠲᠠᠢ ᠪᠠᠶᠢᠬᠤ ᠶᠢ ᠦᠨᠡᠨᠬᠦ ᠪᠠᠲᠤᠯᠠᠨ᠎ᠠ᠃ | ᠲᠦᠷᠦᠭᠦᠯᠡᠬᠦ ᠨᠢᠭᠡᠴᠢ᠄ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠡᠨᠧᠷᠭᠢ ᠶᠢᠨ | ᠲᠣᠪᠴᠢᠶ᠎ᠠ︶᠂ ᠰᠢᠨ᠎ᠡ ᠡᠨᠧᠷᠭᠢ ᠶᠢᠨ ᠬᠥᠭᠵᠢᠭᠦᠯᠦᠯᠲᠡ ᠶᠢᠨ ᠲᠥᠪ | ᠬᠠᠷᠢᠭᠤᠴᠠᠯᠭᠠᠲᠤ ᠨᠢᠭᠡᠴᠢ᠄ ᠬᠤᠲᠠ ᠶᠢᠨ ᠣᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ᠂ ᠲᠠᠷᠢᠶᠠᠯᠠᠩ | ᠮᠠᠯ ᠠᠵᠤ ᠠᠬᠤᠢ ᠶᠢᠨ ᠲᠣᠪᠴᠢᠶ᠎ᠠ᠂ ᠱᠠᠩᠳᠤ ᠰᠢᠶᠠᠨ᠂ ᠬᠤᠸᠠᠳᠧ ᠰᠢᠶᠠᠨ᠂ ᠰᠢᠩ ᠾᠧ ᠰᠢᠶᠠᠨ᠂ ᠴᠠᠬᠠᠷ | ᠪᠠᠷᠠᠭᠤᠨ ᠭᠠᠷᠤᠨ ᠡᠮᠦᠨᠡᠲᠦ ᠬᠤᠰᠢᠭᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ | ᠵᠠᠰᠠᠭ ᠤᠨ ᠣᠷᠳᠣᠨ | ᠪᠡᠶᠡᠯᠡᠭᠦᠯᠬᠦ ᠬᠤᠭᠤᠴᠠᠭ᠎ᠠ᠄ 2022 ᠣᠨ ᠤ ᠰᠡᠭᠦᠯᠴᠢ | ᠳᠣᠯᠤᠭ᠎ᠠ᠂ ᠨᠤᠭᠤ ᠭᠠᠵᠠᠷ ᠢ ᠬᠠᠮᠠᠭᠠᠯᠠᠬᠤ ᠪᠠ ᠵᠠᠰᠠᠨ ᠰᠡᠷᠭᠦᠭᠡᠬᠦ ᠶᠢ ᠦᠨᠡᠨᠬᠦ ᠴᠢᠩᠭᠠᠳᠬᠠᠨ᠎ᠠ᠃ | ᠰᠠᠪᠠ ᠭᠠᠵᠠᠷ ᠲᠠᠬᠢ ᠨᠤᠭᠤ ᠭᠠᠵᠠᠷ ᠢ ᠬᠠᠮᠠᠭᠠᠯᠠᠬᠤ ᠪᠠ ᠵᠠᠰᠠᠨ ᠰᠡᠷᠭᠦᠭᠡᠬᠦ ᠶᠢ ᠴᠢᠩᠭᠠᠳᠬᠠᠵᠤ᠂ ᠬᠤᠰᠢᠭᠤ | ᠰᠢᠶᠠᠨ ᠬᠤᠪᠢᠶᠠᠨ ᠬᠠᠮᠠᠭᠠᠯᠠᠬᠤ ᠲᠥᠰᠦᠯ ᠲᠣᠭᠲᠠᠭᠠᠵᠤ᠂ ᠬᠠᠮᠠᠭᠠᠯᠠᠬᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ᠂ | ᠨᠤᠭᠤ ᠭᠠᠵᠠᠷ ᠤᠨ ᠲᠠᠯᠠᠪᠠᠶ ᠶᠢ ᠪᠠᠭᠠᠰᠬᠠᠬᠤ ᠥᠬᠡᠶ᠂ ᠴᠢᠳᠠᠮᠵᠢ ᠶᠢ ᠪᠠᠭᠤᠷᠠᠭᠤᠯᠬᠤ ᠥᠬᠡᠶ᠂ ᠰᠢᠨᠵᠢ ᠴᠢᠨᠠᠷ ᠢ | ᠬᠤᠪᠢᠷᠠᠭᠤᠯᠬᠤ ᠥᠬᠡᠶ ᠪᠠᠶᠢᠬᠤ ᠶᠢ ᠦᠨᠡᠨᠬᠦ ᠪᠠᠲᠤᠯᠠᠨ᠎ᠠ᠃ | ︵ᠠᠷᠪᠠᠨ ᠳᠣᠯᠤᠭ᠎ᠠ︶ ᠴᠠᠭᠠᠨᠨᠠᠭᠤᠷ ᠨᠤᠭᠤ ᠭᠠᠵᠠᠷ ᠤᠨ ᠠᠮᠢ ᠠᠬᠤᠶ ᠶᠢᠨ ᠰᠢᠰᠲ᠋ᠧᠮ ᠤᠨ | ᠬᠠᠮᠠᠭᠠᠯᠠᠯᠲᠠ ᠶᠢᠨ ᠬᠠᠮᠵᠢᠯᠴᠠᠭ᠎ᠠ ᠶᠢ ᠴᠢᠩᠭᠠᠳᠬᠠᠨ᠎ᠠ᠃ ᠱᠠᠩᠳᠤ ᠰᠢᠶᠠᠨ ᠤ ᠴᠠᠭᠠᠨᠨᠠᠭᠤᠷ ᠥᠪᠡᠷᠲᠡᠭᠡᠨ ᠵᠠᠰᠠᠬᠤ | ᠣᠷᠣᠨ ᠤ ᠲᠡᠰ ᠤᠨ ᠨᠤᠭᠤ ᠭᠠᠵᠠᠷ ᠤᠨ ᠴᠡᠴᠡᠷᠯᠢᠭ ᠤᠨ ᠰᠠᠭᠤᠷᠢᠨ ᠳᠡᠭᠡᠷ᠎ᠡ᠂ ᠤᠯᠤᠰ ᠤᠨ ᠲᠡᠰ ᠤᠨ ᠨᠤᠭᠤ | ᠭᠠᠵᠠᠷ ᠤᠨ ᠴᠡᠴᠡᠷᠯᠢᠭ ᠪᠠᠶᠢᠭᠤᠯᠬᠤ ᠪᠠᠷ ᠭᠤᠶᠤᠴᠢᠯᠠᠵᠤ᠂ ᠱᠠᠩ ᠢ ᠰᠢᠶᠠᠨ ᠤ ᠤᠯᠤᠰ ᠤᠨ ᠲᠡᠰ ᠤᠨ ᠨᠤᠭᠤ | ᠭᠠᠵᠠᠷ ᠤᠨ ᠴᠡᠴᠡᠷᠯᠢᠭ ᠲᠠᠢ ᠬᠦᠴᠦ ᠪᠠᠨ ᠬᠠᠮᠲᠤᠳᠬᠠᠨ ᠬᠠᠮᠵᠢᠯᠴᠠᠵᠤ᠂ ᠬᠠᠮᠲᠤᠷᠠᠨ ᠬᠠᠮᠢᠶᠠᠷᠴᠤ ᠬᠠᠮᠠᠭᠠᠯᠠᠬᠤ | ᠵᠡᠷᠭᠡ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ᠎ᠠ᠃ ᠨᠤᠭᠤ ᠭᠠᠵᠠᠷ ᠢ ᠬᠠᠮᠠᠭᠠᠯᠠᠬᠤ ᠪᠠ ᠵᠠᠰᠠᠨ | ᠰᠡᠷᠭᠦᠭᠡᠬᠦ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠨᠤᠭᠤ ᠭᠠᠵᠠᠷ ᠤᠨ ᠠᠮᠢ ᠠᠬᠤᠢ ᠶᠢᠨ ᠪᠠᠶᠢᠳᠠᠯ ᠢ | ᠬᠥᠳᠡᠯᠦᠩᠭᠦᠶ ᠪᠠᠷ ᠬᠢᠨᠠᠨ ᠰᠢᠨᠵᠢᠬᠦ ᠶᠢ ᠥᠷᠨᠢᠭᠦᠯᠦᠨ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ | ᠬᠠᠮᠠᠭᠠᠯᠠᠵᠤ᠂ ᠨᠤᠭᠤ ᠭᠠᠵᠠᠷ ᠤᠨ ᠠᠮᠢ ᠠᠬᠤᠢ ᠶᠢᠨ ᠴᠢᠳᠠᠮᠵᠢ ᠶᠢ ᠴᠢᠩᠭᠠᠷᠠᠭᠤᠯᠤᠨ᠎ᠠ᠃ | ᠲᠦᠷᠦᠭᠦᠯᠡᠬᠦ ᠨᠢᠭᠡᠴᠢ᠄ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ | ᠬᠠᠷᠢᠭᠤᠴᠠᠬᠤ ᠨᠢᠭᠡᠴᠢ᠄ ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ | ᠪᠡᠶᠡᠯᠡᠭᠦᠯᠬᠦ ᠬᠤᠭᠤᠴᠠᠭ᠎ᠠ᠄ 2022 ᠣᠨ ᠤ ᠰᠡᠭᠦᠯᠴᠢ | ︵ᠠᠷᠪᠠᠨᠨᠠᠢᠮᠠ︶ ᠰᠠᠪᠠ ᠭᠠᠵᠠᠷ ᠤᠨ ᠳᠣᠲᠣᠷᠠᠬᠢ ᠨᠠᠭᠤᠷ ᠴᠥᠭᠦᠷᠥᠮ ᠨᠤᠭᠤ ᠭᠠᠵᠠᠷ ᠢ ᠬᠠᠮᠠᠭᠠᠯᠠᠬᠤ ᠪᠠ | ᠵᠠᠰᠠᠨ ᠰᠡᠷᠭᠦᠭᠡᠬᠦ ᠡᠷᠴᠢᠮ ᠢ ᠴᠢᠩᠭᠠᠷᠠᠭᠤᠯᠤᠨ᠎ᠠ᠃ ᠴᠠᠭᠠᠨᠨᠠᠭᠤᠷ ᠤᠨ ᠰᠠᠪᠠ ᠭᠠᠵᠠᠷ ᠤᠨ ᠳᠣᠲᠣᠷᠠᠬᠢ ᠨᠤᠭᠤ | ᠭᠠᠵᠠᠷ ᠤᠨ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠶᠢ ᠪᠥᠬᠦ ᠲᠠᠯ᠎ᠠ ᠪᠠᠷ ᠥᠷᠨᠢᠭᠦᠯᠵᠦ᠂ ᠲᠠᠯᠠᠪᠠᠶ ᠨᠢ 200 | ᠾᠧᠺᠲ᠋ᠠᠷ ᠠᠴᠠ ᠳᠡᠭᠡᠭᠰᠢᠬᠢ ᠬᠤᠶᠠᠷ ᠳᠣᠲᠣᠭᠠᠳᠤ ᠬᠠᠭᠤᠷᠠᠶ ᠶᠢᠨ ᠰᠠᠶᠢᠷᠭᠠᠯ ᠤᠨ ᠭᠠᠵᠠᠷ ᠲᠤ ᠲᠣᠰ ᠲᠣᠰ | ᠬᠠᠮᠠᠭᠠᠯᠠᠯᠲᠠ ᠶᠢᠨ ᠲᠥᠰᠦᠯ ᠲᠣᠭᠲᠠᠭᠠᠵᠤ᠂ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ᠂ ᠠᠮᠢ ᠠᠬᠤᠶ ᠶᠢ | ᠬᠦᠷᠢᠶᠡᠯᠡᠬᠦ ᠪᠠ ᠰᠡᠷᠡᠮᠵᠢ ᠶᠢᠨ ᠫᠠᠶᠢᠰᠠ ᠪᠤᠰᠬᠠᠬᠤ ᠵᠡᠷᠭᠡ ᠠᠷᠭ᠎ᠠ ᠬᠡᠮᠵᠢᠶ᠎ᠡ ᠠᠪᠴᠤ᠂ ᠰᠠᠶᠢᠷᠭᠠᠯ ᠤᠨ ᠨᠤᠭᠤ | ᠭᠠᠵᠠᠷ ᠤᠨ ᠠᠮᠢ ᠠᠬᠤᠶ ᠶᠢᠨ ᠰᠢᠰᠲ᠋ᠧᠮ ᠤᠨ ᠡᠷᠡᠭᠦᠯ ᠪᠠᠶᠢᠬᠤ ᠶᠢ ᠪᠠᠲᠤᠯᠠᠨ᠎ᠠ᠃ ᠰᠠᠪᠠ ᠭᠠᠵᠠᠷ ᠲᠠᠬᠢ ᠴᠠᠭᠠᠨᠨᠠᠭᠤᠷ᠂ | ᠡᠵᠢ ᠨᠠᠭᠤᠷ᠂ ᠮᠢᠩ ᠯᠧ ᠨᠠᠭᠤᠷ᠂ ᠪᠠ ᠳ᠋ᠠ ᠴᠢᠩ ᠨᠠᠭᠤᠷ᠂ ᠨᠠᠢᠮᠠᠨ ᠨᠠᠭᠤᠷ ᠤᠨ ︽ᠨᠢᠭᠡ ᠨᠠᠭᠤᠷ ᠲᠤ ᠨᠢᠭᠡ | ᠠᠷᠭ᠎ᠠ ᠪᠤᠳᠤᠯᠭ᠎ᠠ︾ ᠪᠣᠯᠤᠨ 5 ᠵᠤᠷᠪᠤᠰ ᠨᠠᠭᠤᠷ ᠲᠤ ᠣᠷᠣᠬᠤ ᠨᠢᠭᠡᠳᠦᠭᠡᠷ ᠳᠡᠰ ᠤᠨ ᠰᠠᠯᠪᠤᠷᠢ ᠤᠷᠤᠰᠬᠠᠯ ᠤᠨ ︽ | ᠨᠢᠭᠡ ᠭᠤᠣᠯ ᠳᠤ ᠨᠢᠭᠡ ᠠᠷᠭ᠎ᠠ ᠪᠤᠳᠤᠯᠭ᠎ᠠ︾ ᠶᠢ ᠨᠠᠶᠢᠷᠠᠭᠤᠯᠤᠨ ᠵᠣᠬᠢᠶᠠᠵᠤ᠂ ᠨᠠᠭᠤᠷ ᠲᠤ ᠣᠷᠣᠬᠤ ᠨᠢᠭᠡᠳᠦᠭᠡᠷ | ᠳᠡᠰ ᠤᠨ ᠰᠠᠯᠪᠤᠷᠢ ᠤᠷᠤᠰᠬᠠᠯ ᠢ ᠪᠦᠬᠦᠨ ᠢ ᠰᠢᠶᠠᠨ ᠤ ᠳᠡᠰ ᠤᠨ ᠬᠠᠮᠢᠶᠠᠷᠤᠯᠲᠠ ᠶᠢᠨ ᠭᠤᠣᠯ ᠤᠨ ᠵᠠᠮ ᠪᠣᠯᠭᠠᠵᠤ᠂ | ᠰᠢᠶᠠᠨ ᠤ ᠳᠡᠰ ᠤᠨ ᠭᠤᠣᠯ ᠤᠨ ᠳᠠᠷᠤᠭ᠎ᠠ ᠶᠢ ᠲᠣᠳᠤᠷᠬᠠᠶᠢᠯᠠᠨ᠎ᠠ᠃ ᠨᠠᠭᠤᠷ ᠤᠨ ᠡᠷᠬᠢᠨ ᠲᠣᠭᠤᠷᠢᠨ ᠤ ᠨᠤᠭᠤ | ᠭᠠᠵᠠᠷ ᠢ ᠬᠠᠮᠠᠭᠠᠯᠠᠬᠤ ᠪᠠ ᠣᠷᠴᠢᠨ ᠲᠣᠭᠤᠷᠢᠨ ᠢ ᠴᠡᠭᠴᠡᠯᠡᠨ ᠵᠠᠰᠠᠬᠤ ᠡᠷᠴᠢᠮ ᠢ ᠴᠢᠩᠭᠠᠷᠠᠭᠤᠯᠤᠨ᠎ᠠ᠃ | ᠬᠠᠭᠠᠯᠪᠤᠷᠢᠯᠠᠵᠤ ᠳᠠᠷᠢᠬᠤ ᠶᠢ ᠴᠠᠭᠠᠵᠠᠯᠠᠵᠤ᠂ ᠨᠤᠭᠤ ᠭᠠᠵᠠᠷ ᠤᠨ ᠡᠬᠢ ᠪᠠᠶᠠᠯᠢᠭ ᠢ ᠡᠪᠳᠡᠬᠦ ᠦᠶᠯᠡ ᠠᠵᠢᠯᠯᠠᠭ᠎ᠠ ᠳᠤ | ᠴᠢᠩᠭ᠎ᠠ ᠴᠣᠬᠢᠯᠲᠠ ᠥᠭᠴᠦ᠂ ᠠᠮᠢ ᠠᠬᠤᠶ ᠶᠢ ᠵᠠᠰᠠᠨ ᠰᠡᠷᠭᠦᠭᠡᠭᠰᠡᠨ ᠦᠷ᠎ᠡ ᠪᠦᠲᠦᠭᠡᠯ ᠢ ᠬᠠᠮᠠᠭᠠᠯᠠᠨ᠎ᠠ᠃ | ᠲᠦᠷᠦᠭᠦᠯᠡᠬᠦ ᠨᠢᠭᠡᠴᠢ᠄ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠤᠰᠤᠨ | ᠠᠰᠢᠭᠯᠠᠯᠲᠠ ᠶᠢᠨ ᠲᠣᠪᠴᠢᠶ᠎ᠠ | ᠬᠠᠷᠢᠭᠤᠴᠠᠯᠭᠠᠲᠤ ᠨᠢᠭᠡᠴᠢ᠄ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠤᠰᠤᠨ | ᠠᠰᠢᠭᠯᠠᠯᠲᠠ ᠶᠢᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠱᠠᠩᠳᠤ ᠰᠢᠶᠠᠨ᠂ ᠬᠤᠸᠠᠳᠧ | ᠰᠢᠶᠠᠨ᠂ ᠰᠢᠩ ᠾᠧ ᠰᠢᠶᠠᠨ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ᠂ ᠴᠠᠬᠠᠷ ᠪᠠᠷᠠᠭᠤᠨ ᠭᠠᠷᠤᠨ | ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ | ᠪᠡᠶᠡᠯᠡᠭᠦᠯᠬᠦ ᠬᠤᠭᠤᠴᠠᠭ᠎ᠠ᠄ 2021 ᠣᠨ ᠤ ᠰᠡᠭᠦᠯᠴᠢ | ︵ᠠᠷᠪᠠ ᠶᠢᠰᠦ︶ ᠭᠤᠣᠯᠳᠠᠯᠭ᠎ᠠ ᠲᠠᠢ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ | ᠴᠠᠭᠠᠨᠨᠠᠭᠤᠷ ᠤᠨ ᠰᠠᠪᠠ ᠭᠠᠵᠠᠷ ᠤᠨ ᠨᠤᠭᠤ ᠭᠠᠵᠠᠷ᠂ ᠨᠤᠲᠤᠭ ᠪᠡᠯᠴᠢᠭᠡᠷ᠂ ᠣᠶ ᠰᠢᠭᠤᠶ ᠶᠢᠨ ᠬᠠᠮᠠᠭᠠᠯᠠᠯᠲᠠ ᠶᠢᠨ | ᠠᠵᠢᠯ ᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠴᠠᠭᠠᠨᠨᠠᠭᠤᠷ ᠤᠨ ᠠᠮᠢ ᠠᠬᠤᠶ ᠶᠢᠨ ᠬᠠᠮᠠᠭᠠᠯᠠᠯᠲᠠ ᠶᠢ | ᠤᠮᠠᠷᠠᠲᠤ ᠶᠢᠨ ᠡᠯᠡᠰᠦ ᠶᠢ ᠰᠡᠷᠭᠡᠶᠢᠯᠡᠬᠦ ᠪᠦᠰᠡ ᠶᠢᠨ ᠠᠮᠢ ᠠᠬᠤᠶ ᠶᠢ ᠬᠠᠮᠠᠭᠠᠯᠠᠬᠤ ᠪᠠ ᠰᠡᠷᠭᠦᠭᠡᠬᠦ ᠭᠤᠤᠯᠳᠠᠯᠭ᠎ᠠ ᠲᠠᠢ | ᠢᠨᠵᠧᠨᠧᠷᠢᠩ ᠪᠣᠯᠭᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠤ ︽ᠮᠤᠨᠢ ᠠᠭᠤᠯᠠ ᠶᠢᠨ ᠠᠷᠤ ᠬᠤᠷᠮᠣᠶ ᠶᠢᠨ | ᠲᠠᠪᠤᠨ ᠬᠤᠰᠢᠭᠤ ᠰᠢᠶᠠᠨ ᠤ ᠰᠠᠯᠬᠢᠨ ᠳᠤ ᠢᠳᠡᠭᠳᠡᠵᠦ ᠡᠯᠡᠰᠦᠷᠬᠡᠭᠵᠢᠭᠰᠡᠨ ᠪᠦᠰᠡ ᠶᠢ ᠶᠡᠷᠦᠩᠬᠡᠶᠢᠯᠡᠨ ᠵᠠᠰᠠᠬᠤ︾ | ᠲᠥᠷᠥᠯ ᠵᠦᠢᠯ ᠤᠨ ᠲᠥᠷᠥ ᠶᠢᠨ ᠪᠣᠳᠣᠯᠭ᠎ᠠ᠂ ᠪᠡᠯᠡ ᠮᠥᠩᠭᠦ ᠶᠢᠨ ᠳᠡᠮᠵᠢᠯᠭᠡ ᠶᠢ ᠣᠯᠬᠤ ᠪᠠᠷ ᠢᠳᠡᠪᠬᠢᠯᠡᠨ | ᠴᠢᠷᠮᠠᠶᠢᠵᠤ᠂ ᠪᠡᠭᠡᠵᠢᠩ ᠲᠢᠶᠠᠨᠵᠢᠨ ᠤ ᠡᠷᠭᠢᠨ ᠲᠣᠭᠤᠷᠢᠨ ᠤ ᠰᠢᠷᠣᠢ ᠶᠢᠨ ᠰᠢᠭᠤᠷᠭ᠎ᠠ ᠶᠢᠨ ᠡᠬᠢ ᠶᠢ ᠵᠠᠰᠠᠬᠤ᠂ | ᠮᠠᠭᠤᠳᠠᠭᠰᠠᠨ ᠣᠶ ᠶᠢᠨ ᠬᠦᠢ ᠶᠢ ᠵᠠᠰᠠᠨ ᠰᠡᠷᠭᠦᠭᠡᠬᠦ᠂ ᠨᠤᠲᠤᠭ ᠪᠡᠯᠴᠢᠭᠡᠷ ᠤᠨ ᠠᠮᠢ ᠠᠬᠤᠶ ᠶᠢ ᠵᠠᠰᠠᠨ ᠰᠡᠷᠭᠦᠭᠡᠬᠦ | ᠵᠡᠷᠭᠡ ᠤᠯᠤᠰ ᠤᠨ ᠭᠤᠣᠯᠳᠠᠯᠭ᠎ᠠ ᠲᠠᠢ ᠢᠨᠵᠧᠨᠧᠷᠢᠩ ᠢ ᠰᠠᠪᠠ ᠭᠠᠵᠠᠷ ᠤᠨ ᠳᠣᠲᠣᠷᠠᠬᠢ ᠬᠤᠰᠢᠭᠤ ᠰᠢᠶᠠᠨ ᠲᠡᠰᠢ | ᠬᠡᠯᠪᠠᠶᠢᠯᠭᠡᠨ᠎ᠡ᠃ 2025 ᠤᠨ ᠪᠣᠯᠬᠤ ᠳᠤ᠂ ᠰᠠᠪᠠ ᠭᠠᠵᠠᠷ ᠤᠨ ᠳᠣᠲᠣᠷᠠᠬᠢ ᠣᠶ ᠶᠢᠨ ᠬᠦᠶ ᠶᠢᠨ ᠶᠠᠰᠤ ᠴᠢᠨᠠᠷ ᠢ | ᠢᠯᠡᠳᠲᠡ ᠰᠠᠶᠢᠵᠢᠷᠠᠭᠤᠯᠵᠤ᠂ ᠨᠤᠲᠤᠭ ᠪᠡᠯᠴᠢᠭᠡᠷ ᠤᠨ ᠮᠠᠭᠤᠳᠠᠬᠤ ᠬᠠᠨᠳᠤᠰᠢ ᠶᠢ ᠪᠦᠲᠦᠮᠵᠢᠲᠡᠶ ᠬᠤᠷᠢᠭᠯᠠᠵᠤ᠂ | ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠶᠢ ᠳᠡᠭᠡᠭᠰᠢᠯᠡᠭᠦᠯᠦᠨ᠎ᠡ᠃ ᠨᠤᠭᠤ ᠭᠠᠵᠠᠷ ᠢ | ᠬᠠᠮᠠᠭᠠᠯᠠᠨ ᠵᠠᠰᠠᠨ ᠰᠡᠷᠭᠦᠭᠡᠬᠦ ᠡᠷᠴᠢᠮ ᠢᠶᠠᠨ ᠴᠢᠩᠭᠠᠷᠠᠭᠤᠯᠵᠤ᠂ ᠴᠠᠭᠠᠨᠨᠠᠭᠤᠷ ᠨᠤᠭᠤ ᠭᠠᠵᠠᠷ ᠤᠨ ᠴᠡᠴᠡᠷᠯᠢᠭ ᠵᠢᠴᠢ | ᠡᠷᠬᠢᠨ ᠲᠣᠭᠤᠷᠢᠨ ᠤ ᠣᠷᠣᠨ ᠪᠦᠰᠡ ᠳᠤ 53 ᠺᠢᠯᠣᠮᠧᠲᠷ ᠨᠤᠲᠤᠭ ᠪᠡᠯᠴᠢᠭᠡᠷ ᠢ ᠪᠢᠲᠡᠭᠦᠮᠵᠢᠯᠡᠨ ᠪᠤᠶᠢᠵᠢᠭᠤᠯᠬᠤ ᠶᠢ | ᠬᠡᠷᠡᠭᠵᠢᠭᠦᠯᠦᠨ᠎ᠡ᠃ ᠲᠥᠯᠥᠪᠵᠢᠭᠦᠯᠦᠭᠰᠡᠨ 35 . 37 ᠲᠡᠭᠰᠢ ᠳᠥᠷᠪᠡᠯᠵᠢᠨ ᠺᠢᠯᠣᠮᠧᠲᠷ ᠨᠤᠭᠤ ᠭᠠᠵᠠᠷ ᠤᠨ | ᠴᠡᠴᠡᠷᠯᠢᠭ ᠤᠨ ᠲᠣᠭᠤᠷᠢᠨ ᠳᠤ ᠨᠤᠭᠤ ᠭᠠᠵᠠᠷ ᠢ ᠬᠠᠮᠠᠭᠠᠯᠠᠬᠤ ︵ᠵᠠᠰᠠᠨ ᠰᠡᠷᠭᠦᠭᠡᠬᠦ︶᠂ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠤᠬᠠᠭᠤᠯᠭ᠎ᠠ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠢᠨᠠᠨ ᠰᠢᠨᠵᠢᠬᠦ᠂ ᠭᠠᠮᠰᠢᠭ ᠢ ᠰᠡᠷᠭᠡᠶᠢᠯᠡᠨ | ᠵᠠᠰᠠᠬᠤ᠂ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ 5 ᠵᠦᠶᠯ ᠤᠨ ᠢᠨᠵᠧᠨᠧᠷᠢᠩ ᠢ | ᠬᠡᠷᠡᠭᠵᠢᠭᠦᠯᠵᠦ᠂ ᠨᠤᠭᠤ ᠭᠠᠵᠠᠷ ᠤᠨ ᠴᠡᠴᠡᠷᠯᠢᠭ ᠤᠨ ᠰᠠᠶᠢᠨ ᠬᠥᠭᠵᠢᠯᠲᠡ ᠶᠢ ᠠᠬᠢᠭᠤᠯᠤᠨ᠂ ᠨᠤᠭᠤ ᠭᠠᠵᠠᠷ ᠤᠨ | ᠡᠬᠢ ᠪᠠᠶᠠᠯᠢᠭ ᠤᠨ ᠶᠡᠷᠦᠩᠬᠡᠶᠢᠯᠡᠨ ᠠᠰᠢᠭᠯᠠᠬᠤ ᠨᠣᠷᠮ᠎ᠠ ᠶᠢ ᠳᠡᠭᠡᠭᠰᠢᠯᠡᠭᠦᠯᠵᠦ᠂ ᠰᠠᠪᠠ ᠭᠠᠵᠠᠷ ᠤᠨ ᠠᠮᠢ ᠠᠬᠤᠢ ᠶᠢᠨ | ᠣᠷᠴᠢᠨ ᠲᠣᠭᠤᠷᠢᠨ ᠢ ᠠᠯᠬᠤᠮ ᠠᠯᠬᠤᠮ ᠢᠶᠠᠷ ᠰᠠᠶᠢᠵᠢᠷᠠᠭᠤᠯᠤᠨ᠎ᠠ᠃ | ᠲᠦᠷᠦᠭᠦᠯᠡᠬᠦ ᠨᠢᠭᠡᠴᠢ᠄ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ | ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠱᠠᠩᠳᠤ ᠰᠢᠶᠠᠨ᠂ ᠬᠤᠸᠠᠳᠧ ᠰᠢᠶᠠᠨ᠂ ᠰᠢᠩ ᠾᠧ ᠰᠢᠶᠠᠨ᠂ | ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ | ᠵᠠᠰᠠᠭ ᠤᠨ ᠣᠷᠳᠣᠨ | ᠪᠡᠶᠡᠯᠡᠭᠦᠯᠬᠦ ᠬᠤᠭᠤᠴᠠᠭ᠎ᠠ᠄ 2025 ᠣᠨ ᠤ ᠰᠡᠭᠦᠯᠴᠢ | ︵ᠬᠤᠷᠢ︶ ᠣᠭᠲᠠᠷᠭᠤᠶ ᠳᠠᠬᠢ ᠡᠭᠦᠯᠡᠨ ᠤ ᠤᠰᠤᠨ ᠤ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠵᠦᠶ | ᠵᠣᠬᠢᠰᠲᠠᠶ ᠨᠡᠭᠡᠭᠡᠨ ᠠᠰᠢᠭᠯᠠᠨ᠎ᠠ᠃ ᠴᠠᠭᠠᠨᠨᠠᠭᠤᠷ ᠤᠨ ᠰᠠᠪᠠ ᠭᠠᠵᠠᠷ ᠵᠢᠴᠢ ᠡᠷᠭᠢᠨ ᠲᠣᠭᠤᠷᠢᠨ ᠤ ᠭᠠᠵᠠᠷ | ᠣᠷᠣᠨ ᠳᠤ ᠴᠠᠭ ᠠᠭᠤᠷ ᠤᠨ ᠥᠷᠲᠡᠭᠡ ᠶᠢ ᠨᠡᠮᠡᠨ ᠪᠠᠶᠢᠭᠤᠯᠵᠤ᠂ ᠴᠠᠭ ᠠᠭᠤᠷ ᠤᠨ ᠶᠡᠷᠦᠩᠬᠡᠶᠢᠯᠡᠭᠰᠡᠨ ᠠᠵᠢᠭᠯᠠᠯᠲᠠ | ᠪᠠ ᠠᠯᠤᠰ ᠰᠡᠷᠡᠯ ᠤᠨ ᠬᠢᠨᠠᠨ ᠬᠡᠮᠵᠢᠯᠲᠡ ᠶᠢ ᠴᠢᠩᠭᠠᠳᠬᠠᠵᠤ᠂ ᠴᠠᠭ ᠠᠭᠤᠷ ᠤᠨ ᠠᠮᠢ ᠠᠬᠤᠢ ᠶᠢᠨ ᠣᠷᠴᠢᠨ | ᠲᠣᠭᠤᠷᠢᠨ ᠤ ᠵᠠᠳᠠᠯᠤᠯᠲᠠ ᠦᠨᠡᠯᠡᠯᠲᠡ ᠪᠠ ᠠᠭᠤᠷ ᠠᠮᠢᠰᠬᠤᠯ ᠤᠨ ᠬᠤᠪᠢᠷᠠᠯᠲᠠ ᠶᠢᠨ ᠵᠠᠳᠠᠯᠤᠯᠲᠠ ᠶᠢ | ᠨᠠᠷᠢᠯᠢᠭᠵᠢᠭᠤᠯᠵᠤ᠂ ᠴᠠᠭ ᠠᠭᠤᠷ ᠤᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠵᠠᠰᠠᠭ ᠤᠨ ᠣᠷᠳᠣᠨ | ᠦᠶᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠥᠮᠦᠨ ᠤ ᠬᠦᠴᠦ ᠪᠠᠷ ᠪᠣᠷᠣᠭᠠᠨ | ᠣᠷᠣᠭᠤᠯᠬᠤ ᠠᠵᠢᠯ ᠢ ᠥᠷᠨᠢᠭᠦᠯᠦᠨ᠎ᠡ᠃ ᠴᠢᠭᠤᠯᠤᠯᠲᠤ ᠬᠠᠭᠠᠯᠭ᠎ᠠ ᠬᠤᠲᠠ ᠯᠤᠭ᠎ᠠ ᠣᠷᠣᠨ ᠪᠦᠰᠡ ᠠᠯᠤᠰᠯᠠᠭᠰᠠᠨ | ᠬᠤᠭᠤᠰᠣᠨ ᠭᠠᠵᠠᠷ ᠢ ᠨᠢᠭᠡ ᠴᠣᠭᠴᠠᠵᠢᠭᠤᠯᠬᠤ᠂ ᠬᠡᠪᠴᠢᠶᠡᠵᠢᠭᠦᠯᠦᠨ ᠬᠥᠮᠦᠨ ᠤ ᠬᠦᠴᠦ ᠪᠠᠷ ᠴᠠᠭ ᠠᠭᠤᠷ ᠢ | ᠨᠥᠯᠥᠭᠡᠯᠡᠬᠦ ᠠᠵᠢᠯ ᠢ ᠬᠠᠮᠲᠤᠷᠠᠨ ᠥᠷᠨᠢᠭᠦᠯᠵᠦ᠂ ᠠᠵᠢᠯᠯᠠᠬᠤ ᠡᠷᠴᠢᠮ ᠢᠶᠠᠨ ᠴᠢᠩᠭᠠᠷᠠᠭᠤᠯᠤᠨ᠂ ᠠᠵᠢᠯᠯᠠᠬᠤ | ᠤᠳᠠᠭ᠎ᠠ ᠪᠠᠨ ᠨᠡᠮᠡᠭᠳᠡᠭᠦᠯᠵᠦ᠂ ᠣᠷᠣᠨ ᠪᠦᠰᠡ ᠶᠢᠨ ᠬᠤᠷ᠎ᠠ ᠲᠣᠨᠣᠳᠠᠰᠤ ᠶᠢᠨ ᠬᠡᠮᠵᠢᠶ᠎ᠡ ᠪᠠ ᠰᠠᠪᠠ ᠭᠠᠵᠠᠷ ᠤᠨ | ᠤᠰᠤᠨ ᠤ ᠡᠬᠢ ᠰᠤᠷᠪᠤᠯᠵᠢ ᠶᠢᠨ ᠬᠡᠮᠵᠢᠶ᠎ᠡ ᠶᠢ ᠬᠠᠮᠤᠭ ᠤᠨ ᠶᠡᠭᠡ ᠬᠡᠮᠵᠢᠶ᠎ᠡ ᠪᠠᠷ ᠨᠡᠮᠡᠭᠳᠡᠭᠦᠯᠦᠨ᠂ ᠨᠤᠭᠤ ᠭᠠᠵᠠᠷ ᠤᠨ | ᠠᠮᠢ ᠠᠬᠤᠶ ᠶᠢᠨ ᠰᠢᠰᠲ᠋ᠧᠮ ᠢ ᠵᠠᠰᠠᠨ ᠰᠡᠷᠭᠦᠭᠡᠬᠦ ᠶᠢ ᠠᠬᠢᠭᠤᠯᠤᠨ᠎ᠠ᠃ | ᠲᠦᠷᠦᠭᠦᠯᠡᠬᠦ ᠨᠢᠭᠡᠴᠢ᠄ ᠬᠤᠲᠠ ᠶᠢᠨ ᠴᠠᠭ ᠠᠭᠤᠷ ᠤᠨ ᠲᠣᠪᠴᠢᠶ᠎ᠠ | ᠬᠠᠷᠢᠭᠤᠴᠠᠯᠭᠠᠲᠤ ᠨᠢᠭᠡᠴᠢ᠄ ᠱᠠᠩᠳᠤ ᠰᠢᠶᠠᠨ᠂ ᠬᠤᠸᠠᠳᠧ ᠰᠢᠶᠠᠨ᠂ ᠰᠢᠩ ᠾᠧ ᠰᠢᠶᠠᠨ᠂ ᠴᠠᠬᠠᠷ | ᠪᠠᠷᠠᠭᠤᠨ ᠭᠠᠷᠤᠨ ᠡᠮᠦᠨᠡᠲᠦ ᠬᠤᠰᠢᠭᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ | ᠵᠠᠰᠠᠭ ᠤᠨ ᠣᠷᠳᠣᠨ | ᠪᠡᠶᠡᠯᠡᠭᠦᠯᠬᠦ ᠬᠤᠭᠤᠴᠠᠭ᠎ᠠ᠄ 2022 ᠣᠨ ᠤ ᠰᠡᠭᠦᠯᠴᠢ | ᠨᠠᠢᠮᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠬᠤᠲᠠ ᠪᠠ ᠰᠠᠪᠠ | ᠭᠠᠵᠠᠷ ᠤᠨ ᠳᠣᠲᠣᠷᠠᠬᠢ 5 ᠬᠤᠰᠢᠭᠤ ᠰᠢᠶᠠᠨ ᠲᠣᠰ ᠲᠣᠰ ᠭᠤᠤᠯ ᠤᠳᠤᠷᠢᠳᠤᠯᠭ᠎ᠠ ᠪᠠᠷ ᠲᠦᠷᠦᠭᠦᠯᠡᠭᠦᠯᠦᠭᠰᠡᠨ | ᠵᠠᠰᠠᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠰᠠᠪᠠ ᠭᠠᠵᠠᠷ ᠤᠨ ᠠᠮᠢ ᠠᠬᠤᠶ ᠶᠢᠨ | ᠬᠠᠮᠠᠭᠠᠯᠠᠯᠲᠠ ᠶᠢᠨ ᠡᠯ᠎ᠡ ᠵᠦᠶᠯ ᠤᠨ ᠠᠵᠢᠯ ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠤᠨ᠎ᠠ᠃ ᠡᠯ᠎ᠡ ᠬᠠᠮᠢᠶ᠎ᠠ | ᠪᠦᠬᠦᠢ ᠰᠠᠯᠠᠭ᠎ᠠ ᠮᠥᠴᠢᠷ ᠤᠳ ᠢᠳᠡᠪᠬᠢᠲᠡᠶ ᠪᠠᠷ ᠵᠣᠬᠢᠴᠠᠭᠤᠯᠤᠨ ᠬᠠᠮᠵᠢᠯᠴᠠᠵᠤ᠂ ᠲᠣᠭᠲᠠᠮᠠᠯ ᠬᠤᠭᠤᠴᠠᠭ᠎ᠠ ᠲᠠᠢ ᠪᠠᠷ | ᠵᠥᠪᠳᠡᠯᠴᠡᠬᠦ ᠪᠠ ᠠᠵᠢᠯ ᠢ ᠠᠬᠢᠭᠤᠯᠬᠤ ᠲᠣᠭᠲᠠᠴᠠ ᠶᠢ ᠪᠠᠶᠢᠭᠤᠯᠤᠨ᠂ ᠡᠯ᠎ᠡ ᠵᠦᠶᠯ ᠤᠨ ᠡᠭᠦᠷᠭᠡ ᠶᠢ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠨ᠎ᠠ᠃ ᠬᠤᠲᠠ ᠶᠢᠨ ᠤᠰᠤᠨ ᠤ ᠡᠬᠢ | ᠪᠠᠶᠠᠯᠢᠭ ᠤᠨ ᠬᠠᠮᠠᠭᠠᠯᠠᠯᠲᠠ ᠶᠢᠨ ᠲᠥᠪ ᠨᠢ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠪᠠᠨ ᠴᠢᠩᠭᠠᠳᠬᠠᠵᠤ᠂ | ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠰᠢᠭᠤ ᠰᠢᠶᠠᠨ ᠢ ᠵᠣᠬᠢᠴᠠᠭᠤᠯᠤᠨ ᠰᠢᠮᠳᠠᠭᠤᠯᠵᠤ ᠪᠠᠶᠢᠭᠠᠳ | ᠴᠠᠭᠠᠨᠨᠠᠭᠤᠷ ᠢ ᠬᠠᠮᠠᠭᠠᠯᠠᠬᠤ ᠪᠠ ᠵᠠᠰᠠᠨ ᠰᠡᠷᠭᠦᠭᠡᠬᠦ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠯᠭᠡᠨ᠎ᠡ᠃ | ︵ᠬᠤᠶᠠᠷ︶ ᠠᠵᠢᠯ ᠤᠨ ᠬᠠᠷᠢᠭᠤᠴᠠᠯᠭ᠎ᠠ ᠶᠢ ᠴᠢᠩᠭᠠᠷᠠᠭᠤᠯᠤᠨ᠎ᠠ᠃ ᠰᠠᠪᠠ ᠭᠠᠵᠠᠷ ᠤᠨ ᠳᠣᠲᠣᠷᠠᠬᠢ | ᠬᠤᠰᠢᠭᠤ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯ ᠬᠠᠷᠢᠭᠤᠴᠠᠯᠭ᠎ᠠ ᠶᠢᠨ ᠭᠤᠤᠯ ᠴᠣᠭᠴᠠ ᠮᠥᠨ᠂ | ᠨᠠᠮ ᠵᠠᠰᠠᠭ ᠤᠨ ︽ᠨᠢᠭᠡᠳᠦᠭᠡᠷ ᠭᠠᠷ︾ ᠪᠡᠶ᠎ᠡ ᠪᠠᠷ ᠢᠶᠠᠨ ᠠᠳᠬᠤᠵᠤ᠂ ᠶᠡᠷᠦᠩᠬᠡᠶ ᠬᠠᠷᠢᠭᠤᠴᠠᠯᠭ᠎ᠠ ᠶᠢ | ᠡᠭᠦᠷᠭᠡᠯᠡᠬᠦ ᠶᠢᠨ ᠬᠠᠮᠲᠤ ᠬᠤᠲᠠ ᠶᠢᠨ ᠬᠡᠷᠡᠭᠵᠢᠭᠦᠯᠬᠦ ᠲᠥᠰᠦᠯ ᠢᠶᠠᠷ ᠯᠠᠪᠯᠠᠯᠲᠠ ᠪᠣᠯᠭᠠᠵᠤ᠂ ᠲᠣᠰ ᠲᠣᠰ ᠤᠨ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠪᠣᠳᠠᠲᠠᠶ ᠬᠡᠷᠡᠭᠵᠢᠭᠦᠯᠬᠦ ᠨᠠᠷᠢᠨ ᠲᠦᠷᠢᠮ ᠲᠣᠭᠲᠠᠭᠠᠵᠤ᠂ | ᠬᠠᠷᠢᠭᠤᠴᠠᠯᠭ᠎ᠠ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠵᠤ᠂ ᠡᠭᠦᠷᠭᠡ ᠶᠢ ᠨᠠᠷᠢᠯᠢᠬᠵᠢᠭᠤᠯᠤᠨ ᠵᠠᠳᠠᠯᠤᠨ᠎ᠠ᠃ | ᠬᠤᠲᠠ ᠶᠢᠨ ᠰᠢᠭᠤᠳ ᠬᠠᠷᠢᠶ᠎ᠡ ᠬᠠᠷᠢᠭᠤᠴᠠᠯᠭᠠᠲᠤ ᠨᠢᠭᠡᠴᠢ ᠶᠢᠨ ᠭᠤᠣᠯ ᠬᠠᠷᠢᠭᠤᠴᠠᠯᠭᠠᠲᠠᠨ ᠲᠤᠰᠬᠠᠢ ᠬᠦᠴᠦᠨ ᠢ | ᠵᠣᠬᠢᠶᠠᠨ ᠪᠠᠶᠢᠭᠤᠯᠵᠤ᠂ ᠠᠵᠢᠯ ᠤᠨ ᠬᠤᠪᠢᠶᠠᠷᠢᠯᠠᠯ ᠶᠣᠰᠣᠭᠠᠷ ᠲᠣᠰ ᠲᠣᠰ ᠤᠨ ᠡᠭᠦᠷᠭᠡ ᠲᠤᠰᠢᠶᠠᠯ ᠢᠶᠠᠨ | ᠭᠦᠢᠴᠡᠳᠬᠡᠵᠦ᠂ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠨᠠᠶᠢᠳᠠᠪᠤᠷᠢᠵᠢᠭᠤᠯᠬᠤ ᠠᠷᠭ᠎ᠠ | ᠬᠡᠮᠵᠢᠶ᠎ᠡ ᠪᠠᠨ ᠨᠠᠷᠢᠯᠢᠭᠵᠢᠭᠤᠯᠵᠤ᠂ ᠱᠠᠭᠠᠷᠳᠠᠯᠭ᠎ᠠ ᠶᠣᠰᠣᠭᠠᠷ ᠬᠠᠮᠠᠭᠠᠯᠠᠬᠤ ᠲᠥᠰᠦᠯ ᠲᠣᠭᠲᠠᠭᠠᠵᠤ᠂ ᠡᠯ᠎ᠡ | ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠨᠠᠷᠢᠨ ᠬᠢᠨᠠᠮᠠᠭᠠᠢ ᠠᠬᠢᠭᠤᠯᠤᠨ᠎ᠠ᠃ ᠡᠭᠦᠨ ᠤ ᠬᠠᠮᠲᠤ | ᠳᠡᠭᠡᠳᠦ ᠱᠠᠲᠤᠨ ᠤ ᠠᠵᠢᠯ ᠲᠥᠷᠥᠯ ᠤᠨ ᠲᠢᠩᠬᠢᠮ ᠲᠣᠪᠴᠢᠶ᠎ᠠ ᠲᠠᠢ ᠢᠳᠡᠪᠬᠢᠲᠡᠶ ᠵᠣᠯᠭᠠᠭᠤᠯᠵᠤ᠂ ᠲᠥᠷᠥᠯ | ᠵᠦᠶᠯ ᠤᠨ ᠪᠠᠯᠠ ᠮᠥᠩᠭᠦ ᠶᠢ ᠪᠥᠬᠦ ᠬᠦᠴᠦᠨ ᠢᠶᠠᠷ ᠢᠶᠠᠨ ᠣᠯᠬᠤ ᠪᠠᠷ ᠴᠢᠷᠮᠠᠶᠢᠨ᠎ᠠ᠃ | ︵ᠭᠤᠷᠪᠠ︶ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠎ᠠ᠃ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠬᠠᠮᠢᠶ᠎ᠠ ᠪᠦᠬᠦᠢ ᠬᠤᠰᠢᠭᠤ ᠰᠢᠶᠠᠨ ᠪᠠ ᠰᠠᠯᠠᠭ᠎ᠠ ᠮᠥᠴᠢᠷ ᠤᠨ ᠡᠭᠦᠷᠭᠡ | ᠬᠠᠷᠢᠭᠤᠴᠠᠯᠭ᠎ᠠ ᠪᠠᠨ ᠭᠦᠶᠴᠡᠳᠬᠡᠭᠰᠡᠨ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠯᠲᠠ ᠬᠢᠵᠦ᠂ ᠰᠠᠬᠢᠯᠭ᠎ᠠ ᠪᠠᠲᠤ ᠶᠢ | ᠬᠡᠷᠡᠭᠵᠢᠭᠦᠯᠦᠨ ᠬᠠᠷᠢᠭᠤᠴᠠᠯᠭ᠎ᠠ ᠨᠡᠬᠡᠮᠵᠢᠯᠡᠨ᠎ᠡ᠃ ᠬᠤᠲᠠ ᠶᠢᠨ ᠰᠢᠭᠤᠳ ᠬᠠᠷᠢᠶ᠎ᠡ ᠬᠠᠷᠢᠭᠤᠴᠠᠯᠭᠠᠲᠤ ᠨᠢᠭᠡᠴᠢ ᠠᠴᠠ | ᠲᠣᠰ ᠠᠵᠢᠯ ᠲᠥᠷᠥᠯ ᠤᠨ ᠭᠤᠤᠯᠳᠠᠯᠭ᠎ᠠ ᠲᠠᠢ ᠡᠭᠦᠷᠭᠡ ᠶᠢᠨ ᠠᠬᠢᠴᠠ ᠶᠢᠨ ᠪᠠᠶᠢᠳᠠᠯ ᠢ ᠲᠣᠭᠲᠠᠮᠠᠯ | ᠬᠤᠭᠤᠴᠠᠭ᠎ᠠ ᠲᠠᠢ ᠪᠠᠷ ᠲᠣᠬᠢᠷᠠᠭᠤᠯᠤᠨ ᠵᠠᠳᠠᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠰᠢᠮᠳᠠᠭᠤᠯᠤᠨ ᠵᠢᠯᠣᠭᠤᠳᠴᠤ | ᠂ ᠬᠠᠮᠢᠶ᠎ᠠ ᠪᠥᠬᠦᠶ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ ᠶᠢ ᠠᠬᠢᠭᠤᠯᠤᠨ᠂ ᠴᠠᠭᠠᠨᠨᠠᠭᠤᠷ ᠤᠨ ᠠᠮᠢ ᠠᠬᠤᠶ | ᠮᠠᠭᠤᠳᠠᠬᠤ ᠬᠠᠨᠳᠤᠰᠢ ᠶᠢ ᠬᠤᠷᠢᠭᠯᠠᠵᠤ᠂ ᠨᠤᠭᠤ ᠭᠠᠵᠠᠷ ᠤᠨ ᠴᠢᠳᠠᠮᠵᠢ ᠶᠢ ᠦᠨᠡᠨ ᠬᠦ ᠴᠢᠩᠭᠠᠷᠠᠭᠤᠯᠤᠨ᠂ ᠰᠠᠪᠠ | ᠭᠠᠵᠠᠷ ᠤᠨ ᠠᠮᠢ ᠠᠬᠤᠶ ᠶᠢᠨ ᠰᠢᠰᠲ᠋ᠧᠮ ᠤᠨ ᠴᠢᠳᠠᠮᠵᠢ ᠶᠢ ᠠᠯᠬᠤᠮ ᠠᠯᠬᠤᠮ ᠢᠶᠠᠷ ᠰᠡᠷᠭᠦᠭᠡᠨ᠎ᠡ᠃ | | |