ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠴᠠᠪ ᠬᠤᠲᠠ ᠶᠢᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ ᠠᠷᠪᠠᠨ ᠳᠥᠷᠪᠡᠳᠦᠭᠡᠷ ᠪᠥᠬᠦᠳᠡ ᠬᠤᠷᠠᠯ ᠤᠨ ᠠᠯᠪᠠᠨ ᠮᠡᠳᠡᠭᠡ
ᠨᠡᠶᠢᠲᠡᠯᠡᠭᠰᠡᠨ ᠴᠠᠭ᠄
2021/9/26
︵2021 ᠣᠨ ᠤ 9 ᠰᠠᠷ᠎ᠠ ᠶᠢᠨ 24 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠴᠠᠪ ᠬᠤᠲᠠ ᠶᠢᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ ᠠᠷᠪᠠᠨ ᠳᠥᠷᠪᠡᠳᠦᠭᠡᠷ ᠪᠥᠬᠦᠳᠡ ᠬᠤᠷᠠᠯ ᠠᠴᠠ ᠪᠠᠲᠤᠯᠠᠪᠠ︶᠃      ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠴᠠᠪ ᠬᠤᠲᠠ ᠶᠢᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ ᠠᠷᠪᠠᠨ ᠳᠥᠷᠪᠡᠳᠦᠭᠡᠷ ᠪᠥᠬᠦᠳᠡ ᠬᠤᠷᠠᠯ 2021 ᠣᠨ ᠤ 9 ᠰᠠᠷ᠎ᠠ ᠶᠢᠨ 24 ᠤ ᠡᠳᠦᠷ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠭᠡᠰᠢᠭᠦᠨ 37 ᠬᠥᠮᠦᠨ᠂ ᠣᠷᠣᠯᠠᠭᠴᠢ ᠭᠡᠰᠢᠭᠦᠨ 4 ᠬᠥᠮᠦᠨ ᠬᠤᠷᠠᠯ ᠳᠤ ᠣᠷᠣᠯᠴᠠᠪᠠ᠃ ᠪᠥᠬᠦᠳᠡ ᠬᠤᠷᠠᠯ ᠢ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠡᠷᠬᠢᠯᠡᠪᠡ᠃      ᠪᠦᠭᠦᠳᠡ ᠬᠤᠷᠠᠯ ᠠᠴᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠴᠠᠪ ᠬᠤᠲᠠ ᠶᠢᠨ ᠲᠠᠪᠤᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠳᠤ ᠳᠡᠪᠰᠢᠭᠦᠯᠬᠦ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠴᠠᠪ ᠬᠤᠲᠠ ᠶᠢᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ ᠠᠵᠢᠯ ᠤᠨ ᠢᠯᠡᠳᠬᠡᠯ ︵ᠲᠥᠰᠦᠯ︶︾ ᠪᠣᠯᠤᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠴᠠᠪ ᠬᠤᠲᠠ ᠶᠢᠨ ᠳᠥᠷᠪᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠵᠢᠯ ᠤᠨ ᠢᠯᠡᠳᠬᠡᠯ ︵ᠲᠥᠰᠦᠯ︶︾ ᠢ ᠬᠢᠨᠠᠨ ᠵᠥᠪᠯᠡᠵᠦ ᠪᠠᠲᠤᠯᠠᠪᠠ᠃ ᠪᠥᠬᠦᠳᠡ ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠴᠠᠪ ᠬᠤᠲᠠ ᠶᠢᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠭᠡᠰᠢᠭᠦᠨ᠂ ᠣᠷᠣᠯᠠᠭᠴᠢ ᠭᠡᠰᠢᠭᠦᠨ ᠪᠣᠯᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠡᠰᠢᠭᠦᠨ ᠤ ᠵᠢᠱᠢᠭᠳᠡᠭᠴᠢ ᠶᠢᠨ ᠪᠡᠯᠡᠳᠬᠡᠯ ᠵᠢᠱᠢᠭᠳᠡᠭᠴᠢ ᠶᠢ ᠶᠠᠷᠢᠯᠴᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠳᠤ ᠣᠷᠣᠯᠴᠠᠬᠤ ᠤᠯᠠᠭᠠᠨᠴᠠᠪ ᠬᠤᠲᠠ ᠶᠢᠨ ᠲᠥᠯᠥᠭᠡᠯᠡᠭᠴᠢ ᠶᠢᠨ ᠵᠢᠱᠢᠭᠳᠡᠭᠴᠢ ᠶᠢᠨ ᠪᠡᠯᠡᠳᠬᠡᠯ  ᠰᠣᠩᠭᠤᠭᠳᠠᠭᠴᠢ ᠶᠢᠨ ᠨᠡᠷᠡᠰ ᠢ ᠫᠢᠶᠣᠣ ᠪᠠᠷ ᠪᠠᠲᠤᠯᠠᠪᠠ᠃      ᠪᠥᠬᠦᠳᠡ ᠬᠤᠷᠠᠯ ᠠᠴᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠴᠠᠪ ᠬᠤᠳᠠ ᠶᠢᠨ ᠲᠠᠪᠤᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠢ 2021 ᠣᠨ ᠤ 9 ᠰᠠᠷ᠎ᠠ ᠶᠢᠨ 26 ᠤ ᠡᠳᠦᠷ ᠠᠴᠠ 9 ᠰᠠᠷ᠎ᠠ ᠶᠢᠨ 28 ᠤ ᠡᠳᠦᠷ ᠪᠣᠯᠲᠠᠯ᠎ᠠ ᠬᠤᠷᠠᠯᠳᠤᠭᠤᠯᠤᠨ᠎ᠠ ᠭᠡᠵᠦ ᠲᠣᠭᠲᠠᠪᠠ᠃      ᠪᠥᠬᠦᠳᠡ ᠬᠤᠷᠠᠯ ᠠᠴᠠ᠂ ᠳᠥᠷᠪᠡᠳᠦᠭᠡᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶᠠᠨ ᠤ ᠠᠵᠢᠯ ᠢ ᠭᠦᠶᠴᠡᠳ ᠨᠤᠲᠠᠯᠠᠪᠠ᠃ ᠥᠩᠭᠡᠷᠡᠭᠰᠡᠨ ᠲᠠᠪᠤᠨ ᠵᠢᠯ ᠳᠤ᠂ ᠳᠥᠷᠪᠡᠳᠦᠭᠡᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶᠠᠨ ᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠯᠢ ᠣᠯᠠᠨ ᠶᠡᠭᠡ ᠰᠢᠯᠭᠠᠯᠲᠠ ᠶᠢ ᠳᠤᠭᠤᠯᠵᠤ᠂ ᠣᠯᠠᠨ ᠣᠯᠠᠨ ᠬᠦᠴᠢᠷ ᠪᠣᠭᠤᠮᠲᠠ ᠶᠢ ᠰᠢᠪᠲᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠰᠢᠨ᠎ᠡ ᠳᠠᠪᠠᠯᠲᠠ ᠶᠢ ᠪᠡᠶᠡᠯᠡᠭᠦᠯᠵᠦ᠂ ᠨᠠᠮ ᠤᠨ ᠪᠠᠶᠢᠭᠤᠯᠤᠯᠲᠠ ᠰᠢᠨ᠎ᠡ ᠦᠷ᠎ᠡ ᠪᠦᠲᠦᠮᠵᠢ ᠤᠯᠪᠠ ᠭᠡᠵᠦ ᠰᠠᠨᠠᠯ ᠨᠢᠭᠡᠲᠡᠶ ᠦᠵᠡᠵᠡᠭᠡᠪᠡ᠃      ᠪᠥᠬᠦᠳᠡ ᠬᠤᠷᠠᠯ ᠠᠴᠠ᠂ ᠤᠳᠠᠯ ᠥᠬᠡᠶ ᠬᠤᠷᠠᠯᠳᠤᠬᠤ ᠪᠠᠷ ᠪᠠᠶᠢᠭ᠎ᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠴᠠᠪ ᠬᠤᠲᠠ ᠶᠢᠨ ᠲᠠᠪᠤᠳᠤᠭᠠᠷ  ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠪᠣᠯ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢᠨ ᠲᠠᠰᠢᠷᠠᠮ ᠳᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠲᠣᠮᠣ ᠠᠯᠬᠤᠮ ᠢᠶᠠᠷ ᠤᠷᠤᠭᠰᠢᠯᠠᠬᠤ ᠦᠶ᠎ᠡ ᠳᠤ  ᠬᠤᠷᠠᠯᠳᠤᠭᠤᠯᠬᠤ ᠨᠢᠭᠡ ᠤᠳᠠᠭ᠎ᠠ ᠶᠢᠨ ᠴᠢᠬᠤᠯᠠ ᠬᠤᠷᠠᠯ ᠪᠣᠯᠤᠨ᠎ᠠ᠃ ᠪᠦᠬᠦ ᠬᠤᠲᠠ ᠶᠢᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ  ᠣᠯᠠᠨ ᠲᠦᠮᠡᠨ ᠤ ᠤᠯᠤᠰ ᠲᠥᠷᠥ ᠶᠢᠨ ᠠᠮᠢᠳᠤᠷᠠᠯ ᠳᠤᠮᠳᠠᠬᠢ ᠨᠢᠭᠡᠨ ᠶᠡᠭᠡ ᠶᠠᠪᠤᠳᠠᠯ ᠮᠥᠨ᠃ ᠶᠡᠭᠡ ᠬᠤᠷᠠᠯ ᠠᠴᠠ ᠥᠩᠭᠡᠷᠡᠭᠰᠡᠨ ᠲᠠᠪᠤᠨ ᠵᠢᠯ ᠤᠨ ᠬᠥᠭᠵᠢᠯᠲᠡ ᠶᠢᠨ ᠠᠮᠵᠢᠯᠲᠠ ᠪᠦᠲᠦᠮᠵᠢ ᠶᠢ ᠪᠥᠬᠦ ᠲᠠᠯ᠎ᠠ ᠪᠠᠷ ᠳ᠋ᠦᠩᠨᠡᠵᠦ᠂ ᠣᠳᠣᠬᠠᠨ ᠤ ᠬᠥᠭᠵᠢᠯᠲᠡ ᠶᠢᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠵᠠᠳᠠᠯᠵᠤ᠂ ᠬᠤᠶᠢᠰᠢᠳᠠ ᠶᠢᠨ ᠲᠠᠪᠤᠨ ᠵᠢᠯ ᠤᠨ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠬᠠᠷᠠᠯᠲᠠ᠂ ᠭᠤᠤᠯ ᠡᠭᠦᠷᠭᠡ ᠪᠣᠯᠤᠨ ᠴᠢᠬᠤᠯᠠ ᠶᠡᠭᠡ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠨᠠᠮ ᠤᠨ ᠪᠠᠶᠢᠭᠤᠯᠤᠯᠲᠠ ᠶᠢ ᠴᠢᠩᠭᠠᠳᠬᠠᠵᠤ᠂ ᠠᠵᠢᠯ ᠢ ᠪᠥᠬᠦ ᠲᠠᠯ᠎ᠠ ᠪᠠᠷ ᠪᠠᠶᠢᠷᠢᠯᠠᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠴᠠᠪ ᠬᠤᠲᠠ ᠶᠢᠨ ᠲᠠᠪᠤᠳᠤᠭᠠᠷ ᠬᠤᠭᠤᠴᠠᠭᠠᠨ ᠤ ᠬᠤᠷᠢᠶ᠎ᠠ ᠪᠣᠯᠤᠨ ᠲᠠᠪᠤᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢ ᠰᠣᠩᠭᠤᠨ ᠭᠠᠷᠭᠠᠨ᠎ᠠ᠃ ᠡᠨᠡ ᠤᠳᠠᠭ᠎ᠠ ᠶᠢᠨ ᠶᠡᠭᠡ ᠬᠤᠷᠠᠯ ᠢ ᠰᠠᠶᠢᠲᠤᠷ ᠬᠤᠷᠠᠯᠳᠤᠭᠤᠯᠬᠤ ᠨᠢ ᠨᠠᠮ ᠪᠠᠶᠢᠭᠤᠯᠤᠭᠰᠠᠨ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠣᠳᠣᠬᠢᠴᠢᠯᠠᠭᠰᠠᠨ ᠤᠯᠠᠭᠠᠨᠴᠠᠪ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠳᠤ ᠴᠢᠬᠤᠯᠠ ᠶᠡᠭᠡ ᠪᠥᠭᠡᠳ ᠠᠯᠤᠰ ᠬᠡᠳᠤ ᠶᠢᠨ ᠠᠴᠢ ᠬᠤᠯᠪᠣᠭᠳᠠᠯ ᠲᠠᠢ ᠶᠤᠮ ᠭᠡᠵᠦ ᠵᠢᠭᠠᠵᠤ ᠭᠠᠷᠭᠠᠪᠠ᠃      ᠪᠥᠬᠦᠳᠡ ᠬᠤᠷᠠᠯ ᠠᠴᠠ᠂ ᠡᠯ᠎ᠡ ᠬᠤᠯᠪᠣᠭᠳᠠᠯ ᠪᠥᠬᠦᠶ ᠲᠠᠯ᠎ᠠ ᠶᠢᠨ ᠬᠢᠨ ᠤᠯᠠᠭᠠᠨᠴᠠᠪ ᠬᠤᠲᠠ ᠶᠢᠨ ᠪᠠᠶᠢᠳᠠᠯ ᠳᠤ ᠰᠠᠭᠤᠷᠢᠯᠠᠨ᠂ ᠢᠯᠡᠳᠬᠡᠯ ᠢ ᠰᠠᠶᠢᠲᠤᠷ ᠬᠢᠨᠠᠨ ᠵᠥᠪᠯᠡᠵᠦ᠂ ᠢᠳᠡᠪᠬᠢᠲᠡᠶ ᠰᠠᠨᠠᠭᠠᠴᠢᠯᠠᠭ᠎ᠠ ᠠᠴᠠ ᠪᠠᠨ ᠨᠠᠩ ᠣᠯᠠᠨ ᠨᠠᠩ ᠰᠠᠶᠢᠨ ᠪᠦᠲᠦᠭᠡᠯᠴᠢ ᠴᠢᠨᠠᠷᠲᠠᠶ ᠰᠠᠨᠠᠯ ᠢ ᠳᠤᠷᠠᠳᠬᠤ ᠬᠡᠷᠡᠭᠲᠡᠶ᠃ ᠨᠠᠮ ᠤᠨ ᠤᠳᠤᠷᠢᠳᠤᠯᠭ᠎ᠠ ᠶᠢ ᠬᠤᠭᠤᠴᠠᠭ᠎ᠠ ᠰᠣᠯᠢᠬᠤ ᠰᠣᠩᠭᠤᠭᠤᠯᠢ ᠶᠢᠨ ᠪᠦᠬᠦ ᠶᠠᠪᠤᠴᠠ ᠳᠤ ᠲᠤᠭᠤᠰᠢᠯᠠᠭᠤᠯᠬᠤ ᠶᠢ ᠪᠠᠷᠢᠮᠲᠠᠯᠠᠵᠤ᠂ ᠠᠷᠠᠳᠴᠢᠯᠠᠯ ᠤᠨ ᠡᠷᠬᠡ ᠪᠠᠨ ᠵᠥᠪ ᠬᠡᠷᠡᠭᠵᠢᠭᠦᠯᠵᠦ᠂ ᠵᠣᠬᠢᠶᠠᠨ ᠪᠠᠶᠢᠭᠤᠯᠤᠯᠲᠠ ᠶᠢᠨ ᠵᠣᠷᠢᠯᠲᠠ ᠶᠢ ᠰᠠᠶᠢᠨ ᠪᠡᠶᠡᠯᠡᠭᠦᠯᠬᠦ ᠬᠡᠷᠡᠭᠲᠡᠢ᠃ ᠲᠥᠪ ᠤᠨ ︽ᠠᠷᠪᠠᠨ ᠴᠢᠩᠭ᠎ᠠ ᠴᠠᠭᠠᠵᠠᠯᠠᠬᠤ︾ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠰᠠᠬᠢᠯᠭ᠎ᠠ ᠪᠠᠲᠤ ᠶᠣᠰᠣ ᠲᠦᠷᠢᠮ ᠢ ᠰᠠᠶᠢᠲᠤᠷ ᠵᠢᠷᠤᠮᠯᠠᠬᠤ ᠬᠡᠷᠡᠭᠲᠡᠢ᠃ ᠬᠠᠮᠲᠤᠷᠠᠨ ᠬᠠᠮᠵᠢᠯᠴᠠᠬᠤ ᠪᠠᠨ ᠤᠯᠠᠮ ᠨᠢᠭᠡ ᠠᠯᠬᠤᠮ ᠴᠢᠩᠭᠠᠳᠬᠠᠵᠤ᠂  ᠠᠯᠳᠠᠭᠳᠠᠯ ᠢ ᠪᠠᠶᠢᠴᠠᠭᠠᠨ ᠳᠤᠲᠠᠭᠤᠳᠠᠯ ᠢᠶᠠᠨ ᠨᠥᠬᠦᠪᠥᠷᠢᠯᠡᠵᠦ᠂ ᠪᠡᠯᠡᠳᠬᠡᠯ ᠠᠵᠢᠯ ᠢ ᠦᠨᠡᠨ ᠬᠦ ᠰᠠᠶᠢᠲᠤᠷ ᠠᠳᠬᠤᠵᠤ᠂ ᠶᠡᠭᠡ ᠬᠤᠷᠠᠯ ᠤᠨ ᠲᠡᠭᠦᠰ ᠠᠮᠵᠢᠯᠲᠠ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ  ᠱᠠᠭᠠᠷᠳᠠᠪᠠ᠃      ᠪᠥᠬᠦᠳᠡ ᠬᠤᠷᠠᠯ ᠠᠴᠠ᠂ ᠪᠥᠬᠦ ᠬᠤᠲᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠨᠠᠭᠰᠢᠳᠠ ᠴᠢᠩᠭᠠᠳᠬᠠᠵᠤ᠂ ᠬᠠᠮᠵᠢᠯᠴᠠᠨ ᠪᠠᠶᠢᠯᠳᠤᠬᠤ ᠪᠠᠨ ᠴᠢᠩᠭᠠᠷᠠᠭᠤᠯᠵᠤ᠂ ᠡᠯ᠎ᠡ ᠵᠦᠶᠯ ᠤᠨ ᠠᠵᠢᠯ ᠢᠶᠠᠨ ᠯᠠᠪᠳᠠᠭᠤᠨ ᠪᠠᠲᠤᠲᠠᠶ ᠡᠮᠬᠢ ᠵᠢᠷᠤᠮ ᠲᠠᠢ ᠰᠠᠶᠢᠲᠤᠷ ᠬᠢᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠴᠠᠪ ᠬᠤᠲᠠ ᠶᠢᠨ ᠲᠠᠪᠤᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠪᠣᠳᠠᠲᠤ ᠠᠵᠢᠯᠯᠠᠭ᠎ᠠ ᠪᠠᠷ ᠢᠶᠠᠨ ᠤᠭᠲᠤᠵᠤ᠂ ᠤᠯᠠᠭᠠᠨᠴᠠᠪ ᠤᠨ ᠡᠯ᠎ᠡ ᠵᠦᠶᠯ ᠤᠨ ᠠᠵᠢᠯ ᠦᠶᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠰᠦᠭᠡᠢ ᠭᠡᠵᠦ ᠤᠷᠢᠶᠠᠯᠠᠪᠠ︕
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2