1 ᠰᠠᠷ᠎ᠠ ᠶᠢᠨ 10 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ | ᠴᠢ ᠹᠸᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ︽ | ᠤᠯᠠᠭᠠᠨᠴᠠᠪ ᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠣᠮᠣ ᠳ᠋ᠠᠶᠢᠲ᠋ᠠ ᠶᠢᠨ ᠠᠵᠤ ᠦᠢᠯᠡᠰ ᠤᠨ | ᠬᠥᠭᠵᠢᠯᠲᠡ ᠶᠢᠨ ᠲᠥᠯᠥᠪᠵᠢᠭᠦᠯᠭᠡ︾ ︽ᠤᠯᠠᠭᠠᠨᠴᠠᠪ ᠬᠤᠲᠠ ᠶᠢᠨ ᠠᠮᠢ ᠠᠬᠤᠶ ᠣᠷᠴᠢᠨ ᠲᠣᠭᠤᠷᠢᠨ ᠢ ᠶᠡᠬᠡᠪᠡᠷ | ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠠᠵᠢᠯ ᠤᠨ ᠲᠥᠰᠦᠯ︾ ︽ᠤᠯᠠᠭᠠᠨᠴᠠᠪ | ᠬᠤᠲᠠ ᠶᠢᠨ ᠲᠥᠪ ᠬᠤᠲᠠ ᠶᠢᠨ ᠲᠣᠭᠤᠷᠢᠭ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠲᠤᠰᠬᠠᠶ | ᠲᠥᠯᠥᠪᠵᠢᠭᠦᠯᠭᠡ ︵2021 — 2035 ᠣᠨ︶︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠬᠠᠮᠢᠶ᠎ᠠ | ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠲᠣᠭᠠᠴᠢᠯᠠᠭᠰᠠᠨ ᠠᠵᠤ ᠠᠬᠤᠢ ᠨᠢᠭᠡᠨᠲᠡ ᠪᠦᠬᠦ ᠬᠤᠳᠠ ᠶᠢᠨ ᠰᠢᠨ᠎ᠡ ᠨᠡᠮᠡᠭᠳᠡᠯ ᠤᠨ ᠴᠡᠭ | ᠪᠤᠯᠵᠤ᠂ ᠲᠣᠭᠠᠴᠢᠯᠠᠭᠰᠠᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠨᠢ ᠤᠯᠤᠰ ᠤᠨ | ᠪᠠᠶᠢᠯᠳᠤᠬᠤ ᠪᠤᠳᠤᠯᠭ᠎ᠠ ᠶᠢᠨ ᠤᠳᠤᠷᠢᠳᠤᠮᠵᠢ ᠲᠠᠢ ᠨᠡᠶᠢᠴᠡᠬᠦ ᠪᠥᠭᠡᠳ ᠮᠠᠨ ᠤ ᠬᠤᠳᠠ ᠶᠢᠨ ᠬᠥᠭᠵᠢᠯᠲᠡ ᠶᠢᠨ | ᠪᠣᠳᠠᠲᠤ ᠪᠠᠶᠢᠳᠠᠯ ᠲᠠᠢ ᠴᠤ ᠨᠡᠶᠢᠴᠡᠨ᠎ᠡ᠃ ᠡᠯ᠎ᠡ ᠱᠠᠲᠤᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ | ᠥᠪᠥᠷ ᠮᠣᠩᠭᠤᠯ ᠤᠨ ᠤᠯᠤᠰ ᠤᠨ ᠲᠤᠮᠤ ᠳ᠋ᠠᠶᠢᠲ᠋ᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠪᠣᠯᠤᠨ ᠪᠦᠬᠦ | ᠤᠯᠤᠰ ᠤᠨ ᠨᠢᠭᠡ ᠴᠤᠬᠴᠠᠵᠢᠭᠤᠯᠤᠬᠰᠠᠨ ᠪᠤᠳᠤᠯᠭ᠎ᠠ ᠶᠢᠨ ᠲᠣᠣᠷ ᠤᠨ ᠤᠯᠤᠰ ᠤᠨ ᠬᠦᠢᠰᠦ ᠴᠡᠭ ᠢ ᠪᠠᠶᠢᠭᠤᠯᠬᠤ | ᠲᠡᠦᠬᠡ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ᠳ᠋ᠠᠶᠢᠲ᠋ᠠ ᠶᠢᠨ ᠬᠡᠷᠡᠭᠯᠡᠭᠡ ᠪᠣᠯᠤᠨ ᠰᠢᠨ᠎ᠡ ᠶᠢ ᠡᠭᠦᠳᠬᠦ ᠶᠢ | ᠬᠦᠴᠦᠯᠡᠨ ᠬᠥᠭᠵᠢᠭᠦᠯᠵᠦ᠂ ᠲᠤᠮᠤ ᠳ᠋ᠠᠶᠢᠲ᠋ᠠ ᠶᠢ ᠡᠯ᠎ᠡ ᠬᠦᠷᠢᠶᠡᠨ ᠳᠤ ᠥᠷᠭᠡᠨ ᠢᠶᠠᠷ ᠨᠡᠪᠴᠢᠭᠦᠯᠬᠦ᠂ ᠡᠯ᠎ᠡ ᠠᠵᠢᠯ | ᠲᠦᠷᠦᠯ ᠳᠤ ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠵᠤ᠂ ᠮᠠᠨ ᠤ ᠬᠤᠳᠠ ᠪᠠᠨ ᠤᠯᠤᠰ ᠤᠨ ᠤᠮᠠᠷᠠᠲᠤ ᠶᠢᠨ | ᠪᠣᠳᠣᠯᠲᠠ ᠶᠢᠨ ᠴᠢᠳᠠᠪᠤᠷᠢ ᠶᠢᠨ ᠲᠥᠪ ᠪᠣᠯᠭᠠᠨ ᠪᠠᠶᠢᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃ | | ᠬᠤᠷᠠᠯ ᠠᠴᠠ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ | ᠴᠢᠨᠠᠭᠰᠢᠳᠠ ᠳᠡᠭᠡᠭᠰᠢᠯᠡᠭᠦᠯᠵᠦ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠵᠤ᠂ ᠬᠠᠷᠢᠭᠤᠴᠠᠯᠭ᠎ᠠ ᠶᠢ ᠱᠠᠳᠤ ᠱᠠᠳᠤ ᠪᠠᠷ ᠴᠢᠩᠭ᠎ᠠ ᠪᠣᠳᠠᠲᠠᠶᠢᠵᠢᠭᠤᠯᠵᠤ᠂ ᠠᠵᠢᠯ | ᠲᠦᠷᠦᠯ ᠤᠨ ᠰᠠᠯᠠᠭ᠎ᠠ ᠮᠥᠴᠢᠷ ᠤᠨ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠳᠤ ᠰᠠᠭᠤᠷᠢᠯᠠᠵᠤ᠂ | ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠨᠢᠭᠲᠠ ᠬᠠᠮᠵᠢᠯᠴᠠᠵᠤ᠂ ᠮᠠᠨ ᠤ ᠬᠤᠳᠠ ᠶᠢᠨ ᠠᠮᠢ ᠠᠬᠤᠢ ᠣᠷᠴᠢᠨ | ᠲᠣᠭᠤᠷᠢᠨ ᠤ ᠶᠠᠰᠤ ᠴᠢᠨᠠᠷ ᠤᠨ ᠲᠣᠭᠲᠠᠭᠤᠨ ᠢᠶᠠᠷ ᠳᠡᠭᠡᠭᠰᠢᠯᠡᠬᠦ ᠶᠢ ᠦᠨᠡᠨᠬᠦ ᠠᠬᠢᠭᠤᠯᠬᠤ ᠬᠡᠷᠡᠭᠲᠡᠢ᠃ 2016 | ᠣᠨ ᠠᠴᠠ ᠨᠠᠰᠢᠬᠢ ᠡᠯ᠎ᠡ ᠱᠠᠲᠤᠨ ᠤ ᠡᠯ᠎ᠡ ᠲᠦᠷᠦᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠱᠠᠯᠠᠪᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠨᠢᠭᠡᠳ ᠨᠢᠭᠡ ᠪᠠᠷ ᠪᠠᠶᠢᠴᠠᠭᠠᠨ | ᠡᠮᠬᠢᠯᠡᠵᠦ᠂ ᠠᠯᠳᠠᠭᠳᠠᠯ ᠢ ᠪᠠᠶᠢᠴᠠᠭᠠᠨ ᠳᠣᠲᠠᠭᠤᠳᠠᠯ ᠢ ᠨᠥᠬᠦᠪᠥᠷᠢᠯᠡᠵᠦ᠂ ᠪᠦᠬᠦᠨ ᠢ ᠰᠢᠢᠳᠪᠦᠷᠢᠯᠡᠵᠦ᠂ ᠵᠢᠭᠰᠠᠭᠠᠨ | ᠪᠠᠶᠢᠴᠠᠭᠠᠬᠤ᠂ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠰᠠᠶᠢᠲᠤᠷ ᠬᠢᠬᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ | ᠃ | ᠬᠤᠷᠠᠯ ᠠᠴᠠ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠦᠢᠯᠡᠰ ᠪᠣᠯ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠠᠭᠤᠯᠭ᠎ᠠ ᠮᠥᠨ᠂ ᠬᠤᠲᠠ ᠶᠢᠨ ᠪᠦᠲᠦᠭᠡᠨ | ᠪᠠᠶᠢᠭᠤᠯᠤᠯᠲᠠ ᠶᠢᠨ ᠴᠢᠬᠤᠯᠠ ᠪᠦᠷᠢᠯᠳᠦᠬᠦᠨ ᠬᠡᠰᠡᠭ ᠮᠥᠨ᠃ ᠡᠯ᠎ᠡ ᠱᠠᠲᠤᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ | ᠮᠥᠴᠢᠷ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ | ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠥᠲᠥᠭᠡᠨ | ᠪᠠᠶᠢᠭᠤᠯᠤᠯᠲᠠ ᠬᠢᠭᠡᠳ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠠᠰᠢᠭ ᠲᠤᠰᠠ ᠶᠢᠨ ᠤᠶᠠᠯᠳᠤᠯ ᠤᠨ | ᠴᠡᠭ᠂ ᠬᠠᠷᠢᠯᠴᠠᠨ ᠠᠬᠢᠭᠤᠯᠵᠤ ᠬᠠᠮᠲᠤᠪᠠᠷ ᠠᠰᠢᠭ ᠭᠥᠷᠳᠡᠬᠦ ᠴᠡᠭ ᠢ ᠣᠨᠣᠪᠴᠢᠲᠠᠶ ᠡᠷᠢᠨ ᠣᠯᠵᠤ᠂ ᠠᠷᠠᠳ ᠤᠨ | ᠠᠭᠠᠷ ᠤᠨ ᠰᠡᠷᠭᠡᠶᠢᠯᠡᠯᠲᠡ ᠶᠢᠨ ᠬᠦᠷᠢᠶᠡᠨ ᠳᠠᠬᠢ ᠴᠡᠷᠢᠭ ᠠᠷᠠᠳ ᠤᠨ ᠬᠡᠷᠡᠭᠯᠡᠭᠡ ᠶᠢ ᠭᠦᠨᠵᠡᠭᠡᠶ ᠠᠭᠤᠰᠤᠯᠴᠠᠭᠤᠯᠤᠨ | ᠬᠥᠭᠵᠢᠭᠦᠯᠬᠦ ᠶᠢ ᠢᠳᠡᠪᠬᠢᠲᠡᠶ ᠠᠬᠢᠭᠤᠯᠵᠤ᠂ ᠲᠡᠶᠢᠨ ᠤ ᠪᠡᠯᠡᠳᠬᠡᠯ ᠤᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ | ᠂ ᠠᠵᠤ ᠠᠬᠤᠶ ᠶᠢᠨ ᠦᠷ᠎ᠡ ᠠᠰᠢᠭ ᠢ ᠣᠷᠭᠠᠨᠢᠭ ᠢᠶᠠᠷ ᠨᠢᠭᠡᠳᠬᠡᠬᠦ ᠶᠢ ᠪᠡᠶᠡᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |