ᠤᠯᠠᠭᠠᠨᠴᠠᠪ ᠵᠠᠰᠠᠭ ᠥᠰᠥᠭ 〔2021〕13 ᠳ᠋ᠤᠭᠠᠷ ᠲᠣᠭᠠᠲᠤ | | | | ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ︽ᠭᠠᠯ ᠤᠨᠲᠠᠷᠠᠭᠠᠬᠤ ᠠᠵᠢᠯ ᠢ ᠤᠯᠠᠮ ᠨᠢᠭᠡ | ᠠᠯᠬᠤᠮ ᠴᠢᠩᠭᠠᠳᠬᠠᠨ ᠰᠠᠶᠢᠵᠢᠷᠠᠭᠤᠯᠬᠤ ᠲᠤᠬᠠᠶ ᠰᠠᠨᠠᠯ︾ ᠢ ᠳᠠᠷᠤᠮᠠᠯᠯᠠᠨ ᠶᠠᠪᠤᠭᠤᠯᠬᠤ ᠮᠡᠳᠡᠭᠳᠡᠯ | | ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ | ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄ | ︽ᠭᠠᠯ ᠤᠨᠲᠠᠷᠠᠭᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠬᠤ ᠲᠤᠬᠠᠶ ᠰᠠᠨᠠᠯ︾ ᠢ | ᠬᠤᠲᠠ ᠶᠢᠨ ᠵᠠᠰᠠᠭ ᠤᠨ ᠣᠷᠳᠣᠨ ᠤ 2021 ᠣᠨ ᠤ ᠳᠣᠯᠣᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ | ᠬᠢᠨᠠᠨ ᠵᠥᠪᠯᠡᠵᠦ ᠪᠠᠲᠤᠯᠠᠭᠠᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠲᠤᠭᠤᠰᠢᠯᠠᠭᠤᠯᠤᠨ | ᠨᠠᠶᠢᠳᠠᠪᠤᠷᠢᠵᠢᠭᠤᠯᠲᠤᠭᠠᠶ᠃ | | 2021 ᠣᠨ ᠤ 7 ᠰᠠᠷ᠎ᠠ ᠶᠢᠨ 2 ᠤᠨ ᠡᠳᠦᠷ | | | ᠭᠠᠯ ᠤᠨᠲᠠᠷᠠᠭᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠬᠤ ᠲᠤᠬᠠᠶ ᠰᠠᠨᠠᠯ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠯ ᠤᠨᠲᠠᠷᠠᠭᠠᠬᠤ ᠬᠠᠤᠯᠢ︾ ᠪᠠ ᠲᠥᠷᠦ ᠶᠢᠨ | ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ︽ᠭᠠᠯ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠤᠨ ᠬᠡᠷᠡᠭᠵᠢᠭᠦᠯᠬᠦ ᠠᠷᠭ᠎ᠠ︾ | ︵ᠥᠪᠥᠷ ᠵᠠᠰᠠᠭ ᠠᠯᠪᠠᠨ ᠲᠠᠷᠬᠠᠭᠠᠭᠰᠠᠨ〔2020〕29 ᠳ᠋ᠦ᠋ᠭᠡᠷ ᠲᠣᠭᠠᠲᠤ︶ ᠵᠡᠷᠭᠡ ᠭᠠᠯ ᠤᠨᠲᠠᠷᠠᠭᠠᠬᠤ | ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠭᠠᠯ ᠤᠨᠲᠠᠷᠠᠭᠠᠬᠤ ᠠᠵᠢᠯ ᠢ ᠰᠠᠶᠢᠲᠤᠷ ᠠᠳᠬᠤᠬᠤ ᠲᠤᠬᠠᠢ ᠰᠢᠷᠢᠰ ᠪᠠᠶᠢᠷᠢᠯᠠᠭᠤᠯᠤᠯᠲᠠ ᠶᠢᠨ | ᠱᠠᠭᠠᠷᠳᠠᠯᠭ᠎ᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠮᠠᠨ ᠤ ᠬᠤᠲᠠ ᠶᠢᠨ ᠭᠠᠯ ᠤᠨᠲᠠᠷᠠᠭᠠᠬᠤ | ᠠᠵᠢᠯ ᠢ ᠤᠯᠠᠮ ᠨᠢᠭᠡ ᠠᠯᠬᠤᠮ ᠴᠢᠩᠭᠠᠳᠬᠠᠨ᠂ ᠪᠦᠬᠦ ᠬᠤᠲᠠ ᠶᠢᠨ ᠭᠠᠯ ᠤᠨᠲᠠᠷᠠᠭᠠᠬᠤ ᠵᠠᠰᠠᠯᠲᠠ ᠶᠢᠨ | ᠴᠢᠳᠠᠪᠤᠷᠢ ᠶᠢ ᠳᠡᠭᠡᠭᠰᠢᠯᠡᠭᠦᠯᠵᠦ᠂ ᠭᠠᠯ ᠤᠨ ᠠᠶᠤᠯ ᠢ ᠪᠦᠲᠦᠮᠵᠢᠲᠡᠢ ᠰᠡᠷᠭᠡᠶᠢᠯᠡᠬᠦ ᠪᠠ ᠭᠠᠯ ᠤᠨ ᠠᠶᠤᠯ ᠤᠨ | ᠬᠥᠨᠥᠭᠡᠯ ᠢ ᠪᠠᠭᠠᠰᠬᠠᠬᠤ ᠶᠢᠨ ᠲᠤᠰᠠᠳᠠ᠂ ᠪᠦᠬᠦ ᠬᠤᠲᠠ ᠶᠢᠨ ᠭᠠᠯ ᠤᠨᠲᠠᠷᠠᠭᠠᠬᠤ ᠠᠵᠢᠯ ᠢ ᠤᠯᠠᠮ ᠨᠢᠭᠡ ᠠᠯᠬᠤᠮ | ᠴᠢᠩᠭᠠᠳᠬᠠᠨ ᠰᠠᠶᠢᠵᠢᠷᠠᠭᠤᠯᠬᠤ ᠲᠤᠬᠠᠢ ᠳᠣᠣᠷᠠᠬᠢ ᠮᠡᠲᠦ ᠰᠠᠨᠠᠯ ᠢ ᠳᠤᠷᠠᠳᠪᠠ᠄ | ᠨᠢᠭᠡ᠂ ᠭᠠᠯ ᠤᠨᠲᠠᠷᠠᠭᠠᠬᠤ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ ᠬᠡᠷᠡᠭᠲᠡᠶ᠃ | ᠡᠯ᠎ᠡ ᠱᠠᠲᠤᠨ ᠤ ᠵᠠᠰᠠᠭ ᠤᠨ ᠣᠷᠳᠣᠨ ᠲᠤᠰ ᠵᠠᠰᠠᠭ ᠵᠠᠬᠢᠷᠭᠠᠨ ᠤ ᠣᠷᠣᠨ ᠤ ᠪᠠᠨ ᠭᠠᠯ ᠤᠨᠲᠠᠷᠠᠭᠠᠬᠤ ᠠᠵᠢᠯ ᠢ | ᠪᠦᠬᠦ ᠲᠠᠯ᠎ᠠ ᠪᠠᠷ ᠬᠠᠷᠢᠭᠤᠴᠠᠵᠤ᠂ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ ᠪᠣᠯ ᠨᠢᠭᠡᠳᠦᠭᠡᠷ | ᠬᠠᠷᠢᠭᠤᠴᠠᠯᠭ᠎ᠠ ᠡᠭᠦᠷᠭᠡᠯᠡᠭᠴᠢ᠂ ᠪᠠᠶᠢᠩᠭᠤ ᠶᠢᠨ ᠳᠡᠳ᠋ ᠲᠤᠰᠢᠶᠠᠯ ᠤᠨ ᠤᠳᠤᠷᠢᠳᠤᠯᠭ᠎ᠠ ᠪᠣᠯ ᠭᠤᠣᠯ ᠬᠠᠷᠢᠭᠤᠴᠠᠯᠭ᠎ᠠ | ᠡᠭᠦᠷᠭᠡᠯᠡᠭᠴᠢ ᠪᠣᠯᠬᠤ ᠪᠥᠭᠡᠳ ᠭᠠᠯ ᠤᠨᠲᠠᠷᠠᠭᠠᠬᠤ ᠠᠵᠢᠯ ᠢ ᠪᠣᠳᠠᠲᠠᠶ ᠬᠤᠪᠢᠳᠠᠨ ᠬᠠᠮᠢᠶᠠᠷᠤᠨ᠎ᠠ᠃ ᠭᠠᠯ | ᠤᠨᠲᠠᠷᠠᠭᠠᠬᠤ ᠠᠵᠢᠯ ᠤᠨ ᠬᠤᠷᠠᠯᠳᠤᠭᠠᠨ ᠢ ᠵᠢᠯ ᠪᠦᠷᠢ ᠬᠤᠷᠠᠯᠳᠤᠭᠤᠯᠵᠤ᠂ ᠵᠠᠰᠠᠭ ᠤᠨ ᠣᠷᠳᠣᠨ ᠤ ᠪᠠᠶᠢᠩᠭᠤ ᠶᠢᠨ | ᠬᠤᠷᠠᠯ ᠢ ᠬᠠᠭᠠᠰ ᠵᠢᠯ ᠪᠦᠷᠢ ᠬᠤᠷᠠᠯᠳᠤᠭᠤᠯᠵᠤ᠂ ᠲᠤᠰᠬᠠᠶ ᠰᠡᠳᠦᠪᠲᠦ ᠬᠤᠷᠠᠯ ᠢ ᠴᠠᠭ ᠲᠤᠬᠠᠶ ᠳᠤᠨᠢ | ᠬᠤᠷᠠᠯᠳᠤᠭᠤᠯᠵᠤ᠂ ᠭᠠᠯ ᠤᠨᠲᠠᠷᠠᠭᠠᠬᠤ ᠠᠵᠢᠯ ᠢ ᠰᠤᠳᠤᠯᠤᠨ ᠪᠠᠶᠢᠷᠢᠯᠠᠭᠤᠯᠤᠨ᠎ᠠ᠃ ᠭᠠᠯ ᠤᠨᠲᠠᠷᠠᠭᠠᠵᠤ | ᠠᠶᠤᠯ ᠠᠴᠠ ᠬᠠᠮᠠᠭᠠᠯᠠᠬᠤ ᠪᠠᠶᠢᠴᠠᠭᠠᠯᠲᠠ ᠶᠢ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ ᠬᠠᠭᠠᠰ ᠵᠢᠯ ᠪᠦᠷᠢ | ᠨᠢᠭᠡ ᠤᠳᠠᠭ᠎ᠠ᠂ ᠬᠤᠪᠢᠳᠠᠨ ᠬᠠᠮᠢᠶᠠᠷᠴᠤ ᠪᠥᠬᠦᠢ ᠬᠠᠷᠢᠭᠤᠴᠠᠯᠭᠠᠲᠠᠨ ᠤᠯᠠᠷᠢᠯ ᠪᠦᠷᠢ ᠨᠢᠭᠡ ᠤᠳᠠᠭ᠎ᠠ | ᠥᠷᠨᠢᠭᠦᠯᠦᠨ᠎ᠡ᠃ ᠭᠠᠯ ᠤᠨᠲᠠᠷᠠᠭᠠᠬᠤ ᠠᠵᠢᠯ ᠢ ᠡᠳᠦᠷ ᠲᠤᠲᠤᠮ ᠤᠨ ᠪᠠᠶᠢᠴᠠᠭᠠᠯᠲᠠ᠂ ᠵᠠᠰᠠᠭ ᠤᠨ ᠶᠠᠪᠤᠳᠠᠯ ᠢ | ᠰᠢᠮᠳᠠᠭᠤᠯᠤᠨ ᠪᠠᠶᠢᠴᠠᠭᠠᠬᠤ ᠪᠠ ᠤᠳᠤᠷᠢᠳᠬᠤ ᠪᠠᠭ᠂ ᠺᠠᠳ᠋ᠷ ᠤᠨ ᠪᠣᠳᠠᠲᠤ ᠠᠮᠵᠢᠯᠲᠠ ᠶᠢ ᠬᠢᠨᠠᠨ ᠰᠢᠯᠭᠠᠬᠤ | ᠴᠢᠬᠤᠯᠠ ᠠᠭᠤᠯᠭ᠎ᠠ ᠳᠤ ᠣᠷᠣᠭᠤᠯᠵᠤ᠂ ᠵᠢᠯ ᠪᠦᠷᠢ ᠭᠠᠯ ᠤᠨᠲᠠᠷᠠᠭᠠᠬᠤ ᠠᠵᠢᠯ ᠤᠨ ᠬᠢᠨᠠᠨ ᠰᠢᠯᠭᠠᠬᠤ ᠶᠢ ᠵᠣᠬᠢᠶᠠᠨ | ᠪᠠᠶᠢᠭᠤᠯᠵᠤ᠂ ᠬᠢᠨᠠᠨ ᠰᠢᠯᠭᠠᠭᠰᠠᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠨ᠎ᠠ᠃ ᠭᠠᠯ ᠤᠨᠲᠠᠷᠠᠭᠠᠬᠤ ᠠᠮᠤᠷ | ᠲᠦᠪᠰᠢᠨ ᠤ ᠵᠥᠪᠯᠡᠯ ᠢ ᠪᠤᠲᠠᠲᠠᠶᠢᠵᠢᠭᠤᠯᠤᠨ ᠠᠵᠢᠯᠯᠠᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠡᠭᠦᠷᠭᠡ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠠᠢ᠃ | ᠬᠤᠶᠠᠷ᠂ ᠠᠵᠢᠯ ᠲᠥᠷᠥᠯ ᠤᠨ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ | ᠴᠢᠩᠭᠠᠷᠠᠭᠤᠯᠤᠨ ᠬᠡᠷᠡᠭᠵᠢᠭᠦᠯᠬᠦ ᠬᠡᠷᠡᠭᠲᠠᠢ᠃ ᠡᠯ᠎ᠡ ᠰᠠᠯᠠᠭ᠎ᠠ ᠮᠥᠴᠢᠷ ᠤᠳ ︽ᠠᠵᠢᠯ ᠲᠥᠷᠥᠯ ᠢ ᠬᠠᠮᠢᠶᠠᠷᠬᠤ ᠳᠤ | ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ | ᠲᠦᠪᠰᠢᠨ ᠢ ᠬᠠᠮᠢᠶᠠᠷᠬᠤ᠂ ᠦᠶᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ | ᠬᠠᠮᠢᠶᠠᠷᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠤᠯ ᠤᠳᠤᠷᠢᠳᠤᠯᠭ᠎ᠠ ᠶᠡᠷᠦᠩᠬᠡᠶ | ᠬᠠᠷᠢᠭᠤᠴᠠᠯᠭ᠎ᠠ ᠡᠭᠦᠷᠭᠡᠯᠡᠵᠦ᠂ ᠨᠢᠭᠡᠳᠦᠭᠡᠷ ᠲᠤᠰᠢᠶᠠᠯ ᠤᠨ ᠤᠳᠤᠷᠢᠳᠤᠯᠭ᠎ᠠ ᠭᠠᠯ ᠤᠨᠲᠠᠷᠠᠭᠠᠬᠤ ᠠᠵᠢᠯ ᠢ ᠬᠤᠪᠢᠳᠠᠨ | ᠬᠠᠮᠢᠶᠠᠷᠴᠤ᠂ 2 — 3 ᠨᠡᠷᠡᠰ ᠭᠠᠯ ᠤᠨᠲᠠᠷᠠᠭᠠᠬᠤ ᠲᠤᠰᠬᠠᠶ ᠲᠤᠰᠢᠶᠠᠯᠲᠠᠨ ᠲᠣᠭᠲᠠᠭᠠᠵᠤ᠂ ᠲᠣᠰ ᠠᠵᠢᠯ ᠲᠥᠷᠥᠯ | ᠂ ᠲᠣᠰ ᠰᠢᠰᠲ᠋ᠧᠮ ᠤᠨ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠬᠠᠤᠯᠢ ᠲᠣᠭᠲᠠᠭᠠᠯ ᠶᠣᠰᠣᠭᠠᠷ ᠰᠠᠶᠢᠲᠤᠷ | ᠬᠢᠨ᠎ᠡ᠃ ᠲᠤᠰ ᠠᠵᠢᠯ ᠲᠥᠷᠥᠯ᠂ ᠲᠤᠰ ᠰᠢᠰᠲ᠋ᠧᠮ ᠤᠨ ᠣᠨᠴᠠᠯᠢᠭ ᠢ ᠦᠨᠳᠦᠰᠦᠯᠡᠨ᠂ ᠭᠠᠯ ᠤᠨ ᠠᠶᠤᠯ ᠠᠴᠠ | ᠰᠡᠷᠭᠡᠶᠢᠯᠡᠬᠦ ᠶᠢ ᠠᠵᠢᠯ ᠲᠥᠷᠥᠯ ᠤᠨ ᠠᠶᠤᠯ ᠦᠭᠡᠶ ᠦᠢᠯᠡᠳᠪᠦᠷᠢᠯᠡᠯ ᠤᠨ ᠲᠥᠷᠥ ᠶᠢᠨ ᠪᠣᠳᠣᠯᠭ᠎ᠠ ᠶᠢᠨ ᠲᠣᠭᠲᠠᠭᠠᠯ | ᠂ ᠲᠥᠯᠥᠪᠵᠢᠭᠦᠯᠭᠡ ᠶᠢᠨ ᠲᠥᠯᠥᠪᠯᠡᠭᠡ ᠵᠢᠴᠢ ᠡᠳᠦᠷ ᠲᠤᠲᠤᠮ ᠤᠨ ᠬᠠᠮᠢᠶᠠᠷᠤᠯᠲᠠ᠂ ᠲᠤᠬᠠᠶᠢᠯᠠᠭᠰᠠᠨ ᠠᠵᠢᠯ ᠤᠨ | ᠪᠠᠶᠢᠴᠠᠭᠠᠯᠲᠠ᠂ ᠬᠢᠨᠠᠨ ᠰᠢᠯᠭᠠᠵᠤ ᠠᠳᠠᠯᠢᠳᠬᠠᠨ ᠰᠢᠯᠭᠠᠷᠠᠭᠤᠯᠬᠤ ᠵᠡᠷᠭᠡ ᠠᠵᠢᠯ ᠳᠤ ᠣᠷᠣᠭᠤᠯᠵᠤ᠂ ᠠᠵᠢᠯ | ᠲᠥᠷᠥᠯ ᠤᠨ ᠭᠠᠯ ᠤᠨ ᠠᠶᠤᠯ ᠠᠴᠠ ᠰᠡᠷᠭᠡᠶᠢᠯᠡᠬᠦ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠵᠠᠳᠠᠯᠤᠨ᠂ ᠭᠠᠯ | ᠤᠨ ᠠᠶᠤᠯ ᠠᠴᠠ ᠰᠡᠷᠭᠡᠶᠢᠯᠡᠬᠦ ᠪᠠᠶᠢᠴᠠᠭᠠᠯᠲᠠ ᠵᠠᠰᠠᠯᠲᠠ ᠶᠢ ᠴᠢᠭᠯᠡᠭᠦᠯᠬᠦ ᠴᠢᠨᠠᠷᠲᠠᠶ ᠪᠠᠷ ᠥᠷᠨᠢᠭᠦᠯᠵᠦ᠂ ᠭᠠᠯ ᠤᠨ | ᠠᠶᠤᠯ ᠤᠨ ᠳᠠᠯᠳᠠ ᠭᠡᠮ ᠢ ᠴᠠᠭ ᠲᠤᠬᠠᠶ ᠳᠤ ᠨᠢ ᠠᠷᠢᠯᠭᠠᠨ᠎ᠠ᠃ ᠰᠤᠷᠭᠠᠨ ᠬᠥᠮᠦᠵᠢᠯ᠂ ᠣᠷᠣᠨ ᠰᠠᠭᠤᠴᠠ ᠪᠠ | ᠪᠦᠲᠦᠭᠡᠨ ᠪᠠᠶᠢᠭᠤᠯᠤᠯᠲᠠ᠂ ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠰᠣᠶᠣᠯ ᠪᠠ | ᠵᠢᠭᠤᠯᠴᠢᠯᠠᠯ᠂ ᠴᠢᠮᠡᠭᠡ ᠬᠤᠯᠪᠣᠭ᠎ᠠ᠂ ᠰᠢᠤᠳᠠᠨ᠂ ᠮᠥᠩᠭᠦᠨ ᠭᠦᠶᠯᠭᠡᠭᠡᠨ ᠵᠡᠷᠭᠡ ᠭᠤᠤᠯᠳᠠᠯᠭ᠎ᠠ ᠲᠠᠢ ᠠᠵᠢᠯ | ᠲᠥᠷᠥᠯ ᠤᠨ ᠰᠠᠯᠠᠭ᠎ᠠ ᠮᠥᠴᠢᠷ ᠵᠢᠴᠢ ᠴᠢᠯᠠᠭᠤᠨ ᠲᠣᠰᠣ᠂ ᠴᠠᠬᠢᠯᠭᠠᠨ ᠬᠦᠴᠦᠨ ᠵᠡᠷᠭᠡ ᠠᠵᠢᠯ ᠲᠥᠷᠥᠯ ᠤᠨ | ᠬᠠᠮᠢᠶᠠᠷᠤᠯᠲᠠ ᠶᠢᠨ ᠰᠢᠨᠵᠢ ᠴᠢᠨᠠᠷ ᠲᠠᠢ ᠠᠵᠤ ᠠᠬᠤᠶᠢᠯᠠᠯ ᠤᠳ ᠲᠤᠰ ᠠᠵᠢᠯ ᠲᠥᠷᠥᠯ ᠤᠨ ᠰᠢᠰᠲ᠋ᠧᠮ ᠳᠡᠭᠡᠨ ᠭᠠᠯ | ᠤᠨᠲᠠᠷᠠᠭᠠᠵᠤ ᠠᠶᠤᠯ ᠠᠴᠠ ᠬᠠᠮᠠᠭᠠᠯᠠᠬᠤ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢ ᠪᠦᠬᠦ ᠲᠠᠯ᠎ᠠ ᠪᠠᠷ ᠶᠠᠪᠤᠭᠤᠯᠬᠤ | ᠬᠡᠷᠡᠭᠲᠡᠶ᠃ | ᠭᠤᠷᠪᠠ᠂ ᠦᠨᠳᠦᠰᠦᠨ ᠱᠠᠲᠤᠨ ᠤ ᠭᠠᠯ ᠤᠨ ᠠᠶᠤᠯ ᠠᠴᠠ ᠰᠡᠷᠭᠡᠶᠢᠯᠡᠬᠦ ᠵᠠᠰᠠᠯᠲᠠ ᠶᠢ ᠴᠢᠩᠭᠠᠷᠠᠭᠤᠯᠬᠤ | ᠬᠡᠷᠡᠭᠲᠡᠶ᠃ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ ᠤᠨ ᠭᠤᠤᠯ ᠬᠠᠷᠢᠭᠤᠴᠠᠯᠭᠠᠲᠠᠨ ᠨᠢ ᠭᠠᠯ ᠰᠡᠷᠭᠡᠶᠢᠯᠡᠯᠲᠡ ᠶᠢᠨ ᠠᠵᠢᠯ ᠤᠨ ᠭᠤᠤᠯ | ᠬᠠᠷᠢᠭᠤᠴᠠᠯᠭᠠᠲᠠᠨ ᠪᠠᠶᠢᠵᠤ᠂ ᠨᠢᠭᠡᠳᠦᠭᠡᠷ ᠳᠡᠳ᠋ ᠲᠤᠰᠢᠶᠠᠯ ᠤᠨ ᠤᠳᠤᠷᠢᠳᠤᠯᠭ᠎ᠠ ᠨᠢ ᠭᠠᠯ ᠰᠡᠷᠭᠡᠶᠢᠯᠡᠯᠲᠡ ᠶᠢᠨ | ᠠᠵᠢᠯ ᠢ ᠬᠤᠪᠢᠳᠠᠨ ᠬᠠᠮᠢᠶᠠᠷᠴᠤ᠂ 2 — 3 ᠨᠡᠷᠡᠰ ᠭᠠᠯ ᠰᠡᠷᠭᠡᠶᠢᠯᠡᠯᠲᠡ ᠶᠢᠨ ᠵᠠᠰᠠᠭᠴᠢ ᠶᠢ ᠲᠣᠭᠲᠠᠭᠠᠨ᠂ ᠲᠣᠰ | ᠭᠠᠵᠠᠷ ᠣᠷᠣᠨ ᠤ ᠭᠠᠯ ᠤᠨ ᠠᠶᠤᠯ ᠠᠴᠠ ᠰᠡᠷᠭᠡᠶᠢᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠭᠠᠯ | ᠤᠨᠲᠠᠷᠠᠭᠠᠬᠤ ᠠᠵᠢᠯ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠪᠠᠶᠢᠭᠤᠯᠤᠨ᠂ ᠭᠠᠯ ᠤᠨ ᠠᠶᠤᠯ ᠠᠴᠠ | ᠰᠡᠷᠭᠡᠶᠢᠯᠡᠬᠦ ᠶᠢ ᠶᠡᠷᠦᠩᠬᠡᠶᠢᠯᠡᠭᠰᠡᠨ ᠲᠤᠤᠷᠴᠢᠯᠠᠭᠰᠠᠨ ᠬᠠᠮᠢᠶᠠᠷᠤᠯᠲᠠ ᠳᠤ ᠣᠷᠣᠭᠤᠯᠵᠤ᠂ ᠠᠵᠢᠯ ᠤᠨ ᠡᠭᠡᠯᠵᠢᠲᠦ | ᠬᠤᠷᠠᠯ᠂ ᠭᠠᠯ ᠤᠨᠲᠠᠷᠠᠭᠠᠬᠤ ᠪᠠᠶᠢᠴᠠᠭᠠᠯᠲᠠ ᠶᠢ ᠪᠠᠶᠢᠩᠭᠤᠵᠢᠭᠤᠯᠬᠤ᠂ ᠤᠬᠠᠭᠤᠯᠤᠨ ᠪᠣᠯᠪᠠᠰᠤᠷᠠᠭᠤᠯᠬᠤ ᠵᠡᠷᠭᠡ | ᠲᠥᠷᠢᠮ ᠪᠣᠯᠤᠨ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠨᠠᠶᠢᠳᠠᠪᠤᠷᠢᠵᠢᠭᠤᠯᠵᠤ᠂ ᠡᠪᠦᠯ ᠬᠠᠪᠤᠷ ᠤᠨ | ᠬᠠᠭᠤᠷᠠᠢ ᠤᠯᠠᠷᠢᠯ᠂ ᠴᠢᠬᠤᠯᠠ ᠶᠡᠭᠡ ᠪᠠᠶᠠᠷ ᠳᠤᠷᠠᠰᠬᠠᠯ ᠠᠮᠠᠷᠠᠯᠲᠠ ᠶᠢᠨ ᠡᠳᠦᠷ᠂ ᠲᠠᠷᠢᠶᠠᠯᠠᠩ ᠤᠨ | ᠬᠤᠷᠢᠶᠠᠯᠲᠠ ᠶᠢᠨ ᠤᠯᠠᠷᠢᠯ ᠵᠡᠷᠭᠡ ᠲᠤ ᠪᠠᠶᠢᠴᠠᠭᠠᠬᠤ᠂ ᠲᠣᠭᠤᠷᠢᠨ ᠪᠠᠶᠢᠴᠠᠭᠠᠬᠤ ᠳᠠᠪᠲᠠᠮᠵᠢ ᠪᠠᠨ ᠨᠡᠮᠡᠭᠳᠡᠭᠦᠯᠬᠦ | ᠬᠡᠷᠡᠭᠲᠡᠢ᠃ ᠭᠠᠴᠠᠭ᠎ᠠ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ︵ᠨᠡᠶᠢᠭᠡᠮ | ᠲᠣᠭᠤᠷᠢᠭ︶ ᠨᠢ 2 — 3 ᠭᠠᠯ ᠤᠨ ᠠᠶᠤᠯ ᠠᠴᠠ ᠰᠡᠷᠭᠡᠶᠢᠯᠡᠬᠦ ᠬᠠᠮᠢᠶᠠᠷᠤᠭᠴᠢ ᠶᠢ ᠲᠣᠭᠲᠠᠭᠠᠨ᠂ ᠰᠠᠭᠤᠭᠠᠯᠢ | ᠠᠷᠠᠳ ᠤᠨ ︽ᠭᠠᠯ ᠤᠨ ᠠᠶᠤᠯ ᠠᠴᠠ ᠰᠡᠷᠭᠡᠶᠢᠯᠡᠬᠦ ᠨᠡᠶᠢᠲᠡ ᠶᠢᠨ ᠭᠡᠷ᠎ᠡ︾ ᠶᠢ ᠵᠢᠷᠤᠮᠯᠠᠬᠤ ᠶᠢ ᠰᠢᠮᠳᠠᠭᠤᠯᠵᠤ᠂ | ᠣᠯᠠᠨ ᠲᠦᠮᠡᠨᠴᠢ ᠴᠢᠨᠠᠷᠲᠠᠶ ᠭᠠᠯ ᠤᠨᠲᠠᠷᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠳᠣᠲᠣᠭᠠᠳᠤ ᠶᠢ | ᠬᠠᠮᠠᠭᠠᠯᠠᠬᠤ ᠲᠣᠮᠢᠯᠠᠭᠰᠠᠨ ᠰᠠᠯᠪᠤᠷᠢ ᠨᠢ ᠭᠠᠯ ᠤᠨᠲᠠᠷᠠᠭᠠᠬᠤ ᠬᠢᠨᠠᠯᠲᠠ ᠪᠠᠶᠢᠴᠠᠭᠠᠯᠲᠠ ᠪᠣᠯᠤᠨ ᠤᠬᠠᠭᠤᠯᠭ᠎ᠠ | ᠬᠥᠮᠦᠵᠢᠯ ᠢ ᠬᠠᠤᠯᠢ ᠶᠣᠰᠣᠭᠠᠷ ᠶᠠᠪᠤᠭᠳᠠᠭᠤᠯᠬᠤ ᠬᠡᠷᠡᠭᠲᠡᠶ᠃ | ᠳᠥᠷᠪᠡ᠂ ᠬᠦᠨᠳᠦ ᠨᠣᠴᠢᠲᠠᠢ ᠭᠠᠯ ᠤᠨ ᠠᠶᠤᠯ ᠠᠴᠠ ᠰᠡᠷᠭᠡᠶᠢᠯᠡᠬᠦ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ | ᠬᠡᠷᠡᠭᠲᠡᠶ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠯ ᠪᠦᠷᠢ ᠲᠤᠰ ᠭᠠᠵᠠᠷ ᠣᠷᠣᠨ ᠤ ᠪᠠᠨ ᠭᠠᠯ ᠤᠨ | ᠠᠶᠤᠯ ᠠᠴᠠ ᠰᠡᠷᠭᠡᠶᠢᠯᠡᠬᠦ ᠪᠠᠶᠢᠳᠠᠯ ᠳᠤ ᠨᠢᠭᠡ ᠤᠳᠠᠭ᠎ᠠ ᠵᠠᠳᠠᠯᠤᠯᠲᠠ ᠦᠨᠡᠯᠡᠯᠲᠡ ᠬᠢᠵᠦ᠂ ᠬᠦᠨᠳᠦ ᠨᠣᠴᠢᠲᠠᠢ | ᠲᠦᠭᠰᠢᠭᠦᠷᠢ ᠪᠣᠯᠤᠨ ᠳᠣᠪᠤᠶᠢᠮ᠎ᠠ ᠠᠰᠠᠭᠤᠳᠠᠯ ᠢ ᠣᠨᠣᠪᠴᠢᠲᠠᠶ ᠡᠷᠢᠨ ᠣᠯᠵᠤ᠂ ᠴᠢᠭᠯᠡᠭᠦᠯᠬᠦ ᠴᠢᠨᠠᠷᠲᠠᠶ ᠰᠡᠷᠭᠡᠶᠢᠯᠡᠨ | ᠬᠢᠵᠠᠭᠠᠷᠯᠠᠬᠤ ᠠᠷᠭ᠎ᠠ ᠬᠡᠮᠵᠢᠶ᠎ᠡ ᠪᠠᠨ ᠲᠣᠭᠲᠠᠭᠠᠨ ᠨᠠᠶᠢᠳᠠᠪᠤᠷᠢᠵᠢᠭᠤᠯᠵᠤ᠂ ᠭᠤᠷᠪᠠᠨ ᠵᠢᠯ ᠤᠨ ᠲᠤᠰᠬᠠᠶ ᠴᠡᠭᠴᠡᠯᠡᠨ | ᠵᠠᠰᠠᠭᠰᠠᠨ ᠦᠷ᠎ᠡ ᠪᠦᠲᠦᠭᠡᠯ ᠢᠶᠠᠨ ᠪᠠᠬᠢᠵᠢᠭᠦᠯᠦᠨ᠎ᠡ᠃ ᠥᠨᠳᠥᠷ ᠪᠠᠷᠢᠯᠭ᠎ᠠ᠂ ᠲᠣᠮᠣ ᠬᠡᠯᠪᠡᠷᠢ ᠶᠢᠨ ᠬᠤᠳᠠᠯᠳᠤᠭᠠᠨ ᠤ | ᠶᠡᠷᠦᠩᠬᠡᠶᠢᠯᠡᠭᠰᠡᠨ ᠴᠣᠭᠴᠠ᠂ ᠠᠶᠤᠯᠲᠠᠶ ᠬᠢᠮᠢ ᠶᠢᠨ ᠡᠳ᠋ ᠤᠨ ᠠᠵᠤ ᠠᠬᠤᠶᠢᠯᠠᠯ᠂ ᠲᠡᠦᠬᠡ ᠶᠢᠨ ᠳᠤᠷᠠᠰᠬᠠᠯᠲᠤ | ᠵᠦᠶᠯᠡᠰ᠂ ᠡᠷᠲᠡᠨ ᠤ ᠪᠠᠷᠢᠯᠭ᠎ᠠ᠂ ᠤᠨᠳᠤᠤ ᠭᠠᠵᠠᠷ ᠨᠡᠭᠦᠯᠭᠡᠨ ᠶᠠᠳᠠᠭᠤ ᠶᠢ ᠲᠡᠳᠬᠦᠵᠦ ᠲᠥᠪᠬᠢᠨᠡᠭᠦᠯᠬᠦ ᠴᠢᠭ ᠵᠡᠷᠭᠡ | ᠭᠤᠤᠯᠳᠠᠯᠭ᠎ᠠ ᠲᠠᠢ ᠲᠠᠯᠠᠪᠤᠷ ᠲᠤ ᠴᠢᠭᠯᠡᠭᠦᠯᠦᠨ ᠲᠤᠰᠬᠠᠶ ᠴᠡᠭᠴᠡᠯᠡᠨ ᠵᠠᠰᠠᠬᠤ ᠶᠢ ᠬᠡᠷᠡᠭᠵᠢᠭᠦᠯᠵᠦ᠂ ᠭᠠᠯ ᠤᠨ | ᠭᠠᠮᠰᠢᠭ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ | ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ᠂ ᠬᠤᠲᠠ ᠶᠢᠨ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ᠂ ᠭᠠᠯ ᠤᠨᠲᠠᠷᠠᠭᠠᠬᠤ ᠵᠡᠷᠭᠡ | ᠰᠠᠯᠠᠭ᠎ᠠ ᠮᠥᠴᠢᠷ ᠤᠳ ᠨᠢᠭᠲᠠ ᠬᠠᠮᠵᠢᠯᠴᠠᠵᠤ᠂ ᠭᠠᠯ ᠤᠨᠲᠠᠷᠠᠭᠠᠬᠤ ᠠᠮᠢ ᠨᠠᠰᠤᠨ ᠤ ᠨᠡᠪᠲᠡᠷᠡᠬᠦ ᠵᠠᠮ ᠢ | ᠨᠡᠪᠲᠡᠷᠡᠭᠦᠯᠬᠦ ᠠᠵᠢᠯ ᠢ ᠦᠷᠭᠦᠯᠵᠢᠯᠡᠨ ᠠᠬᠢᠭᠤᠯᠬᠤ ᠬᠡᠷᠡᠭᠲᠡᠶ᠃ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠳ ᠭᠠᠯ ᠤᠨᠲᠠᠷᠠᠭᠠᠬᠤ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢ ᠬᠠᠭᠤᠴᠢᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠶᠡᠷᠦᠩᠬᠡᠶ ᠲᠥᠯᠥᠪᠵᠢᠭᠦᠯᠭᠡ ᠳᠤ | ᠣᠷᠣᠭᠤᠯᠤᠨ ᠵᠡᠷᠭᠡ ᠳᠤ ᠨᠢ ᠬᠡᠷᠡᠭᠵᠢᠭᠦᠯᠬᠦ ᠬᠡᠷᠡᠭᠲᠡᠶ᠃ ᠠᠵᠤ ᠦᠢᠯᠡᠳᠪᠦᠷᠢ ᠪᠠ ᠮᠡᠳᠡᠭᠡ ᠵᠠᠩᠭᠢᠵᠢᠭᠤᠯᠤᠯᠲᠠ᠂ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ᠂ ᠳᠣᠲᠣᠭᠠᠳᠤ ᠶᠢ ᠬᠠᠮᠠᠭᠠᠯᠠᠬᠤ᠂ ᠭᠠᠯ ᠤᠨᠲᠠᠷᠠᠭᠠᠬᠤ ᠵᠡᠷᠭᠡ ᠰᠠᠯᠠᠭ᠎ᠠ ᠮᠥᠴᠢᠷ ᠤᠳ ᠴᠠᠬᠢᠯᠭᠠᠨ | ᠬᠥᠳᠡᠯᠭᠡᠭᠦᠷᠲᠦ ᠳᠤᠭᠤᠶ ᠲᠡᠷᠭᠡ ᠶᠢᠨ ᠭᠠᠯ ᠤᠨ ᠠᠶᠤᠯ ᠠᠴᠠ ᠰᠡᠷᠭᠡᠶᠢᠯᠡᠬᠦ ᠶᠡᠷᠦᠩᠬᠡᠶᠢᠯᠡᠭᠰᠡᠨ ᠵᠠᠰᠠᠯᠲᠠ ᠶᠢ | ᠬᠦᠴᠦ ᠪᠠᠨ ᠬᠠᠮᠲᠤᠳᠬᠠᠨ ᠲᠦᠯᠬᠢᠨ ᠠᠬᠢᠭᠤᠯᠵᠤ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ | ᠲᠥᠪᠯᠡᠷᠡᠭᠦᠯᠦᠨ ᠵᠣᠭᠰᠣᠭᠠᠬᠤ᠂ ᠴᠡᠨᠡᠭᠯᠡᠬᠦ ᠲᠥᠯᠥᠪᠵᠢᠭᠦᠯᠭᠡ ᠶᠢᠨ ᠬᠠᠮᠢᠶᠠᠷᠤᠯᠲᠠ ᠶᠢᠨ ᠠᠵᠢᠯ ᠢ ᠵᠢᠷᠤᠮᠵᠢᠭᠤᠯᠤᠨ᠂ | ︽ᠪᠠᠭ᠎ᠠ ᠭᠠᠯ ᠳᠤ ᠬᠥᠮᠦᠨ ᠦᠬᠦᠬᠦ︾ ᠠᠳᠡᠯ ᠢ ᠪᠦᠬᠦ ᠬᠦᠴᠦᠨ ᠢᠶᠠᠷ ᠢᠶᠠᠨ ᠬᠤᠷᠢᠭᠯᠠᠬᠤ ᠬᠡᠷᠡᠭᠲᠡᠶ᠃ ᠲᠤᠰᠬᠠᠶ | ᠮᠡᠷᠭᠡᠵᠢᠯᠲᠡᠨ ᠤ ᠪᠦᠯᠬᠦᠮ ᠢ ᠤᠷᠢᠬᠤ᠂ ᠮᠡᠷᠭᠡᠵᠢᠯ ᠤᠨ ᠦᠶᠯᠡᠴᠢᠯᠡᠭᠡᠨ ᠤ ᠪᠠᠶᠢᠭᠤᠯᠤᠮᠵᠢ ᠶᠢ ᠣᠷᠣᠭᠤᠯᠬᠤ᠂ | ᠵᠠᠰᠠᠭ ᠤᠨ ᠣᠷᠳᠣᠨ ᠠᠯᠪᠠᠨ ᠶᠣᠰᠣ ᠪᠠᠷ ᠰᠢᠮᠳᠠᠭᠤᠯᠤᠨ ᠭᠦᠢᠴᠡᠳᠬᠡᠬᠦ ᠵᠡᠷᠭᠡ ᠠᠷᠭ᠎ᠠ ᠪᠠᠷᠢᠯ ᠢ ᠶᠡᠷᠦᠩᠬᠡᠶᠢᠯᠡᠨ | ᠬᠡᠷᠡᠭᠯᠡᠵᠦ᠂ ᠲᠦᠭᠰᠢᠭᠦᠷᠢ ᠶᠢ ᠦᠨᠡᠯᠡᠨ ᠵᠢᠱᠢᠬᠦ᠂ ᠪᠡᠯᠡᠳᠬᠡᠮᠵᠢ ᠶᠢ ᠬᠠᠮᠠᠭᠠᠯᠠᠬᠤ᠂ ᠳᠠᠯᠳᠠ ᠬᠡᠮ ᠢ ᠴᠡᠭᠴᠡᠯᠡᠨ | ᠰᠠᠶᠢᠵᠢᠷᠠᠭᠤᠯᠬᠤ ᠶᠢ ᠥᠷᠨᠢᠭᠦᠯᠵᠦ᠂ ᠭᠠᠯ ᠤᠨ ᠠᠶᠤᠯ ᠢ ᠰᠡᠷᠭᠡᠶᠢᠯᠡᠬᠦ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ | ᠲᠠᠪᠤ᠂ ᠲᠠᠷᠢᠶᠠᠯᠠᠬᠤ ᠮᠠᠯᠵᠢᠬᠤ ᠣᠷᠣᠨ ᠤ ᠭᠠᠯ ᠤᠨᠲᠠᠷᠠᠭᠠᠬᠤ ᠠᠵᠢᠯ ᠢ ᠴᠢᠩᠭᠠᠳᠬᠠᠬᠤ ᠬᠡᠷᠡᠭᠲᠡᠶ᠃ | ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ ︽ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠤᠯᠢ︾ ᠶᠢᠨ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ᠂ | ᠮᠠᠯᠵᠢᠬᠤ ᠲᠠᠷᠢᠶᠠᠯᠠᠬᠤ ᠣᠷᠣᠨ ᠤ ᠭᠠᠯ ᠰᠡᠷᠭᠡᠶᠢᠯᠡᠬᠦ ᠠᠵᠢᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠣᠳᠣᠯᠭ᠎ᠠ ᠪᠠ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠠᠶᠢᠯᠳᠤᠬᠤ ᠪᠣᠳᠣᠯᠭ᠎ᠠ ᠶᠢᠨ | ᠠᠭᠤᠯᠭ᠎ᠠ ᠳᠤ ᠣᠷᠣᠭᠤᠯᠵᠤ᠂ ᠨᠢᠭᠡ ᠴᠣᠭᠴᠠᠵᠢᠭᠤᠯᠤᠨ ᠪᠠᠶᠢᠷᠢᠯᠠᠭᠤᠯᠵᠤ᠂ ᠨᠢᠭᠡ ᠴᠣᠭᠴᠠᠵᠢᠭᠤᠯᠤᠨ ᠰᠢᠯᠭᠠᠨ | ᠬᠢᠨᠠᠨ᠎ᠠ᠃ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠭᠠᠯ ᠤᠨᠲᠠᠷᠠᠭᠠᠬᠤ ᠲᠤᠰᠬᠠᠶ | ᠵᠦᠢᠯ ᠤᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠣᠨ ᠤ ᠠᠵᠢᠯ ᠤᠨ ᠲᠥᠯᠥᠪᠯᠡᠭᠡ | ᠲᠣᠭᠲᠠᠭᠠᠨ᠂ ᠰᠢᠶᠠᠩ ᠲᠣᠰᠬᠤᠨ ᠤ ᠣᠷᠣᠨ ᠰᠠᠭᠤᠴᠠ ᠶᠢᠨ ᠥᠭᠡᠷᠡᠴᠢᠯᠡᠯᠲᠡ᠂ ᠴᠠᠬᠢᠯᠭᠠᠨ ᠤ ᠥᠭᠡᠷᠡᠴᠢᠯᠡᠯᠲᠡ᠂ | ᠵᠤᠤᠬ᠎ᠠ ᠶᠢᠨ ᠥᠭᠡᠷᠡᠴᠢᠯᠡᠯᠲᠡ᠂ ᠵᠠᠮ ᠤᠨ ᠥᠭᠡᠷᠡᠴᠢᠯᠡᠯᠲᠡ ᠵᠡᠷᠭᠡ ᠥᠭᠡᠷᠡᠴᠢᠯᠡᠯᠲᠡ ᠶᠢᠨ ᠢᠨᠵᠧᠨᠧᠷᠢᠩ ᠲᠠᠢ | ᠤᠶᠠᠯᠳᠤᠭᠤᠯᠤᠨ᠂ ᠭᠠᠯ ᠤᠨᠲᠠᠷᠠᠭᠠᠬᠤ ᠰᠠᠭᠤᠷᠢ ᠪᠦᠲᠦᠭᠡᠨ ᠪᠠᠶᠢᠭᠤᠯᠤᠯᠲᠠ ᠪᠣᠯᠤᠨ ᠬᠠᠮᠠᠭᠠᠯᠠᠯᠲᠠ | ᠬᠠᠮᠢᠶᠠᠷᠤᠯᠲᠠ ᠶᠢ ᠵᠡᠷᠭᠡ ᠳᠤ ᠨᠢ ᠲᠦᠯᠬᠢᠨ ᠠᠬᠢᠭᠤᠯᠵᠤ᠂ ᠲᠠᠷᠢᠶᠠᠯᠠᠬᠤ ᠮᠠᠯᠵᠢᠬᠤ ᠣᠷᠣᠨ ᠤ ᠭᠠᠯ ᠤᠨ ᠠᠶᠤᠯ ᠢ | ᠪᠦᠬᠦᠯᠢ ᠴᠣᠭᠴᠠ ᠪᠠᠷ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ᠪᠠᠶᠢᠩᠭᠤ ᠰᠠᠭᠤᠭ᠎ᠠ ᠬᠥᠮᠦᠨ | ᠠᠮᠠ ᠨᠢ ᠲᠦᠮᠡᠨ ᠬᠥᠮᠦᠨ ᠠᠴᠠ ᠳᠡᠭᠡᠭᠰᠢᠬᠢ ᠰᠢᠶᠠᠩ ᠪᠠᠯᠭᠠᠰᠤ ᠪᠣᠯᠤᠨ ᠨᠥᠬᠦᠴᠡᠯ ᠲᠠᠢ ᠭᠠᠴᠠᠭ᠎ᠠ | ᠲᠣᠰᠬᠤᠨ ᠨᠤᠭᠤᠳ ᠲᠤᠰᠬᠠᠶ ᠲᠤᠰᠢᠶᠠᠯ ᠤᠨ ᠪᠤᠶᠤ ᠰᠠᠶᠢᠨ ᠳᠤᠷ᠎ᠠ ᠶᠢᠨ ᠭᠠᠯ ᠤᠨᠲᠠᠷᠠᠭᠠᠬᠤ ᠠᠩᠭᠢ ᠪᠠᠶᠢᠭᠤᠯᠵᠤ᠂ | ᠡᠭᠦᠷᠭᠡ ᠭᠦᠢᠴᠡᠳᠬᠡᠵᠦ ᠳᠠᠶᠢᠨ ᠳᠤ ᠪᠡᠯᠡᠳᠬᠡᠬᠦ ᠲᠠᠯᠠᠪᠤᠷ ᠭᠠᠵᠠᠷ ᠢ ᠲᠣᠭᠲᠠᠭᠠᠨ᠂ ᠪᠠᠷᠢᠮᠵᠢᠶ᠎ᠠ ᠶᠣᠰᠣᠭᠠᠷ ᠲᠡᠷᠭᠡ | ᠬᠥᠰᠬᠡ ᠲᠣᠨᠤᠭ ᠲᠥᠬᠦᠭᠡᠷᠦᠮᠵᠢ ᠲᠣᠬᠢᠷᠠᠭᠤᠯᠬᠤ ᠬᠡᠷᠡᠭᠲᠡᠶ᠃ ᠭᠠᠴᠠᠭ᠎ᠠ ᠲᠣᠰᠬᠤᠨ ᠨᠤᠭᠤᠳ ︽ᠨᠢᠭᠡ ᠲᠣᠰᠬᠤᠨ | ᠨᠢᠭᠡ ᠠᠩᠭᠢ ᠨᠢᠭᠡ ᠲᠡᠷᠭᠡ ᠨᠢᠭᠡ ᠭᠤᠯᠳᠤᠩ ᠨᠢᠭᠡ ᠬᠥᠭᠡᠷᠭᠡ ᠨᠢᠭᠡ ᠫᠠᠶᠢᠰᠠ︾ ᠶᠢᠨ ᠱᠠᠭᠠᠷᠳᠠᠯᠭ᠎ᠠ ᠶᠣᠰᠣᠭᠠᠷ᠂ | ᠲᠣᠨᠤᠭ ᠲᠥᠬᠦᠭᠡᠷᠦᠮᠵᠢ ᠪᠠᠭᠠᠵᠢ ᠬᠡᠷᠡᠭᠰᠡᠯ ᠲᠣᠬᠢᠷᠠᠭᠤᠯᠤᠨ᠂ ᠪᠣᠯᠪᠠᠰᠤᠷᠠᠭᠤᠯᠤᠯ ᠪᠠ ᠰᠣᠷᠢᠯᠲᠠ ᠶᠢ ᠲᠣᠭᠲᠠᠮᠠᠯ | ᠬᠤᠭᠤᠴᠠᠭ᠎ᠠ ᠲᠠᠢ ᠥᠷᠨᠢᠭᠦᠯᠵᠦ᠂ ᠭᠠᠯ ᠤᠨᠲᠠᠷᠠᠭᠠᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ᠃ | ᠵᠢᠷᠭᠤᠭ᠎ᠠ᠂ ᠶᠡᠷᠦᠩᠬᠡᠶᠢᠯᠡᠭᠰᠡᠨ ᠪᠠᠴᠢᠮ ᠪᠠᠶᠢᠳᠠᠯ ᠢ ᠠᠷᠭᠠᠴᠠᠬᠤ ᠶᠢᠨ ᠠᠪᠤᠷᠠᠨ ᠲᠤᠰᠠᠯᠠᠬᠤ ᠴᠢᠳᠠᠪᠤᠷᠢ ᠶᠢ | ᠳᠡᠭᠡᠭᠰᠢᠯᠡᠭᠦᠯᠬᠦ ᠬᠡᠷᠡᠭᠲᠡᠢ᠃ ᠡᠯ᠎ᠡ ᠭᠠᠵᠠᠷ ᠤᠨ ᠬᠢᠨ ᠨᠢ ︽ᠵᠠᠰᠠᠭ ᠤᠨ ᠣᠷᠳᠣᠨ ᠨᠢᠭᠡᠳᠦᠯᠲᠡᠶ ᠤᠳᠤᠷᠢᠳᠬᠤ᠂ | ᠰᠠᠯᠠᠭ᠎ᠠ ᠮᠥᠴᠢᠷ ᠬᠠᠮᠵᠢᠯᠴᠠᠨ ᠪᠠᠶᠢᠯᠳᠤᠬᠤ︾ ᠵᠠᠷᠴᠢᠮ ᠤᠨ ᠶᠣᠰᠣᠭᠠᠷ᠂ ᠭᠠᠯ ᠤᠨᠲᠠᠷᠠᠭᠠᠵᠤ ᠠᠪᠤᠷᠠᠨ ᠲᠤᠰᠠᠯᠠᠬᠤ | ᠡᠩᠨᠡᠭᠡᠨ ᠤ ᠮᠡᠳᠡᠭᠡ ᠵᠠᠩᠭᠢᠴᠢᠯᠠᠭᠰᠠᠨ ᠪᠣᠳᠠᠲᠤ ᠳᠠᠶᠢᠨ ᠤ ᠵᠢᠯᠣᠭᠤᠳᠬᠤ ᠲᠠᠪᠴᠠᠩ ᠳᠤ ᠲᠦᠰᠢᠭᠯᠡᠨ᠂ | ᠶᠡᠷᠦᠩᠬᠡᠶᠢᠯᠡᠭᠰᠡᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠶᠢᠨ ᠵᠢᠯᠣᠭᠤᠳᠤᠨ ᠲᠣᠬᠢᠷᠠᠭᠤᠯᠬᠤ | ᠰᠢᠰᠲ᠋ᠧᠮ ᠶᠢ ᠪᠠᠶᠢᠭᠤᠯᠬᠤ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠬᠤ᠂ ᠴᠠᠭ ᠠᠭᠤᠷ᠂ ᠳᠣᠲᠣᠭᠠᠳᠤ ᠶᠢ | ᠬᠠᠮᠠᠭᠠᠯᠠᠬᠤ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠤᠰᠤ ᠬᠠᠩᠭᠠᠬᠤ᠂ ᠴᠠᠬᠢᠯᠭᠠᠨ ᠬᠠᠩᠭᠠᠬᠤ᠂ ᠬᠡᠢ ᠬᠠᠩᠭᠠᠬᠤ | ᠵᠡᠷᠭᠡ ᠣᠯᠠᠨ ᠰᠠᠯᠠᠭ᠎ᠠ ᠮᠥᠴᠢᠷ ᠤᠨ ᠶᠡᠷᠦᠩᠬᠡᠶᠢᠯᠡᠭᠰᠡᠨ ᠠᠪᠤᠷᠠᠨ ᠲᠤᠰᠠᠯᠠᠵᠤ ᠬᠠᠮᠵᠢᠯᠴᠠᠬᠤ ᠲᠣᠭᠲᠠᠴᠠ ᠶᠢ | ᠪᠠᠶᠢᠭᠤᠯᠤᠨ᠂ ᠬᠠᠮᠲᠤᠷᠠᠨ ᠵᠢᠵᠢᠭᠦᠷᠯᠡᠵᠦ ᠬᠠᠮᠲᠤᠷᠠᠨ ᠬᠥᠳᠡᠯᠦᠯᠴᠡᠬᠦ᠂ ᠲᠣᠭᠲᠠᠮᠠᠯ ᠬᠤᠭᠤᠴᠠᠭ᠎ᠠ ᠲᠠᠢ ᠪᠠᠷ | ᠵᠥᠪᠳᠡᠯᠴᠡᠬᠦ᠂ ᠮᠡᠳᠡᠭᠡ ᠵᠠᠩᠭᠢ ᠶᠢ ᠬᠠᠮᠲᠤᠪᠠᠷ ᠬᠦᠷᠲᠡᠬᠦ ᠪᠠ ᠪᠠᠶᠢᠳᠠᠯ ᠢ ᠮᠡᠳᠡᠭᠡᠯᠡᠬᠦ ᠶᠢ ᠴᠢᠩᠭᠠᠳᠬᠠᠵᠤ᠂ ᠬᠠᠮᠲᠤᠷᠠᠨ | ᠬᠥᠳᠡᠯᠦᠯᠴᠡᠬᠦ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠥᠨᠳᠥᠷ ᠪᠠᠷᠢᠯᠭ᠎ᠠ᠂ ᠭᠠᠵᠠᠷ ᠳᠣᠣᠷᠠᠬᠢ ᠣᠷᠣᠨ ᠵᠠᠢ᠂ | ᠲᠤᠮᠤ ᠬᠡᠯᠪᠡᠷᠢ ᠶᠢᠨ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ᠂ ᠠᠶᠤᠯᠲᠠᠢ ᠬᠢᠮᠢ ᠶᠢᠨ ᠪᠣᠳᠠᠰ ᠤᠨ ᠲᠠᠯᠠᠪᠤᠷ | ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠴᠢᠭᠯᠡᠭᠦᠯᠦᠨ᠂ ᠶᠡᠷᠦᠩᠬᠡᠶᠢᠯᠡᠭᠰᠡᠨ ᠠᠪᠤᠷᠠᠨ ᠲᠤᠰᠠᠯᠠᠬᠤ ᠪᠣᠳᠠᠲᠤ | ᠪᠠᠶᠢᠯᠳᠤᠭᠠᠨ ᠤ ᠰᠣᠷᠢᠯᠲᠠ ᠶᠢ ᠵᠢᠯ ᠪᠦᠷᠢ ᠠᠳᠠᠭ ᠲᠠᠭᠠᠨ ᠨᠢᠭᠡ ᠤᠳᠠᠭ᠎ᠠ ᠵᠣᠬᠢᠶᠠᠨ ᠪᠠᠶᠢᠭᠤᠯᠵᠤ ᠥᠷᠨᠢᠭᠦᠯᠦᠨ᠎ᠡ᠃ | ᠭᠠᠵᠠᠷ ᠣᠷᠣᠨ ᠤ ᠭᠠᠮᠰᠢᠭ ᠤᠨ ᠣᠨᠴᠠᠯᠢᠭ ᠢ ᠦᠨᠳᠦᠰᠦᠯᠡᠨ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠡᠩᠨᠡᠭᠡᠨ ᠤ | ᠪᠠᠶᠢᠭᠤᠯᠤᠯᠲᠠ ᠶᠢᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠠᠷᠠᠭ᠎ᠠ ᠲᠣᠨᠤᠭ ᠲᠥᠬᠦᠭᠡᠷᠦᠮᠵᠢ | ᠨᠥᠭᠡᠴᠡᠯᠡᠬᠦ ᠬᠥᠮᠥᠷᠭᠡ ᠳᠤ ᠲᠦᠰᠢᠭᠯᠡᠨ᠂ ᠣᠨᠴᠠ ᠲᠥᠷᠥᠯ ᠤᠨ ᠠᠪᠤᠷᠠᠨ ᠲᠤᠰᠠᠯᠠᠬᠤ ᠲᠣᠨᠤᠭ ᠲᠥᠬᠦᠭᠡᠷᠦᠮᠵᠢ᠂ | ᠭᠠᠯ ᠤᠨᠲᠠᠷᠠᠭᠠᠬᠤ ᠡᠮ ᠵᠡᠷᠭᠡ ᠶᠢᠨ ᠪᠠᠷᠠᠭ᠎ᠠ ᠶᠢ ᠭᠤᠣᠯᠳᠠᠯᠭ᠎ᠠ ᠲᠠᠢ ᠨᠥᠭᠡᠴᠡᠯᠡᠨ᠎ᠡ᠃ ᠨᠡᠶᠢᠭᠡᠮ ᠤᠨ ᠪᠠᠴᠢᠮ | ᠪᠠᠶᠢᠳᠠᠯ ᠢ ᠠᠷᠭᠠᠴᠠᠬᠤ ᠲᠣᠨᠤᠭ ᠲᠥᠬᠦᠭᠡᠷᠦᠮᠵᠢ ᠡᠳ᠋ ᠪᠣᠳᠠᠰ᠂ ᠲᠣᠮᠣ ᠬᠡᠯᠪᠡᠷᠢ ᠶᠢᠨ ᠪᠠᠷᠢᠯᠭ᠎ᠠ ᠶᠢᠨ ᠪᠠᠭᠠᠵᠢ | ᠬᠡᠷᠡᠭᠰᠡᠯ ᠢ ᠬᠠᠮᠲᠤᠷᠠᠨ ᠬᠠᠳᠠᠭᠠᠯᠠᠵᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠬᠡᠷᠡᠭᠵᠢᠭᠦᠯᠦᠨ᠎ᠡ᠃ ᠲᠤᠰᠬᠠᠶ | ᠬᠦᠴᠦᠨ ᠤ ᠪᠠᠶᠢᠭᠤᠯᠤᠯᠲᠠ ᠶᠢ ᠴᠢᠩᠭᠠᠳᠬᠠᠨ᠂ ᠥᠨᠳᠥᠷ ᠪᠠᠷᠢᠯᠭ᠎ᠠ᠂ ᠭᠠᠵᠠᠷ ᠳᠣᠣᠷᠠᠬᠢ ᠪᠠᠷᠢᠯᠭ᠎ᠠ᠂ ᠴᠢᠯᠠᠭᠤᠨ | ᠲᠣᠰᠣᠨ ᠤ ᠬᠢᠮᠢ ᠶᠢᠨ ᠠᠵᠤ ᠦᠢᠯᠡᠳᠪᠦᠷᠢ ᠵᠡᠷᠭᠡ ᠭᠠᠯ ᠤᠨ ᠠᠶᠤᠯ ᠠᠴᠠ ᠠᠪᠤᠷᠠᠬᠤ ᠪᠠ ᠭᠠᠵᠠᠷ ᠬᠥᠳᠡᠯᠦᠯᠲᠡ᠂ | ᠠᠭᠤᠯᠠ ᠬᠠᠶᠢᠷᠬᠠᠨ᠂ ᠤᠰᠤᠨ ᠣᠷᠣᠨ᠂ ᠮᠥᠰᠥ ᠴᠠᠰᠤ᠂ ᠵᠠᠮ ᠬᠠᠷᠢᠯᠴᠠᠭ᠎ᠠ ᠵᠡᠷᠭᠡ ᠲᠤᠰᠬᠠᠶ ᠠᠪᠤᠷᠠᠨ ᠲᠤᠰᠠᠯᠠᠬᠤ | ᠡᠩᠨᠡᠭᠡ ᠶᠢ ᠵᠣᠬᠢᠶᠠᠨ ᠪᠠᠶᠢᠭᠤᠯᠵᠤ᠂ ᠲᠡᠷᠭᠡ ᠬᠥᠰᠬᠡ᠂ ᠲᠣᠨᠤᠭ ᠲᠥᠬᠦᠭᠡᠷᠦᠮᠵᠢ ᠶᠢ ᠪᠦᠷᠢᠨ ᠭᠦᠢᠴᠡᠳ ᠴᠢᠩᠭ᠎ᠠ | ᠲᠣᠬᠢᠷᠠᠭᠤᠯᠤᠨ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠡᠩᠨᠡᠭᠡᠨ ᠤ ᠪᠠᠴᠢᠮ ᠪᠠᠶᠢᠳᠠᠯ ᠢ ᠠᠷᠭᠠᠴᠠᠵᠤ ᠠᠪᠤᠷᠠᠨ | ᠲᠤᠰᠠᠯᠠᠬᠤ ︽ᠭᠤᠣᠯ ᠬᠦᠴᠦᠨ ᠴᠡᠷᠢᠭ︾᠂ ︽ᠤᠯᠤᠰ ᠤᠨ ᠠᠩᠭᠢ︾ ᠶᠢᠨ ᠦᠢᠯᠡᠳᠦᠯ ᠢ ᠪᠠᠳᠠᠷᠠᠭᠤᠯᠤᠨ᠎ᠠ᠃ | ᠰᠤᠮᠤ ᠰᠢᠶᠠᠩ ᠪᠠᠯᠭᠠᠰᠤ᠂ ᠠᠵᠤ ᠠᠬᠤᠶᠢᠯᠠᠯ ᠤᠨ ᠲᠤᠰᠬᠠᠢ ᠲᠤᠰᠢᠶᠠᠯᠳᠤ ᠭᠠᠯ ᠤᠨᠲᠠᠷᠠᠭᠠᠬᠤ ᠡᠩᠨᠡᠭᠡ ᠪᠣᠯᠤᠨ ᠭᠠᠯ | ᠤᠨᠲᠠᠷᠠᠭᠠᠬᠤ ᠪᠢᠴᠢᠯ ᠥᠷᠳᠡᠭᠡ ᠪᠠᠶᠢᠭᠤᠯᠵᠦ ᠪᠣᠯᠬᠤ ᠪᠦᠬᠦᠨ ᠢ ᠪᠠᠶᠢᠭᠤᠯᠬᠤ ᠶᠢ ᠬᠠᠤᠯᠢ ᠲᠣᠭᠲᠠᠭᠠᠯ ᠶᠣᠰᠣᠭᠠᠷ | ᠲᠥᠯᠬᠢᠨ ᠠᠬᠢᠭᠤᠯᠵᠤ᠂ ᠵᠠᠰᠠᠭ ᠤᠨ ᠣᠷᠳᠣᠨ ᠤ ᠲᠤᠰᠬᠠᠢ ᠲᠤᠰᠢᠶᠠᠯᠳᠤ ᠭᠡᠰᠢᠭᠦᠨ ᠡᠯᠰᠡᠬᠦ ᠡᠷᠴᠢᠮ ᠢ ᠨᠡᠮᠡᠭᠳᠡᠭᠦᠯᠬᠦ | ᠶᠢᠨ ᠳᠠᠭᠠᠤ ᠪᠠᠶᠢᠭᠤᠯᠬᠤ᠂ ᠬᠠᠮᠢᠶᠠᠷᠬᠤ᠂ ᠪᠣᠯᠪᠠᠰᠤᠷᠠᠭᠤᠯᠬᠤ᠂ ᠬᠡᠷᠡᠭᠯᠡᠬᠦ ᠵᠡᠷᠭᠡ ᠶᠢ ᠨᠢᠭᠡ ᠴᠤᠭᠴᠠᠵᠢᠭᠤᠯᠤᠭᠰᠠᠨ | ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃ ︽ᠬᠥᠩᠭᠡᠨ ᠮᠣᠷᠢᠲᠤ ᠴᠡᠷᠢᠭ︾ ᠤᠨ ᠡᠮᠦᠨᠡᠬᠢ ᠭᠠᠪᠰᠢᠭᠠᠶ | ᠪᠠᠭ᠎ᠠ ᠠᠩᠭᠢ ᠪᠣᠯᠤᠨ ᠰᠠᠶᠢᠨ ᠳᠤᠷ᠎ᠠ ᠶᠢᠨ ᠭᠠᠯ ᠤᠨᠲᠠᠷᠠᠭᠠᠬᠤ ᠲᠦᠷᠭᠡᠨ ᠮᠡᠳᠡᠭᠦᠯᠬᠦ ᠡᠩᠨᠡᠭᠡᠨ ᠤ ᠪᠠᠶᠢᠭᠤᠯᠤᠯᠲᠠ ᠶᠢ | ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠬᠤ ᠴᠢᠮᠡᠭᠡ ᠬᠤᠯᠪᠣᠭᠠᠨ ᠤ ᠲᠣᠨᠤᠭ ᠲᠥᠬᠦᠭᠡᠷᠦᠮᠵᠢ ᠶᠢ ᠭᠦᠢᠴᠡᠳ | ᠴᠢᠩᠭ᠎ᠠ ᠲᠣᠬᠢᠷᠠᠭᠤᠯᠵᠤ᠂ ᠶᠡᠭᠡ ᠭᠠᠵᠠᠷ ᠬᠥᠳᠡᠯᠦᠯᠲᠡ ᠶᠡᠭᠡ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠴᠢᠮᠡᠭᠡ | ᠬᠤᠯᠪᠣᠭᠠᠨ ᠤ ᠪᠠᠲᠤᠯᠠᠭ᠎ᠠ ᠶᠢᠨ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠨ᠎ᠡ᠃ | ᠳᠣᠯᠤᠭ᠎ᠠ᠂ ᠣᠯᠠᠨ ᠨᠡᠶᠢᠲᠡ ᠶᠢᠨ ᠭᠠᠯ ᠤᠨ ᠠᠶᠤᠯ ᠠᠴᠠ ᠰᠡᠷᠭᠡᠶᠢᠯᠡᠬᠦ ᠬᠡᠪ ᠴᠢᠨᠠᠷ ᠢ ᠳᠡᠭᠡᠭᠰᠢᠯᠡᠭᠦᠯᠬᠦ | ᠬᠡᠷᠡᠭᠲᠡᠶ᠃ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠭᠠᠯ ᠤᠨ ᠠᠶᠤᠯ ᠠᠴᠠ | ᠰᠡᠷᠭᠡᠶᠢᠯᠡᠬᠦ ᠬᠥᠮᠦᠵᠢᠯ ᠢ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ᠂ ᠠᠯᠪᠠᠨ ᠵᠢᠷᠤᠮ ᠤᠨ ᠰᠤᠷᠭᠠᠨ ᠬᠥᠮᠦᠵᠢᠯ | ᠂ ᠬᠠᠤᠯᠢ ᠲᠦᠭᠡᠮᠡᠯᠵᠢᠭᠦᠯᠬᠦ ᠬᠥᠮᠦᠵᠢᠯ᠂ ᠠᠷᠠᠳ ᠢᠷᠭᠡᠳ ᠤᠨ ᠬᠡᠪ ᠴᠢᠨᠠᠷ ᠤᠨ ᠬᠥᠮᠦᠵᠢᠯ᠂ ᠬᠤᠲᠠ ᠬᠥᠳᠡᠭᠡ ᠶᠢᠨ | ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠬᠥᠮᠦᠵᠢᠯ ᠤᠨ ᠬᠡᠪᠴᠢᠶᠡᠨ ᠳᠤ ᠣᠷᠣᠭᠤᠯᠵᠤ᠂ ᠪᠦᠬᠦ ᠨᠡᠶᠢᠭᠡᠮ ᠤᠨ ᠭᠠᠯ | ᠤᠨ ᠠᠶᠤᠯ ᠠᠴᠠ ᠰᠡᠷᠭᠡᠶᠢᠯᠡᠬᠦ ᠬᠡᠪ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃ ᠰᠤᠷᠭᠠᠨ ᠬᠥᠮᠦᠵᠢᠯ᠂ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠰᠢᠨᠵᠢᠯᠡᠬᠦ ᠤᠬᠠᠭᠠᠨ ᠮᠡᠷᠭᠡᠵᠢᠯ᠂ ᠬᠠᠤᠯᠢ ᠴᠠᠭᠠᠵᠠ ᠶᠢᠨ | ᠵᠠᠰᠠᠭ ᠵᠠᠬᠢᠷᠭᠠᠨ ᠵᠡᠷᠭᠡ ᠰᠠᠯᠠᠭ᠎ᠠ ᠮᠥᠴᠢᠷ ᠭᠠᠯ ᠤᠨ ᠠᠶᠤᠯ ᠠᠴᠠ ᠰᠡᠷᠭᠡᠶᠢᠯᠡᠬᠦ ᠬᠥᠮᠦᠵᠢᠯ ᠢ ᠲᠤᠰ ᠠᠵᠢᠯ ᠲᠥᠷᠥᠯ᠂ | ᠲᠤᠰ ᠰᠢᠰᠲ᠋ᠧᠮ ᠤᠨ ᠢᠶᠠᠨ ᠪᠣᠯᠪᠠᠰᠤᠷᠠᠭᠤᠯᠤᠯ ᠤᠨ ᠠᠭᠤᠯᠭ᠎ᠠ ᠳᠤ ᠣᠷᠣᠭᠤᠯᠬᠤ ᠬᠡᠷᠡᠭᠲᠡᠶ᠃ ᠷᠠᠳᠢᠣ᠋ ᠲᠧᠯᠸᠢᠰ ᠤᠨ | ᠰᠠᠯᠠᠭ᠎ᠠ ᠮᠥᠴᠢᠷ ᠨᠢ ᠭᠠᠯ ᠰᠡᠷᠭᠡᠶᠢᠯᠡᠯᠲᠡ ᠶᠢᠨ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ᠂ ᠬᠡᠷᠡᠭ ᠤᠨ | ᠵᠢᠱᠢᠶ᠎ᠡ ᠪᠠᠷ ᠰᠡᠷᠡᠮᠵᠢᠯᠡᠭᠦᠯᠬᠦ ᠬᠥᠮᠦᠵᠢᠯ ᠤᠨ ᠡᠷᠴᠢᠮ ᠢᠶᠠᠨ ᠴᠢᠩᠭᠠᠷᠠᠭᠤᠯᠵᠤ᠂ ᠭᠠᠯ ᠰᠡᠷᠭᠡᠶᠢᠯᠡᠯᠲᠡ ᠶᠢᠨ | ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠬᠦ ᠬᠡᠷᠡᠭᠲᠡᠶ᠃ ᠭᠠᠯ ᠤᠨᠲᠠᠷᠠᠭᠠᠬᠤ ᠰᠢᠨᠵᠢᠯᠡᠬᠦ ᠤᠬᠠᠭᠠᠨ | ᠲᠦᠭᠡᠮᠡᠯᠵᠢᠭᠦᠯᠬᠦ ᠵᠢᠭᠰᠠᠭᠠᠯ ᠤᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠴᠢᠩᠭᠠᠳᠬᠠᠵᠤ᠂ ᠬᠤᠲᠠ ᠶᠢᠨ | ᠱᠠᠲᠤ ᠨᠢ ᠭᠠᠯ ᠤᠨᠲᠠᠷᠠᠭᠠᠬᠤ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠬᠥᠮᠦᠵᠢᠯ ᠤᠨ ᠰᠠᠭᠤᠷᠢᠨ ᠭᠠᠵᠠᠷ | ᠪᠠᠶᠢᠭᠤᠯᠵᠤ᠂ ᠬᠤᠰᠢᠭᠤ ᠰᠢᠶᠠᠨ ᠤ ᠱᠠᠲᠤ ᠨᠢ ᠭᠠᠯ ᠤᠨᠲᠠᠷᠠᠭᠠᠬᠤ ᠰᠢᠨᠵᠢᠯᠡᠬᠦ ᠤᠬᠠᠭᠠᠨ ᠲᠦᠭᠡᠮᠡᠯᠵᠢᠭᠦᠯᠬᠦ | ᠬᠥᠮᠦᠵᠢᠯ ᠤᠨ ᠣᠷᠳᠣᠨ ᠪᠠᠶᠢᠭᠤᠯᠬᠤ ᠬᠡᠷᠡᠭᠲᠡᠶ᠃ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ | ᠲᠥᠪ ᠲᠤ ᠲᠦᠰᠢᠭᠯᠡᠨ᠂ ᠭᠠᠯ ᠰᠡᠷᠭᠡᠶᠢᠯᠡᠯᠲᠡ ᠶᠢᠨ ᠰᠠᠶᠢᠨ ᠳᠤᠷᠠᠴᠤᠳ ᠤᠨ ᠡᠩᠨᠡᠭᠡ ᠶᠢ ᠵᠣᠬᠢᠶᠠᠨ ᠪᠠᠶᠢᠭᠤᠯᠵᠤ᠂ | ᠭᠠᠯ ᠤᠨ ᠭᠠᠮᠰᠢᠭ ᠤᠨ ᠳᠠᠯᠳᠠ ᠬᠡᠮ ᠢ ᠲᠣᠭᠤᠷᠢᠨ ᠪᠠᠶᠢᠴᠠᠭᠠᠬᠤ ᠪᠠ ᠤᠬᠠᠭᠤᠯᠤᠨ ᠪᠣᠯᠪᠠᠰᠤᠷᠠᠭᠤᠯᠬᠤ ᠬᠥᠮᠦᠵᠢᠯ ᠢ | ᠪᠠᠶᠢᠩᠭᠤ ᠥᠷᠨᠢᠭᠦᠯᠦᠨ᠂ ᠭᠤᠤᠨᠢ ᠪᠡᠯᠪᠡᠰᠦᠨ ᠨᠠᠰᠤᠲᠠᠶᠢᠴᠤᠳ᠂ ᠵᠡᠮᠳᠡᠭᠴᠦᠳ᠂ ᠭᠠᠳᠠᠨ᠎ᠠ ᠠᠴᠠ ᠢᠷᠡᠵᠦ ᠬᠦᠴᠦ | ᠶᠠᠪᠤᠭᠰᠠᠳ ᠵᠡᠷᠭᠡ ᠪᠠᠭᠤᠷᠠᠶᠢᠴᠤᠤᠯ ᠳᠤ ᠴᠢᠭᠯᠡᠭᠦᠯᠦᠨ᠂ ᠬᠡᠷ ᠲᠤ ᠨᠢ ᠬᠦᠷᠴᠦ ᠤᠬᠠᠭᠤᠯᠬᠤ ᠪᠠ ᠡᠷᠦᠬᠡ ᠳᠤ | ᠬᠦᠷᠴᠦ ᠪᠣᠯᠪᠠᠰᠤᠷᠠᠭᠤᠯᠬᠤ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ᠨᠠᠢᠮᠠ᠂ ᠭᠠᠯ ᠤᠨᠲᠠᠷᠠᠭᠠᠬᠤ ᠵᠠᠷᠤᠳᠠᠯ ᠤᠨ ᠣᠷᠣᠭᠤᠯᠤᠯᠲᠠ ᠶᠢᠨ ᠡᠷᠴᠢᠮ ᠢᠶᠠᠨ ᠨᠡᠮᠡᠭᠳᠡᠭᠦᠯᠬᠦ ᠬᠡᠷᠡᠭᠲᠡᠶ᠃ | ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ ᠯᠦᠭᠡ ᠬᠠᠷᠢᠯᠴᠠᠨ ᠲᠣᠬᠢᠷᠠᠯᠴᠠᠭᠰᠠᠨ ᠭᠠᠯ ᠤᠨᠲᠠᠷᠠᠭᠠᠬᠤ | ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠤᠯᠤᠰ ᠤᠨ ᠶᠡᠷᠦᠩᠬᠡᠶᠢᠯᠡᠭᠰᠡᠨ | ᠴᠢᠨᠠᠷᠲᠠᠶ ᠭᠠᠯ ᠤᠨᠲᠠᠷᠠᠭᠠᠵᠤ ᠠᠪᠤᠷᠠᠨ ᠲᠤᠰᠠᠯᠠᠬᠤ ᠡᠩᠨᠡᠭᠡᠨ ᠤ ᠵᠠᠷᠤᠳᠠᠯ ᠤᠨ ᠬᠠᠮᠢᠶᠠᠷᠤᠯᠲᠠ ᠶᠢᠨ ᠲᠤᠬᠠᠶ ᠡᠳ᠋ ᠤᠨ | ᠵᠠᠰᠠᠭ ᠤᠨ ᠶᠠᠮᠤᠨ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠬᠤᠯᠪᠣᠭᠳᠠᠯ ᠪᠦᠬᠦᠢ | ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠭᠠᠯ ᠤᠨᠲᠠᠷᠠᠭᠠᠬᠤ ᠵᠠᠷᠤᠳᠠᠯ ᠢ | ᠲᠤᠰ ᠱᠠᠲᠤᠨ ᠤ ᠡᠳ᠋ ᠤᠨ ᠵᠠᠰᠠᠭ ᠤᠨ ᠲᠥᠰᠦᠪ ᠲᠡᠭᠡᠨ ᠣᠷᠣᠭᠤᠯᠵᠤ ᠭᠦᠢᠴᠡᠳ ᠲᠤᠭ᠎ᠠ ᠪᠠᠷ ᠪᠠᠲᠤᠯᠠᠬᠤ ᠬᠡᠷᠡᠭᠲᠡᠶ᠃ | ᠭᠠᠯ ᠤᠨᠲᠠᠷᠠᠭᠠᠬᠤ ᠠᠩᠭᠢ ᠥᠷᠲᠡᠭᠡ᠂ ᠲᠡᠷᠭᠡ ᠬᠥᠰᠬᠡ ᠲᠣᠨᠤᠭ ᠲᠥᠬᠦᠭᠡᠷᠦᠮᠵᠢ᠂ ᠪᠠᠴᠢᠮ ᠪᠠᠶᠢᠳᠠᠯ ᠢ ᠠᠷᠭᠠᠴᠠᠬᠤ | ᠴᠢᠮᠡᠭᠡ ᠬᠤᠯᠪᠣᠭ᠎ᠠ᠂ ᠣᠯᠠᠨ ᠵᠦᠶᠯ ᠤᠨ ᠬᠡᠯᠪᠡᠷᠢ ᠶᠢᠨ ᠭᠠᠯ ᠤᠨᠲᠠᠷᠠᠭᠠᠬᠤ ᠡᠩᠨᠡᠭᠡ ᠪᠣᠯᠤᠨ ᠭᠠᠯ ᠤᠨᠲᠠᠷᠠᠭᠠᠬᠤ | ᠤᠰᠤᠨ ᠰᠤᠷᠪᠤᠯᠵᠢ ᠵᠡᠷᠭᠡ ᠣᠯᠠᠨ ᠨᠡᠶᠢᠲᠡ ᠶᠢᠨ ᠭᠠᠯ ᠤᠨᠲᠠᠷᠠᠭᠠᠬᠤ ᠰᠠᠭᠤᠷᠢ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢ ᠳᠡᠮᠵᠢᠬᠦ ᠡᠷᠴᠢᠮ ᠢᠶᠠᠨ ᠨᠡᠮᠡᠭᠳᠡᠭᠦᠯᠬᠦ ᠬᠡᠷᠡᠭᠲᠡᠶ᠃ ᠡᠯ᠎ᠡ ᠰᠠᠯᠠᠭ᠎ᠠ ᠮᠥᠴᠢᠷ ᠤᠳ ᠭᠠᠯ ᠤᠨ | ᠠᠶᠤᠯ ᠠᠴᠠ ᠰᠡᠷᠭᠡᠶᠢᠯᠡᠬᠦ ᠪᠠᠶᠢᠭᠤᠯᠤᠯᠲᠠ ᠶᠢ ᠵᠢᠯ ᠤᠨ ᠠᠵᠢᠯ ᠤᠨ ᠡᠭᠦᠷᠭᠡ ᠪᠠᠨ ᠨᠢᠭᠡ ᠴᠣᠭᠴᠠᠵᠢᠭᠤᠯᠬᠤ | ᠲᠣᠬᠢᠷᠠᠭᠤᠯᠤᠯᠲᠠ ᠳᠠᠭᠠᠨ ᠣᠷᠣᠭᠤᠯᠬᠤ ᠬᠡᠷᠡᠭᠲᠡᠶ᠃ ᠡᠯ᠎ᠡ ᠭᠠᠵᠠᠷ᠂ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠳ ᠡᠯ᠎ᠡ ᠱᠠᠲᠤᠨ ᠤ ᠲᠣᠬᠢᠷᠠᠭᠤᠯᠤᠭᠰᠠᠨ ᠭᠠᠯ ᠤᠨᠲᠠᠷᠠᠭᠠᠬᠤ ᠲᠤᠰᠬᠠᠶ ᠵᠦᠶᠯ ᠤᠨ ᠪᠡᠯᠡ ᠮᠥᠩᠭᠦ ᠶᠢᠨ | ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠦ᠂ ᠲᠤᠰᠬᠠᠶ ᠵᠣᠭᠤᠰ ᠢ ᠲᠤᠰᠬᠠᠶ ᠵᠦᠶᠯ ᠳᠤ ᠨᠢ ᠬᠡᠷᠡᠭᠯᠡᠬᠦ ᠶᠢ ᠦᠨᠡᠨᠬᠦ | ᠪᠠᠲᠤᠯᠠᠬᠤ ᠬᠡᠷᠡᠭᠲᠡᠶ᠃ | ᠶᠢᠰᠦ᠂ ᠭᠠᠯ ᠤᠨᠲᠠᠷᠠᠭᠠᠬᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠬᠤ | ᠬᠡᠷᠡᠭᠲᠡᠶ᠃ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠵᠢᠴᠢ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠥᠪᠡᠷᠲᠡᠭᠡᠨ ᠵᠠᠰᠠᠬᠤ ᠣᠷᠣᠨ ᠤ ︽ᠭᠠᠯ ᠤᠨᠲᠠᠷᠠᠭᠠᠬᠤ ᠬᠠᠤᠯᠢ | ᠬᠡᠷᠡᠭᠵᠢᠭᠦᠯᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠬᠡᠷᠡᠭᠵᠢᠭᠦᠯᠬᠦ ᠠᠷᠭ᠎ᠠ ᠬᠡᠮᠵᠢᠶ᠎ᠡ︾ ᠶᠢᠨ ᠶᠣᠰᠣᠭᠠᠷ᠂ | ᠭᠠᠯ ᠤᠨᠲᠠᠷᠠᠭᠠᠬᠤ ᠥᠭᠡᠷᠡᠴᠢᠯᠡᠯᠲᠡ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ | ᠬᠢᠨᠠᠮᠠᠭᠠᠶ ᠰᠠᠶᠢᠲᠤᠷ ᠠᠳᠬᠤᠬᠤ ᠬᠡᠷᠡᠭᠲᠡᠶ᠃ ᠭᠠᠯ ᠤᠨᠲᠠᠷᠠᠭᠠᠬᠤ ᠮᠡᠷᠭᠡᠵᠢᠯ ᠤᠨ ᠦᠢᠯᠡᠴᠢᠯᠡᠭᠡᠨ ᠤ | ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢᠨ ᠲᠥᠷᠢᠮ ᠲᠤ ᠥᠭᠡᠷᠡᠴᠢᠯᠡᠯᠲᠡ ᠬᠢᠵᠦ᠂ ᠭᠠᠯ ᠤᠨᠲᠠᠷᠠᠭᠠᠬᠤ | ᠪᠡᠯᠡᠳᠬᠡᠮᠵᠢ ᠶᠢ ᠬᠠᠮᠠᠭᠠᠯᠠᠵᠦ᠂ ᠠᠷᠠᠴᠢᠯᠠᠬᠤ᠂ ᠪᠠᠶᠢᠴᠠᠭᠠᠨ ᠬᠡᠮᠵᠢᠬᠦ᠂ ᠭᠠᠯ ᠤᠨ ᠠᠶᠤᠯ ᠠᠴᠠ ᠰᠡᠷᠭᠡᠶᠢᠯᠡᠬᠦ ᠶᠢ | ᠦᠨᠡᠯᠡᠨ ᠵᠢᠱᠢᠬᠦ ᠪᠠᠶᠢᠭᠤᠯᠤᠮᠵᠢ ᠶᠢᠨ ᠬᠢᠷᠢ ᠬᠡᠮ ᠤᠨ ᠵᠥᠪᠰᠢᠶᠡᠷᠡᠯ ᠢ ᠬᠦᠴᠦᠨ ᠥᠭᠡᠢ ᠪᠣᠯᠭᠠᠨ᠎ᠠ᠃ ᠭᠠᠯ | ᠤᠨᠲᠠᠷᠠᠭᠠᠬᠤ ᠦᠢᠯᠡᠳᠬᠦᠨ ᠤ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠠᠭᠤᠵᠢᠭᠤ ᠲᠠᠯᠪᠢᠬᠤ | ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠨᠡᠶᠢᠭᠡᠮ ᠤᠨ ᠬᠦᠴᠦᠨ ᠤ ᠭᠠᠯ ᠤᠨᠲᠠᠷᠠᠭᠠᠬᠤ ᠦᠢᠯᠡᠳᠬᠦᠨ ᠢ ᠪᠠᠶᠢᠴᠠᠭᠠᠨ | ᠰᠢᠯᠭᠠᠵᠤ ᠪᠠᠶᠢᠴᠠᠭᠠᠨ ᠬᠡᠮᠵᠢᠬᠦ ᠪᠠ ᠭᠡᠷᠡᠴᠢᠯᠡᠬᠦ ᠲᠤᠬᠠᠶᠢᠯᠠᠭᠰᠠᠨ ᠠᠵᠢᠯ ᠥᠷᠨᠢᠭᠦᠯᠬᠦ ᠶᠢ ᠵᠣᠷᠢᠭᠵᠢᠭᠤᠯᠤᠨ ᠳᠡᠮᠵᠢᠨ᠎ᠡ | ᠃ ᠣᠯᠠᠨ ᠨᠡᠶᠢᠲᠡ ᠶᠢᠨ ᠴᠤᠭᠯᠠᠷᠠᠬᠤ ᠲᠠᠯᠠᠪᠤᠷ ᠢ ᠠᠰᠢᠭᠯᠠᠯᠲᠠ ᠳᠤ ᠣᠷᠣᠭᠤᠯᠤᠨ ᠬᠡᠷᠡᠭᠯᠡᠬᠦ ᠠᠴᠠ ᠡᠮᠦᠨ᠎ᠡ ᠭᠠᠯ ᠤᠨ | ᠠᠶᠤᠯ ᠠᠴᠠ ᠰᠡᠷᠭᠡᠶᠢᠯᠡᠬᠦ ᠪᠠᠶᠢᠴᠠᠭᠠᠯᠲᠠ ᠶᠢ ᠮᠡᠳᠡᠭᠳᠡᠬᠦ ᠠᠮᠠᠯᠠᠯᠲᠠ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ | ᠬᠡᠷᠡᠭᠵᠢᠭᠦᠯᠦᠨ᠎ᠡ᠃ ᠠᠵᠢᠯ ᠬᠡᠷᠡᠭ ᠤᠨ ᠳᠤᠮᠳᠠ ᠪᠠ ᠠᠵᠢᠯ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠭᠠᠯ ᠤᠨᠲᠠᠷᠠᠭᠠᠬᠤ ᠬᠢᠨᠠᠯᠲᠠ | ᠬᠠᠮᠢᠶᠠᠷᠤᠯᠲᠠ ᠶᠢᠨ ᠵᠠᠭᠪᠤᠷ ᠢ ᠬᠡᠷᠡᠭᠵᠢᠭᠦᠯᠦᠨ᠂ ᠭᠠᠯ ᠤᠨ ᠠᠶᠤᠯ ᠠᠴᠠ ᠰᠡᠷᠭᠡᠶᠢᠯᠡᠬᠦ ᠢᠲᠡᠭᠡᠮᠵᠢ ᠶᠢᠨ | ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠬᠠᠮᠲᠤᠷᠠᠨ ᠤᠷᠮᠠᠰᠢᠭᠤᠯᠬᠤ ᠪᠠ ᠵᠠᠯᠬᠠᠭᠠᠨ ᠴᠡᠭᠡᠷᠯᠡᠭᠦᠯᠬᠦ ᠶᠢ | ᠬᠠᠤᠯᠢ ᠶᠣᠰᠣᠭᠠᠷ ᠬᠡᠷᠡᠭᠵᠢᠭᠦᠯᠦᠨ᠎ᠡ᠃ ᠭᠠᠯ ᠰᠡᠷᠭᠡᠶᠢᠯᠡᠯᠲᠡ ᠶᠢᠨ ︽ᠲᠠᠯᠪᠢᠬᠤ ᠬᠠᠮᠢᠶᠠᠷᠬᠤ ᠦᠶᠯᠡᠴᠢᠯᠡᠬᠦ︾ | ᠡᠷᠴᠢᠮ ᠢ ᠴᠢᠩᠭᠠᠷᠠᠭᠤᠯᠵᠤ᠂ ᠠᠵᠢᠯ ᠶᠠᠪᠤᠳᠠᠯ ᠭᠦᠶᠴᠡᠳᠬᠡᠬᠦ ᠲᠠᠰ ᠳᠠᠷᠠᠭᠠᠯᠠᠯ ᠢ ᠤᠯᠠᠮ ᠨᠢᠭᠡ ᠠᠯᠬᠤᠮ | ᠳᠥᠭᠦᠮᠴᠢᠯᠡᠨ᠂ ᠬᠢᠨᠠᠨ ᠵᠥᠪᠰᠢᠶᠡᠷᠡᠬᠦ ᠵᠦᠶᠯᠡᠰ ᠢ ᠪᠠᠭᠠᠰᠬᠠᠵᠤ᠂ ᠬᠢᠨᠠᠨ ᠵᠥᠪᠰᠢᠶᠡᠷᠡᠬᠦ ᠴᠠᠭ ᠬᠤᠭᠤᠴᠠᠭ᠎ᠠ ᠶᠢ | ᠪᠣᠭᠤᠨᠢᠰᠬᠠᠨ᠂ ᠠᠵᠢᠯ ᠶᠠᠪᠤᠳᠠᠯ ᠭᠦᠶᠴᠡᠳᠬᠡᠬᠦ ᠦᠷ᠎ᠡ ᠪᠦᠲᠦᠮᠵᠢ ᠪᠠ ᠦᠶᠯᠡᠴᠢᠯᠡᠭᠡᠨ ᠤ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ | ᠠᠷᠪᠠ᠂ ᠭᠠᠯ ᠤᠨᠲᠠᠷᠠᠭᠠᠬᠤ ᠠᠵᠢᠯ ᠤᠨ ᠬᠢᠨᠠᠨ ᠵᠢᠯᠣᠭᠤᠳᠴᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠳᠠᠯᠠᠬᠤ | ᠬᠡᠷᠡᠭᠲᠡᠶ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠪᠣᠳᠠᠲᠠᠶ ᠲᠠᠢ ᠪᠠᠨ ᠤᠶᠠᠯᠳᠤᠭᠤᠯᠤᠨ ᠠᠵᠢᠯ ᠤᠨ | ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠡᠭᠦᠷᠭᠡ ᠶᠢᠨ ᠨᠠᠷᠢᠨ ᠬᠠᠭᠤᠳᠠᠰᠤ ᠶᠢ ᠵᠢᠭᠰᠠᠭᠠᠨ᠂ ᠡᠯ᠎ᠡ ᠵᠦᠶᠯ ᠤᠨ | ᠠᠵᠢᠯ ᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠤᠲᠠ ᠶᠢᠨ ᠵᠠᠰᠠᠭ ᠤᠨ | ᠣᠷᠳᠣᠨ ᠠᠴᠠ ᠴᠠᠭ ᠲᠤ ᠨᠢ ᠳᠣᠭᠢᠷᠠᠭᠤᠯᠤᠨ ᠲᠤᠰᠬᠠᠶ ᠰᠢᠮᠳᠠᠭᠤᠯᠤᠨ ᠭᠦᠶᠴᠡᠳᠬᠡᠯᠭᠡᠬᠦ ᠶᠢ ᠵᠣᠬᠢᠶᠠᠨ ᠪᠠᠶᠢᠭᠤᠯᠵᠤ᠂ | ᠬᠠᠮᠢᠶ᠎ᠠ ᠪᠥᠬᠦᠶ ᠲᠣᠭᠲᠠᠭᠠᠯ ᠶᠣᠰᠣᠭᠠᠷ᠂ ᠠᠵᠢᠯ ᠥᠯᠥ ᠬᠢᠬᠦ᠂ ᠤᠳᠠᠭᠠᠰᠢᠷᠠᠭᠤᠯᠤᠨ ᠬᠢᠬᠦ ᠵᠡᠷᠭᠡ ᠠᠰᠠᠭᠤᠳᠠᠯ | ᠣᠷᠤᠰᠢᠵᠤ ᠪᠠᠶᠢᠭ᠎ᠠ ᠬᠠᠷᠢᠭᠤᠴᠠᠯᠭᠠᠲᠤ ᠨᠢᠭᠡᠴᠢ ᠪᠠ ᠬᠠᠷᠢᠭᠤᠴᠠᠯᠭᠠᠲᠠᠨ ᠢ ᠵᠠᠷᠯᠠᠨ ᠮᠡᠳᠡᠭᠳᠡᠬᠦ ᠪᠠ ᠬᠠᠷᠢᠭᠤᠴᠠᠯᠭ᠎ᠠ | ᠨᠡᠬᠡᠮᠵᠢᠯᠡᠨ᠎ᠡ︔ ᠤᠴᠢᠷ ᠶᠠᠪᠤᠳᠠᠯ ᠰᠢᠢᠳᠪᠦᠷᠢᠯᠡᠬᠦ ᠴᠢᠳᠠᠪᠤᠷᠢ ᠪᠠᠷ ᠪᠠᠭᠤᠷᠠᠢ᠂ ᠬᠠᠷᠢᠭᠤᠴᠠᠯᠭ᠎ᠠ ᠦᠭᠡᠢ ᠬᠠᠨᠳᠤᠭᠰᠠᠨ | ᠂ ᠲᠤᠰᠢᠶᠠᠯ ᠢᠶᠠᠨ ᠭᠤᠲᠤᠭᠠᠭᠰᠠᠨ ᠠᠴᠠ ᠪᠣᠯᠵᠤ ᠨᠡᠯᠢᠶᠡᠳ ᠶᠡᠭᠡ ᠬᠡᠮᠵᠢᠶᠡᠨ ᠠᠴᠠ ᠳᠡᠭᠡᠭᠰᠢᠬᠢ ᠭᠠᠯ ᠤᠨ ᠠᠶᠤᠯ ᠤᠨ | ᠠᠳᠡᠯ ᠭᠠᠷᠭᠠᠭᠰᠠᠨ ᠪᠤᠶᠤ ᠠᠵᠤ ᠠᠬᠤᠶ ᠶᠢᠨ ᠬᠦᠨᠳᠦ ᠶᠡᠭᠡ ᠬᠤᠬᠢᠷᠠᠯ ᠤᠴᠠᠷᠠᠭᠤᠯᠤᠭᠰᠠᠨ᠂ ᠨᠡᠶᠢᠭᠡᠮ ᠳᠤ ᠮᠠᠭᠤ | ᠨᠥᠯᠥᠭᠡ ᠦᠵᠡᠭᠦᠯᠦᠭᠰᠡᠨ ᠪᠣᠯ ᠭᠤᠣᠯ ᠬᠠᠷᠢᠭᠤᠴᠠᠯᠭᠠᠲᠠᠨ ᠵᠢᠴᠢ ᠬᠠᠮᠢᠶ᠎ᠠ ᠪᠦᠬᠦᠢ ᠬᠥᠮᠦᠰ ᠤᠨ ᠬᠠᠤᠯᠢ | ᠴᠠᠭᠠᠵᠠ ᠶᠢᠨ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠨ᠎ᠡ᠃ | ᠳᠠᠭᠠᠯᠳᠤᠭᠤᠯᠤᠯ᠄ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠵᠢᠴᠢ ᠬᠤᠲᠠ ᠳᠤ ᠰᠠᠭᠤᠭ᠎ᠠ | ᠬᠤᠯᠪᠣᠭᠳᠠᠯ ᠪᠥᠬᠦᠶ ᠨᠢᠭᠡᠴᠡ ᠪᠠ ᠪᠠᠶᠢᠭᠤᠯᠤᠮᠵᠢ ᠶᠢᠨ ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠤ ᠡᠭᠦᠷᠭᠡ | ᠬᠠᠷᠢᠭᠤᠴᠠᠯᠭ᠎ᠠ ᠶᠢᠨ ᠨᠠᠷᠢᠨ ᠬᠠᠭᠤᠳᠠᠰᠤ | | | ᠳᠠᠭᠠᠯᠳᠤᠭᠤᠯᠤᠯ᠄ | ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠵᠢᠴᠢ ᠬᠤᠲᠠ ᠳᠤ ᠰᠠᠭᠤᠭ᠎ᠠ ᠬᠤᠯᠪᠣᠭᠳᠠᠯ ᠪᠥᠬᠦᠶ | ᠨᠢᠭᠡᠴᠢ ᠪᠠ ᠪᠠᠶᠢᠭᠤᠯᠤᠮᠵᠢ ᠶᠢᠨ ᠭᠠᠯ ᠤᠨ ᠠᠶᠤᠯ ᠠᠴᠠ ᠰᠡᠷᠭᠡᠶᠢᠯᠡᠬᠦ ᠡᠭᠦᠷᠭᠡ ᠬᠠᠷᠢᠭᠤᠴᠠᠯᠭ᠎ᠠ ᠶᠢᠨ ᠨᠠᠷᠢᠨ | ᠬᠠᠭᠤᠳᠠᠰᠤ | ︵ᠨᠢᠭᠡ︶ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠭᠠᠯ ᠤᠨᠲᠠᠷᠠᠭᠠᠬᠤ | ᠠᠵᠢᠯ ᠳᠤ ᠬᠢᠨᠠᠯᠲᠠ ᠬᠠᠮᠢᠶᠠᠷᠤᠯᠲᠠ ᠬᠡᠷᠡᠭᠵᠢᠭᠦᠯᠵᠦ᠂ ᠲᠤᠰ ᠱᠠᠲᠤᠨ ᠤ ᠵᠠᠰᠠᠭ ᠤᠨ ᠣᠷᠳᠣᠨ ᠤ ᠬᠤᠯᠪᠣᠭᠳᠠᠯ | ᠪᠦᠬᠦᠢ ᠰᠠᠯᠠᠭ᠎ᠠ ᠮᠦᠴᠢᠷ᠂ ᠭᠠᠯ ᠤᠨᠲᠠᠷᠠᠭᠠᠵᠦ ᠠᠪᠤᠷᠠᠨ ᠲᠤᠰᠠᠯᠠᠬᠤ ᠪᠠᠶᠢᠭᠤᠯᠤᠮᠵᠢ ᠪᠠ ᠳᠤᠤᠷ᠎ᠠ ᠱᠠᠲᠤᠨ ᠤ | ᠠᠷᠠᠳ ᠤᠨ ᠵᠠᠰᠠᠭ ᠤᠨ ᠣᠷᠳᠣᠨ ᠤ ᠭᠠᠯ ᠤᠨᠲᠠᠷᠠᠭᠠᠬᠤ ᠠᠵᠢᠯ ᠢ ᠵᠢᠯᠣᠭᠤᠳᠤᠨ ᠵᠣᠬᠢᠴᠠᠭᠤᠯᠬᠤ᠂ ᠬᠢᠨᠠᠯᠲᠠ | ᠳᠡᠯᠪᠢᠨ ᠪᠠᠶᠢᠴᠠᠭᠠᠬᠤ᠂ ᠲᠣᠭᠤᠷᠢᠨ ᠪᠠᠶᠢᠴᠠᠭᠠᠬᠤ᠂ ᠰᠢᠯᠭᠠᠨ ᠬᠢᠨᠠᠬᠤ ᠶᠢ ᠬᠠᠷᠢᠭᠤᠴᠠᠨ᠎ᠠ᠃ ᠭᠠᠯ ᠤᠨᠲᠠᠷᠠᠭᠠᠵᠤ | ᠠᠪᠤᠷᠠᠨ ᠲᠤᠰᠠᠯᠠᠬᠤ ᠪᠠᠶᠢᠭᠤᠯᠤᠮᠵᠢ ᠶᠢᠨ ᠲᠣᠭᠲᠠᠭᠠᠭᠰᠠᠨ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ | ᠭᠠᠯ ᠤᠨ ᠠᠶᠤᠯ ᠠᠴᠠ ᠰᠡᠷᠭᠡᠶᠢᠯᠡᠬᠦ ᠭᠤᠣᠯᠳᠠᠯᠭ᠎ᠠ ᠲᠠᠢ ᠨᠢᠭᠡᠴᠢ ᠶᠢ ᠲᠤᠰ ᠱᠠᠲᠤᠨ ᠤ ᠠᠷᠠᠳ ᠤᠨ ᠵᠠᠰᠠᠭ ᠤᠨ | ᠣᠷᠳᠣᠨ ᠳᠠᠭᠠᠨ ᠮᠡᠳᠡᠭᠦᠯᠦᠨ ᠳᠠᠩᠰᠠᠯᠠᠭᠤᠯᠤᠨ᠎ᠠ᠃ ᠭᠠᠯ ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠶᠢᠨ | ᠭᠠᠯ ᠤᠨᠲᠠᠷᠠᠭᠠᠬᠤ ᠬᠢᠨᠠᠯᠲᠠ ᠪᠠᠶᠢᠴᠠᠭᠠᠯᠲᠠ ᠳᠤᠮᠳᠠ ᠣᠯᠵᠤ ᠮᠡᠳᠡᠭᠰᠡᠨ ᠬᠤᠲᠠ ᠬᠥᠳᠡᠭᠡ ᠶᠢᠨ ᠭᠠᠯ ᠤᠨᠲᠠᠷᠠᠭᠠᠵᠤ | ᠠᠶᠤᠯ ᠠᠴᠠ ᠬᠠᠮᠠᠭᠠᠯᠠᠬᠤ ᠪᠠᠶᠢᠷᠢᠰᠢᠭᠤᠯᠤᠯ᠂ ᠣᠯᠠᠨ ᠨᠡᠶᠢᠲᠡ ᠶᠢᠨ ᠭᠠᠯ ᠤᠨᠲᠠᠷᠠᠭᠠᠬᠤ ᠪᠡᠯᠡᠳᠬᠡᠮᠵᠢ ᠨᠢ ᠭᠠᠯ ᠤᠨ | ᠠᠶᠤᠯ ᠠᠴᠠ ᠰᠡᠷᠭᠡᠶᠢᠯᠡᠬᠦ ᠱᠠᠭᠠᠷᠳᠠᠯᠭ᠎ᠠ ᠳᠤ ᠨᠡᠶᠢᠴᠡᠬᠦ ᠦᠭᠡᠶ ᠪᠤᠶᠤ ᠲᠤᠰ ᠭᠠᠵᠠᠷ ᠣᠷᠣᠨ ᠳᠠᠭᠠᠨ ᠣᠯᠠᠨ | ᠨᠡᠶᠢᠲᠡ ᠶᠢᠨ ᠠᠮᠤᠷ ᠲᠦᠪᠰᠢᠨ ᠢ ᠨᠥᠯᠥᠭᠡᠯᠡᠬᠦ ᠬᠦᠨᠳᠦ ᠶᠡᠭᠡ ᠭᠠᠯ ᠤᠨ ᠠᠶᠤᠯ ᠤᠨ ᠳᠠᠯᠳᠠ ᠭᠡᠮ ᠣᠷᠣᠰᠢᠵᠤ | ᠪᠠᠶᠢᠭ᠎ᠠ ᠪᠠᠶᠢᠳᠠᠯ ᠢ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠠᠭᠠᠨ ᠪᠢᠴᠢᠭ ᠢᠶᠠᠷ ᠮᠡᠳᠡᠭᠦᠯᠦᠨ᠎ᠡ᠃ | ︵ᠬᠤᠶᠠᠷ︶ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ᠤᠯᠤᠰ ᠤᠨ ᠬᠤᠯᠪᠣᠭᠳᠠᠯ ᠪᠥᠬᠦᠶ ᠲᠣᠭᠲᠠᠭᠠᠯ | ᠶᠣᠰᠣᠭᠠᠷ ᠬᠠᠮᠢᠶ᠎ᠠ ᠪᠥᠬᠦᠶ ᠭᠠᠯ ᠤᠨ ᠠᠶᠤᠯ ᠠᠴᠠ ᠰᠡᠷᠭᠡᠶᠢᠯᠡᠬᠦ ᠠᠵᠢᠯ ᠤᠨ ᠡᠭᠦᠷᠭᠡ ᠬᠠᠷᠢᠭᠤᠴᠠᠯᠭ᠎ᠠ ᠶᠢ | ᠭᠦᠶᠴᠡᠳᠬᠡᠵᠦ᠂ ᠭᠠᠯ ᠤᠨ ᠠᠶᠤᠯ ᠠᠴᠠ ᠰᠡᠷᠭᠡᠶᠢᠯᠡᠬᠦ ᠳᠤ ᠬᠤᠯᠪᠣᠭᠳᠠᠭᠰᠠᠨ ᠠᠮᠤᠷ ᠢ ᠬᠠᠮᠠᠭᠠᠯᠠᠬᠤ | ᠬᠠᠮᠢᠶᠠᠷᠤᠯᠲᠠ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠭᠠᠯ | ᠠᠯᠳᠠᠭᠰᠠᠨ ᠶᠠᠯ᠎ᠠ ᠪᠠ ᠭᠠᠯ ᠤᠨᠲᠠᠷᠠᠭᠠᠬᠤ ᠬᠠᠷᠢᠭᠤᠴᠠᠯᠭ᠎ᠠ ᠶᠢᠨ ᠠᠳᠠᠯ ᠭᠠᠷᠭᠠᠭᠰᠠᠨ ᠶᠠᠯ᠎ᠠ ᠵᠡᠷᠭᠡ ᠭᠠᠯ | ᠤᠨᠲᠠᠷᠠᠭᠠᠬᠤ ᠠᠶᠤᠯᠭᠦᠢ ᠦᠶᠯᠡᠳᠪᠦᠷᠢᠯᠡᠯ ᠤᠨ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ ᠡᠷᠡᠭᠦᠦ ᠶᠢᠨ ᠬᠡᠷᠡᠭ ᠢ | ᠰᠢᠶᠳᠪᠦᠷᠢᠯᠡᠨ᠎ᠡ᠃ ᠭᠠᠯ ᠤᠨᠲᠠᠷᠠᠭᠠᠵᠤ ᠠᠪᠤᠷᠠᠨ ᠲᠤᠰᠠᠯᠠᠬᠤ ᠲᠤᠬᠠᠶ ᠶᠢᠨ ᠲᠠᠯᠠᠪᠠᠶ ᠬᠢᠭᠡᠳ ᠡᠷᠭᠢᠨ ᠲᠣᠭᠤᠷᠢᠨ ᠤ | ᠵᠠᠮ ᠢ ᠵᠠᠯᠠᠵᠤ ᠵᠢᠯᠣᠭᠤᠳᠤᠨ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠠᠵᠢᠯᠯᠠᠭ᠎ᠠ ᠳᠠᠬᠢ ᠭᠠᠯ ᠤᠨᠲᠠᠷᠠᠭᠠᠬᠤ | ᠲᠡᠷᠭᠡ ᠬᠥᠰᠬᠡ ᠶᠢᠨ ᠨᠡᠪᠲᠡᠷᠡᠬᠦ ᠶᠢ ᠪᠠᠲᠤᠯᠠᠵᠤ᠂ ᠴᠢᠬᠤᠯᠠ ᠲᠠᠢ ᠦᠶ᠎ᠡ ᠳᠤ ᠵᠠᠮ ᠬᠠᠷᠢᠯᠴᠠᠭᠠᠨ ᠤ ᠵᠠᠬᠢᠷᠤᠨ | ᠬᠠᠮᠢᠶᠠᠷᠤᠯᠲᠠ ᠶᠠᠪᠤᠭᠤᠯᠤᠨ᠎ᠠ᠃ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠨᠢ ᠭᠠᠯ ᠰᠡᠷᠭᠡᠶᠢᠯᠡᠯᠲᠡ ᠶᠢᠨ | ᠬᠢᠨᠠᠯᠲᠠ ᠪᠠᠶᠢᠴᠠᠭᠠᠯᠲᠠ᠂ ᠭᠠᠯ ᠰᠡᠷᠭᠡᠶᠢᠯᠡᠯᠲᠡ ᠶᠢᠨ ᠤᠬᠠᠭᠤᠯᠭ᠎ᠠ ᠬᠥᠮᠦᠵᠢᠯ ᠢ ᠬᠠᠤᠯᠢ ᠶᠣᠰᠣᠭᠠᠷ ᠬᠡᠷᠡᠭᠵᠢᠭᠦᠯᠵᠦ᠂ | ᠭᠠᠴᠠᠭ᠎ᠠ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ︵ᠨᠡᠶᠢᠭᠡᠮ ᠲᠣᠭᠤᠷᠢᠭ︶᠂ ᠠᠳᠠᠯ | ᠠᠬᠤᠶ ᠶᠢᠨ ᠦᠶᠯᠡᠴᠢᠯᠡᠭᠡᠨ ᠤ ᠠᠵᠤ ᠠᠬᠤᠶᠢᠯᠠᠯ ᠵᠡᠷᠭᠡ ᠨᠢᠭᠡᠴᠢ ᠶᠢ ᠰᠢᠮᠳᠠᠭᠤᠯᠤᠨ ᠵᠢᠯᠣᠭᠤᠳᠴᠤ ᠪᠠᠶᠢᠭᠠᠳ ᠭᠠᠯ | ᠤᠨ ᠠᠶᠤᠯ ᠠᠴᠠ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ | ︵ᠭᠤᠷᠪᠠ︶ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠨᠢ ᠡᠯ᠎ᠡ ᠱᠠᠲᠤᠨ ᠤ ᠡᠯ᠎ᠡ ᠲᠥᠷᠥᠯ ᠤᠨ | ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠭᠠᠯ ᠤᠨ ᠠᠶᠤᠯ ᠠᠴᠠ ᠰᠡᠷᠭᠡᠶᠢᠯᠡᠬᠦ ᠠᠮᠤᠷ ᠲᠦᠪᠰᠢᠨ ᠤ | ᠬᠠᠮᠢᠶᠠᠷᠤᠯᠲᠠ ᠶᠢ ᠨᠢᠭᠡᠳᠦᠯᠲᠡᠶ ᠲᠥᠯᠥᠪᠯᠡᠬᠦ ᠶᠢ ᠬᠠᠷᠢᠭᠤᠴᠠᠨ᠎ᠠ᠃ ᠰᠤᠷᠭᠠᠭᠤᠯᠢ ᠶᠢᠨ ᠭᠠᠯ ᠤᠨ ᠠᠶᠤᠯ ᠠᠴᠠ | ᠰᠡᠷᠭᠡᠶᠢᠯᠡᠬᠦ ᠬᠥᠮᠦᠵᠢᠯ ᠤᠨ ᠤᠬᠠᠭᠤᠯᠭ᠎ᠠ ᠪᠣᠯᠤᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠵᠢᠯᠣᠭᠤᠳᠤᠨ᠂ | ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠶᠢ ᠰᠤᠷᠭᠠᠭᠤᠯᠢ ᠶᠢᠨ ᠠᠮᠤᠷ ᠲᠦᠪᠰᠢᠨ ᠤ ᠬᠥᠮᠦᠵᠢᠯ ᠤᠨ | ᠠᠵᠢᠯᠯᠠᠭ᠎ᠠ ᠪᠣᠯᠤᠨ ᠰᠤᠷᠤᠭᠴᠢᠳ ᠤᠨ ᠴᠡᠷᠢᠭ ᠤᠨ ᠪᠣᠯᠪᠠᠰᠤᠷᠠᠯ ᠤᠨ ᠠᠭᠤᠯᠭ᠎ᠠ ᠳᠤ ᠣᠷᠣᠭᠤᠯᠤᠨ᠎ᠠ᠃ ᠬᠠᠷᠢᠶ᠎ᠠ | ᠭᠠᠵᠠᠷ ᠤᠨ ᠰᠤᠷᠭᠠᠭᠤᠯᠢ᠂ ᠬᠡᠦᠬᠡᠳ ᠤᠨ ᠴᠡᠴᠡᠷᠯᠢᠭ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ | ᠪᠠᠶᠢᠭᠤᠯᠤᠮᠵᠢ ᠶᠢ ᠰᠢᠮᠳᠠᠭᠤᠯᠵᠤ ᠪᠠᠶᠢᠭᠠᠳ ᠭᠠᠯ ᠤᠨ ᠠᠶᠤᠯ ᠠᠴᠠ ᠰᠡᠷᠭᠡᠶᠢᠯᠡᠬᠦ ᠭᠤᠣᠯ ᠴᠣᠭᠴᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠭᠠᠯ ᠤᠨ ᠠᠶᠤᠯ ᠠᠴᠠ ᠰᠡᠷᠭᠡᠶᠢᠯᠡᠬᠦ ᠳᠠᠯᠳᠠ ᠭᠡᠮ ᠢ ᠵᠢᠭᠰᠠᠭᠠᠨ | ᠪᠠᠶᠢᠴᠠᠭᠠᠵᠤ ᠴᠡᠭᠴᠡᠯᠡᠨ ᠵᠠᠰᠠᠬᠤ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠳᠥᠷᠪᠡ︶ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠨᠢ ᠨᠠᠰᠤᠵᠢᠯ ᠤᠨ ᠦᠶᠯᠡᠴᠢᠯᠡᠭᠡ᠂ ᠬᠡᠦᠬᠡᠳ ᠤᠨ | ᠠᠰᠠᠷᠠᠮᠵᠢ᠂ ᠣᠷᠤᠭ ᠳᠠᠩᠰᠠᠯᠠᠬᠤ᠂ ᠠᠪᠤᠷᠠᠨ ᠲᠤᠰᠠᠯᠠᠬᠤ ᠬᠠᠮᠢᠶᠠᠷᠤᠯᠲᠠ᠂ ᠣᠷᠣᠰᠢᠭᠤᠯᠭ᠎ᠠ ᠶᠢᠨ ᠦᠶᠯᠡᠴᠢᠯᠡᠭᠡ᠂ | ᠣᠶᠤᠨ ᠮᠡᠳᠡᠷᠡᠯ ᠤᠨ ᠡᠷᠡᠭᠦᠯ ᠬᠠᠮᠠᠭᠠᠯᠠᠯ ᠠᠰᠠᠷᠠᠮᠵᠢ ᠵᠡᠷᠭᠡ ᠠᠷᠠᠳ ᠤᠨ ᠶᠠᠪᠤᠳᠠᠯ ᠤᠨ ᠪᠠᠶᠢᠭᠤᠯᠤᠮᠵᠢ ᠶᠢᠨ | ᠬᠠᠮᠢᠶᠠᠷᠴᠤ ᠪᠥᠬᠦᠶ ᠠᠵᠢᠯ ᠲᠥᠷᠥᠯ ᠤᠨ ᠭᠠᠯ ᠤᠨ ᠠᠶᠤᠯ ᠠᠴᠠ ᠰᠡᠷᠭᠡᠶᠢᠯᠡᠬᠦ ᠢ ᠬᠠᠷᠢᠭᠤᠴᠠᠨ᠎ᠠ᠃ | ︵ᠲᠠᠪᠤ︶ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠨᠢ | ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ᠂ ᠮᠡᠷᠭᠡᠵᠢᠯ ᠤᠨ ᠠᠵᠢᠯᠴᠢᠨ ᠤ ᠳᠡᠭᠡᠳᠦ | ᠰᠤᠷᠭᠠᠭᠤᠯᠢ ᠶᠢᠨ ᠵᠥᠪᠰᠢᠶᠡᠷᠡᠯ ᠪᠤᠶᠤ ᠬᠠᠮᠢᠶᠠᠷᠤᠯᠲᠠ ᠳᠠᠬᠢ ᠠᠵᠢᠯ ᠲᠥᠷᠥᠯ ᠤᠨ ᠭᠠᠯ ᠤᠨ ᠠᠶᠤᠯ ᠠᠴᠠ | ᠰᠡᠷᠭᠡᠶᠢᠯᠡᠬᠦ ᠢ ᠬᠠᠷᠢᠭᠤᠴᠠᠨ᠎ᠠ᠃ ᠵᠠᠰᠠᠭ ᠤᠨ ᠣᠷᠳᠣᠨ ᠤ ᠲᠤᠰᠬᠠᠶ ᠲᠤᠰᠢᠶᠠᠯᠳᠦ ᠭᠠᠯ ᠤᠨᠲᠠᠷᠠᠭᠠᠬᠤ ᠠᠩᠭᠢ ᠶᠢᠨ | ᠭᠡᠰᠢᠭᠦᠨ᠂ ᠠᠵᠤ ᠠᠬᠤᠶᠢᠯᠠᠯ ᠤᠨ ᠲᠤᠰᠬᠠᠶ ᠲᠤᠰᠢᠶᠠᠯᠳᠦ ᠭᠠᠯ ᠤᠨᠲᠠᠷᠠᠭᠠᠬᠤ ᠠᠩᠭᠢ ᠶᠢᠨ ᠭᠡᠰᠢᠭᠦᠨ ᠤ | ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠬᠠᠤᠯᠢ ᠶᠣᠰᠣᠭᠠᠷ ᠣᠷᠣᠯᠴᠠᠬᠤ ᠠᠵᠢᠯ ᠢ ᠰᠠᠶᠢᠲᠤᠷ ᠬᠢᠨ᠎ᠡ᠃ | ᠭᠠᠯ ᠤᠨᠲᠠᠷᠠᠭᠠᠬᠤ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠤᠨ ᠭᠠᠯ ᠤᠨᠲᠠᠷᠠᠭᠠᠬᠤ ᠮᠡᠳᠡᠯᠭᠡ ᠶᠢ ᠠᠵᠢᠯ | ᠮᠡᠷᠭᠡᠵᠢᠯ ᠤᠨ ᠪᠣᠯᠪᠠᠰᠤᠷᠠᠭᠤᠯᠤᠯ ᠤᠨ ᠠᠭᠤᠯᠭ᠎ᠠ ᠳᠤ ᠣᠷᠣᠭᠤᠯᠤᠨ᠎ᠠ᠃ | ︵ᠵᠢᠷᠭᠤᠭ᠎ᠠ︶ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠨᠢ ᠤᠯᠤᠰ ᠤᠨ ᠲᠣᠭᠲᠠᠭᠠᠯ ᠢ | ᠦᠨᠳᠦᠰᠦᠯᠡᠨ᠂ ᠭᠠᠯ ᠤᠨᠲᠠᠷᠠᠭᠠᠬᠤ ᠲᠥᠯᠥᠪᠵᠢᠭᠦᠯᠭᠡ ᠶᠢ ᠵᠣᠬᠢᠬᠤ ᠲᠠᠰ ᠳᠠᠪᠬᠤᠷᠭ᠎ᠠ ᠶᠢᠨ ᠤᠯᠤᠰ ᠤᠨ ᠭᠠᠵᠠᠷ | ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ᠂ ᠭᠠᠴᠠᠭ᠎ᠠ ᠲᠣᠰᠬᠤᠨ ᠤ ᠲᠥᠯᠥᠪᠵᠢᠭᠦᠯᠭᠡ ᠳᠤ ᠣᠷᠣᠭᠤᠯᠵᠤ᠂ | ᠭᠠᠯ ᠤᠨᠲᠠᠷᠠᠭᠠᠬᠤ ᠤᠰᠤᠨ ᠤ ᠬᠠᠩᠭᠠᠯᠭ᠎ᠠ᠂ ᠭᠠᠯ ᠤᠨᠲᠠᠷᠠᠭᠠᠬᠤ ᠠᠩᠭᠢ ᠶᠢᠨ ᠥᠷᠲᠡᠭᠡ ᠵᠡᠷᠭᠡ ᠣᠯᠠᠨ | ᠨᠡᠶᠢᠲᠡ ᠶᠢᠨ ᠭᠠᠯ ᠤᠨᠲᠠᠷᠠᠭᠠᠬᠤ ᠰᠠᠭᠤᠷᠢ ᠪᠡᠯᠡᠳᠬᠡᠮᠵᠢ ᠪᠠ ᠦᠶᠯᠡᠴᠢᠯᠡᠭᠡᠨ ᠤ ᠪᠡᠯᠡᠳᠬᠡᠮᠵᠢ ᠶᠢ ᠵᠦᠶ ᠵᠣᠬᠢᠰᠲᠠᠶ | ᠪᠠᠶᠢᠷᠢᠰᠢᠭᠤᠯᠬᠤ ᠶᠢ ᠬᠠᠷᠢᠭᠤᠴᠠᠨ᠎ᠠ᠃ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢ | ᠦᠨᠳᠦᠰᠦᠯᠡᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠭᠠᠯ ᠤᠨᠲᠠᠷᠠᠭᠠᠬᠤ ᠪᠡᠯᠡᠳᠬᠡᠮᠵᠢ ᠶᠢᠨ | ᠪᠠᠶᠢᠷᠢᠯᠠᠭᠤᠯᠤᠯᠲᠠ ᠶᠢᠨ ᠲᠤᠰᠬᠠᠶ ᠵᠦᠢᠯ ᠤᠨ ᠲᠥᠯᠥᠪᠵᠢᠭᠦᠯᠭᠡ ᠶᠢ ᠲᠣᠭᠲᠠᠭᠠᠵᠤ᠂ ᠲᠥᠯᠥᠪᠵᠢᠭᠦᠯᠭᠡ ᠶᠢ | ᠦᠨᠳᠦᠰᠦᠯᠡᠨ ᠭᠠᠯ ᠤᠨᠲᠠᠷᠠᠭᠠᠬᠤ ᠥᠷᠲᠡᠭᠡ ᠶᠢᠨ ᠲᠥᠯᠥᠪᠵᠢᠭᠦᠯᠭᠡ ᠶᠢᠨ ᠬᠡᠷᠡᠭᠯᠡᠬᠦ ᠭᠠᠵᠠᠷ ᠢ ᠤᠷᠢᠳᠴᠢᠯᠠᠨ | ᠦᠯᠡᠳᠡᠭᠡᠬᠦ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠬᠦ ᠶᠢ ᠬᠠᠷᠢᠭᠤᠴᠠᠨ᠎ᠡ᠃ | ︵ᠳᠣᠯᠤᠭ᠎ᠠ︶ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ | ᠮᠥᠴᠢᠷ ᠨᠢ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ | ᠪᠠᠶᠢᠴᠠᠭᠠᠬᠤ᠂ ᠭᠠᠯ ᠰᠡᠷᠭᠡᠶᠢᠯᠡᠯᠲᠡ ᠶᠢ ᠰᠢᠯᠭᠠᠨ ᠠᠪᠬᠤ᠂ ᠳᠡᠩᠰᠡᠯᠡᠬᠤ᠂ ᠰᠤᠭᠤᠴᠢᠨ ᠪᠠᠶᠢᠴᠠᠭᠠᠬᠤ ᠶᠢ ᠬᠠᠤᠯᠢ | ᠶᠣᠰᠣᠭᠠᠷ ᠬᠡᠷᠡᠭᠵᠢᠭᠦᠯᠬᠦ ᠶᠢ ᠬᠠᠷᠢᠭᠤᠴᠠᠵᠤ᠂ ᠬᠠᠤᠯᠢ ᠶᠣᠰᠣᠭᠠᠷ ᠡᠷᠬᠡ ᠲᠤᠰᠢᠶᠠᠯ ᠶᠣᠰᠣᠭᠠᠷ ᠵᠠᠰᠠᠭ ᠵᠠᠬᠢᠷᠭᠠᠨ ᠤ | ᠰᠢᠳᠬᠡᠯ ᠢ ᠥᠷᠨᠢᠭᠦᠯᠦᠨ᠎ᠡ᠃ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠬᠠᠷᠢᠭᠤᠴᠠᠯᠭᠠᠲᠤ ᠨᠢᠭᠡᠴᠢ ᠶᠢ ᠬᠠᠤᠯᠢ | ᠶᠣᠰᠣᠭᠠᠷ ᠰᠢᠮᠳᠠᠭᠤᠯᠵᠤ ᠪᠠᠶᠢᠭᠠᠳ ᠭᠡᠷ ᠪᠠᠶᠢᠰᠢᠩ ᠤᠨ ᠪᠠᠷᠢᠯᠭ᠎ᠠ ᠪᠣᠯᠤᠨ ᠬᠤᠲᠠ ᠶᠢᠨ ᠶᠠᠪᠤᠳᠠᠯ ᠤᠨ ᠰᠠᠭᠤᠷᠢ | ᠪᠡᠯᠡᠳᠬᠡᠮᠵᠢ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠶᠤᠯ ᠦᠭᠡᠶ ᠶᠢᠨ ᠬᠠᠮᠢᠶᠠᠷᠤᠯᠲᠠ ᠶᠢ | ᠴᠢᠩᠭᠠᠳᠬᠠᠨ᠎ᠠ᠃ ᠡᠷᠬᠡ ᠲᠤᠰᠢᠶᠠᠯ ᠤᠨ ᠢᠶᠠᠨ ᠶᠣᠰᠣᠭᠠᠷ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ | ᠬᠦᠷᠢᠶᠡᠨ ᠤ ᠭᠠᠯ ᠤᠨ ᠠᠶᠤᠯ ᠤᠨ ᠠᠳᠡᠯ ᠢ ᠪᠠᠶᠢᠴᠠᠭᠠᠨ ᠰᠢᠶᠳᠪᠦᠷᠢᠯᠡᠬᠦ ᠠᠵᠢᠯ ᠳᠤ ᠣᠷᠣᠯᠴᠠᠨ᠎ᠠ᠃ ᠪᠠᠷᠢᠯᠭ᠎ᠠ ᠶᠢᠨ | ᠪᠦᠲᠦᠭᠡᠨ ᠪᠠᠶᠢᠭᠤᠯᠤᠯᠲᠠ ᠶᠢᠨ ᠵᠢᠷᠤᠮᠵᠢᠯ ᠢ ᠵᠣᠬᠢᠶᠠᠨ ᠪᠠᠶᠢᠭᠤᠯᠤᠨ ᠲᠣᠭᠲᠠᠭᠠᠬᠤ ᠵᠢᠴᠢ ᠰᠢᠨ᠎ᠡ ᠮᠡᠷᠭᠡᠵᠢᠯ᠂ ᠰᠢᠨ᠎ᠡ | ᠮᠠᠲ᠋ᠧᠷᠢᠶᠠᠯ᠂ ᠰᠢᠨ᠎ᠡ ᠤᠷᠠᠯᠢᠭ ᠶᠢ ᠳᠡᠯᠭᠡᠷᠡᠭᠦᠯᠬᠦ ᠳᠡᠭᠡᠨ ᠭᠠᠯ ᠤᠨ ᠠᠶᠤᠯ ᠠᠴᠠ ᠰᠡᠷᠭᠡᠶᠢᠯᠡᠬᠦ ᠬᠦᠴᠦᠨ ᠵᠦᠢᠯ ᠢ | ᠭᠦᠢᠴᠡᠳ ᠪᠣᠳᠣᠯᠬᠢᠯᠠᠨ᠂ ᠬᠤᠯᠪᠣᠭᠳᠠᠯ ᠪᠦᠬᠦᠢ ᠭᠠᠯ ᠤᠨ ᠠᠶᠤᠯ ᠠᠴᠠ ᠰᠡᠷᠭᠡᠶᠢᠯᠡᠬᠦ ᠴᠢᠳᠠᠪᠬᠢ ᠵᠢᠴᠢ | ᠱᠠᠭᠠᠷᠳᠠᠯᠭ᠎ᠠ ᠶᠢ ᠬᠠᠩᠭᠠᠬᠤ ᠬᠡᠷᠡᠭᠲᠡᠶ᠃ ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠠᠵᠢᠯᠯᠠᠭᠰᠠᠳ ᠤᠨ ᠭᠠᠯ ᠤᠨ | ᠠᠶᠤᠯ ᠠᠴᠠ ᠰᠡᠷᠭᠡᠶᠢᠯᠡᠬᠦ ᠬᠥᠮᠦᠵᠢᠯ ᠪᠣᠯᠪᠠᠰᠤᠷᠠᠭᠤᠯᠤᠯ ᠤᠨ ᠠᠵᠢᠯ ᠢ ᠵᠢᠯᠣᠭᠤᠳᠤᠨ᠎ᠠ᠃ ᠠᠳᠠᠯ ᠠᠬᠤᠶ ᠶᠢᠨ | ᠦᠶᠯᠡᠴᠢᠯᠡᠭᠡᠨ ᠤ ᠠᠵᠤ ᠠᠬᠤᠶᠢᠯᠠᠯ ᠢ ᠵᠢᠯᠣᠭᠤᠳᠤᠨ ᠬᠢᠨᠠᠯᠲᠠ ᠲᠠᠯᠪᠢᠵᠤ ᠪᠠᠶᠢᠭᠠᠳ ᠣᠷᠣᠨ ᠰᠠᠭᠤᠴᠠ ᠶᠢᠨ | ᠲᠣᠭᠤᠷᠢᠭ ᠤᠨ ᠨᠡᠶᠢᠲᠡ ᠶᠢᠨ ᠬᠡᠷᠡᠭᠯᠡᠭᠡᠨ ᠤ ᠭᠠᠯ ᠤᠨᠲᠠᠷᠠᠭᠠᠬᠤ ᠪᠡᠯᠡᠳᠬᠡᠮᠵᠢ ᠶᠢ ᠬᠠᠮᠠᠭᠠᠯᠠᠨ ᠬᠠᠮᠢᠶᠠᠷᠬᠤ ᠠᠵᠢᠯ ᠢ | ᠰᠠᠶᠢᠲᠤᠷ ᠬᠢᠨ᠎ᠠ᠃ | ︵ᠨᠠᠢᠮᠠ︶ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠨᠢ ᠵᠠᠰᠠᠮᠠᠯ ᠵᠠᠮ ᠤᠰᠤᠨ ᠵᠠᠮ ᠤᠨ ᠠᠵᠢᠯ | ᠲᠥᠷᠥᠯ ᠤᠨ ᠭᠠᠯ ᠤᠨ ᠠᠶᠤᠯ ᠠᠴᠠ ᠰᠡᠷᠭᠡᠶᠢᠯᠡᠬᠦ ᠬᠠᠮᠢᠶᠠᠷᠤᠯᠲᠠ ᠶᠢ ᠬᠠᠷᠢᠭᠤᠴᠠᠨ ᠵᠢᠯᠣᠭᠤᠳᠤᠨ᠎ᠠ᠃ ᠵᠠᠮ᠂ | ᠤᠰᠤᠨ ᠵᠠᠮ ᠤᠨ ᠠᠶᠠᠨᠴᠢᠳ ᠤᠨ ᠲᠡᠭᠡᠭᠡᠪᠦᠷᠢ᠂ ᠪᠠᠷᠠᠭ᠎ᠠ ᠶᠢᠨ ᠲᠡᠭᠡᠭᠡᠪᠦᠷᠢ᠂ ᠠᠶᠠᠨᠴᠢᠳ ᠪᠠ ᠪᠠᠷᠠᠭ᠎ᠠ ᠶᠢᠨ | ᠲᠡᠭᠡᠭᠡᠪᠦᠷᠢ ᠶᠢᠨ ᠲᠠᠯᠠᠪᠤᠷ ᠦᠷᠳᠡᠭᠡ ᠶᠢᠨ ᠡᠵᠡᠩᠨᠡᠯᠲᠡ᠂ ᠮᠠᠰᠢᠨᠲᠤ ᠲᠡᠷᠭᠡ ᠰᠡᠯᠪᠢᠨ ᠵᠠᠰᠠᠬᠤ᠂ ᠲᠡᠭᠡᠭᠡᠪᠦᠷᠢ | ᠡᠵᠡᠩᠨᠡᠵᠦ ᠪᠠᠶᠢᠭ᠎ᠠ ᠲᠡᠷᠭᠡ ᠬᠥᠰᠬᠡ ᠶᠢᠨ ᠶᠡᠷᠦᠩᠬᠡᠶᠢᠯᠡᠭᠰᠡᠨ ᠴᠢᠨᠠᠷ ᠴᠢᠳᠠᠯ ᠢ ᠪᠠᠶᠢᠴᠠᠭᠠᠨ ᠬᠡᠮᠵᠢᠬᠦ᠂ ᠮᠠᠰᠢᠨᠲᠤ | ᠲᠡᠷᠭᠡ ᠶᠢᠨ ᠵᠢᠯᠣᠭᠤᠴᠢ ᠶᠢᠨ ᠪᠣᠯᠪᠠᠰᠤᠷᠠᠭᠤᠯᠤᠯ᠂ ᠠᠵᠢᠯᠯᠠᠭᠰᠠᠳ ᠤᠨ ᠬᠠᠮᠢᠶᠠᠷᠤᠯᠲᠠ ᠵᠢᠴᠢ ᠤᠯᠠᠨ ᠨᠡᠶᠢᠲᠡ ᠶᠢᠨ | ᠮᠠᠰᠢᠨ ᠲᠡᠷᠭᠡ᠂ ᠲᠦᠷᠢᠶᠡᠰᠦᠨ ᠮᠠᠰᠢᠨ ᠲᠡᠷᠭᠡ᠂ ᠮᠠᠰᠢᠨ ᠲᠡᠷᠭᠡ ᠲᠦᠷᠢᠶᠡᠰᠦᠯᠡᠭᠦᠯᠬᠦ᠂ ᠰᠦᠯᠵᠢᠶᠡᠨ ᠳᠡᠭᠡᠷ᠎ᠡ | ᠪᠣᠯᠵᠣᠬᠤ ᠲᠡᠷᠭᠡ ᠵᠡᠷᠭᠡ ᠬᠤᠳᠠ ᠶᠢᠨ ᠠᠶᠠᠨᠴᠢᠳ ᠤᠨ ᠲᠡᠭᠡᠭᠡᠪᠦᠷᠢ ᠶᠢᠨ ᠠᠵᠢᠯ ᠲᠦᠷᠦᠯ ᠤᠨ ᠭᠠᠯ ᠤᠨ | ᠠᠶᠤᠯ ᠠᠴᠠ ᠰᠡᠷᠭᠡᠶᠢᠯᠡᠬᠦ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠢ ᠵᠢᠯᠣᠭᠤᠳᠤᠨ ᠰᠢᠮᠳᠠᠭᠤᠯᠤᠨ᠎ᠠ᠃ | ︵ᠶᠢᠰᠦ︶ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠨᠢ ᠰᠣᠶᠣᠯ ᠵᠢᠭᠤᠯᠴᠢᠯᠠᠯ ᠪᠠ | ᠪᠡᠶ᠎ᠡ ᠶᠢᠨ ᠲᠠᠮᠢᠷ ᠤᠨ ᠰᠢᠰᠲ᠋ᠧᠮ ᠤᠨ ᠠᠵᠢᠯ ᠲᠥᠷᠥᠯ ᠤᠨ ᠭᠠᠯ ᠤᠨ ᠠᠶᠤᠯ ᠠᠴᠠ ᠰᠡᠷᠭᠡᠶᠢᠯᠡᠬᠦ ᠶᠢ ᠬᠠᠷᠢᠭᠤᠴᠠᠨ᠎ᠠ᠃ | ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ᠂ ᠳᠡᠯᠡᠬᠡᠶ ᠶᠢᠨ ᠰᠣᠶᠣᠯ ᠤᠨ ᠥᠪ ᠪᠣᠯᠤᠨ | ᠮᠦᠽᠧᠶ ᠶᠢᠨ ᠠᠵᠢᠯ ᠲᠥᠷᠥᠯ ᠤᠨ ᠭᠠᠯ ᠤᠨ ᠠᠶᠤᠯ ᠠᠴᠠ ᠰᠡᠷᠭᠡᠶᠢᠯᠡᠬᠦ ᠬᠠᠮᠢᠶᠠᠷᠤᠯᠲᠠ ᠶᠢ ᠬᠠᠷᠢᠭᠤᠴᠠᠨ᠎ᠠ᠃ ᠣᠯᠠᠨ | ᠨᠡᠶᠢᠲᠡ ᠶᠢᠨ ᠨᠣᠮ ᠤᠨ ᠰᠠᠩ᠂ ᠦᠵᠡᠰᠬᠦᠯᠡᠩ ᠤᠨ ᠣᠷᠳᠣᠨ᠂ ᠵᠦᠴᠦᠭᠡ ᠶᠢᠨ ᠬᠦᠷᠢᠶᠡᠯᠡᠩ᠂ ᠰᠣᠶᠣᠯ ᠤᠨ | ᠣᠷᠳᠣᠨ ︵ᠥᠷᠲᠡᠭᠡ︶ ᠵᠡᠷᠭᠡ ᠰᠢᠭᠤᠳ ᠬᠠᠷᠢᠶ᠎ᠠ ᠨᠢᠭᠡᠴᠢ ᠶᠢᠨ ᠭᠠᠯ ᠤᠨ ᠠᠶᠤᠯ ᠠᠴᠠ ᠰᠡᠷᠭᠡᠶᠢᠯᠡᠬᠦ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ ᠶᠢ ᠵᠢᠯᠣᠭᠤᠳᠤᠨ ᠬᠢᠨᠠᠯᠲᠠ ᠲᠠᠯᠪᠢᠨ᠎ᠠ᠃ ᠰᠣᠶᠣᠯ᠂ ᠬᠡᠪᠯᠡᠯ᠂ ᠷᠠᠳᠢᠣ᠋ ᠲᠧᠯᠸᠢᠰ᠂ | ᠺᠢᠨᠣ᠋᠂ ᠵᠢᠭᠤᠯᠴᠢᠯᠠᠯ ᠵᠡᠷᠭᠡ ᠰᠣᠶᠣᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠨᠢᠭᠡᠴᠢ ᠶᠢᠨ ᠭᠠᠯ ᠤᠨ | ᠠᠶᠤᠯ ᠠᠴᠠ ᠰᠡᠷᠭᠡᠶᠢᠯᠡᠬᠦ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠶᠢ ᠵᠢᠯᠣᠭᠤᠳᠤᠨ ᠬᠢᠨᠠᠯᠲᠠ ᠲᠠᠯᠪᠢᠨ᠎ᠠ᠃ | ᠭᠠᠯ ᠤᠨᠲᠠᠷᠠᠭᠠᠵᠤ ᠠᠪᠤᠷᠠᠨ ᠲᠤᠰᠠᠯᠠᠬᠤ ᠤᠳᠬ᠎ᠠ ᠤᠷᠠᠯᠢᠭ ᠤᠨ ᠪᠦᠲᠦᠭᠡᠯ ᠤᠨ ᠵᠣᠬᠢᠶᠠᠨ ᠪᠦᠲᠦᠭᠡᠬᠦ ᠪᠠ | ᠲᠣᠭᠯᠠᠯᠲᠠ ᠭᠠᠷᠭᠠᠬᠤ ᠶᠢ ᠵᠢᠯᠣᠭᠤᠳᠤᠨ᠂ ᠭᠠᠯ ᠤᠨᠲᠠᠷᠠᠭᠠᠬᠤ ᠰᠣᠶᠣᠯ ᠤᠨ ᠪᠠᠶᠢᠭᠤᠯᠤᠯᠲᠠ ᠶᠢ ᠲᠦᠯᠬᠢᠨ | ᠠᠬᠢᠭᠤᠯᠤᠨ᠎ᠠ᠃ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠠᠶ ᠣᠷᠳᠣᠨ᠂ ᠣᠯᠠᠨ ᠨᠡᠶᠢᠲᠡ ᠶᠢᠨ ᠪᠡᠶ᠎ᠡ ᠶᠢᠨ | ᠲᠠᠮᠢᠷ ᠤᠨ ᠪᠡᠯᠡᠳᠬᠡᠮᠵᠢ ᠵᠢᠴᠢ ᠳᠠᠭᠠᠭᠠᠨ ᠡᠷᠬᠢᠯᠡᠬᠦ ᠲᠣᠮᠣ ᠬᠡᠯᠪᠡᠷᠢ ᠶᠢᠨ ᠪᠡᠶ᠎ᠡ ᠶᠢᠨ ᠲᠠᠮᠢᠷ ᠤᠨ ᠤᠷᠤᠯᠳᠤᠭᠠᠨ ᠤ | ᠭᠠᠯ ᠤᠨ ᠠᠶᠤᠯ ᠠᠴᠠ ᠰᠡᠷᠭᠡᠶᠢᠯᠡᠬᠦ ᠬᠠᠮᠢᠶᠠᠷᠤᠯᠲᠠ ᠶᠢ ᠬᠠᠷᠢᠭᠤᠴᠠᠨ᠎ᠠ᠃ ᠪᠡᠶ᠎ᠡ ᠶᠢᠨ ᠲᠠᠮᠢᠷ ᠤᠨ ᠨᠡᠶᠢᠭᠡᠮ ᠤᠨ | ᠵᠣᠬᠢᠶᠠᠨ ᠪᠠᠶᠢᠭᠤᠯᠤᠯᠲᠠ ᠶᠢ ᠵᠢᠯᠣᠭᠤᠳᠤᠨ ᠭᠠᠯ ᠤᠨ ᠠᠶᠤᠯ ᠠᠴᠠ ᠰᠡᠷᠭᠡᠶᠢᠯᠡᠬᠦ ᠭᠤᠣᠯ ᠴᠣᠭᠴᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ | ︵ᠠᠷᠪᠠ︶ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠨᠢ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ᠂ ᠡᠮᠴᠢᠯᠡᠭᠡᠨ ᠤ ᠦᠶᠯᠡᠴᠢᠯᠡᠭᠡ ᠶᠢᠨ ᠠᠵᠢᠯ ᠲᠥᠷᠥᠯ ᠤᠨ ᠭᠠᠯ ᠤᠨ ᠠᠶᠤᠯ ᠢ | ᠰᠡᠷᠭᠡᠶᠢᠯᠡᠬᠦ ᠶᠢ ᠬᠠᠷᠢᠭᠤᠴᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠭᠠᠯ ᠤᠨ ᠠᠶᠤᠯ ᠤᠨ ᠠᠳᠡᠯ | ᠪᠣᠯᠤᠨ ᠭᠠᠯ ᠤᠨᠲᠠᠷᠠᠭᠠᠵᠤ ᠠᠶᠤᠯ ᠠᠴᠠ ᠠᠪᠤᠷᠠᠨ ᠲᠤᠰᠠᠯᠠᠬᠤ ᠠᠵᠢᠯ ᠤᠨ ᠳᠤᠮᠳᠠ ᠰᠢᠷᠬᠠᠲᠤᠭᠰᠠᠳ ᠢ ᠡᠮᠨᠡᠨ | ᠠᠪᠤᠷᠠᠬᠤ ᠠᠵᠢᠯ ᠢ ᠰᠠᠶᠢᠲᠤᠷ ᠬᠢᠨ᠎ᠡ᠃ | ︵ᠠᠷᠪᠠᠨ ᠨᠢᠭᠡ︶ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠰᠠᠯᠠᠭ᠎ᠠ ᠮᠥᠴᠢᠷ ᠨᠢ | ᠦᠷᠡᠭᠳᠡᠭᠰᠡᠨ ᠪᠠᠭᠠᠲᠤᠷᠴᠤᠳ ᠢ ᠳᠤᠷᠠᠰᠬᠠᠬᠤ᠂ ᠴᠡᠷᠢᠭ ᠤᠨ ᠠᠮᠠᠷᠠᠯᠲᠠ ᠴᠡᠷᠢᠭ ᠤᠨ ᠬᠠᠩᠭᠠᠯᠭ᠎ᠠ᠂ ᠠᠰᠠᠷᠠᠨ | ᠬᠠᠷᠠᠭᠠᠯᠵᠠᠬᠤ ᠡᠮᠨᠡᠯᠭᠡ ᠶᠢᠨ ᠬᠤᠷᠢᠶ᠎ᠠ᠂ ᠢᠷᠠᠭᠤ ᠠᠯᠳᠠᠷ ᠤᠨ ᠬᠦᠷᠢᠶᠡᠯᠡᠩ ᠵᠡᠷᠭᠡ ᠴᠡᠷᠢᠭ ᠤᠨ ᠠᠯᠪᠠ ᠠᠴᠠ | ᠬᠠᠯᠠᠭᠳᠠᠭᠰᠠᠳ ᠤᠨ ᠦᠶᠯᠡᠴᠢᠯᠡᠭᠡᠨ ᠤ ᠪᠠᠶᠢᠭᠤᠯᠤᠮᠵᠢ ᠶᠢᠨ ᠠᠵᠢᠯ ᠲᠥᠷᠥᠯ ᠤᠨ ᠭᠠᠯ ᠤᠨ ᠠᠶᠤᠯ ᠠᠴᠠ | ᠰᠡᠷᠭᠡᠶᠢᠯᠡᠬᠦ ᠶᠢ ᠬᠠᠷᠢᠭᠤᠴᠠᠨ᠎ᠠ᠃ ᠠᠰᠠᠷᠠᠨ ᠬᠠᠷᠠᠭᠠᠯᠵᠠᠬᠤ ᠲᠥᠷᠥ ᠶᠢᠨ ᠪᠣᠳᠣᠯᠭ᠎ᠠ ᠶᠢ ᠦᠨᠳᠦᠰᠦᠯᠡᠨ᠂ ᠭᠠᠯ | ᠤᠨᠲᠠᠷᠠᠭᠠᠵᠤ ᠠᠪᠤᠷᠠᠨ ᠲᠤᠰᠠᠯᠠᠬᠤ ᠶᠠᠪᠤᠴᠠ ᠳᠤ ᠦᠬᠦᠵᠦ ᠰᠢᠷᠬᠠᠲᠤᠭᠰᠠᠨ ᠬᠥᠮᠦᠰ ᠲᠤ ᠲᠣᠭᠲᠠᠭᠠᠭᠰᠠᠨ ᠳᠡᠰ | ᠳᠠᠷᠠᠭᠠᠯᠠᠯ ᠤᠨ ᠶᠣᠰᠣᠭᠠᠷ ᠰᠠᠶᠢᠰᠢᠶᠠᠨ ᠬᠥᠬᠢᠭᠦᠯᠵᠦ ᠠᠰᠠᠷᠠᠮᠵᠢ ᠬᠦᠷᠲᠡᠭᠡᠨ᠎ᠡ᠃ | ︵ᠠᠷᠪᠠᠨ ᠬᠤᠶᠠᠷ︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ | ᠦᠢᠯᠡᠳᠪᠦᠷᠢᠯᠡᠯ᠂ ᠭᠦᠢᠯᠭᠡᠭᠡᠨ ᠤ ᠬᠦᠷᠢᠶᠡᠨ ᠤ ᠴᠠᠬᠢᠯᠭᠠᠨ᠂ ᠭᠠᠯ ᠤᠨᠲᠠᠷᠠᠭᠠᠬᠤ ᠦᠢᠯᠡᠳᠬᠦᠨ᠂ ᠴᠠᠬᠢᠯᠭᠠᠨ | ᠬᠥᠳᠡᠯᠭᠡᠭᠦᠷᠲᠦ ᠳᠤᠭᠤᠶ ᠲᠡᠷᠭᠡ ᠵᠡᠷᠭᠡ ᠶᠢᠨ ᠶᠠᠰᠤ ᠴᠢᠨᠠᠷ ᠲᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠂ | ᠴᠠᠬᠢᠯᠭᠠᠨ᠂ ᠭᠠᠯ ᠤᠨᠲᠠᠷᠠᠭᠠᠬᠤ ᠦᠢᠯᠡᠳᠬᠦᠨ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠶᠠᠰᠤ ᠴᠢᠨᠠᠷ ᠤᠨ | ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠶᠳᠪᠦᠷᠢᠯᠡᠨ᠎ᠡ᠃ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠳᠦᠭᠦᠷᠭᠡᠬᠦ ᠵᠢᠴᠢ | ᠬᠡᠷᠡᠭᠯᠡᠬᠦ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠣᠭᠲᠠᠭᠠᠬᠤ ᠳᠠᠭᠠᠨ᠂ ᠭᠠᠯ ᠤᠨ ᠠᠶᠤᠯ ᠠᠴᠠ ᠰᠡᠷᠭᠡᠶᠢᠯᠡᠬᠦ | ᠬᠦᠴᠦᠨ ᠵᠦᠶᠯ ᠢ ᠭᠦᠶᠴᠡᠳ ᠪᠣᠳᠣᠯᠬᠢᠯᠠᠵᠤ᠂ ᠬᠤᠯᠪᠣᠭᠳᠠᠯ ᠪᠦᠬᠦᠢ ᠭᠠᠯ ᠤᠨ ᠠᠶᠤᠯ ᠠᠴᠠ ᠰᠡᠷᠭᠡᠶᠢᠯᠡᠬᠦ ᠴᠢᠳᠠᠪᠬᠢ | ᠵᠢᠴᠢ ᠱᠠᠭᠠᠷᠳᠠᠯᠭ᠎ᠠ ᠶᠢ ᠬᠠᠩᠭᠠᠵᠤ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠦᠶᠯᠡᠳᠬᠦᠨ ᠳᠤ ᠭᠠᠯ | ᠤᠨᠲᠠᠷᠠᠭᠠᠬᠤ ᠰᠢᠨ᠎ᠡ ᠮᠡᠷᠭᠡᠵᠢᠯ ᠢ ᠬᠡᠷᠡᠭᠯᠡᠬᠦ ᠶᠢ ᠢᠳᠡᠪᠬᠢᠲᠡᠶ ᠪᠠᠷ ᠳᠡᠯᠭᠡᠷᠡᠭᠦᠯᠦᠨ᠎ᠡ᠃ ᠭᠠᠯ ᠤᠨᠲᠠᠷᠠᠭᠠᠬᠤ ᠬᠠᠮᠢᠶ᠎ᠠ | ᠪᠦᠬᠦᠢ ᠦᠶᠯᠡᠳᠬᠦᠨ ᠤ ᠠᠯᠪᠠᠳᠠᠯᠭ᠎ᠠ ᠶᠢᠨ ᠴᠢᠨᠠᠷᠲᠠᠶ ᠭᠡᠷᠡᠴᠢᠯᠡᠬᠦ ᠠᠵᠢᠯᠯᠠᠭ᠎ᠠ ᠵᠢᠴᠢ ᠶᠠᠰᠤ ᠴᠢᠨᠠᠷ ᠤᠨ | ᠭᠡᠷᠡᠴᠢᠯᠡᠭᠡ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵ᠠᠷᠪᠠᠨ ᠭᠤᠷᠪᠠ︶ ᠷᠠᠳᠢᠣ᠋ ᠲᠧᠯᠸᠢᠰ ᠤᠨ ᠰᠠᠯᠠᠭ᠎ᠠ ᠮᠥᠴᠢᠷ ᠨᠢ ᠰᠢᠭᠤᠳ ᠬᠠᠷᠢᠶ᠎ᠠ ᠨᠢᠭᠡᠴᠢ ᠵᠢᠴᠢ | ᠬᠠᠷᠢᠶ᠎ᠠ ᠭᠠᠵᠠᠷ ᠤᠨ ᠷᠠᠳᠢᠣ᠋ ᠲᠧᠯᠸᠢᠰ ᠤᠨ ᠪᠠᠶᠢᠭᠤᠯᠤᠮᠵᠢ ᠶᠢᠨ ᠭᠠᠯ ᠤᠨ ᠠᠶᠤᠯ ᠠᠴᠠ ᠰᠡᠷᠭᠡᠶᠢᠯᠡᠬᠦ ᠡᠭᠦᠷᠭᠡ | ᠬᠠᠷᠢᠭᠤᠴᠠᠯᠭ᠎ᠠ ᠪᠠᠨ ᠭᠦᠶᠴᠡᠳᠬᠡᠬᠦ ᠶᠢ ᠰᠢᠮᠳᠠᠭᠤᠯᠤᠨ ᠪᠠᠶᠢᠴᠠᠭᠠᠬᠤ ᠶᠢ ᠬᠠᠷᠢᠭᠤᠴᠠᠨ᠎ᠠ᠃ ᠬᠠᠮᠢᠶ᠎ᠠ ᠪᠦᠬᠦᠢ ᠰᠣᠨᠢᠨ | ᠮᠡᠳᠡᠭᠡᠨ ᠤ ᠵᠠᠭᠤᠴᠢᠯᠠᠭᠤᠷ ᠢ ᠵᠢᠯᠣᠭᠤᠳᠤᠨ ᠵᠣᠬᠢᠴᠠᠭᠤᠯᠵᠤ ᠪᠠᠶᠢᠭᠠᠳ ᠴᠢᠭᠯᠡᠭᠦᠯᠬᠦ ᠴᠢᠨᠠᠷᠲᠠᠶ ᠭᠠᠯ ᠤᠨ ᠠᠶᠤᠯ ᠠᠴᠠ | ᠰᠡᠷᠭᠡᠶᠢᠯᠡᠬᠦ ᠰᠠᠨᠠᠭᠤᠯᠤᠮᠵᠢ ᠨᠡᠶᠢᠲᠡᠯᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠭᠠᠯ | ᠤᠨᠲᠠᠷᠠᠭᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠭᠠᠯ ᠤᠨ ᠠᠶᠤᠯ ᠠᠴᠠ ᠰᠡᠷᠭᠡᠶᠢᠯᠡᠬᠦ ᠬᠠᠤᠯᠢ ᠴᠠᠭᠠᠵᠠ | ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠨ᠎ᠠ᠃ | ︵ᠠᠷᠪᠠᠨ ᠳᠥᠷᠪᠡ︶ ᠡᠨᠧᠷᠭᠢ ᠶᠢᠨ ᠰᠠᠯᠠᠭ᠎ᠠ ᠮᠥᠴᠢᠷ ᠨᠢ ᠨᠡᠭᠦᠷᠡᠰᠦᠨ ᠠᠭᠤᠷᠬᠠᠶ ᠶᠢᠨ ᠠᠭᠤᠷᠬᠠᠶ ᠶᠢᠨ | ᠭᠠᠵᠠᠷ ᠳᠤᠤᠷᠠᠬᠢ ᠬᠡᠰᠡᠭ ᠤᠨ ᠭᠠᠯ ᠤᠨ ᠠᠶᠤᠯ ᠠᠴᠠ ᠰᠡᠷᠭᠡᠶᠢᠯᠡᠬᠦ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ᠭᠠᠯ ᠤᠨᠲᠠᠷᠠᠭᠠᠬᠤ ᠰᠠᠯᠠᠭ᠎ᠠ ᠮᠥᠴᠢᠷ ᠲᠠᠢ ᠬᠠᠮᠵᠢᠯᠴᠠᠨ ᠴᠠᠬᠢᠯᠭᠠᠨ ᠬᠦᠴᠦᠨ ᠪᠣᠯᠤᠨ ᠲᠣᠰᠣ ᠬᠡᠢ ᠶᠢᠨ | ᠳᠠᠮᠵᠢᠭᠤᠯᠬᠤ ᠬᠤᠭᠤᠯᠠᠶ ᠶᠢᠨ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠤᠯᠤᠰ ᠤᠨ ᠭᠠᠯ ᠤᠨᠲᠠᠷᠠᠭᠠᠬᠤ | ᠮᠡᠷᠭᠡᠵᠢᠯ ᠤᠨ ᠪᠠᠷᠢᠮᠵᠢᠶ᠎ᠠ ᠶᠢ ᠴᠢᠩᠭ᠎ᠠ ᠵᠢᠷᠤᠮᠯᠠᠭᠤᠯᠵᠤ᠂ ᠭᠠᠯ ᠤᠨ ᠠᠶᠤᠯ ᠠᠴᠠ ᠰᠡᠷᠭᠡᠶᠢᠯᠡᠬᠦ ᠭᠤᠣᠯ ᠴᠣᠭᠴᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠭᠠᠯ ᠤᠨ ᠠᠶᠤᠯ ᠢ ᠰᠡᠷᠭᠡᠶᠢᠯᠡᠬᠦ ᠲᠡᠷᠢᠭᠦᠨ ᠤ ᠮᠡᠷᠭᠡᠵᠢᠯ ᠤᠨ | ᠪᠡᠯᠡᠳᠬᠡᠮᠵᠢ ᠶᠢ ᠳᠡᠯᠭᠡᠷᠡᠭᠦᠯᠦᠨ ᠬᠡᠷᠡᠭᠯᠡᠭᠦᠯᠦᠨ᠎ᠡ᠃ ᠬᠡᠷᠡᠭᠯᠡᠭᠴᠢᠳ ᠢ ᠬᠥᠲᠥᠯᠥᠨ ᠵᠢᠯᠣᠭᠤᠳᠴᠤ ᠪᠠᠶᠢᠭᠠᠳ | ᠴᠠᠬᠢᠯᠭᠠᠨ ᠢ ᠵᠢᠷᠤᠮᠵᠢᠭᠤᠯᠤᠨ ᠬᠡᠷᠡᠭᠯᠡᠭᠦᠯᠦᠨ᠎ᠡ᠃ | ︵ᠠᠷᠪᠠᠨ ᠲᠠᠪᠤ︶ ᠣᠶ ᠰᠢᠭᠤᠶ ᠪᠣᠯᠤᠨ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠨᠢ ᠣᠶ ᠰᠢᠭᠤᠶ᠂ | ᠨᠤᠲᠤᠭ ᠪᠡᠯᠴᠢᠭᠡᠷ ᠤᠨ ᠰᠢᠰᠲ᠋ᠧᠮ ᠤᠨ ᠠᠵᠢᠯ ᠲᠥᠷᠥᠯ ᠤᠨ ᠭᠠᠯ ᠤᠨ ᠠᠶᠤᠯ ᠠᠴᠠ ᠰᠡᠷᠭᠡᠶᠢᠯᠡᠬᠦ ᠶᠢ ᠬᠠᠷᠢᠭᠤᠴᠠᠨ᠎ᠠ | ᠃ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠣᠶ ᠰᠢᠭᠤᠶ ᠶᠢᠨ ᠴᠡᠴᠡᠷᠯᠢᠭ᠂ ᠠᠯᠳᠠᠷᠲᠤ ᠦᠵᠡᠮᠵᠢ ᠶᠢᠨ ᠣᠷᠣᠨ᠂ | ᠪᠠᠶᠢᠭᠠᠯᠢ ᠶᠢᠨ ᠥᠪ ᠬᠥᠷᠥᠩᠭᠡ᠂ ᠭᠠᠵᠠᠷ ᠰᠢᠨᠵᠢᠯᠡᠭᠡᠨ ᠤ ᠴᠡᠴᠡᠷᠯᠢᠭ ᠵᠡᠷᠭᠡ ᠨᠢᠭᠡᠴᠢ ᠶᠢᠨ ᠭᠠᠯ ᠤᠨ ᠠᠶᠤᠯ ᠠᠴᠠ | ᠰᠡᠷᠭᠡᠶᠢᠯᠡᠬᠦ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠶᠢ ᠵᠢᠯᠣᠭᠤᠳᠬᠤ ᠪᠠ ᠬᠢᠨᠠᠯᠲᠠ ᠲᠠᠯᠪᠢᠨ᠎ᠠ᠃ | ︵ᠠᠷᠪᠠᠨ ᠵᠢᠷᠭᠤᠭ᠎ᠠ︶ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ ᠮᠥᠴᠢᠷ ᠨᠢ ᠭᠠᠯ | ᠤᠨᠲᠠᠷᠠᠭᠠᠬᠤ ᠠᠵᠢᠯ ᠢ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ | ᠲᠥᠯᠥᠪᠵᠢᠭᠦᠯᠭᠡ ᠳᠤ ᠣᠷᠣᠭᠤᠯᠬᠤ ᠶᠢ ᠬᠠᠷᠢᠭᠤᠴᠠᠨ᠎ᠠ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠣᠯᠠᠨ ᠨᠡᠶᠢᠲᠡ ᠶᠢᠨ ᠭᠠᠯ ᠤᠨᠲᠠᠷᠠᠭᠠᠬᠤ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠶᠢ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠯᠥᠪᠯᠡᠭᠡ ᠳᠤ ᠣᠷᠣᠭᠤᠯᠤᠨ᠎ᠠ | ᠃ | ︵ᠠᠷᠪᠠᠨ ᠳᠣᠯᠤᠭ᠎ᠠ︶ ᠰᠢᠨᠵᠢᠯᠡᠬᠦ ᠤᠬᠠᠭᠠᠨ ᠮᠡᠷᠭᠡᠵᠢᠯ ᠤᠨ ᠰᠠᠯᠠᠭ᠎ᠠ ᠮᠥᠴᠢᠷ ᠤᠳ ᠭᠠᠯ ᠤᠨᠲᠠᠷᠠᠭᠠᠬᠤ | ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ | ᠲᠥᠯᠥᠪᠵᠢᠭᠦᠯᠭᠡ ᠳᠡᠭᠡᠨ ᠣᠷᠣᠭᠤᠯᠵᠤ᠂ ᠭᠠᠯ ᠤᠨ ᠠᠶᠤᠯ ᠠᠴᠠ ᠰᠡᠷᠭᠡᠶᠢᠯᠡᠬᠦ ᠴᠢᠬᠤᠯᠠ ᠶᠡᠭᠡ ᠰᠢᠨᠵᠢᠯᠡᠬᠦ ᠤᠬᠠᠭᠠᠨ | ᠮᠡᠷᠭᠡᠵᠢᠯ ᠤᠨ ᠪᠣᠭᠤᠮᠲᠠ ᠰᠢᠪᠲᠤᠯᠬᠤ᠂ ᠰᠠᠭᠤᠷᠢ ᠰᠤᠳᠤᠯᠤᠯ ᠪᠣᠯᠤᠨ ᠬᠡᠷᠡᠭᠯᠡᠭᠡᠨ ᠤ ᠰᠤᠳᠤᠯᠤᠯ ᠢ ᠵᠣᠬᠢᠶᠠᠨ | ᠪᠠᠶᠢᠭᠤᠯᠤᠨ ᠵᠢᠯᠣᠭᠤᠳᠴᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠭᠠᠯ ᠤᠨᠲᠠᠷᠠᠭᠠᠬᠤ | ᠰᠢᠨᠵᠢᠯᠡᠬᠦ ᠤᠬᠠᠭᠠᠨ ᠤ ᠰᠤᠳᠤᠯᠤᠯ ᠤᠨ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠬᠦ ᠶᠢ ᠲᠦᠯᠬᠢᠨ | ᠠᠬᠢᠭᠤᠯᠬᠤ ᠶᠢ ᠬᠠᠷᠢᠭᠤᠴᠠᠨ᠎ᠠ᠃ ᠭᠠᠯ ᠤᠨᠲᠠᠷᠠᠭᠠᠬᠤ ᠮᠡᠳᠡᠯᠭᠡ ᠶᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ | ᠬᠥᠮᠦᠵᠢᠯ ᠤᠨ ᠠᠭᠤᠯᠭ᠎ᠠ ᠳᠤ ᠣᠷᠣᠭᠤᠯᠤᠨ᠎ᠠ᠃ | ︵ᠠᠷᠪᠠᠨ ᠨᠠᠢᠮᠠ︶ ᠠᠵᠤ ᠦᠶᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠰᠠᠯᠠᠭ᠎ᠠ ᠮᠥᠴᠢᠷ ᠨᠢ ᠠᠶᠤᠯᠲᠠᠶ | ᠬᠢᠮᠢ ᠶᠢᠨ ᠪᠣᠳᠠᠰ ᠤᠨ ᠠᠵᠤ ᠠᠬᠤᠶᠢᠯᠠᠯ ᠤᠨ ᠪᠠᠶᠢᠷᠢᠰᠢᠭᠤᠯᠤᠯᠲᠠ ᠪᠠ ᠠᠵᠢᠯ ᠲᠥᠷᠥᠯ ᠤᠨ ᠲᠥᠯᠥᠪᠵᠢᠭᠦᠯᠭᠡ ᠶᠢ | ᠬᠠᠷᠢᠭᠤᠴᠠᠨ᠎ᠠ᠃ ᠠᠷᠠᠳ ᠤᠨ ᠬᠡᠷᠡᠭᠴᠡᠭᠡᠨ ᠤ ᠳᠡᠯᠪᠡᠷᠡᠬᠦ ᠡᠳ᠋ ᠪᠣᠳᠠᠰ ᠢ ᠦᠢᠯᠡᠳᠪᠦᠷᠢᠯᠡᠬᠦ᠂ ᠪᠣᠷᠣᠯᠠᠭᠤᠯᠬᠤ | ᠬᠦᠷᠢᠶᠡᠨ ᠳᠠᠬᠢ ᠭᠠᠯ ᠤᠨ ᠠᠶᠤᠯ ᠢ ᠰᠡᠷᠭᠡᠶᠢᠯᠡᠬᠦ ᠬᠠᠮᠢᠶᠠᠷᠤᠯᠲᠠ ᠶᠢ ᠵᠢᠯᠣᠭᠤᠳᠤᠨ ᠰᠢᠪᠠᠳᠠᠨ᠎ᠠ᠃ | ︵ᠠᠷᠪᠠ ᠶᠢᠰᠦ︶ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠭᠢᠨᠳᠠᠨ ᠤ ᠰᠢᠰᠲ᠋ᠧᠮ᠂ | ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠠᠯᠪᠠᠳᠠᠯᠭ᠎ᠠ ᠪᠠᠷ ᠲᠤᠰᠠᠭᠠᠷᠯᠠᠵᠤ ᠬᠤᠤᠷ ᠲᠠᠲᠠᠬᠤ ᠶᠢ | ᠵᠣᠭᠰᠣᠭᠠᠬᠤ ᠭᠠᠵᠠᠷ ᠤᠨ ᠭᠠᠯ ᠤᠨ ᠠᠶᠤᠯ ᠠᠴᠠ ᠰᠡᠷᠭᠡᠶᠢᠯᠡᠬᠦ ᠬᠠᠮᠢᠶᠠᠷᠤᠯᠲᠠ ᠶᠢ ᠬᠠᠷᠢᠭᠤᠴᠠᠨ ᠵᠢᠯᠣᠭᠤᠳᠴᠤ | ᠬᠢᠨᠠᠯᠲᠠ ᠲᠠᠯᠪᠢᠨ᠎ᠠ᠃ ᠭᠠᠯ ᠤᠨᠲᠠᠷᠠᠭᠠᠬᠤ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠢ | ᠬᠠᠤᠯᠢ ᠲᠦᠭᠡᠮᠡᠯᠵᠢᠭᠦᠯᠬᠦ ᠬᠥᠮᠦᠵᠢᠯ ᠤᠨ ᠠᠭᠤᠯᠭ᠎ᠠ ᠳᠤ ᠣᠷᠣᠭᠤᠯᠤᠨ᠎ᠠ᠃ | ︵ᠬᠤᠷᠢ︶ ᠡᠳ᠋ ᠤᠨ ᠵᠠᠰᠠᠭ ᠤᠨ ᠰᠠᠯᠠᠭ᠎ᠠ ᠮᠥᠴᠢᠷ ᠭᠠᠯ ᠤᠨᠲᠠᠷᠠᠭᠠᠬᠤ ᠪᠡᠯᠡ ᠮᠥᠩᠭᠦ ᠳᠤ ᠲᠣᠭᠲᠠᠭᠠᠯ | ᠶᠣᠰᠣᠭᠠᠷ ᠲᠥᠰᠦᠪ ᠤᠨ ᠬᠠᠮᠢᠶᠠᠷᠤᠯᠲᠠ ᠬᠢᠬᠦ ᠶᠢ ᠬᠠᠷᠢᠭᠤᠴᠠᠨ᠎ᠠ᠃ | ︵ᠬᠤᠷᠢᠨ ᠨᠢᠭᠡ︶ ᠰᠢᠲᠠᠮᠠᠬᠠᠶ ᠬᠡᠶ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠬᠤᠲᠠ ᠪᠠᠯᠭᠠᠰᠤ ᠶᠢᠨ | ᠰᠢᠲᠠᠮᠠᠬᠠᠶ ᠬᠡᠶ ᠶᠢᠨ ᠠᠶᠤᠯᠬᠦᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ ᠴᠢᠩᠭᠠᠳᠬᠠᠵᠤ᠂ | ᠰᠢᠲᠠᠮᠠᠬᠠᠶ ᠬᠡᠶ ᠶᠢᠨ ᠡᠵᠡᠩᠨᠡᠭᠴᠢ ᠶᠢ ᠰᠢᠮᠳᠠᠭᠤᠯᠵᠤ ᠪᠠᠶᠢᠭᠠᠳ ᠬᠡᠷᠡᠭᠯᠡᠬᠦ ᠡᠷᠦᠬᠡ ᠶᠢ ᠠᠶᠤᠯᠭᠦᠢ ᠬᠡᠶ ᠬᠡᠷᠡᠭᠯᠡᠬᠦ ᠶᠢ | ᠵᠢᠯᠣᠭᠤᠳᠬᠤ ᠶᠢᠨ ᠬᠠᠮᠲᠤ ᠰᠢᠲᠠᠮᠠᠬᠠᠶ ᠬᠡᠶ ᠶᠢᠨ ᠪᠡᠯᠡᠳᠬᠡᠮᠵᠢ ᠳᠤ ᠲᠣᠭᠲᠠᠮᠠᠯ ᠬᠤᠭᠤᠴᠠᠭ᠎ᠠ ᠲᠠᠢ ᠪᠠᠷ ᠠᠶᠤᠯᠭᠦᠢ ᠶᠢᠨ | ᠪᠠᠶᠢᠴᠠᠭᠠᠯᠲᠠ ᠬᠢᠵᠦ᠂ ᠳᠠᠯᠳᠠ ᠬᠡᠮ ᠢ ᠠᠷᠢᠯᠭᠠᠨ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ | ᠰᠢᠲᠠᠮᠠᠬᠠᠶ ᠬᠡᠶ ᠶᠢᠨ ᠠᠶᠤᠯᠭᠦᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ | ᠲᠣᠭᠲᠠᠭᠠᠵᠤ᠂ ᠰᠢᠲᠠᠮᠠᠬᠠᠶ ᠬᠡᠶ ᠶᠢᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠠᠴᠠ ᠬᠠᠤᠯᠢ ᠶᠣᠰᠣᠭᠠᠷ | ᠬᠠᠷᠢᠭᠤᠴᠠᠯᠭ᠎ᠠ ᠨᠡᠬᠡᠮᠵᠢᠯᠡᠨ᠎ᠡ᠃ | ︵ᠬᠤᠷᠢᠨ ᠬᠤᠶᠠᠷ︶ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠠᠯᠠᠭ᠎ᠠ ᠮᠥᠴᠢᠷ ᠤᠳ ᠠᠷᠠᠳ ᠤᠨ | ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠬᠠᠮᠠᠭᠠᠯᠠᠯᠲᠠ ᠬᠠᠮᠢᠶᠠᠷᠤᠯᠲᠠ ᠳᠤ ᠬᠢᠨᠠᠯᠲᠠ ᠲᠠᠯᠪᠢᠵᠤ ᠪᠠᠶᠢᠴᠠᠭᠠᠯᠲᠠ | ᠬᠢᠬᠦ ᠶᠢ ᠬᠠᠷᠢᠭᠤᠴᠠᠨ᠎ᠠ᠃ | ︵ᠬᠤᠷᠢᠨ ᠭᠤᠷᠪᠠ︶ ᠱᠠᠰᠢᠨ ᠰᠤᠷᠲᠠᠬᠤᠨ ᠤ ᠬᠡᠷᠡᠭ ᠡᠷᠬᠢᠯᠡᠬᠦ ᠰᠠᠯᠠᠭ᠎ᠠ ᠮᠥᠴᠢᠷ ᠨᠢ ᠱᠠᠰᠢᠨ | ᠰᠤᠷᠲᠠᠬᠤᠨ ᠤ ᠠᠵᠢᠯᠯᠠᠭᠠᠨ ᠤ ᠲᠠᠯᠠᠪᠤᠷ ᠤᠨ ᠭᠠᠯ ᠤᠨ ᠠᠶᠤᠯ ᠢ ᠰᠡᠷᠭᠡᠶᠢᠯᠡᠬᠦ ᠬᠠᠮᠢᠶᠠᠷᠤᠯᠲᠠ ᠶᠢᠨ ᠠᠵᠢᠯ ᠢ | ᠵᠢᠯᠣᠭᠤᠳᠬᠤ᠂ ᠬᠢᠨᠠᠯᠲᠠ ᠲᠠᠯᠪᠢᠬᠤ᠂ ᠪᠠᠶᠢᠴᠠᠭᠠᠬᠤ ᠶᠢ ᠬᠠᠷᠢᠭᠤᠴᠠᠨ᠎ᠠ᠃ | ︵ᠬᠤᠷᠢᠨ ᠳᠥᠷᠪᠡ︶ ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠰᠠᠯᠠᠭ᠎ᠠ ᠮᠥᠴᠢᠷ ᠨᠢ ᠠᠮᠤ ᠪᠤᠳᠠᠭ᠎ᠠ | ᠨᠥᠭᠡᠴᠡᠯᠡᠬᠦ ᠭᠤᠭᠴᠤᠭ᠎ᠠ᠂ ᠭᠠᠮᠰᠢᠭ ᠠᠴᠠ ᠠᠪᠤᠷᠬᠠᠤ ᠡᠳ᠋ ᠪᠠᠷᠠᠭ᠎ᠠ ᠨᠥᠭᠡᠴᠡᠯᠡᠬᠦ ᠭᠤᠭᠴᠤᠭ᠎ᠠ ᠶᠢᠨ ᠭᠠᠯ ᠤᠨ | ᠠᠶᠤᠯ ᠢ ᠰᠡᠷᠭᠡᠶᠢᠯᠡᠬᠦ ᠬᠠᠮᠢᠶᠠᠷᠤᠯᠲᠠ ᠶᠢ ᠵᠢᠯᠣᠭᠤᠳᠴᠤ᠂ ᠬᠢᠨᠠᠯᠲᠠ ᠲᠠᠯᠪᠢᠬᠤ᠂ ᠪᠠᠶᠢᠴᠠᠭᠠᠬᠤ ᠶᠢ ᠬᠠᠷᠢᠭᠤᠴᠠᠵᠤ᠂ | ᠭᠠᠯ ᠤᠨᠲᠠᠷᠠᠭᠠᠬᠤ ᠠᠮᠤᠷ ᠲᠦᠪᠰᠢᠨ ᠤ ᠪᠠᠷᠢᠮᠵᠢᠶᠠᠵᠢᠭᠰᠠᠨ ᠬᠠᠮᠢᠶᠠᠷᠤᠯᠲᠠ ᠶᠢ ᠵᠢᠯᠣᠭᠤᠳᠤᠨ ᠥᠷᠨᠢᠭᠦᠯᠦᠨ᠎ᠡ᠃ | ︵ᠬᠤᠷᠢᠨ ᠲᠠᠪᠤ︶ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠳ ᠲᠠᠷᠢᠮᠠᠯ ᠤᠨ ᠦᠢᠯᠡᠰ᠂ ᠮᠠᠯ | ᠠᠵᠤ ᠠᠬᠤᠶ᠂ ᠵᠢᠭᠠᠰᠤᠨ ᠠᠵᠤ ᠠᠬᠤᠶ᠂ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ᠂ ᠲᠠᠷᠢᠶᠠᠯᠠᠩ ᠮᠠᠯ ᠠᠵᠤ | ᠠᠬᠤᠶ ᠶᠢᠨ ᠮᠠᠰᠢᠨᠴᠢᠯᠠᠯᠲᠠ ᠵᠡᠷᠭᠡ ᠲᠠᠷᠢᠶᠠᠯᠠᠩ ᠮᠠᠯ ᠠᠵᠤ ᠠᠬᠤᠶ ᠶᠢᠨ ᠡᠯ᠎ᠡ ᠠᠵᠤ ᠦᠢᠯᠡᠰ ᠤᠨ ᠭᠠᠯ ᠤᠨ | ᠠᠶᠤᠯ ᠠᠴᠠ ᠰᠡᠷᠭᠡᠶᠢᠯᠡᠬᠦ ᠬᠠᠮᠢᠶᠠᠷᠤᠯᠲᠠ ᠶᠢ ᠬᠠᠷᠢᠭᠤᠴᠠᠨ ᠵᠢᠯᠣᠭᠤᠳᠤᠨ᠎ᠠ᠃ ᠬᠤᠯᠪᠣᠭᠳᠠᠯ ᠪᠥᠬᠦᠶ ᠡᠭᠦᠷᠭᠡ | ᠴᠢᠳᠠᠪᠤᠷᠢᠲᠤ ᠰᠠᠯᠠᠭ᠎ᠠ ᠮᠥᠴᠢᠷ ᠲᠠᠢ ᠬᠠᠮᠲᠤᠷᠠᠨ ᠭᠠᠯ ᠤᠨᠲᠠᠷᠠᠭᠠᠬᠤ ᠤᠰᠤᠨ ᠤ ᠡᠬᠢ ᠰᠤᠷᠪᠤᠯᠵᠢ᠂ ᠭᠠᠯ | ᠤᠨᠲᠠᠷᠠᠭᠠᠬᠤ ᠲᠡᠷᠭᠡ ᠨᠡᠪᠲᠡᠷᠡᠬᠦ ᠵᠠᠮ ᠵᠡᠷᠭᠡ ᠣᠯᠠᠨ ᠨᠡᠶᠢᠲᠡ ᠶᠢᠨ ᠭᠠᠯ ᠤᠨᠲᠠᠷᠠᠭᠠᠬᠤ ᠪᠡᠯᠡᠳᠬᠡᠮᠵᠢ ᠶᠢᠨ ᠪᠥᠲᠥᠭᠡᠨ | ᠪᠠᠶᠢᠭᠤᠯᠤᠯᠲᠠ ᠵᠡᠷᠭᠡ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ | ᠲᠥᠯᠥᠪᠵᠢᠭᠦᠯᠭᠡ ᠳᠤ ᠣᠷᠣᠭᠤᠯᠤᠨ ᠵᠡᠷᠭᠡᠪᠡᠷ ᠬᠡᠷᠡᠭᠵᠢᠭᠦᠯᠬᠦ ᠶᠢ ᠬᠠᠷᠢᠭᠤᠴᠠᠵᠤ᠂ ᠮᠠᠯᠵᠢᠬᠤ ᠲᠠᠷᠢᠶᠠᠯᠠᠬᠤ ᠣᠷᠣᠨ ᠤ | ᠭᠠᠯ ᠤᠨ ᠠᠶᠤᠯ ᠠᠴᠠ ᠰᠡᠷᠭᠡᠶᠢᠯᠡᠬᠦ ᠵᠠᠰᠠᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ | ︵ᠬᠤᠷᠢᠨ ᠵᠢᠷᠭᠤᠭ᠎ᠠ︶ ᠬᠤᠲᠠ ᠶᠢᠨ ᠤᠰᠤ ᠬᠠᠩᠭᠠᠬᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠨᠢ ᠤᠰᠤ ᠬᠠᠩᠭᠠᠬᠤ ᠨᠢᠭᠡᠴᠢ ᠶᠢ ᠰᠢᠮᠳᠠᠭᠤᠯᠤᠨ ᠬᠤᠲᠠ ᠶᠢᠨ ᠶᠠᠪᠤᠳᠠᠯ ᠤᠨ ᠭᠠᠯ | ᠤᠨᠲᠠᠷᠠᠭᠠᠭᠤᠯ ᠤᠨ ᠲᠣᠬᠢᠷᠠᠭᠤᠯᠤᠯᠲᠠ ᠬᠦᠷᠦᠯᠴᠡᠬᠦ ᠦᠭᠡᠶ᠂ ᠳᠤᠲᠠᠭᠳᠠᠭᠰᠠᠨ᠂ ᠡᠪᠳᠡᠭᠳᠡᠭᠰᠡᠨ᠂ ᠬᠠᠰᠢᠭᠳᠠᠨ | ᠡᠵᠡᠯᠡᠭᠳᠡᠭᠰᠡᠨ᠂ ᠳᠠᠷᠤᠭᠳᠠᠭᠰᠠᠨ ᠵᠡᠷᠭᠡ ᠠᠰᠠᠭᠤᠳᠠᠯ ᠢ ᠵᠢᠭᠰᠠᠭᠠᠨ ᠪᠠᠶᠢᠴᠠᠭᠠᠬᠤ ᠶᠢ ᠬᠠᠷᠢᠭᠤᠴᠠᠨ᠎ᠠ᠃ ᠤᠰᠤ | ᠬᠠᠩᠭᠠᠬᠤ ᠨᠢᠭᠡᠴᠢ ᠨᠢ ᠬᠤᠲᠠ ᠶᠢᠨ ᠶᠠᠪᠤᠳᠠᠯ ᠤᠨ ᠭᠠᠯ ᠤᠨᠲᠠᠷᠠᠭᠠᠭᠤᠯ ᠤᠨ ᠪᠦᠲᠦᠭᠡᠨ ᠪᠠᠶᠢᠭᠤᠯᠤᠯᠲᠠ ᠪᠠ | ᠬᠠᠮᠠᠭᠠᠯᠠᠯᠲᠠ ᠶᠢ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ | ᠱᠠᠭᠠᠷᠳᠠᠯᠭ᠎ᠠ ᠶᠢ ᠦᠨᠳᠦᠰᠦᠯᠡᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠱᠠᠭᠠᠷᠳᠠᠯᠭ᠎ᠠ ᠳᠤ ᠨᠡᠶᠢᠴᠡᠬᠦ ᠦᠭᠡᠶ | ᠬᠤᠲᠠ ᠶᠢᠨ ᠭᠠᠯ ᠤᠨᠲᠠᠷᠠᠭᠠᠬᠤ ᠤᠰᠤ ᠬᠠᠩᠭᠠᠬᠤ ᠪᠡᠯᠡᠳᠬᠡᠮᠵᠢ ᠶᠢ ᠥᠭᠡᠷᠡᠴᠢᠯᠡᠨ᠎ᠡ᠃ | ︵ᠬᠤᠷᠢᠨ ᠳᠣᠯᠤᠭ᠎ᠠ︶ ᠭᠠᠯ ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠨᠢ ᠲᠤᠰ ᠱᠠᠲᠤᠨ ᠤ | ᠠᠷᠠᠳ ᠤᠨ ᠵᠠᠰᠠᠭ ᠤᠨ ᠣᠷᠳᠣᠨ ᠤ ᠨᠢᠭᠡᠳᠦᠯᠲᠡᠶ ᠤᠳᠤᠷᠢᠳᠤᠯᠭ᠎ᠠ ᠪᠣᠯᠤᠨ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠳᠣᠣᠷ᠎ᠠ᠂ ᠪᠠᠶᠢᠭᠤᠯᠤᠯᠭ᠎ᠠ᠂ ᠪᠦᠯᠬᠦᠮ᠂ | ᠠᠵᠤ ᠠᠬᠤᠶᠢᠯᠠᠯ ᠠᠵᠢᠯ ᠦᠢᠯᠡᠰ ᠵᠡᠷᠭᠡ ᠨᠢᠭᠡᠴᠢ ᠶᠢᠨ ᠭᠠᠯ ᠤᠨᠲᠠᠷᠠᠭᠠᠬᠤ ᠬᠠᠤᠯᠢ ᠴᠠᠭᠠᠵᠠ᠂ ᠬᠠᠤᠯᠢ | ᠲᠣᠭᠲᠠᠭᠠᠯ ᠢ ᠵᠢᠷᠤᠮᠯᠠᠵᠤ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠯᠲᠠ ᠬᠢᠵᠦ᠂ ᠨᠡᠶᠢᠲᠡ ᠣᠯᠠᠨ | ᠴᠤᠭᠯᠠᠷᠠᠬᠤ ᠲᠠᠯᠠᠪᠤᠷ ᠢ ᠠᠰᠢᠭᠯᠠᠯᠲᠠ ᠳᠤ ᠣᠷᠣᠭᠤᠯᠬᠤ᠂ ᠡᠵᠡᠩᠨᠡᠬᠦ ᠠᠴᠠ ᠡᠮᠦᠨ᠎ᠡ ᠭᠠᠯ ᠤᠨ ᠠᠶᠤᠯ ᠠᠴᠠ | ᠰᠡᠷᠭᠡᠶᠢᠯᠡᠬᠦ ᠪᠠᠶᠢᠴᠠᠭᠠᠯᠲᠠ ᠬᠢᠵᠦ᠂ ᠬᠠᠨᠳᠤᠯᠭᠠᠲᠤ ᠴᠢᠨᠠᠷᠲᠠᠢ ᠭᠠᠯ ᠤᠨᠲᠠᠷᠠᠭᠠᠬᠤ ᠠᠮᠤᠷ ᠲᠦᠪᠰᠢᠨ ᠤ ᠲᠤᠰᠬᠠᠶ | ᠵᠦᠢᠯ ᠤᠨ ᠵᠠᠰᠠᠯᠲᠠ ᠶᠢ ᠵᠣᠬᠢᠶᠠᠨ ᠪᠠᠶᠢᠭᠤᠯᠤᠨ᠂ ᠡᠷᠬᠡ ᠲᠤᠰᠢᠶᠠᠯ ᠤᠨ ᠢᠶᠠᠨ ᠶᠣᠰᠣᠭᠠᠷ ᠭᠠᠯ ᠤᠨᠲᠠᠷᠠᠭᠠᠬᠤ ᠵᠠᠰᠠᠭ | ᠵᠠᠬᠢᠷᠭᠠᠨ ᠤ ᠰᠢᠳᠬᠡᠯ ᠢ ᠬᠡᠷᠡᠭᠵᠢᠭᠦᠯᠦᠨ᠎ᠡ᠃ ᠭᠠᠯ ᠭᠠᠷᠤᠭᠰᠠᠨ ᠲᠤᠬᠠᠶ ᠶᠢᠨ ᠭᠠᠵᠠᠷ ᠤᠨ ᠭᠠᠯ ᠤᠨᠲᠠᠷᠠᠭᠠᠵᠤ | ᠠᠪᠤᠷᠠᠬᠤ ᠶᠢ ᠵᠣᠬᠢᠶᠠᠨ ᠪᠠᠶᠢᠭᠤᠯᠤᠨ ᠵᠢᠯᠣᠭᠤᠳᠴᠤ᠂ ᠬᠦᠨᠳᠦ ᠶᠡᠭᠡ ᠭᠠᠮᠰᠢᠭ ᠤᠨ ᠠᠳᠡᠯ ᠪᠣᠯᠤᠨ ᠬᠥᠮᠦᠰ ᠤᠨ ᠠᠮᠢ | ᠨᠠᠰᠤ ᠶᠢ ᠠᠪᠤᠷᠠᠬᠤ ᠪᠠᠷ ᠭᠤᠣᠯ ᠪᠣᠯᠭᠠᠭᠰᠠᠨ ᠪᠤᠰᠤᠳ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ | ᠠᠵᠢᠯ ᠢ ᠡᠭᠦᠷᠭᠡᠯᠡᠬᠦ ᠪᠤᠶᠤ ᠲᠡᠭᠦᠨ ᠳᠤ ᠣᠷᠣᠯᠴᠠᠨ᠎ᠠ᠃ ᠲᠤᠰᠬᠠᠶ ᠲᠤᠰᠢᠶᠠᠯᠳᠦ ᠭᠠᠯ ᠤᠨᠲᠠᠷᠠᠭᠠᠬᠤ ᠠᠩᠭᠢ᠂ | ᠰᠠᠶᠢᠨ ᠳᠤᠷ᠎ᠠ ᠶᠢᠨ ᠭᠠᠯ ᠤᠨᠲᠠᠷᠠᠭᠠᠬᠤ ᠠᠩᠭᠢ ᠵᠡᠷᠭᠡ ᠭᠠᠯ ᠤᠨᠲᠠᠷᠠᠭᠠᠬᠤ ᠵᠣᠬᠢᠶᠠᠨ ᠪᠠᠶᠢᠭᠤᠯᠤᠯᠲᠠ ᠳᠤ | ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠬᠢᠨ᠎ᠡ᠃ ᠭᠠᠯ ᠤᠨ ᠠᠶᠤᠯ ᠤᠨ ᠠᠳᠡᠯ ᠤᠨ ᠰᠢᠯᠲᠠᠭᠠᠨ ᠤ | ᠪᠠᠶᠢᠴᠠᠭᠠᠯᠲᠠ ᠶᠢ ᠬᠠᠤᠯᠢ ᠶᠣᠰᠣᠭᠠᠷ ᠵᠣᠬᠢᠶᠠᠨ ᠪᠠᠶᠢᠭᠤᠯᠬᠤ ᠪᠤᠶᠤ ᠲᠡᠭᠦᠨ ᠳᠤ ᠣᠷᠣᠯᠴᠠᠵᠤ᠂ ᠭᠠᠯ ᠤᠨ ᠠᠶᠤᠯ ᠤᠨ | ᠬᠤᠬᠢᠷᠠᠯ ᠢ ᠪᠦᠷᠢᠳᠬᠡᠬᠦ᠂ ᠭᠠᠯ ᠤᠨ ᠠᠶᠤᠯ ᠤᠨ ᠠᠳᠡᠯ ᠢ ᠨᠣᠲᠠᠯᠠᠬᠤ ᠪᠢᠴᠢᠭ ᠵᠣᠬᠢᠶᠠᠬᠤ᠂ ᠭᠠᠯ ᠤᠨ ᠠᠶᠤᠯ ᠤᠨ | ᠠᠳᠡᠯ ᠢ ᠰᠢᠶᠳᠪᠦᠷᠢᠯᠡᠬᠦ ᠭᠡᠷᠡᠴᠢ ᠪᠠᠷᠢᠮᠲᠠ ᠪᠣᠯᠭᠠᠬᠤ ᠬᠡᠷᠡᠭᠲᠡᠶ᠃ ᠭᠠᠯ ᠤᠨᠲᠠᠷᠠᠭᠠᠬᠤ ᠤᠬᠠᠭᠤᠯᠭ᠎ᠠ ᠬᠥᠮᠦᠵᠢᠯ ᠤᠨ | ᠪᠣᠯᠪᠠᠰᠤᠷᠠᠭᠤᠯᠤᠯ ᠪᠣᠯᠤᠨ ᠪᠠᠴᠢᠮ ᠪᠠᠶᠢᠳᠠᠯ ᠢ ᠠᠷᠭᠠᠴᠠᠬᠤ ᠲᠠᠷᠬᠠᠭᠠᠬᠤ ᠵᠠᠶᠢᠯᠠᠭᠤᠯᠬᠤ ᠰᠣᠷᠢᠯᠲᠠ ᠶᠢ ᠵᠣᠬᠢᠶᠠᠨ | ᠪᠠᠶᠢᠭᠤᠯᠤᠨ ᠥᠷᠨᠢᠭᠦᠯᠬᠦ ᠬᠡᠷᠡᠭᠲᠡᠢ᠃ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ | ᠲᠣᠭᠲᠠᠭᠠᠭᠰᠠᠨ ᠪᠤᠰᠤᠳ ᠡᠭᠦᠷᠭᠡ ᠬᠠᠷᠢᠭᠤᠴᠠᠯᠭ᠎ᠠ᠃ | ︵ᠬᠤᠷᠢᠨᠨᠠᠢᠮᠠ︶ ᠪᠠᠩᠬᠢ᠂ ᠲᠡᠮᠳᠡᠭᠲᠦ᠂ ᠳᠠᠭᠠᠳᠬᠠᠯ ᠵᠡᠷᠭᠡ ᠮᠥᠩᠭᠦᠨ ᠭᠦᠶᠯᠭᠡᠭᠡᠨ ᠤ ᠬᠢᠨᠠᠯᠲᠠ | ᠬᠠᠮᠢᠶᠠᠷᠤᠯᠲᠠ ᠶᠢᠨ ᠪᠠᠶᠢᠭᠤᠯᠤᠮᠵᠢ᠂ ᠣᠷᠣᠨ ᠨᠤᠲᠤᠭ ᠤᠨ ᠮᠥᠩᠭᠦᠨ ᠭᠦᠶᠯᠭᠡᠭᠡᠨ ᠤ ᠬᠢᠨᠠᠯᠲᠠ ᠬᠠᠮᠢᠶᠠᠷᠤᠯᠲᠠ ᠶᠢᠨ | ᠰᠠᠯᠠᠭ᠎ᠠ ᠮᠥᠴᠢᠷ ᠤᠳ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ ᠪᠠᠩᠬᠢ ᠶᠢᠨ ᠦᠶᠯᠡᠰ ᠤᠨ | ᠮᠥᠩᠭᠦᠨ ᠭᠦᠶᠯᠭᠡᠭᠡᠨ ᠤ ᠪᠠᠶᠢᠭᠤᠯᠤᠮᠵᠢ᠂ ᠲᠡᠮᠳᠡᠭᠲᠦ ᠶᠢᠨ ᠦᠶᠯᠡᠰ ᠤᠨ ᠪᠠᠶᠢᠭᠤᠯᠤᠮᠵᠢ᠂ ᠳᠠᠭᠠᠳᠬᠠᠯ ᠤᠨ | ᠪᠠᠶᠢᠭᠤᠯᠤᠮᠵᠢ᠂ ᠬᠤᠭᠤᠴᠠᠭᠠᠲᠤ ᠪᠠᠷᠠᠭᠠᠨ ᠤ ᠦᠶᠯᠡᠰ ᠤᠨ ᠪᠠᠶᠢᠭᠤᠯᠤᠮᠵᠢ ᠵᠢᠴᠢ ᠦᠶᠯᠡᠴᠢᠯᠡᠭᠡᠨ ᠤ ᠲᠤᠤᠷ ᠴᠢᠭ᠂ | ᠲᠣᠮᠢᠯᠠᠭᠰᠠᠨ ᠪᠠᠶᠢᠭᠤᠯᠤᠮᠵᠢ ᠶᠢ ᠰᠢᠮᠳᠠᠭᠤᠯᠤᠨ ᠭᠠᠯ ᠤᠨ ᠠᠶᠤᠯ ᠢ ᠰᠡᠷᠭᠡᠶᠢᠯᠡᠬᠦ ᠡᠭᠦᠷᠭᠡ ᠬᠠᠷᠢᠭᠤᠴᠠᠯᠭ᠎ᠠ ᠶᠢ | ᠭᠦᠶᠴᠡᠳᠬᠡᠯᠭᠡᠨᠡ᠃ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠨᠢ ᠳᠠᠭᠠᠳᠬᠠᠯ ᠤᠨ ᠺᠣᠮᠫᠠᠨᠢ ᠶᠢ | ᠬᠠᠷᠢᠭᠤᠴᠠᠨ ᠵᠢᠯᠣᠭᠤᠳᠴᠤ ᠪᠠᠶᠢᠭᠠᠳ ᠭᠠᠯ ᠤᠨ ᠭᠠᠮᠰᠢᠭ ᠤᠨ ᠣᠯᠠᠨ ᠨᠡᠶᠢᠲᠡ ᠶᠢᠨ ᠬᠠᠷᠢᠭᠤᠴᠠᠯᠭ᠎ᠠ ᠶᠢᠨ | ᠳᠠᠭᠠᠳᠬᠠᠯ ᠤᠨ ᠲᠤᠬᠠᠶᠢᠯᠠᠭᠰᠠᠨ ᠠᠵᠢᠯ ᠢ ᠥᠷᠨᠢᠭᠦᠯᠵᠦ᠂ ᠳᠠᠭᠠᠳᠬᠠᠯ ᠤᠨ ᠪᠠᠶᠢᠭᠤᠯᠤᠮᠵᠢ ᠶᠢ ᠵᠣᠷᠢᠭᠵᠢᠭᠤᠯᠵᠤ | ᠪᠠᠶᠢᠭᠠᠳ ᠭᠠᠯ ᠤᠨ ᠭᠠᠮᠰᠢᠭ ᠤᠨ ᠲᠦᠭᠰᠢᠭᠦᠷᠢ ᠶᠢ ᠦᠨᠡᠯᠡᠨ ᠵᠢᠱᠢᠵᠦ ᠬᠠᠮᠢᠶᠠᠷᠤᠨ ᠡᠵᠡᠮᠳᠡᠬᠦ ᠪᠠ ᠭᠠᠯ ᠤᠨ | ᠭᠠᠮᠰᠢᠭ ᠤᠨ ᠠᠳᠡᠯ ᠢ ᠰᠡᠷᠭᠡᠶᠢᠯᠡᠬᠦ ᠴᠢᠳᠠᠮᠵᠢ ᠶᠢ ᠪᠠᠳᠠᠷᠠᠭᠤᠯᠤᠨ᠎ᠠ᠃ | ︵ᠬᠤᠷᠢ ᠶᠢᠰᠦ︶ ᠰᠢᠤᠳᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠰᠢᠤᠳᠠᠨ ᠤ ᠠᠵᠢᠯ ᠲᠥᠷᠥᠯ ᠤᠨ | ᠭᠠᠯ ᠤᠨᠲᠠᠷᠠᠭᠠᠬᠤ ᠠᠮᠤᠷ ᠲᠦᠪᠰᠢᠨ ᠢ ᠬᠠᠷᠢᠭᠤᠴᠠᠵᠤ᠂ ᠰᠢᠤᠳᠠᠨ ᠤ ᠠᠵᠤ ᠠᠬᠤᠶᠢᠯᠠᠯ᠂ ᠲᠦᠷᠭᠡᠨ ᠬᠦᠷᠭᠡᠬᠦ ᠠᠵᠤ | ᠠᠬᠤᠶᠢᠯᠠᠯ ᠤᠨ ᠭᠠᠯ ᠤᠨᠲᠠᠷᠠᠭᠠᠬᠤ ᠠᠮᠤᠷ ᠲᠦᠪᠰᠢᠨ ᠤ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠭᠰᠡᠨ ᠪᠠᠶᠢᠳᠠᠯ ᠢ | ᠵᠢᠯᠣᠭᠤᠳᠴᠤ᠂ ᠬᠢᠨᠠᠯᠲᠠ ᠲᠠᠯᠪᠢᠵᠤ᠂ ᠪᠠᠶᠢᠴᠠᠭᠠᠨ᠎ᠠ᠃ | ︵ᠭᠤᠴᠢ︶ ᠵᠠᠰᠠᠭ ᠤᠨ ᠣᠷᠳᠣᠨ ᠤ ᠠᠵᠢᠯ ᠤᠨ ᠪᠤᠰᠤᠳ ᠰᠠᠯᠠᠭ᠎ᠠ ᠮᠥᠴᠢᠷ ᠵᠢᠴᠢ ᠥᠪᠡᠷᠲᠡᠭᠡᠨ ᠵᠠᠰᠠᠬᠤ | ᠣᠷᠣᠨ ᠳᠤ ᠰᠠᠭᠤᠭ᠎ᠠ ᠨᠢᠭᠡᠴᠢ ᠪᠣᠯᠤᠨ ᠪᠠᠶᠢᠭᠤᠯᠤᠮᠵᠢ ᠨᠤᠭᠤᠳ ᠭᠠᠯ ᠤᠨᠲᠠᠷᠠᠭᠠᠬᠤ ᠠᠵᠢᠯ ᠤᠨ ᠡᠭᠦᠷᠭᠡ | ᠬᠠᠷᠢᠭᠤᠴᠠᠯᠭ᠎ᠠ ᠪᠠᠨ ᠬᠠᠤᠯᠢ ᠲᠣᠭᠲᠠᠭᠠᠯ ᠶᠣᠰᠣᠭᠠᠷ ᠭᠦᠢᠴᠡᠳᠬᠡᠬᠦ ᠬᠡᠷᠡᠭᠲᠡᠶ᠃ ᠬᠠᠷᠢᠶ᠎ᠠ ᠠᠵᠤ ᠠᠬᠤᠶᠢᠯᠠᠯ᠂ ᠠᠵᠢᠯ | ᠦᠢᠯᠡᠰ ᠤᠨ ᠨᠢᠭᠡᠴᠢ ᠶᠢᠨ ᠰᠠᠯᠠᠭ᠎ᠠ ᠮᠥᠴᠢᠷ ᠪᠤᠶᠤ ᠨᠢᠭᠡᠴᠢ ᠨᠢ ᠬᠠᠷᠢᠶ᠎ᠠ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠢ ᠶᠢᠨ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠠᠵᠢᠯ ᠢ ᠬᠠᠷᠢᠭᠤᠴᠠᠨ ᠪᠠᠶᠢᠴᠠᠭᠠᠵᠤ | ᠬᠠᠮᠢᠶᠠᠷᠤᠨ᠎ᠠ᠃ |