ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠴᠠᠪ ᠬᠤᠲᠠ ᠶᠢᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ ᠠᠷᠪᠠᠨ ᠭᠤᠷᠪᠠᠳᠤᠭᠠᠷ ᠪᠥᠬᠦᠳᠡ ᠬᠤᠷᠠᠯ ᠤᠨ ᠠᠯᠪᠠᠨ ᠮᠡᠳᠡᠭᠡ
ᠨᠡᠶᠢᠲᠡᠯᠡᠭᠰᠡᠨ ᠴᠠᠭ᠄
2021/9/10
     ︵2021 ᠣᠨ ᠤ 9 ᠰᠠᠷ᠎ᠠ ᠶᠢᠨ 7 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠴᠠᠪ ᠬᠤᠲᠠ ᠶᠢᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ ᠠᠷᠪᠠᠨ ᠭᠤᠷᠪᠠᠳᠤᠭᠠᠷ ᠪᠥᠬᠦᠳᠡ ᠬᠤᠷᠠᠯ ᠠᠴᠠ ᠪᠠᠲᠤᠯᠠᠪᠠ︶      ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠴᠠᠪ ᠬᠤᠲᠠ ᠶᠢᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ ᠠᠷᠪᠠᠨ ᠭᠤᠷᠪᠠᠳᠤᠭᠠᠷ ᠪᠥᠬᠦᠳᠡ ᠬᠤᠷᠠᠯ 2021 ᠣᠨ ᠤ 9 ᠰᠠᠷ᠎ᠠ ᠶᠢᠨ 7 ᠤ ᠡᠳᠦᠷ ᠵᠢᠨᠢᠩ‌‍ᠳᠤ ᠬᠤᠷᠠᠯᠳᠤᠪᠠ᠃      ᠡᠨᠡ ᠤᠳᠠᠭᠠᠨ ᠤ ᠪᠦᠬᠦᠳᠠ ᠬᠤᠷᠠᠯ ᠳᠤ᠂ ᠬᠤᠳᠠ ᠶᠢᠨ ᠨᠠᠮ ᠤᠨ ᠬᠤᠷᠢᠶᠠᠨ ᠤ ᠭᠡᠰᠢᠭᠦᠨ 39 ᠬᠥᠮᠦᠨ᠂ ᠣᠷᠣᠯᠠᠭᠴᠢ ᠭᠡᠰᠢᠭᠦᠨ 4 ᠬᠥᠮᠦᠨ ᠣᠷᠣᠯᠴᠠᠪᠠ᠃ ᠬᠤᠲᠠ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠭᠡᠰᠢᠭᠦᠨ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ ᠪᠠ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠥᠬᠦᠳ᠂ ᠮᠠᠨ ᠤ ᠬᠤᠲᠠ ᠶᠢᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠳᠤ ᠣᠷᠣᠯᠴᠠᠭᠰᠠᠨ ᠲᠥᠯᠥᠭᠡᠯᠡᠭᠴᠢ ᠪᠠ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠬᠤᠷᠠᠯ ᠳᠤ ᠣᠷᠣᠯᠴᠠᠭᠰᠠᠨ ᠬᠡᠰᠡᠭ ᠲᠥᠯᠥᠭᠡᠯᠡᠭᠴᠢ᠂ ᠬᠤᠲᠠ ᠶᠢᠨ ᠳᠥᠷᠪᠡᠳᠦᠭᠡᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠨᠳᠦᠰᠦᠨ ᠱᠠᠲᠤᠨ ᠤ ᠬᠡᠰᠡᠭ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃      ᠪᠥᠬᠦᠳᠡ ᠬᠤᠷᠠᠯ ᠠᠴᠠ ᠰᠦᠶ ᠸᠧᠶ ᠵᠢᠶᠦ᠋ᠨ ᠤ ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠨᠠᠶᠢᠳᠠᠯᠭ᠎ᠠ ᠪᠠᠷ ᠬᠢᠭᠰᠡᠨ ᠠᠵᠢᠯ ᠤᠨ ᠮᠡᠳᠡᠭᠦᠯᠦᠯᠲᠡ ᠶᠢ ᠰᠣᠨᠣᠰᠤᠨ ᠶᠠᠷᠢᠯᠴᠠᠵᠤ᠂ ︽︿ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠡᠷᠦᠩᠬᠡᠶ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠰᠢᠨ᠎ᠡ ᠠᠶᠠᠨ ᠳᠠᠭᠠᠨ ᠥᠪᠥᠷ ᠮᠣᠩᠭᠤᠯ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠣᠭᠲᠠᠭᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠴᠠᠪ ᠬᠤᠲᠠ ᠶᠢᠨ ᠬᠤᠷᠢᠶᠠᠨ ᠤ ᠬᠡᠷᠡᠭᠵᠢᠭᠦᠯᠬᠦ ᠰᠠᠨᠠᠯ﹀ ︾ ᠢ ᠬᠢᠨᠠᠨ ᠵᠥᠪᠯᠡᠵᠦ ᠪᠠᠲᠤᠯᠠᠨ᠂ ᠡᠨᠡ ᠵᠢᠯ ᠤᠨ ᠲᠠᠷᠠᠭᠠᠴᠢ ᠶᠢᠨ ᠱᠠᠲᠤᠨ ᠤ ᠭᠤᠤᠯᠳᠠᠯᠭ᠎ᠠ ᠲᠠᠢ ᠡᠭᠦᠷᠭᠡ ᠶᠢ ᠰᠤᠳᠤᠯᠤᠨ ᠪᠠᠶᠢᠷᠢᠯᠠᠭᠤᠯᠪᠠ᠃ ᠴᠢ ᠹᠸᠢ ᠶᠦᠨ ︽ᠬᠡᠷᠡᠭᠵᠢᠭᠦᠯᠬᠦ ᠰᠠᠨᠠᠯ ︵ᠶᠠᠷᠢᠯᠴᠠᠬᠤ ᠨᠣᠣᠷᠠᠭ︶︾ ᠤᠨ ᠲᠤᠬᠠᠶ ᠪᠦᠭᠦᠳᠡ ᠬᠤᠷᠠᠯ ᠳᠤ ᠲᠣᠳᠣᠷᠬᠠᠶᠢᠯᠠᠯᠲᠠ ᠬᠢᠪᠡ᠃      ᠪᠥᠬᠦᠳᠡ ᠬᠤᠷᠠᠯ ᠠᠴᠠ ᠡᠨᠡ ᠵᠢᠯ ᠠᠴᠠ ᠨᠠᠭᠠᠰᠢᠬᠢ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠵᠢᠯ ᠢ ᠭᠦᠢᠴᠡᠳ ᠨᠤᠲᠠᠯᠠᠪᠠ᠃   ᠣᠯᠠᠨ ᠢᠶᠠᠷ ᠢᠶᠠᠨ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠨᠠᠮ ᠤᠨ ᠲᠥᠪ ᠬᠤᠷᠢᠶᠠᠨ ᠤ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ︽ᠳᠥᠷᠪᠡᠨ ᠤᠬᠠᠮᠰᠠᠷ︾ ᠢᠶᠠᠨ ᠴᠢᠩᠭᠠᠳᠬᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠂ ᠵᠥᠪ ᠤᠯᠤᠰ ᠲᠥᠷᠥ ᠶᠢᠨ ᠴᠢᠭᠯᠡᠯ ᠢ ᠪᠠᠲᠤ ᠡᠵᠡᠮᠳᠡᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠨᠠᠷᠢᠨ ᠨᠢᠮᠪᠠᠶ ᠵᠣᠬᠢᠶᠠᠨ ᠪᠠᠶᠢᠭᠤᠯᠵᠤ ᠥᠷᠨᠢᠭᠦᠯᠦᠨ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠦᠷᠭᠦᠯᠵᠢᠯᠡᠨ ᠴᠢᠩᠭᠠᠳᠬᠠᠵᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠂ ᠥᠭᠡᠷᠡᠴᠢᠯᠡᠯᠲᠡ ᠨᠡᠭᠡᠭᠡᠯᠲᠡ ᠶᠢ ᠡᠷᠡᠰ ᠭᠤᠶᠢᠪᠢᠰᠢ ᠦᠭᠡᠢ ᠭᠦᠨᠵᠡᠭᠡᠶᠢᠷᠡᠭᠦᠯᠵᠦ᠂ ᠦᠨᠳᠦᠰᠦᠲᠡᠨ ᠤ ᠪᠦᠯᠬᠦᠮᠳᠡᠯ ᠤᠨ ᠶᠡᠭᠡ ᠲᠠᠯ᠎ᠠ ᠶᠢ ᠪᠠᠬᠢᠵᠢᠭᠦᠯᠦᠨ ᠬᠥᠭᠵᠢᠭᠦᠯᠵᠦ᠂ ᠠᠷᠠᠳ ᠤᠨ ᠠᠮᠢᠳᠤᠷᠠᠯ ᠢ ᠪᠦᠬᠦ ᠬᠦᠴᠦᠨ ᠢᠶᠠᠷ ᠢᠶᠠᠨ ᠪᠠᠲᠤᠯᠠᠨ ᠰᠠᠶᠢᠵᠢᠷᠠᠭᠤᠯᠤᠨ᠂ ᠨᠠᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠦ᠂ ᠡᠯ᠎ᠡ ᠵᠦᠢᠯ ᠤᠨ ᠠᠵᠢᠯ ᠦᠢᠯᠡᠰ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠤᠯᠪᠠ ᠭᠡᠵᠦ ᠰᠠᠨᠠᠯ ᠨᠢᠭᠡᠲᠡᠶ ᠦᠵᠡᠵᠦ ᠪᠠᠶᠢᠨ᠎ᠠ᠃      ᠪᠥᠬᠦᠳᠡ ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ︽7.1︾ ᠤ ᠴᠢᠬᠤᠯᠠ ᠶᠠᠷᠢᠶ᠎ᠠ ᠨᠢ ᠪᠠᠲᠤ ᠴᠢᠩᠭ᠎ᠠ ᠲᠡᠦᠬᠡᠲᠦ ᠬᠠᠷᠢᠭᠤᠴᠠᠯᠭ᠎ᠠ᠂ ᠭᠦᠨ ᠭᠦᠨᠵᠡᠭᠡᠶ ᠲᠡᠦᠬᠡᠲᠦ ᠬᠠᠷᠠᠭᠠᠰᠤ ᠠᠴᠠ ᠨᠠᠮ ᠤᠨ ᠵᠠᠭᠤᠨ ᠵᠢᠯ ᠤᠨ ᠲᠡᠦᠬᠡᠲᠦ ᠠᠬᠢᠴᠠ ᠶᠢ ᠡᠷᠭᠢᠴᠡᠭᠦᠯᠵᠦ᠂ ᠵᠠᠭᠤᠨ ᠵᠢᠯ ᠤᠨ ᠲᠡᠮᠡᠴᠡᠯ ᠤᠨ ᠠᠮᠵᠢᠯᠲᠠ ᠪᠦᠲᠦᠮᠵᠢ ᠶᠢ ᠰᠢᠰᠲ᠋ᠧᠮ ᠲᠠᠢ ᠳ᠋ᠦᠩᠨᠡᠵᠦ᠂ ᠵᠠᠭᠤᠨ ᠵᠢᠯ ᠤᠨ ᠬᠥᠭᠵᠢᠯᠲᠡ ᠶᠢᠨ ᠵᠢᠮ᠎ᠡ ᠶᠣᠰᠣ ᠶᠢ ᠲᠣᠳᠣᠷᠬᠠᠶᠢᠯᠠᠵᠤ᠂ ᠵᠠᠭᠤᠨ ᠵᠢᠯ ᠤᠨ ᠠᠤᠭ᠎ᠠ ᠲᠥᠰᠦᠪ ᠢ ᠪᠠᠷᠠᠯᠠᠵᠤ᠂ ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠬᠤ᠂ ᠰᠢᠨ᠎ᠡ ᠠᠶᠠᠨ ᠢᠶᠠᠨ ᠰᠠᠶᠢᠲᠤᠷ ᠵᠠᠮᠨᠠᠬᠤ ᠳᠤ ᠤᠷᠤᠭᠰᠢᠯᠠᠬᠤ ᠴᠢᠭᠯᠡᠯ ᠢ ᠤᠯᠠᠮ ᠴᠢᠨᠠᠭᠰᠢᠳᠠ ᠲᠣᠳᠣᠷᠬᠠᠶ ᠵᠢᠭᠠᠵᠤ᠂ ᠦᠨᠳᠦᠰᠦᠨ ᠵᠢᠷᠤᠮᠯᠠᠯ ᠬᠠᠩᠭᠠᠪᠠ᠃ ᠪᠦᠬᠦ ᠬᠤᠳᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠶᠡᠷᠦᠩᠬᠡᠢ ᠱᠦᠵᠢ ᠰᠢ ᠶᠢᠨ ᠫᠢᠩ ᠤᠨ ︽7.1︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠦᠭ᠌ᠰᠠᠨ ᠲᠡᠦᠬᠡᠲᠦ ᠴᠢᠨᠠᠷᠲᠠᠶ ᠠᠮᠵᠢᠯᠲᠠ ᠪᠦᠲᠦᠮᠵᠢ ᠶᠢ ᠭᠦᠨᠵᠡᠭᠡᠶ ᠣᠶᠢᠯᠠᠭᠠᠨ᠂ ᠨᠠᠮ ᠠᠴᠠ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠴᠥᠬᠦᠷᠡᠰᠢ ᠦᠭᠡᠢ ᠲᠡᠮᠡᠴᠡᠭᠰᠡᠨ ᠭᠡᠷᠡᠯ ᠰᠠᠴᠤᠷᠠᠩᠭᠤᠶ ᠥᠩᠭᠡᠷᠡᠯᠲᠡ ᠪᠠ ᠠᠭᠤᠤ ᠶᠡᠭᠡ ᠠᠮᠵᠢᠯᠲᠠ ᠪᠦᠲᠦᠮᠵᠢ ᠶᠢ ᠭᠦᠨᠵᠡᠭᠡᠶ ᠣᠶᠢᠯᠠᠭᠠᠨ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭᠠᠨ ᠤ ᠭᠦᠨᠵᠡᠭᠡᠶ ᠠᠭᠤᠯᠤᠭᠳᠠᠬᠤᠨ ᠪᠠ ᠴᠠᠭ ᠦᠶ᠎ᠡ ᠶᠢᠨ ᠥᠷᠲᠡᠭ ᠢ ᠭᠦᠨᠵᠡᠭᠡᠶ ᠣᠶᠢᠯᠠᠭᠠᠨ᠂ ᠲᠡᠦᠬᠡ ᠪᠠᠷ ᠲᠣᠯᠢ ᠪᠣᠯᠭᠠᠬᠤ᠂ ᠢᠷᠡᠭᠡᠳᠦᠶ ᠶᠢ ᠨᠡᠭᠡᠭᠡᠬᠦ ᠦᠨᠳᠦᠰᠦᠨ ᠱᠠᠭᠠᠷᠳᠠᠯᠭ᠎ᠠ ᠶᠢ ᠭᠦᠨᠵᠡᠭᠡᠶ ᠣᠶᠢᠯᠠᠭᠠᠨ᠂ ᠦᠵᠡᠯ ᠰᠠᠨᠠᠭᠠᠨ ᠤ ᠳᠡᠭᠡᠳᠦ ᠬᠡᠮᠵᠢᠶᠡᠨ ᠤ ᠨᠢᠭᠡᠳᠦᠯ ᠪᠠ ᠡᠷᠡᠰ ᠪᠠᠲᠤ ᠦᠢᠯᠡ ᠠᠵᠢᠯᠯᠠᠭ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠤᠯᠠᠭᠠᠨᠴᠠᠪ ᠬᠤᠲᠠ ᠶᠢᠨ ᠣᠳᠣᠬᠢᠴᠢᠯᠠᠯᠲᠠ ᠶᠢᠨ ᠬᠥᠭᠵᠢᠯᠲᠡ ᠶᠢᠨ ᠰᠢᠨ᠎ᠡ ᠠᠶᠠᠨ ᠵᠠᠮ ᠢ ᠨᠡᠭᠡᠭᠡᠬᠦ ᠶᠢᠨ ᠲᠥᠯᠥᠭᠡ ᠢᠲᠡᠭᠡᠯ ᠲᠡᠭᠦᠯᠳᠡᠷ ᠢᠶᠠᠷ ᠡᠷᠡᠯᠬᠡᠭᠯᠡᠨ ᠲᠡᠮᠡᠴᠡᠵᠦ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠪᠦᠲᠦᠭᠡᠨ ᠪᠠᠶᠢᠭᠤᠯᠬᠤ᠂ ᠠᠭᠤᠤ ᠶᠡᠭᠡ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ ᠶᠢᠨ ᠲᠥᠯᠥᠭᠡ ᠤᠯᠠᠭᠠᠨᠴᠠᠪ ᠤᠨ ᠬᠤᠪᠢ ᠨᠡᠮᠡᠷᠢ ᠶᠢ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃        ᠪᠦᠭᠦᠳᠡ ᠬᠤᠷᠠᠯ ᠠᠴᠠ᠂ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠣᠷᠢᠭ ᠰᠠᠨᠠᠭᠠᠨ ᠤ ᠡᠬᠢ ᠰᠤᠷᠪᠤᠯᠵᠢ ᠮᠥᠨ᠂ ᠨᠠᠮ ᠤᠨ ᠬᠦᠴᠦᠷᠬᠡᠭ ᠶᠡᠭᠡ ᠦᠵᠡᠯ ᠰᠠᠨᠠᠭᠠᠨ ᠤ ᠳᠠᠪᠠᠭᠤᠯᠢᠭ᠂ ᠤᠯᠤᠰ ᠲᠦᠷᠦ ᠶᠢᠨ ᠳᠠᠪᠠᠭᠤᠯᠢᠭ᠂ ᠤᠶᠤᠨ ᠰᠠᠨᠠᠭᠠᠨ ᠤ ᠳᠠᠪᠠᠭᠤᠯᠢᠭ᠂ ᠶᠣᠰᠣ ᠰᠤᠷᠲᠠᠬᠤᠨ ᠤ ᠳᠠᠪᠠᠭᠤᠯᠢᠭ ᠢ ᠬᠠᠷᠠᠭᠤᠯᠵᠤ ᠪᠠᠶᠢᠨ᠎ᠠ᠃ ᠤᠯᠠᠭᠠᠨᠴᠠᠪ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠠᠶᠠᠨ ᠵᠠᠮ ᠳᠤ ᠂ ︽ᠦᠨᠡᠨ ᠶᠣᠰᠣ ᠶᠢ ᠪᠠᠷᠢᠮᠲᠠᠯᠠᠵᠤ᠂ ᠬᠦᠰᠡᠯᠡᠩ ᠢᠶᠠᠨ ᠪᠠᠲᠤ ᠰᠠᠬᠢᠵᠤ᠂ ᠣᠭ ᠰᠠᠨᠠᠭ᠎ᠠ ᠪᠠᠨ ᠦᠶᠯᠡᠳᠦᠯᠭᠡᠵᠢᠭᠦᠯᠵᠦ ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠦᠷᠡᠭᠳᠡᠬᠦ ᠠᠴᠠ ᠠᠶᠤᠬᠤ ᠥᠬᠡᠶ᠂ ᠡᠷᠡᠯᠬᠡᠭ ᠪᠠᠭᠠᠲᠤᠷᠯᠢᠭ ᠢᠶᠠᠷ ᠲᠡᠮᠡᠴᠡᠵᠦ᠂ ᠨᠠᠮ ᠳᠠᠭᠠᠨ ᠦᠨᠡᠨᠴᠢ ᠰᠢᠳᠤᠷᠭᠤ᠂ ᠠᠷᠠᠳ ᠲᠦᠮᠡᠨ ᠳᠡᠭᠡᠨ ᠣᠰᠣᠯᠳᠠᠬᠤ ᠥᠬᠡᠶ︾ ᠦᠵᠡᠯ ᠰᠠᠨᠠᠭᠠᠨ ᠤ ᠬᠦᠴᠦᠨ ᠴᠢᠳᠠᠯ᠂ ᠪᠠᠷᠠᠭᠳᠠᠰᠢ ᠥᠬᠡᠶ ᠬᠥᠳᠡᠯᠭᠡᠬᠦ ᠬᠦᠴᠦᠨ ᠢ ᠭᠦᠨᠵᠡᠭᠡᠶ ᠰᠢᠩᠭᠡᠭᠡᠨ ᠠᠪᠴᠤ᠂ ᠤᠯᠤᠰ ᠲᠥᠷᠥ ᠶᠢᠨ ᠮᠥᠨ ᠴᠢᠨᠠᠷ ᠢᠶᠠᠨ ᠡᠭᠦᠷᠢᠳᠡ ᠪᠠᠲᠤᠯᠠᠵᠤ᠂ ᠤᠯᠤᠰ ᠲᠥᠷᠥ ᠶᠢᠨ ᠬᠡᠪ ᠴᠢᠨᠠᠷ ᠢᠶᠠᠨ ᠳᠠᠪᠲᠠᠨ ᠪᠣᠯᠪᠠᠰᠤᠷᠠᠭᠤᠯᠵᠤ᠂ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠡᠭᠦᠷᠢᠳᠡ ᠵᠠᠯᠭᠠᠮᠵᠢᠯᠠᠵᠤ᠂ ᠪᠠᠳᠠᠷᠠᠭᠤᠯᠤᠨ ᠳᠡᠯᠭᠡᠷᠡᠭᠦᠯᠵᠦ᠂ ᠨᠠᠮ ᠤᠨ ᠵᠣᠷᠢᠭ ᠰᠠᠨᠠᠭᠠᠨ ᠤ ᠡᠬᠢ ᠪᠤᠯᠠᠭ ᠢ ᠪᠥᠬᠦ ᠬᠤᠲᠠ ᠶᠢᠨ ᠡᠯ᠎ᠡ ᠵᠦᠶᠯ ᠤᠨ ᠠᠵᠢᠯ ᠦᠶᠯᠡᠰ ᠤᠨ ᠥᠷᠨᠢᠩᠭᠦᠶ ᠬᠥᠭᠵᠢᠯᠲᠡ ᠶᠢ ᠠᠬᠢᠭᠤᠯᠬᠤ ᠬᠦᠴᠦᠨ ᠴᠢᠳᠠᠯ ᠤᠨ ᠡᠬᠢ ᠰᠤᠷᠪᠤᠯᠵᠢ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃      ᠪᠥᠬᠦᠳᠡ ᠬᠤᠷᠠᠯ ᠠᠴᠠ᠂ ᠡᠨᠡ ᠵᠢᠯ ᠪᠣᠯ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠤ ᠡᠬᠢᠯᠡᠯᠲᠡ ᠶᠢᠨ ᠵᠢᠯ ᠪᠣᠯᠤᠨ᠎ᠠ᠂ ᠡᠯ᠎ᠡ ᠲᠠᠯ᠎ᠠ ᠶᠢᠨ ᠠᠵᠢᠯ ᠢ ᠰᠠᠶᠢᠲᠤᠷ ᠬᠢᠬᠦ ᠨᠢ ᠣᠨᠴᠠᠭᠠᠶ ᠴᠢᠬᠤᠯᠠ ᠠᠴᠢ ᠬᠤᠯᠪᠣᠭᠳᠠᠯ ᠲᠠᠢ ᠶᠤᠮ᠂ ᠬᠥᠭᠵᠢᠯᠲᠡ ᠬᠠᠩᠭᠠᠯᠲᠡ ᠥᠬᠡᠶ᠂ ᠬᠥᠭᠵᠢᠯᠲᠡ ᠠᠨᠠᠢ᠂ ᠬᠥᠭᠵᠢᠯᠲᠡ ᠲᠡᠩᠴᠡᠭᠦᠷᠢ ᠥᠬᠡᠶ ᠪᠠᠶᠢᠬᠤ ᠪᠣᠯ ᠮᠠᠨ ᠤ ᠬᠤᠲᠠ ᠶᠢᠨ ᠴᠢᠨᠠᠷ ᠰᠠᠶᠢᠲᠠᠶ ᠬᠥᠭᠵᠢᠯᠲᠡ ᠶᠢᠨ ᠬᠠᠮᠤᠭ ᠤᠨ ᠶᠡᠭᠡ ᠥᠷᠢᠰᠥᠯᠳᠦᠭᠡᠨ ᠮᠥᠨ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠯᠲᠡ ᠶᠢ ᠠᠬᠢᠭᠤᠯᠬᠤ ᠳᠤ ᠮᠥᠨ ᠬᠦ ᠪᠠᠴᠢᠮ ᠰᠢᠶᠳᠪᠦᠷᠢᠯᠡᠬᠦ ᠴᠢᠬᠤᠯᠠᠲᠠᠶ ᠮᠠᠰᠢ ᠣᠯᠠᠨ ᠬᠦᠴᠢᠷ ᠠᠰᠠᠭᠤᠳᠠᠯ ᠲᠤᠯᠭᠠᠷᠠᠵᠤ ᠪᠠᠶᠢᠬᠤ ᠶᠢ ᠡᠷᠬᠡᠪᠰᠢ ᠭᠦᠨᠵᠡᠭᠡᠶ ᠲᠠᠨᠢᠬᠤ ᠬᠡᠷᠡᠭᠲᠡᠶ᠃ ᠡᠳᠡᠭᠡᠷ ᠠᠰᠠᠭᠤᠳᠠᠯ ᠪᠣᠯ ᠪᠢᠳᠡᠨ ᠤ ᠨᠠᠷᠢᠨ ᠬᠢᠨᠠᠮᠠᠭᠠᠢ ᠬᠠᠨᠳᠤᠵᠤ᠂ ᠰᠠᠶᠢᠲᠤᠷ ᠬᠠᠷᠢᠭᠤᠯᠬᠤ ᠴᠢᠬᠤᠯᠠᠲᠠᠢ ᠴᠢᠬᠤᠯᠠ ᠶᠡᠭᠡ ᠰᠡᠳᠦᠪ ᠪᠣᠯᠬᠤ ᠪᠥᠭᠡᠳ ᠪᠠᠰᠠ ᠴᠤ ᠪᠢᠳᠡᠨ ᠤ ᠬᠦᠴᠢᠷ ᠢ ᠰᠦᠷᠦᠨ ᠤᠷᠤᠭᠰᠢᠯᠠᠬᠤ᠂ ᠵᠠᠮ ᠨᠡᠭᠡᠭᠡᠨ ᠤᠷᠤᠭᠰᠢᠯᠠᠬᠤ ᠶᠢᠨ ᠯᠤᠲᠤ ᠶᠡᠭᠡ ᠬᠥᠳᠡᠯᠭᠡᠬᠦ ᠬᠦᠴᠦᠨ ᠮᠥᠨ᠃ ᠪᠦᠬᠦ ᠬᠤᠳᠠ ᠶᠢᠨ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠵᠥᠪ ᠴᠢᠭᠯᠡᠯ ᠢ ᠪᠠᠲᠤ ᠡᠵᠡᠮᠳᠡᠵᠦ᠂ ᠬᠥᠭᠵᠢᠯᠲᠡ ᠶᠢᠨ ᠠᠵᠠ ᠲᠣᠬᠢᠶᠠᠯ ᠢ ᠠᠮᠵᠢᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠡᠯ᠎ᠡ ᠵᠦᠢᠯ ᠤᠨ ᠠᠵᠢᠯ ᠢᠶᠠᠨ ᠨᠡᠩ ᠦᠷ᠎ᠡ ᠪᠦᠲᠦᠮᠵᠢᠲᠡᠢ ᠪᠠᠷ ᠰᠠᠶᠢᠲᠤᠷ ᠬᠢᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠪᠥᠬᠦᠳᠡ ᠬᠤᠷᠠᠯ ᠠᠴᠠ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠶ ᠪᠥᠬᠦ ᠲᠠᠯ᠎ᠠ ᠪᠠᠷ ᠲᠤᠭᠤᠰᠢᠯᠠᠭᠤᠯᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠬᠤ ᠶᠢ ᠢᠮᠠᠭᠲᠠ ᠪᠠᠷᠢᠮᠲᠠᠯᠠᠬᠤ ᠪᠣᠯ ︽ᠠᠷᠪᠠᠨ ᠳᠥᠷᠪᠡᠳᠦᠭᠡᠷ ᠲᠠᠪᠤᠨ ᠵᠢᠯ ︾ ᠤᠨ ᠲᠥᠯᠥᠪᠵᠢᠭᠦᠯᠭᠡ ᠶᠢ ᠰᠠᠶᠢᠲᠤᠷ ᠡᠬᠢᠯᠡᠭᠦᠯᠵᠦ᠂ ᠰᠠᠶᠢᠲᠤᠷ ᠶᠠᠪᠤᠭᠳᠠᠭᠤᠯᠬᠤ ᠶᠢᠨ ᠵᠠᠩᠭᠢᠯᠠᠭ᠎ᠠ ᠪᠣᠯᠤᠨ᠎ᠠ᠃ ᠨᠡᠭᠡᠭᠡᠯᠲᠡ ᠬᠢᠵᠦ ᠰᠢᠨ᠎ᠡ ᠶᠢ ᠡᠭᠦᠳᠬᠦ ᠶᠢ ᠳᠣᠪᠤᠶᠢᠯᠭᠠᠨ᠂ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠦᠷᠭᠦᠯᠵᠢᠯᠡᠨ ᠠᠬᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠰᠢᠯᠢᠳᠡᠭᠵᠢᠭᠦᠯᠦᠨ᠂ ᠨᠡᠭᠡᠭᠡᠯᠲᠡ ᠶᠢ ᠪᠥᠬᠦ ᠲᠠᠯ᠎ᠠ ᠪᠠᠷ ᠥᠷᠭᠡᠳᠬᠡᠵᠦ᠂ ᠤᠯᠠᠭᠠᠨᠴᠠᠪ—ᠡᠷᠢᠶᠡᠨ ᠬᠤᠲᠠ ᠶᠢᠨ ᠤᠯᠤᠰ ᠤᠨ ᠡᠳ᠋ ᠪᠠᠷᠠᠭᠠᠨ ᠤ ᠭᠦᠶᠯᠭᠡᠭᠡᠨ ᠤ ᠬᠦᠶᠰᠦ ᠶᠢᠨ ᠪᠥᠲᠥᠭᠡᠨ ᠪᠠᠶᠢᠭᠤᠯᠤᠯᠲᠠ ᠪᠣᠯᠤᠨ ᠪᠣᠭᠤᠮᠲᠠ ᠶᠢᠨ ᠨᠢᠭᠡ ᠴᠣᠭᠴᠠᠵᠢᠭᠰᠠᠨ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠨᠢᠭᠡ ᠴᠣᠭᠴᠠᠵᠢᠭᠰᠠᠨ ᠬᠥᠭᠵᠢᠯᠲᠡ ᠶᠢ ᠭᠦᠨᠵᠡᠭᠡᠶᠢᠷᠡᠭᠦᠯᠦᠨ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠭᠦᠨᠵᠡᠭᠡᠶ ᠬᠡᠷᠡᠭᠵᠢᠭᠦᠯᠵᠦ᠂ ᠬᠥᠭᠵᠢᠯᠲᠡ ᠶᠢᠨ ᠬᠥᠳᠡᠯᠭᠡᠬᠦ ᠬᠦᠴᠦᠨ ᠠᠮᠢᠵᠢᠷᠠᠯ ᠤᠨ ᠬᠦᠴᠦᠨ ᠢ ᠬᠦᠴᠦᠯᠡᠨ ᠴᠢᠩᠭᠠᠳᠬᠠᠬᠤ ᠬᠡᠷᠡᠭᠲᠡᠶ᠃ ᠠᠵᠤ ᠦᠶᠯᠡᠰ ᠢᠶᠠᠷ ᠬᠥᠲᠥᠯᠥᠨ ᠳᠠᠭᠠᠭᠤᠯᠬᠤ ᠶᠢ ᠳᠣᠪᠤᠶᠢᠯᠭᠠᠵᠤ᠂ ᠳᠠᠪᠠᠭᠤᠯᠢᠭ ᠭᠤᠤᠯᠯᠠᠬᠤ ᠠᠵᠤ ᠦᠶᠯᠡᠰ ᠲᠤ ᠰᠠᠭᠤᠷᠢᠯᠠᠨ᠂ ᠬᠦᠴᠦᠨ ᠢᠶᠠᠨ ᠲᠥᠪᠯᠡᠷᠡᠭᠦᠯᠦᠨ ᠬᠡᠯᠬᠢᠶ᠎ᠡ ᠪᠠᠶᠢᠭᠤᠯᠵᠤ᠂ ᠬᠡᠯᠬᠢᠶ᠎ᠡ ᠶᠢ ᠤᠷᠲᠤᠳᠬᠠᠨ᠂ ᠬᠡᠯᠬᠢᠶ᠎ᠡ ᠶᠢ ᠨᠥᠬᠦᠪᠥᠷᠢᠯᠡᠵᠦ᠂ ᠠᠵᠤ ᠠᠬᠤᠶ ᠶᠢᠨ ᠬᠥᠭᠵᠢᠯᠲᠡ ᠶᠢᠨ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠶ᠃ ᠣᠷᠣᠰᠢᠨ ᠰᠠᠭᠤᠬᠤ᠂ ᠦᠶᠯᠡᠰ ᠪᠤᠰᠬᠠᠬᠤ ᠳᠤ ᠲᠣᠬᠢᠷᠠᠮᠵᠢᠲᠠᠶ ᠪᠠᠶᠢᠬᠤ ᠶᠢ ᠳᠣᠪᠤᠶᠢᠯᠭᠠᠵᠤ᠂ ᠪᠥᠬᠦ ᠤᠯᠤᠰ ᠤᠨ ᠪᠣᠯᠪᠠᠰᠤᠨ ᠬᠤᠲᠠ ᠶᠢᠨ ᠡᠭᠦᠳᠦᠨ ᠴᠣᠭᠴᠠᠯᠠᠯᠲᠠ ᠶᠢ ᠦᠷᠭᠦᠯᠵᠢᠯᠡᠨ ᠠᠬᠢᠭᠤᠯᠵᠤ᠂ ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠲᠣᠰ ᠲᠣᠰ ᠤᠨ ᠳᠠᠪᠠᠭᠤᠯᠢᠭ ᠲᠠᠢ ᠰᠢᠶᠠᠨ ᠪᠠ ᠤᠨᠴᠠᠯᠢᠬᠳᠤ ᠵᠢᠵᠢᠭ ᠪᠠᠯᠭᠠᠰᠤ ᠶᠢ  ᠪᠠᠶᠢᠭᠤᠯᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠬᠤᠲᠠ ᠶᠢ ᠬᠦᠴᠦᠯᠡᠨ ᠪᠠᠶᠢᠭᠤᠯᠬᠤ ᠬᠡᠷᠡᠭᠲᠡᠶ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠤᠪᠤᠶᠢᠢᠯᠭᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯ ᠮᠠᠨᠳᠤᠯ ᠢ ᠲᠦᠷᠭᠡᠳᠬᠡᠨ ᠠᠬᠢᠭᠤᠯᠵᠤ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠭᠦᠨᠵᠡᠭᠡᠢ ᠠᠬᠢᠭᠤᠯᠵᠤ᠂ ᠬᠥᠳᠡᠭᠡ ᠲᠣᠰᠬᠤᠨ ᠤ ᠡᠷᠦᠬᠡ ᠶᠢᠨ ᠵᠣᠷᠯᠣᠩ ᠢ ᠥᠭᠡᠷᠡᠴᠢᠯᠡᠨ ᠰᠠᠶᠢᠵᠢᠷᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ︽ᠲᠠᠷᠢᠶᠠᠯᠠᠩ ᠤᠨ ᠭᠤᠷᠪᠠ᠂ ᠮᠠᠯᠵᠢᠯ ᠤᠨ ᠭᠤᠷᠪᠠ︾ ᠶᠢᠨ ᠠᠵᠢᠯ ᠢ ᠬᠦᠴᠦᠯᠡᠨ ᠰᠠᠶᠢᠲᠤᠷ ᠬᠢᠬᠦ ᠬᠡᠷᠡᠭᠲᠡᠢ᠃ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠶᠢ ᠲᠤᠪᠤᠶᠢᠢᠯᠭᠠᠨ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ︾ ᠭᠡᠬᠦ ᠣᠶᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠪᠣᠬᠢᠷᠲᠤᠯ ᠦᠭᠡᠢ ᠠᠮᠢ ᠠᠬᠤᠢ ᠶᠢ ᠬᠠᠳᠠᠭᠠᠯᠠᠨ᠂ ᠪᠣᠬᠢᠷᠲᠤᠯ ᠦᠭᠡᠢ ᠦᠢᠯᠡᠳᠪᠦᠷᠢᠯᠡᠯ ᠢ ᠠᠬᠢᠭᠤᠯᠵᠤ᠂ ᠪᠣᠬᠢᠷᠲᠤᠯ ᠦᠭᠡᠢ ᠠᠮᠢᠳᠤᠷᠠᠯ ᠢ ᠰᠠᠨᠠᠭᠠᠴᠢᠯᠠᠨ᠂ ᠪᠣᠬᠢᠷᠲᠤᠯ ᠦᠭᠡᠢ ᠬᠥᠭᠵᠢᠯᠲᠡ ᠶᠢᠨ ᠦᠯᠢᠭᠡᠷ ᠳᠠᠭᠤᠷᠢᠶᠠᠯ ᠢ ᠬᠦᠴᠦᠯᠡᠨ ᠪᠠᠶᠢᠭᠤᠯᠬᠤ ᠬᠡᠷᠡᠭᠲᠡᠢ᠃ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠲᠤᠪᠤᠶᠢᠢᠯᠭᠠᠵᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠦᠨᠳᠦᠰᠦᠨ ᠰᠢᠰᠲ᠋ᠧᠮ ᠢ ᠪᠦᠷᠢᠨᠰᠢᠬᠦᠯᠤᠨ᠂ ᠠᠷᠠᠳ ᠤᠨ ᠠᠮᠢᠳᠤᠷᠠᠯ ᠤᠨ ᠳᠤᠲᠠᠭᠤᠳᠠᠯ ᠢ ᠨᠥᠬᠦᠪᠥᠷᠢᠯᠡᠵᠦ᠂ ᠠᠷᠠᠳ ᠤᠨ ᠠᠮᠢᠳᠤᠷᠠᠯ ᠤᠨ ᠬᠦᠴᠢᠷ ᠠᠰᠠᠭᠤᠳᠠᠯ ᠢ ᠰᠢᠢᠳᠪᠦᠷᠢᠯᠡᠨ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠤᠨ᠂ ᠠᠷᠠᠳ ᠤᠯᠠᠨ ᠤ ᠠᠵᠠ ᠵᠢᠷᠭᠠᠯ ᠢ ᠬᠦᠴᠦᠯᠡᠨ ᠨᠡᠮᠡᠭᠳᠡᠭᠦᠯᠬᠦ ᠬᠡᠷᠡᠭᠲᠡᠢ᠃ ᠨᠡᠶᠢᠭᠡᠮ ᠤᠨ ᠵᠠᠰᠠᠯᠲᠠ ᠶᠢ ᠲᠤᠪᠤᠶᠢᠢᠯᠭᠠᠨ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠤᠨ ᠠᠬᠢᠭᠤᠯᠵᠤ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢ ᠬᠦᠴᠦᠯᠡᠨ ᠰᠡᠷᠭᠡᠶᠢᠯᠡᠨ ᠠᠷᠢᠯᠭᠠᠬᠤ ᠬᠡᠷᠡᠭᠲᠡᠢ᠃ ᠦᠨᠳᠦᠰᠦᠲᠡᠨ ᠤ ᠪᠦᠯᠬᠦᠮᠳᠡᠯ ᠢ ᠲᠤᠪᠤᠶᠢᠢᠯᠭᠠᠨ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠡᠭᠦᠳᠦᠨ ᠪᠠᠶᠢᠭᠤᠯᠤᠯᠲᠠ ᠶᠢ ᠭᠦᠨᠵᠡᠭᠡᠢ ᠠᠬᠢᠭᠤᠯᠤᠨ᠂ ᠦᠨᠳᠦᠰᠦᠲᠡᠨ ᠤ ᠠᠵᠢᠯ ᠢ ᠪᠦᠬᠦ ᠲᠠᠯ᠎ᠠ ᠪᠠᠷ ᠴᠢᠩᠭᠠᠳᠬᠠᠨ ᠰᠠᠶᠢᠵᠢᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠬᠦᠴᠦᠯᠡᠨ ᠪᠠᠲᠤ ᠴᠣᠭᠴᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠪᠦᠬᠦᠳᠠ ᠬᠤᠷᠠᠯ ᠠᠴᠠ᠂ ᠡᠷᠬᠡᠪᠰᠢ ᠨᠠᠮ ᠤᠨ ᠤᠬ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠪᠠᠲᠤ ᠴᠡᠭᠡᠵᠢᠯᠡᠬᠦ ᠪᠠ ᠦᠢᠯᠡᠳᠦᠯᠭᠡᠵᠢᠭᠦᠯᠵᠦ᠂ ᠨᠠᠮ ᠢ ᠬᠠᠮᠢᠶᠠᠷᠴᠤ ᠨᠠᠮ ᠢ ᠵᠠᠰᠠᠬᠤ ᠡᠯ᠎ᠡ ᠵᠦᠢᠯ ᠤᠨ ᠠᠵᠢᠯ ᠢ ᠴᠢᠩᠭ᠎ᠠ ᠪᠣᠳᠠᠲᠠᠢ ᠰᠠᠶᠢᠲᠤᠷ ᠬᠢᠬᠦ ᠬᠡᠷᠡᠭᠲᠡᠢ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠠᠳᠬᠤᠵᠤ᠂ ᠶᠡᠷᠦᠩᠬᠡᠢ ᠱᠦᠵᠢ ᠰᠢ ᠶᠢᠨ ᠫᠢᠩ ᠤᠨ ︽7.1︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠬᠤ ᠶᠢ ᠨᠠᠮ ᠤᠨ ᠲᠡᠦᠬᠡ ᠶᠢ ᠰᠤᠷᠤᠯᠴᠠᠬᠤ ᠲᠠᠢ ᠨᠢᠭᠲᠠ ᠤᠶᠠᠯᠳᠤᠭᠤᠯᠵᠤ᠂ ︽ᠪᠢ ᠤᠯᠠᠨ ᠲᠦᠮᠡᠨ ᠳᠤ ᠪᠤᠲᠠᠲᠦ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠪᠣᠳᠠᠲᠠᠢ ᠠᠳᠬᠤᠵᠤ ᠨᠠᠷᠢᠯᠢᠭ ᠠᠳᠬᠤᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ᠃ ᠦᠨᠳᠦᠰᠦᠨ ᠱᠠᠲᠤ ᠶᠢ ᠶᠡᠭᠡ ᠪᠠᠷ ᠠᠳᠬᠤᠬᠤ ᠢᠯᠡ ᠲᠣᠳᠣ ᠤᠳᠤᠷᠢᠳᠤᠮᠵᠢ ᠶᠢ ᠪᠠᠲᠤ ᠪᠣᠶ ᠪᠣᠯᠭᠠᠵᠤ᠂ ᠦᠨᠳᠦᠰᠦᠨ ᠱᠠᠲᠤᠨ ᠤ ᠳᠣᠷᠣᠢ ᠪᠠᠭᠤᠷᠠᠢ ᠰᠤᠯᠠ ᠵᠠᠳᠠᠭᠠᠢ ᠨᠠᠮ ᠤᠨ ᠵᠣᠬᠢᠶᠠᠨ ᠪᠠᠶᠢᠭᠤᠯᠤᠯᠲᠠ ᠶᠢ ᠦᠷᠭᠦᠯᠵᠢᠯᠡᠨ ᠴᠡᠭᠴᠡᠯᠡᠵᠦ᠂ ︽ᠲᠠᠪᠤᠨ ᠬᠦᠴᠦᠷᠬᠡᠭ ᠨᠠᠮ ᠤᠨ ᠡᠭᠦᠷ︾ ᠢ ᠡᠭᠦᠳᠦᠨ ᠪᠠᠶᠢᠭᠤᠯᠬᠤ ᠶᠢ ᠭᠦᠨᠵᠡᠭᠡᠶ ᠠᠬᠢᠭᠤᠯᠵᠤ᠂ ᠦᠨᠳᠦᠰᠦᠨ ᠱᠠᠲᠤᠨ ᠤ ᠰᠠᠭᠤᠷᠢ ᠶᠢ ᠦᠨᠡᠨ ᠬᠦ ᠪᠠᠬᠢᠵᠢᠭᠦᠯᠬᠦ ᠬᠡᠷᠡᠭᠲᠡᠶ᠃ ᠠᠵᠢᠯ ᠤᠨ ᠰᠤᠷᠲᠠᠯ ᠢᠶᠠᠨ ᠴᠥᠬᠦᠷᠡᠰᠢ ᠦᠭᠡᠢ ᠰᠠᠶᠢᠵᠢᠷᠠᠭᠤᠯᠵᠤ᠂ ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ ᠤᠬᠠᠮᠰᠠᠷ ᠢ ᠪᠠᠲᠤ ᠪᠤᠢ ᠪᠣᠯᠭᠠᠵᠤ᠂ ᠠᠳᠠᠯᠢᠳᠬᠠᠨ ᠰᠤᠷᠤᠯᠴᠠᠵᠤ ᠭᠦᠢᠴᠡᠨ ᠳᠠᠪᠠᠭ᠋ᠤ᠂ ᠳᠡᠰ ᠳᠡᠪᠰᠢᠬᠦ ᠠᠮᠢᠳᠤᠯᠢᠭ ᠪᠠᠶᠢᠳᠠᠯ ᠢ ᠪᠤᠢ ᠪᠣᠯᠭᠠᠬᠤ ᠬᠡᠷᠡᠭᠲᠡᠢ᠃ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠤᠬᠴᠠᠵᠢᠭᠤᠯᠤᠨ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠬᠦᠴᠦᠯᠡᠨ ᠪᠤᠢ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃      ᠪᠥᠬᠦᠳᠡ ᠬᠤᠷᠠᠯ ᠠᠴᠠ᠂ ᠪᠥᠬᠦ ᠬᠤᠲᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠨᠠᠮ ᠤᠨ ᠲᠥᠪ ᠬᠤᠷᠢᠶᠠᠨ ᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠰᠢᠨ᠎ᠡ ᠴᠠᠭ ᠦᠶ᠎ᠡ ᠰᠢᠨ᠎ᠡ ᠠᠶᠠᠨ ᠳᠤ ᠤᠯᠠᠭᠠᠨᠴᠠᠪ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠦᠶ᠎ᠡ ᠭᠡᠵᠦ ᠤᠷᠢᠶᠠᠯᠠᠪᠠ︕
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2