ᠴᠢ ᠹᠸᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ ᠲᠣᠮᠣ ᠳ᠋ᠠᠶᠢᠲ᠋ᠠ ᠶᠢᠨ ᠠᠵᠤ ᠦᠢᠯᠡᠰ ᠤᠨ ᠬᠥᠭᠵᠢᠯᠲᠡ ᠠᠮᠢ ᠠᠬᠤᠶ ᠣᠷᠴᠢᠨ ᠲᠣᠭᠤᠷᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2022/1/11
   1 ᠰᠠᠷ᠎ᠠ ᠶᠢᠨ 10 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠸᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ︽ᠤᠯᠠᠭᠠᠨᠴᠠᠪ ᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠣᠮᠣ ᠳ᠋ᠠᠶᠢᠲ᠋ᠠ ᠶᠢᠨ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ︽ᠤᠯᠠᠭᠠᠨᠴᠠᠪ ᠬᠤᠲᠠ ᠶᠢᠨ ᠠᠮᠢ ᠠᠬᠤᠶ ᠣᠷᠴᠢᠨ ᠲᠣᠭᠤᠷᠢᠨ ᠢ ᠶᠡᠬᠡᠪᠡᠷ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠠᠵᠢᠯ ᠤᠨ ᠲᠥᠰᠦᠯ︾ ︽ᠤᠯᠠᠭᠠᠨᠴᠠᠪ ᠬᠤᠲᠠ ᠶᠢᠨ ᠲᠥᠪ ᠬᠤᠲᠠ ᠶᠢᠨ ᠲᠣᠭᠤᠷᠢᠭ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠲᠤᠰᠬᠠᠶ ᠲᠥᠯᠥᠪᠵᠢᠭᠦᠯᠭᠡ ︵2021 — 2035 ᠣᠨ︶︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃            ᠬᠤᠷᠠᠯ ᠠᠴᠠ᠂ ᠲᠣᠭᠠᠴᠢᠯᠠᠭᠰᠠᠨ ᠠᠵᠤ ᠠᠬᠤᠢ ᠨᠢᠭᠡᠨᠲᠡ ᠪᠦᠬᠦ ᠬᠤᠳᠠ ᠶᠢᠨ ᠰᠢᠨ᠎ᠡ ᠨᠡᠮᠡᠭᠳᠡᠯ ᠤᠨ ᠴᠡᠭ ᠪᠤᠯᠵᠤ᠂ ᠲᠣᠭᠠᠴᠢᠯᠠᠭᠰᠠᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠨᠢ ᠤᠯᠤᠰ ᠤᠨ ᠪᠠᠶᠢᠯᠳᠤᠬᠤ ᠪᠤᠳᠤᠯᠭ᠎ᠠ ᠶᠢᠨ ᠤᠳᠤᠷᠢᠳᠤᠮᠵᠢ ᠲᠠᠢ ᠨᠡᠶᠢᠴᠡᠬᠦ ᠪᠥᠭᠡᠳ ᠮᠠᠨ ᠤ ᠬᠤᠳᠠ ᠶᠢᠨ ᠬᠥᠭᠵᠢᠯᠲᠡ ᠶᠢᠨ ᠪᠣᠳᠠᠲᠤ ᠪᠠᠶᠢᠳᠠᠯ ᠲᠠᠢ ᠴᠤ ᠨᠡᠶᠢᠴᠡᠨ᠎ᠡ᠃ ᠡᠯ᠎ᠡ ᠱᠠᠲᠤᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠥᠪᠥᠷ ᠮᠣᠩᠭᠤᠯ ᠤᠨ ᠤᠯᠤᠰ ᠤᠨ ᠲᠤᠮᠤ ᠳ᠋ᠠᠶᠢᠲ᠋ᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠪᠣᠯᠤᠨ ᠪᠦᠬᠦ ᠤᠯᠤᠰ ᠤᠨ ᠨᠢᠭᠡ ᠴᠤᠬᠴᠠᠵᠢᠭᠤᠯᠤᠬᠰᠠᠨ ᠪᠤᠳᠤᠯᠭ᠎ᠠ ᠶᠢᠨ ᠲᠣᠣᠷ ᠤᠨ ᠤᠯᠤᠰ ᠤᠨ ᠬᠦᠢᠰᠦ ᠴᠡᠭ ᠢ ᠪᠠᠶᠢᠭᠤᠯᠬᠤ ᠲᠡᠦᠬᠡ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ᠳ᠋ᠠᠶᠢᠲ᠋ᠠ ᠶᠢᠨ ᠬᠡᠷᠡᠭᠯᠡᠭᠡ ᠪᠣᠯᠤᠨ ᠰᠢᠨ᠎ᠡ ᠶᠢ ᠡᠭᠦᠳᠬᠦ ᠶᠢ ᠬᠦᠴᠦᠯᠡᠨ ᠬᠥᠭᠵᠢᠭᠦᠯᠵᠦ᠂ ᠲᠤᠮᠤ ᠳ᠋ᠠᠶᠢᠲ᠋ᠠ ᠶᠢ ᠡᠯ᠎ᠡ ᠬᠦᠷᠢᠶᠡᠨ ᠳᠤ ᠥᠷᠭᠡᠨ ᠢᠶᠠᠷ ᠨᠡᠪᠴᠢᠭᠦᠯᠬᠦ᠂ ᠡᠯ᠎ᠡ ᠠᠵᠢᠯ ᠲᠦᠷᠦᠯ ᠳᠤ ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠵᠤ᠂ ᠮᠠᠨ ᠤ ᠬᠤᠳᠠ ᠪᠠᠨ ᠤᠯᠤᠰ ᠤᠨ ᠤᠮᠠᠷᠠᠲᠤ ᠶᠢᠨ ᠲᠤᠭ᠎ᠠ ᠪᠠᠷᠢᠮᠲᠠ ᠶᠢ ᠰᠢᠢᠳᠪᠦᠷᠢᠯᠡᠬᠦ ᠴᠢᠳᠠᠪᠤᠷᠢ ᠶᠢᠨ ᠲᠥᠪ ᠪᠣᠯᠭᠠᠨ ᠪᠠᠶᠢᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃        ᠬᠤᠷᠠᠯ ᠠᠴᠠ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠴᠢᠨᠠᠭᠰᠢᠳᠠ ᠳᠡᠭᠡᠭᠰᠢᠯᠡᠭᠦᠯᠵᠦ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠠᠷᠢᠭᠤᠴᠠᠯᠭ᠎ᠠ ᠶᠢ ᠱᠠᠳᠤ ᠱᠠᠳᠤ ᠪᠠᠷ ᠴᠢᠩᠭ᠎ᠠ ᠪᠣᠳᠠᠲᠠᠶᠢᠵᠢᠭᠤᠯᠵᠤ᠂ ᠠᠵᠢᠯ ᠲᠦᠷᠦᠯ ᠤᠨ ᠰᠠᠯᠠᠭ᠎ᠠ ᠮᠥᠴᠢᠷ ᠤᠨ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠳᠤ ᠰᠠᠭᠤᠷᠢᠯᠠᠵᠤ᠂ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠨᠢᠭᠲᠠ ᠬᠠᠮᠵᠢᠯᠴᠠᠵᠤ᠂ ᠮᠠᠨ ᠤ ᠬᠤᠳᠠ ᠶᠢᠨ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠤᠨ ᠲᠣᠭᠲᠠᠭᠤᠨ ᠢᠶᠠᠷ ᠳᠡᠭᠡᠭᠰᠢᠯᠡᠬᠦ ᠶᠢ ᠦᠨᠡᠨᠬᠦ ᠠᠬᠢᠭᠤᠯᠬᠤ ᠬᠡᠷᠡᠭᠲᠡᠢ᠃ 2016 ᠣᠨ ᠠᠴᠠ ᠨᠠᠰᠢᠬᠢ ᠡᠯ᠎ᠡ ᠱᠠᠲᠤᠨ ᠤ ᠡᠯ᠎ᠡ ᠲᠦᠷᠦᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠨᠢᠭᠡᠳ ᠨᠢᠭᠡ ᠪᠠᠷ ᠪᠠᠶᠢᠴᠠᠭᠠᠨ ᠡᠮᠬᠢᠯᠡᠵᠦ᠂ ᠠᠯᠳᠠᠭᠳᠠᠯ ᠢ ᠪᠠᠶᠢᠴᠠᠭᠠᠨ ᠳᠣᠲᠠᠭᠤᠳᠠᠯ ᠢ ᠨᠥᠬᠦᠪᠥᠷᠢᠯᠡᠵᠦ᠂ ᠪᠦᠬᠦᠨ ᠢ ᠰᠢᠢᠳᠪᠦᠷᠢᠯᠡᠵᠦ᠂ ᠵᠢᠭᠰᠠᠭᠠᠨ ᠪᠠᠶᠢᠴᠠᠭᠠᠬᠤ᠂ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠰᠠᠶᠢᠲᠤᠷ ᠬᠢᠬᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ ᠃         ᠬᠤᠷᠠᠯ ᠠᠴᠠ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠦᠢᠯᠡᠰ ᠪᠣᠯ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠠᠭᠤᠯᠭ᠎ᠠ ᠮᠥᠨ᠂ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠪᠦᠷᠢᠯᠳᠦᠬᠦᠨ ᠬᠡᠰᠡᠭ ᠮᠥᠨ᠃ ᠡᠯ᠎ᠡ ᠱᠠᠲᠤᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠥᠲᠥᠭᠡᠨ ᠪᠠᠶᠢᠭᠤᠯᠤᠯᠲᠠ ᠬᠢᠭᠡᠳ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠠᠰᠢᠭ ᠲᠤᠰᠠ ᠶᠢᠨ ᠤᠶᠠᠯᠳᠤᠯ ᠤᠨ ᠴᠡᠭ᠂ ᠬᠠᠷᠢᠯᠴᠠᠨ ᠠᠬᠢᠭᠤᠯᠵᠤ ᠬᠠᠮᠲᠤᠪᠠᠷ ᠠᠰᠢᠭ ᠭᠥᠷᠳᠡᠬᠦ ᠴᠡᠭ ᠢ ᠣᠨᠣᠪᠴᠢᠲᠠᠶ ᠡᠷᠢᠨ ᠣᠯᠵᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠬᠦᠷᠢᠶᠡᠨ ᠳᠠᠬᠢ ᠴᠡᠷᠢᠭ ᠠᠷᠠᠳ ᠤᠨ ᠬᠡᠷᠡᠭᠯᠡᠭᠡ ᠶᠢ ᠭᠦᠨᠵᠡᠭᠡᠶ ᠠᠭᠤᠰᠤᠯᠴᠠᠭᠤᠯᠤᠨ ᠬᠥᠭᠵᠢᠭᠦᠯᠬᠦ ᠶᠢ ᠢᠳᠡᠪᠬᠢᠲᠡᠶ ᠠᠬᠢᠭᠤᠯᠵᠤ᠂ ᠲᠡᠶᠢᠨ ᠤ ᠪᠡᠯᠡᠳᠬᠡᠯ ᠤᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ ᠂ ᠠᠵᠤ ᠠᠬᠤᠶ ᠶᠢᠨ ᠦᠷ᠎ᠡ ᠠᠰᠢᠭ ᠢ ᠣᠷᠭᠠᠨᠢᠭ ᠢᠶᠠᠷ ᠨᠢᠭᠡᠳᠬᠡᠬᠦ ᠶᠢ ᠪᠡᠶᠡᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2