︵2022 ᠣᠨ ᠤ 1 ᠰᠠᠷ᠎ᠠ ᠶᠢᠨ 4 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠴᠠᠪ | ᠬᠤᠲᠠ ᠶᠢᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠠᠴᠠ ᠪᠠᠲᠤᠯᠠᠪᠠ︶ | ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠴᠠᠪ ᠬᠤᠲᠠ ᠶᠢᠨ ᠲᠠᠪᠤᠳᠤᠭᠠᠷ ᠬᠤᠭᠤᠴᠠᠭᠠᠨ ᠤ | ᠬᠤᠷᠢᠶᠠᠨ ᠤ ᠬᠤᠶᠠᠳᠤᠭᠠᠷ ᠪᠥᠬᠦᠳᠡ ᠬᠤᠷᠠᠯ 2022 ᠣᠨ ᠤ 1 ᠰᠠᠷ᠎ᠠ ᠶᠢᠨ 4 ᠤ ᠡᠳᠦᠷ ᠵᠢᠨᠢᠩ ᠳᠤ | ᠬᠤᠷᠠᠯᠳᠤᠪᠠ᠃ | ᠡᠨᠡ ᠤᠳᠠᠭᠠᠨ ᠤ ᠪᠦᠬᠦᠳᠠ ᠬᠤᠷᠠᠯ ᠳᠤ᠂ ᠬᠤᠳᠠ ᠶᠢᠨ ᠨᠠᠮ ᠤᠨ ᠬᠤᠷᠢᠶᠠᠨ ᠤ ᠭᠡᠰᠢᠭᠦᠨ 56 ᠬᠥᠮᠦᠨ᠂ | ᠣᠷᠣᠯᠠᠭᠴᠢ ᠭᠡᠰᠢᠭᠦᠨ 12 ᠬᠥᠮᠦᠨ ᠣᠷᠣᠯᠴᠠᠪᠠ᠃ ᠬᠤᠲᠠ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ᠂ | ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠭᠡᠰᠢᠭᠦᠨ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ | ᠪᠠ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ ᠤ ᠠᠷᠪᠠᠨ | ᠨᠢᠭᠡᠳᠦᠭᠡᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠣᠷᠣᠯᠴᠠᠭᠰᠠᠨ ᠮᠠᠨ ᠤ ᠬᠤᠲᠠ ᠶᠢᠨ | ᠬᠡᠰᠡᠭ ᠲᠥᠯᠥᠭᠡᠯᠡᠭᠴᠢ ᠪᠠ ᠬᠤᠲᠠ ᠶᠢᠨ ᠲᠠᠪᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ | ᠬᠤᠷᠠᠯ ᠳᠤ ᠣᠷᠣᠯᠴᠠᠭᠰᠠᠨ ᠬᠡᠰᠡᠭ ᠦᠨᠳᠦᠰᠦᠨ ᠱᠠᠲᠤᠨ ᠤ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃ | ᠪᠥᠬᠦᠳᠡ ᠬᠤᠷᠠᠯ ᠢ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠠᠴᠠ ᠡᠷᠬᠢᠯᠡᠪᠡ᠃ | ᠬᠤᠳᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠶ ᠵᠢᠶᠦ᠋ᠨ᠂ ᠬᠤᠳᠠ ᠶᠢᠨ ᠨᠠᠮ ᠤᠨ ᠬᠤᠷᠢᠶᠠᠨ ᠤ ᠳᠡᠳ᠋ | ᠱᠦᠵᠢ᠂ ᠬᠤᠳᠠ ᠶᠢᠨ ᠳᠠᠷᠤᠭ᠎ᠠ ᠴᠢ ᠹᠸᠢ ᠶᠦᠨ ᠲᠤᠰ ᠲᠤᠰ ᠶᠠᠷᠢᠶ᠎ᠠ ᠲᠠᠯᠪᠢᠵᠠᠶ᠃ | ᠪᠦᠭᠦᠳᠡ ᠬᠤᠷᠠᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ | ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ᠂ ᠲᠥᠪ ᠤᠨ ᠠᠵᠤ | ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ | ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ | ᠣᠷᠣᠨ ᠤ ᠠᠷᠪᠠᠨ ᠨᠢᠭᠡᠳᠦᠭᠡᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠶᠠᠳᠤᠭᠠᠷ ᠪᠥᠬᠦᠳᠡ ᠬᠤᠷᠠᠯ ᠵᠢᠴᠢ | ᠪᠦᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠪᠣᠯᠤᠨ ᠬᠤᠲᠠ ᠶᠢᠨ ᠲᠠᠪᠤᠳᠤᠭᠠᠷ ᠤᠳᠠᠭ᠎ᠠ ᠶᠢᠨ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢ ᠶᠠᠷᠢᠯᠴᠠᠵᠤ᠂ ︽ | ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠴᠠᠪ ᠬᠤᠲᠠ ᠶᠢᠨ ᠬᠤᠷᠢᠶᠠᠨ ᠤ ︿ᠨᠠᠮ ᠤᠨ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠰᠢᠢᠳᠪᠦᠷᠢ﹀ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ ᠬᠡᠷᠡᠭᠵᠢᠭᠦᠯᠬᠦ ᠰᠠᠨᠠᠯ︾ ᠢ ᠬᠢᠨᠠᠨ | ᠪᠠᠲᠤᠯᠠᠵᠤ᠂ 2021 ᠣᠨ ᠤ ᠠᠵᠤ ᠠᠬᠤᠶ ᠶᠢᠨ ᠠᠵᠢᠯ ᠢ ᠳ᠋ᠦᠩᠨᠡᠵᠦ᠂ 2022 ᠣᠨ ᠤ ᠭᠤᠤᠯᠳᠠᠯᠭ᠎ᠠ ᠲᠠᠢ | ᠡᠭᠦᠷᠭᠡ ᠶᠢ ᠪᠠᠶᠢᠷᠢᠯᠠᠭᠤᠯᠪᠠ᠃ ᠰᠦᠢ ᠸᠧᠶ ᠵᠢᠶᠦ᠋ᠨ ︽ᠬᠡᠷᠡᠭᠵᠢᠭᠦᠯᠬᠦ ᠰᠠᠨᠠᠯ ︵ᠶᠠᠷᠢᠯᠴᠠᠬᠤ ᠨᠤᠤᠷᠠᠭ︶︾ ᠤᠨ | ᠲᠤᠬᠠᠶ ᠪᠥᠬᠦᠳᠡ ᠬᠤᠷᠠᠯ ᠳᠤ ᠲᠣᠳᠣᠷᠬᠠᠶᠢᠯᠠᠯᠲᠠ ᠬᠢᠪᠡ᠃ | ᠪᠦᠬᠦᠳᠠ ᠬᠤᠷᠠᠯ ᠠᠴᠠ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ | ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠪᠣᠯ ᠤᠷᠳᠤ ᠬᠤᠭᠤᠴᠠᠭᠠᠨ ᠤ | ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠮᠥᠨ᠃ ᠪᠦᠬᠦ ᠬᠤᠳᠠ ᠶᠢᠨ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠪᠦᠬᠦ ᠲᠠᠯ᠎ᠠ ᠪᠣᠯᠤᠨ ᠲᠡᠦᠬᠡ ᠶᠢᠨ | ᠦᠨᠳᠦᠷᠴᠡ ᠠᠴᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ | ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠨᠠᠮ ᠤᠨ ᠵᠠᠭᠤᠨ ᠵᠢᠯ ᠤᠨ ᠴᠢᠬᠤᠯᠠ ᠶᠡᠭᠡ | ᠠᠮᠵᠢᠯᠲᠠ ᠪᠦᠲᠦᠮᠵᠢ ᠪᠣᠯᠤᠨ ᠲᠡᠦᠬᠡᠨ ᠲᠤᠷᠰᠢᠯᠭ᠎ᠠ ᠶᠢ ᠭᠦᠨᠵᠡᠭᠡᠢ ᠣᠶᠢᠯᠠᠭᠠᠨ ᠡᠵᠡᠮᠰᠢᠵᠦ᠂ ︽ᠬᠤᠶᠠᠷ ᠢ | ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠨ ᠡᠵᠡᠮᠰᠢᠵᠦ᠂ | ᠰᠤᠷᠤᠯᠴᠠᠨ ᠲᠤᠭᠤᠰᠢᠯᠠᠭᠤᠯᠬᠤ ᠤᠯᠤᠰ ᠲᠦᠷᠦ ᠶᠢᠨ ᠤᠬᠠᠮᠰᠠᠷ ᠦᠵᠡᠯ ᠰᠠᠨᠠᠭᠠᠨ ᠤ ᠤᠬᠠᠮᠰᠠᠷ ᠦᠢᠯᠡ | ᠠᠵᠢᠯᠯᠠᠭᠠᠨ ᠤ ᠤᠬᠠᠮᠰᠠᠷ ᠢᠶᠠᠨ ᠦᠨᠡᠨᠬᠦ ᠴᠢᠩᠭᠠᠳᠬᠠᠬᠤ ᠬᠡᠷᠡᠭᠲᠡᠢ︔ ᠨᠠᠮ ᠤᠨ ᠠᠷᠪᠠ ᠶᠢᠰᠦᠳᠦᠭᠡᠷ | ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠠᠶᠢᠲᠤᠷ ᠣᠶᠢᠯᠠᠭᠠᠵᠤ ᠲᠤᠭᠤᠷᠠᠲᠠᠯ᠎ᠠ ᠮᠡᠳᠡᠵᠦ᠂ ᠴᠢᠨᠠᠷ ᠰᠠᠶᠢᠲᠠᠢ | ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠨᠠᠮ ᠤᠨ ᠵᠣᠷᠢᠯᠲᠠ ᠶᠢᠨ ᠤᠬᠠᠮᠰᠠᠷ ᠢ ᠭᠦᠨᠵᠡᠭᠡᠢ | ᠦᠢᠯᠡᠳᠦᠯᠭᠡᠵᠢᠭᠦᠯᠵᠦ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠦᠷᠭᠦᠯᠵᠢᠯᠡᠨ ᠠᠬᠢᠭᠤᠯᠵᠤ᠂ | ᠤᠬᠠᠮᠰᠠᠷ ᠠᠴᠠ ᠪᠠᠨ ︽ᠬᠤᠶᠠᠷ ᠢ ᠬᠠᠮᠠᠭᠠᠯᠠᠬᠤ︾ ᠶᠢ ᠪᠠᠲᠤᠳᠬᠠᠨ᠂ ᠪᠦᠯᠬᠦᠮᠳᠡᠨ ᠲᠡᠮᠡᠴᠡᠬᠦ ᠰᠦᠷ ᠳᠠᠯᠠᠶᠢᠴᠠᠲᠠᠢ | ᠬᠦᠴᠦᠨ ᠢ ᠨᠢᠭᠲᠠᠷᠠᠭᠤᠯᠵᠤ᠂ ᠰᠢᠨ᠎ᠡ ᠴᠠᠭ ᠦᠶ᠎ᠡ ᠶᠢᠨ ᠰᠢᠨ᠎ᠡ ᠠᠶᠠᠯᠠᠯ ᠳᠤ ᠰᠢᠨ᠎ᠡ ᠳᠦᠷᠰᠦ ᠪᠠᠶᠢᠳᠠᠯ ᠰᠢᠨ᠎ᠡ | ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ︔ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ | ᠤᠯᠤᠰ ᠲᠦᠷᠦ ᠶᠢᠨ ᠬᠠᠷᠢᠭᠤᠴᠠᠯᠭ᠎ᠠ ᠪᠠᠨ ᠴᠢᠩᠳᠠᠯᠠᠨ ᠪᠣᠳᠠᠲᠠᠶᠢᠵᠢᠭᠤᠯᠵᠤ᠂ ᠤᠬᠠᠭᠤᠯᠤᠨ ᠲᠠᠶᠢᠯᠪᠤᠷᠢᠯᠠᠬᠤ ᠶᠢ | ᠭᠦᠨᠵᠡᠭᠡᠢ ᠥᠷᠨᠢᠭᠦᠯᠵᠦ᠂ ᠰᠤᠷᠤᠯᠴᠠᠯᠭ᠎ᠠ ᠪᠣᠯᠪᠠᠰᠤᠷᠠᠯ ᠢ ᠨᠠᠷᠢᠨ ᠨᠢᠮᠪᠠᠢ ᠰᠠᠶᠢᠲᠤᠷ ᠠᠳᠬᠤᠵᠤ᠂ ᠯᠠᠪᠳᠠᠭᠤᠨ | ᠪᠦᠲᠦᠮᠵᠢᠲᠡᠢ ᠠᠵᠢᠯ ᠢᠶᠠᠷ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ | ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠥᠷᠨᠢᠯᠲᠡ ᠶᠢ ᠦᠷᠭᠦᠯᠵᠢᠯᠡᠨ ᠭᠠᠷᠭᠠᠵᠤ | ᠂ ᠲᠡᠭᠦᠨ ᠤ ᠳᠤᠮᠳᠠ ᠠᠴᠠ ᠢᠲᠡᠭᠡᠯ ᠪᠢᠰᠢᠷᠡᠯ᠂ ᠢᠲᠡᠭᠡᠯ ᠵᠣᠷᠢᠭ ᠤᠨ ᠬᠦᠴᠦᠨ ᠢ ᠲᠠᠰᠤᠷᠠᠯᠲᠠ ᠦᠭᠡᠢ ᠰᠢᠩᠭᠡᠭᠡᠨ | ᠠᠪᠴᠤ᠂ ᠨᠡᠩ ᠴᠤᠭ ᠪᠠᠳᠠᠷᠠᠩᠭᠤᠢ ᠪᠠᠶᠢᠳᠠᠯ ᠢᠶᠠᠷ ᠰᠢᠨ᠎ᠡ ᠠᠶᠠᠯᠠᠯ ᠳᠤ ᠳᠠᠪᠰᠢᠨ ᠣᠷᠣᠵᠤ᠂ ᠰᠢᠨ᠎ᠡ ᠴᠠᠭ | ᠦᠶ᠎ᠡ ᠳᠤ ᠭᠠᠪᠢᠶ᠎ᠠ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠪᠥᠬᠦᠳᠡ ᠬᠤᠷᠠᠯ ᠠᠴᠠ ᠥᠩᠭᠡᠷᠡᠭᠰᠡᠨ ᠨᠢᠭᠡ ᠵᠢᠯ ᠤᠨ ᠠᠵᠢᠯ ᠢ ᠭᠦᠢᠴᠡᠳ ᠨᠤᠲᠠᠯᠠᠪᠠ᠃ ᠠᠯᠢ ᠣᠯᠠᠨ | ᠬᠦᠴᠢᠷ ᠪᠡᠷᠬᠡᠰᠢᠶᠡᠯ ᠪᠠ ᠥᠷᠢᠰᠥᠯᠳᠦᠭᠡᠨ ᠳᠤ ᠲᠤᠯᠭᠠᠷᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ | ᠴᠢᠨᠠᠷ ᠰᠠᠶᠢᠲᠠᠶ ᠬᠥᠭᠵᠢᠭᠦᠯᠬᠦ ᠬᠠᠲᠠᠭᠤᠵᠢᠯᠲᠠᠶ ᠡᠭᠦᠷᠭᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ | ᠪᠠᠶᠢᠩᠭᠤ ᠶᠢᠨ ᠬᠤᠷᠢᠶ᠎ᠠ ᠪᠦᠬᠦ ᠬᠤᠲᠠ ᠶᠢᠨ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ | ᠳᠠᠭᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠶᠢᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ | ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠨᠠᠮ ᠤᠨ ᠲᠥᠪ ᠬᠤᠷᠢᠶᠠᠨ ᠤ | ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠠᠵᠢᠯ ᠤᠨ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠬᠤ ᠠᠵᠢᠯ ᠤᠨ | ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠠᠮᠢ ᠠᠬᠤᠶ ᠶᠢ ᠤᠷᠢᠳ ᠪᠠᠷ ᠪᠣᠳᠣᠯᠬᠢᠯᠠᠵᠤ᠂ ᠪᠣᠬᠢᠷᠲᠤᠯ ᠦᠭᠡᠶ | ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ | ᠦᠭᠡᠶ ᠵᠠᠮᠨᠠᠵᠤ᠂ ᠠᠵᠤ ᠠᠬᠤᠶ ᠶᠢᠨ ᠤᠷᠤᠭᠤᠳᠠᠯ ᠤᠨ ᠳᠠᠷᠤᠭᠠᠰᠤ ᠶᠢ ᠲᠤᠯᠵᠤ᠂ ᠡᠯ᠎ᠡ ᠵᠦᠶᠯ ᠤᠨ ᠴᠡᠭᠴᠡᠯᠡᠨ | ᠰᠠᠶᠢᠵᠢᠷᠠᠭᠤᠯᠬᠤ ᠬᠠᠷᠢᠭᠤᠴᠠᠯᠭ᠎ᠠ ᠶᠢ ᠡᠭᠦᠷᠭᠡᠯᠡᠵᠦ᠂ ᠬᠢᠵᠢᠭ ᠤᠨ ᠪᠠᠶᠢᠳᠠᠯ ᠤᠨ ᠳᠠᠭᠠᠷᠢᠯᠲᠠ ᠶᠢᠨ ᠰᠢᠯᠭᠠᠯᠲᠠ ᠶᠢ | ᠳᠠᠭᠠᠭᠠᠵᠤ᠂ ︽ᠬᠤᠶᠠᠷ ᠢ ᠬᠠᠮᠠᠭᠠᠯᠠᠬᠤ︾ ᠶᠢ ᠦᠶᠯᠡᠳᠦᠯᠭᠡᠵᠢᠭᠦᠯᠬᠦ ᠳᠤ ᠨᠠᠩ ᠡᠷᠡᠰ ᠪᠠᠲᠤ ᠤᠬᠠᠮᠰᠠᠷ ᠲᠠᠢ ᠪᠣᠯᠵᠣ᠂ | ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠳᠤ ᠢᠯᠡᠷᠬᠡᠢ ᠦᠷ᠎ᠡ ᠪᠦᠲᠦᠮᠵᠢ ᠣᠯᠵᠤ᠂ ᠶᠡᠷᠦᠩᠬᠡᠶᠢᠯᠡᠭᠰᠡᠨ ᠪᠣᠳᠠᠲᠤ | ᠬᠦᠴᠦᠨ ᠢᠯᠡᠳᠲᠡ ᠴᠢᠩᠭᠠᠷᠠᠨ᠂ ᠦᠨᠳᠦᠰᠦᠲᠡᠨ ᠤ ᠪᠦᠯᠬᠦᠮᠳᠡᠯ ᠬᠥᠮᠦᠰ ᠤᠨ ᠰᠡᠳᠬᠢᠯ ᠳᠤ ᠭᠦᠨ ᠬᠠᠳᠠᠩᠰᠢᠵᠤ᠂ | ᠠᠷᠠᠳ ᠤᠨ ᠠᠮᠢᠳᠤᠷᠠᠯ ᠢᠯᠡᠳᠲᠡ ᠰᠠᠶᠢᠵᠢᠷᠠᠨ᠂ ᠨᠠᠮ ᠤᠨ ᠪᠠᠶᠢᠭᠤᠯᠤᠯᠲᠠ ᠪᠥᠬᠦ ᠲᠠᠯ᠎ᠠ ᠪᠠᠷ ᠴᠢᠩᠭᠠᠷᠠᠵᠤ᠂ ︽ | ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ︾ ᠶᠢᠨ ᠰᠠᠶᠢᠨ ᠡᠬᠢᠯᠡᠯᠲᠡ ᠶᠢ ᠪᠡᠶᠡᠯᠡᠭᠦᠯᠪᠡ᠃ ᠡᠳᠡᠭᠡᠷ | ᠠᠮᠵᠢᠯᠲᠠ ᠶᠢ ᠣᠯᠤᠭᠰᠠᠨ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠠᠴᠠ ᠪᠣᠯᠤᠭᠰᠠᠨ ᠶᠤᠮ᠂ | ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠥᠪ ᠣᠨᠣᠪᠴᠢᠲᠠᠢ | ᠤᠳᠤᠷᠢᠳᠤᠯᠭ᠎ᠠ ᠠᠴᠠ ᠪᠣᠯᠤᠭᠰᠠᠨ ᠶᠤᠮ᠂ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠺᠠᠳ᠋ᠷ ᠤᠯᠠᠨ | ᠲᠦᠮᠡᠨ ᠤ ᠪᠦᠯᠬᠦᠮᠳᠡᠨ ᠲᠡᠮᠡᠴᠡᠭᠰᠡᠨ ᠠᠴᠠ ᠪᠣᠯᠤᠭᠰᠠᠨ ᠶᠤᠮ ᠭᠡᠵᠦ ᠰᠠᠨᠠᠯ ᠨᠢᠭᠡᠲᠡᠢ ᠦᠵᠡᠵᠡᠭᠡᠪᠡ᠃ | ᠪᠥᠬᠦᠳᠡ ᠬᠤᠷᠠᠯ ᠠᠴᠠ᠂ ᠡᠨᠡ ᠵᠢᠯ ᠮᠠᠨ ᠤ ᠨᠠᠮ ᠬᠤᠷᠢᠳᠤᠭᠠᠷ ᠶᠡᠭᠡ ᠬᠤᠷᠠᠯ ᠢ ᠬᠤᠷᠠᠯᠳᠤᠭᠤᠯᠬᠤ ᠪᠣᠯᠬᠤᠷ | ᠠᠵᠤ ᠠᠬᠤᠶ ᠶᠢᠨ ᠠᠵᠢᠯ ᠢ ᠰᠠᠶᠢᠲᠤᠷ ᠬᠢᠬᠦ ᠨᠢ ᠶᠡᠷᠦ ᠪᠤᠰᠤ ᠶᠢᠨ ᠠᠴᠢ ᠬᠤᠯᠪᠣᠭᠳᠠᠯ ᠲᠠᠢ ᠪᠥᠭᠡᠳ ᠬᠠᠷᠢᠭᠤᠴᠠᠯᠭ᠎ᠠ | ᠬᠦᠨᠳᠦ ᠴᠢᠬᠤᠯᠠ ᠶᠤᠮ᠃ ᠮᠠᠨ ᠤ ᠬᠤᠲᠠ ᠶᠢᠨ ᠬᠥᠭᠵᠢᠯᠲᠡ ᠳᠤ ᠲᠤᠯᠭᠠᠷᠠᠵᠤ ᠪᠠᠶᠢᠭ᠎ᠠ ᠪᠠᠶᠢᠳᠠᠯ ᠨᠡᠩ | ᠪᠤᠳᠤᠯᠢᠶᠠᠨᠲᠠᠢ᠂ ᠠᠶᠤᠯ ᠲᠦᠭᠰᠢᠭᠦᠷᠢ ᠥᠷᠢᠰᠥᠯᠳᠦᠭᠡᠨ ᠨᠡᠩ ᠬᠦᠨᠳᠦ ᠨᠣᠴᠢᠲᠠᠢ᠂ ᠠᠵᠤ ᠠᠬᠤᠢ ᠶᠢᠨ ᠦᠨᠳᠦᠰᠦᠨ | ᠪᠠᠶᠢᠳᠠᠯ ᠢ ᠲᠣᠭᠲᠠᠪᠤᠷᠢᠵᠢᠭᠤᠯᠬᠤ ᠡᠭᠦᠷᠭᠡ ᠲᠦᠢᠯ ᠤᠨ ᠪᠡᠷᠬᠡ ᠬᠠᠲᠠᠭᠤᠵᠢᠯᠲᠠᠢ ᠪᠠᠶᠢᠬᠤ ᠶᠢᠨ ᠬᠠᠮᠲᠤ | ᠬᠥᠭᠵᠢᠯᠲᠡ ᠶᠢᠨ ᠠᠵᠠ ᠲᠣᠬᠢᠶᠠᠯ ᠪᠠ ᠠᠰᠢᠭᠲᠠᠢ ᠬᠦᠴᠦᠨ ᠵᠦᠢᠯ ᠴᠦ ᠨᠡᠩ ᠣᠯᠠᠨ ᠪᠠᠶᠢᠵᠤ᠂ ᠠᠵᠤ ᠠᠬᠤᠢ ᠶᠢᠨ | ᠲᠣᠭᠲᠠᠭᠤᠨ ᠢᠶᠠᠷ ᠨᠡᠮᠡᠭᠳᠡᠬᠦ ᠶᠢ ᠪᠠᠲᠤᠯᠠᠬᠤ ᠳᠤ ᠰᠠᠭᠤᠷᠢ ᠲᠠᠢ ᠪᠥᠭᠡᠳ ᠨᠥᠬᠦᠴᠡᠯ ᠲᠠᠢ ᠶᠤᠮ᠃ ᠣᠳᠣᠬᠠᠨ ᠤ | ᠠᠵᠤ ᠠᠬᠤᠶ ᠶᠢᠨ ᠬᠥᠭᠵᠢᠯᠲᠡ ᠶᠢᠨ ᠪᠠᠶᠢᠳᠠᠯ ᠢ ᠵᠥᠪ ᠢᠶᠠᠷ ᠲᠠᠨᠢᠵᠤ᠂ ᠤᠯᠤᠰ ᠤᠨ ᠬᠤᠷᠸ᠎ᠠ ᠲᠥᠷᠥ ᠶᠢᠨ | ᠪᠣᠳᠣᠯᠭ᠎ᠠ ᠶᠢᠨ ᠲᠣᠬᠢᠷᠠᠭᠤᠯᠤᠯᠲᠠ ᠶᠢᠨ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ᠂ ᠥᠪᠡᠷᠲᠡᠭᠡᠨ ᠵᠠᠰᠠᠬᠤ | ᠣᠷᠣᠨ ᠤ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠶᠢ ᠲᠦᠷᠭᠡᠳᠬᠡᠬᠦ ᠪᠠᠶᠢᠷᠢᠯᠠᠭᠤᠯᠤᠯᠲᠠ ᠱᠠᠭᠠᠷᠳᠠᠯᠭ᠎ᠠ ᠪᠠ | ᠮᠠᠨ ᠤ ᠬᠤᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠣᠲᠣᠭᠠᠳᠤ ᠳᠠᠯᠳᠠ ᠬᠦᠴᠦᠨ ᠢ ᠭᠦᠨᠵᠡᠭᠡᠶ | ᠲᠠᠨᠢᠬᠤ ᠪᠠ ᠣᠨᠣᠪᠴᠢᠲᠠᠶ ᠡᠵᠡᠮᠳᠡᠵᠦ᠂ ᠠᠵᠠ ᠲᠣᠬᠢᠶᠠᠯ ᠢ ᠲᠠᠨᠢᠵᠤ ᠡᠵᠡᠮᠳᠡᠬᠦ ᠳᠤᠮᠳᠠ ᠠᠰᠢᠭᠲᠠᠢ ᠪᠠᠶᠢᠳᠠᠯ ᠢ | ᠠᠮᠵᠢᠨ ᠤᠷᠤᠭᠰᠢᠯᠠᠵᠤ᠂ ᠥᠷᠢᠰᠥᠯᠳᠦᠭᠡᠨ ᠢ ᠤᠭᠲᠤᠬᠤ ᠪᠠ ᠠᠷᠭᠠᠴᠠᠬᠤ ᠳᠤᠮᠳᠠ ᠬᠦᠴᠢᠷ ᠢ ᠰᠦᠷᠦᠨ | ᠤᠷᠤᠭᠰᠢᠯᠠᠵᠤ᠂ ᠠᠵᠢᠯ ᠤᠨ ᠬᠦᠴᠦᠯᠡᠬᠦ ᠴᠡᠭ ᠢᠶᠠᠨ ᠨᠡᠩ ᠴᠢᠨᠠᠷ ᠰᠠᠶᠢᠲᠠᠢ ᠲᠦᠷᠦᠯ ᠵᠦᠢᠯ᠂ ᠨᠡᠩ ᠳᠡᠭᠡᠳᠦ | ᠲᠡᠰ ᠤᠨ ᠠᠵᠤ ᠦᠢᠯᠡᠰ᠂ ᠨᠡᠩ ᠥᠨᠳᠥᠷ ᠪᠦᠲᠦᠮᠵᠢᠲᠡᠢ ᠨᠡᠮᠡᠭᠳᠡᠯ ᠳᠡᠭᠡᠷ᠎ᠡ ᠲᠥᠪᠯᠡᠷᠡᠭᠦᠯᠦᠨ ᠨᠢᠭᠡᠳᠬᠡᠵᠦ᠂ ᠠᠵᠤ | ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠲᠣᠭᠲᠠᠭᠤᠨ ᠢᠶᠠᠷ ᠦᠷᠭᠦᠯᠵᠢᠯᠡᠨ ᠬᠥᠭᠵᠢᠬᠦ ᠶᠢ ᠦᠨᠡᠨᠬᠦ ᠠᠬᠢᠭᠤᠯᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | ᠪᠥᠬᠦᠳᠡ ᠬᠤᠷᠠᠯ ᠠᠴᠠ᠂ ᠡᠨᠡ ᠵᠢᠯ ᠤᠨ ᠪᠦᠬᠦ ᠬᠤᠲᠠ ᠶᠢᠨ ᠠᠵᠤ ᠠᠬᠤᠶ ᠶᠢᠨ ᠠᠵᠢᠯ ᠤᠨ ᠶᠡᠷᠦᠩᠬᠡᠶ | ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ | ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ | ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭᠠᠨ ᠤ | ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ | ᠨᠢᠭᠡᠳᠦᠭᠡᠷ ᠬᠤᠭᠤᠴᠠᠭᠠᠨ ᠤ ᠬᠤᠶᠠᠳᠤᠭᠠᠷ ᠪᠥᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠶ ᠶᠢᠨ ᠠᠵᠢᠯ ᠤᠨ | ᠬᠤᠷᠠᠯ ᠪᠣᠯᠤᠨ ᠬᠤᠲᠠ ᠶᠢᠨ ᠲᠠᠪᠤᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ | ᠰᠠᠨᠠᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠬᠤ ᠠᠵᠢᠯ ᠤᠨ ᠶᠡᠷᠦᠩᠬᠡᠶ ᠬᠥᠭ | ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ | ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠶ ᠪᠠᠷ ᠦᠢᠯᠡᠴᠢᠯᠡᠬᠦ ᠪᠠ | ᠠᠭᠤᠰᠤᠯᠴᠠᠵᠤ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ᠂ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠣᠯ ᠱᠤᠭᠤᠮ ᠪᠣᠯᠭᠠᠬᠤ ᠶᠢ | ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ | ᠨᠢᠭᠡᠳᠦᠯᠲᠡᠢ ᠲᠥᠯᠥᠪᠵᠢᠭᠦᠯᠵᠦ᠂ ︽ᠲᠠᠪᠤᠨ ᠶᠡᠭᠡ ᠠᠵᠤ ᠠᠬᠤᠢ︾ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠢ | ᠠᠬᠤᠢ ᠶᠢ ᠤᠷᠢᠳ ᠢᠶᠠᠷ ᠪᠣᠳᠣᠯᠬᠢᠯᠠᠵᠤ᠂ ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ | ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠵᠤ᠂ ︽ᠬᠤᠶᠠᠷ ᠬᠠᠯᠬᠠᠪᠴᠢ︾ ︽ᠬᠤᠶᠠᠷ | ᠰᠠᠭᠤᠷᠢᠨ︾ ︽ᠨᠢᠭᠡ ᠪᠠᠬᠢᠯᠡᠯᠲᠡ︾ ᠶᠢᠨ ᠵᠢᠱᠢᠶ᠎ᠡ ᠦᠵᠡᠭᠦᠯᠬᠦ ᠣᠷᠣᠨ ᠢ ᠲᠦᠷᠭᠡᠳᠬᠡᠨ ᠪᠠᠶᠢᠭᠤᠯᠵᠤ᠂ ᠰᠢᠯᠢᠳᠡᠭ | ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | ᠪᠥᠬᠦᠳᠡ ᠬᠤᠷᠠᠯ ᠠᠴᠠ᠂ ᠡᠨᠡ ᠵᠢᠯ ᠤᠨ ᠠᠵᠤ ᠠᠬᠤᠶ ᠶᠢᠨ ᠠᠵᠢᠯ ᠢ ᠰᠠᠶᠢᠲᠤᠷ ᠬᠢᠬᠦ ᠳᠤ ᠡᠷᠬᠡᠪᠰᠢ | ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠵᠤ᠂ ᠲᠣᠭᠲᠠᠭᠤᠨ ᠤ ᠳᠤᠮᠳᠠ ᠤᠷᠤᠭᠰᠢᠯᠠᠭᠤᠯᠬᠤ ᠬᠡᠷᠡᠭᠲᠡᠶ᠃ | ᠶᠠᠰᠤ ᠴᠢᠨᠠᠷ ᠦᠷ᠎ᠡ ᠠᠰᠢᠭ ᠢᠶᠠᠷ ᠤᠷᠢᠲᠠᠯ ᠪᠣᠯᠭᠠᠬᠤ ᠶᠢ ᠪᠠᠷᠢᠮᠲᠠᠯᠠᠵᠤ᠂ ᠶᠡᠷᠦᠩᠬᠡᠢ ᠬᠡᠮᠵᠢᠶ᠎ᠡ ᠶᠢ ᠥᠷᠭᠡᠳᠬᠡᠬᠦ᠂ | ᠦᠢᠯᠡᠴᠢᠯᠡᠭᠡᠨ ᠤ ᠪᠠᠲᠤᠯᠠᠭ᠎ᠠ ᠶᠢ ᠥᠷᠭᠡᠳᠬᠡᠬᠦ᠂ ᠬᠡᠷᠡᠭᠯᠡᠭᠡ ᠶᠢ ᠥᠷᠭᠡᠳᠬᠡᠬᠦ᠂ ᠠᠶᠤᠯ ᠲᠦᠭᠰᠢᠭᠦᠷᠢ ᠶᠢ ᠰᠡᠷᠭᠡᠶᠢᠯᠡᠨ | ᠡᠵᠡᠮᠳᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠲᠦᠮᠵᠢᠲᠡᠢ ᠪᠡᠯᠡ ᠣᠷᠣᠭᠤᠯᠤᠯᠲᠠ ᠶᠢ ᠦᠷᠭᠦᠯᠵᠢᠯᠡᠨ | ᠥᠷᠭᠡᠳᠬᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠵᠦ᠂ | ᠳᠣᠲᠣᠭᠠᠳᠤ ᠬᠡᠷᠡᠭᠴᠡᠭᠡ ᠶᠢᠨ ᠬᠥᠳᠡᠯᠭᠡᠬᠦ ᠬᠦᠴᠦᠨ ᠢ ᠲᠦᠷᠭᠡᠨ ᠪᠠᠳᠠᠷᠠᠭᠤᠯᠵᠤ᠂ ᠡᠳ᠋ ᠤᠨ ᠵᠠᠰᠠᠭ ᠮᠥᠩᠭᠦᠨ | ᠭᠦᠢᠯᠭᠡᠭᠡᠨ ᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠵᠤ ᠠᠬᠤᠢ ᠶᠢᠨ ᠠᠵᠢᠯᠯᠠᠭᠠᠨ ᠤ | ᠲᠦᠪᠰᠢᠨ ᠢᠶᠠᠨ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠬᠠᠮᠠᠭᠠᠯᠠᠬᠤ ᠪᠠᠷ ᠦᠨᠳᠦᠰᠦ ᠪᠣᠯᠭᠠᠬᠤ ᠶᠢ | ᠪᠠᠷᠢᠮᠲᠠᠯᠠᠵᠤ᠂ ᠭᠤᠣᠯ ᠮᠥᠷᠡᠨ ᠨᠠᠭᠤᠷ ᠴᠥᠭᠦᠷᠥᠮ ᠢ ᠶᠡᠷᠦᠩᠬᠡᠶᠢᠯᠡᠨ ᠵᠠᠰᠠᠬᠤ᠂ ᠤᠰᠤᠨ ᠤ ᠡᠬᠢ ᠪᠠᠶᠠᠯᠢᠭ ᠢ | ᠠᠷᠪᠢᠯᠠᠨ ᠠᠰᠢᠭᠯᠠᠬᠤ᠂ ᠠᠭᠠᠷ ᠤᠨ ᠪᠣᠬᠢᠷᠲᠤᠯ ᠢ ᠰᠡᠷᠭᠡᠶᠢᠯᠡᠨ ᠵᠠᠰᠠᠬᠤ᠂ ᠤᠢ ᠰᠢᠭᠤᠢ ᠡᠪᠡᠰᠦ ᠪᠡᠯᠴᠢᠭᠡᠷ ᠢ | ᠬᠠᠮᠠᠭᠠᠯᠠᠨ ᠰᠡᠷᠭᠦᠭᠡᠬᠦ ᠠᠵᠢᠯ ᠢ ᠳᠣᠪᠣᠶᠢᠮ᠎ᠠ ᠰᠠᠶᠢᠲᠤᠷ ᠠᠳᠬᠤᠵᠤ᠂ ᠠᠮᠢ ᠠᠬᠤᠢ ᠣᠷᠴᠢᠨ ᠲᠣᠭᠤᠷᠢᠨ ᠤ ᠶᠠᠰᠤ | ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ | ᠪᠠᠷᠢᠮᠲᠠᠯᠠᠵᠤ᠂ ᠲᠣᠭᠠᠴᠢᠯᠠᠭᠰᠠᠨ ᠠᠵᠤ ᠠᠬᠤᠢ ᠶᠢᠨ ᠬᠡᠯᠬᠢᠶ᠎ᠡ ᠶᠢ ᠤᠷᠲᠤᠳᠬᠠᠨ ᠴᠢᠩᠭᠠᠳᠬᠠᠬᠤ᠂ ᠬᠦᠢᠰᠦ ᠠᠵᠤ | ᠠᠬᠤᠢ ᠶᠢᠨ ᠲᠡᠰ ᠢ ᠳᠡᠭᠡᠭᠰᠢᠯᠡᠭᠦᠯᠦᠨ ᠴᠢᠳᠠᠪᠤᠷᠢ ᠶᠢ ᠥᠷᠭᠡᠳᠬᠡᠬᠦ᠂ ᠪᠣᠬᠢᠷᠲᠤᠯ ᠦᠭᠡᠢ ᠠᠵᠤ ᠠᠬᠤᠢ ᠶᠢ | ᠪᠤᠵᠠᠭᠠᠶᠢᠷᠠᠭᠤᠯᠤᠨ ᠬᠦᠴᠦᠷᠬᠡᠭᠵᠢᠭᠦᠯᠬᠦ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠣᠷᠴᠢᠯ ᠠᠵᠤ | ᠠᠬᠤᠢ ᠶᠢᠨ ᠶᠠᠰᠤ ᠴᠢᠨᠠᠷ ᠦᠷ᠎ᠡ ᠠᠰᠢᠭ ᠢ ᠵᠡᠷᠭᠡᠪᠡᠷ ᠳᠡᠭᠡᠭᠰᠢᠯᠡᠭᠦᠯᠬᠦ ᠶᠢ ᠠᠬᠢᠭᠤᠯᠵᠤ᠂ ᠤᠳᠤ ᠦᠶ᠎ᠡ ᠶᠢᠨ | ᠡᠨᠧᠷᠭᠢ ᠶᠢᠨ ᠠᠵᠤ ᠠᠬᠤᠢ ᠶᠢ ᠦᠷᠭᠦᠯᠵᠢᠯᠡᠨ ᠬᠦᠴᠦᠯᠡᠵᠦ᠂ ᠠᠵᠤ ᠠᠬᠤᠢ ᠶᠢᠨ ᠬᠡᠯᠪᠡᠷᠢ ᠶᠢᠨ | ᠬᠤᠪᠢᠷᠠᠭᠤᠯᠤᠯᠲᠠ ᠶᠢᠨ ᠴᠢᠨᠠᠷ ᠴᠢᠨᠰᠠᠭ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠬᠥᠭᠵᠢᠭᠦᠯᠦᠨ | ᠮᠠᠨᠳᠤᠭᠤᠯᠬᠤ ᠪᠠᠷ ᠬᠠᠷᠠᠯᠲᠠ ᠪᠣᠯᠭᠠᠬᠤ ᠶᠢ ᠪᠠᠷᠢᠮᠲᠠᠯᠠᠵᠤ᠂ ︽ᠶᠠᠳᠠᠭᠤ ᠠᠴᠠ ᠠᠩᠭᠢᠵᠢᠷᠠᠭᠰᠠᠨ ᠴᠤ | ᠬᠠᠷᠢᠭᠤᠴᠠᠯᠭ᠎ᠠ ᠪᠠᠨ ᠬᠠᠶᠠᠬᠤ ᠦᠭᠡᠢ᠂ ᠶᠠᠳᠠᠭᠤ ᠠᠴᠠ ᠠᠩᠭᠢᠵᠢᠷᠠᠭᠰᠠᠨ ᠴᠤ ᠲᠥᠷᠥ ᠶᠢᠨ ᠪᠣᠳᠣᠯᠭ᠎ᠠ ᠪᠠᠨ | ᠲᠠᠰᠤᠯᠳᠠᠭᠤᠯᠬᠤ ᠦᠭᠡᠢ᠂ ᠶᠠᠳᠠᠭᠤ ᠠᠴᠠ ᠠᠩᠭᠢᠵᠢᠷᠠᠭᠰᠠᠨ ᠴᠤ ᠬᠠᠪᠰᠤᠷᠤᠨ ᠲᠡᠳᠬᠦᠬᠦ ᠪᠠᠨ ᠪᠣᠯᠢᠬᠤ ᠦᠭᠡᠢ᠂ | ᠶᠠᠳᠠᠭᠤ ᠠᠴᠠ ᠠᠩᠭᠢᠵᠢᠷᠠᠭᠰᠠᠨ ᠴᠤ ᠬᠢᠨᠠᠯᠲᠠ ᠬᠠᠮᠢᠶᠠᠷᠤᠯᠲᠠ ᠪᠠᠨ ᠰᠤᠯᠠᠷᠠᠭᠤᠯᠬᠤ ᠦᠭᠡᠢ︾ ᠱᠠᠭᠠᠷᠳᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠪᠠ | ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠦᠭᠡᠢ ︽ᠬᠤᠶᠠᠷ ᠬᠤᠷᠢᠭ᠎ᠠ ᠱᠤᠭᠤᠮ︾ ᠢ ᠪᠠᠲᠤ ᠰᠠᠬᠢᠵᠤ᠂ | ᠬᠥᠳᠡᠭᠡ ᠲᠣᠰᠬᠤᠨ ᠤ ᠠᠵᠤ ᠦᠢᠯᠡᠰ᠂ ᠴᠢᠳᠠᠪᠤᠷᠢᠲᠠᠨ᠂ ᠰᠣᠶᠣᠯ᠂ ᠠᠮᠢ ᠠᠬᠤᠢ᠂ ᠵᠣᠬᠢᠶᠠᠨ ᠪᠠᠶᠢᠭᠤᠯᠤᠯᠲᠠ ᠶᠢᠨ | ᠬᠥᠭᠵᠢᠯ ᠮᠠᠨᠳᠤᠯ ᠢ ᠲᠠᠰᠤᠷᠠᠯᠲᠠ ᠦᠭᠡᠢ ᠠᠬᠢᠭᠤᠯᠵᠤ᠂ ᠬᠥᠳᠡᠭᠡ ᠲᠣᠰᠬᠤᠨ ᠤ ᠬᠥᠭᠵᠢᠯᠲᠡ ᠶᠢᠨ ᠠᠮᠢᠵᠢᠷᠠᠯ ᠤᠨ | ᠬᠦᠴᠦᠨ ᠢ ᠪᠦᠬᠦ ᠲᠠᠯ᠎ᠠ ᠪᠠᠷ ᠴᠢᠩᠭᠠᠳᠬᠠᠬᠤ ᠬᠡᠷᠡᠭᠲᠡᠢ᠃ ᠥᠭᠡᠷᠡᠴᠢᠯᠡᠯᠲᠡ ᠪᠠᠷ ᠬᠥᠲᠥᠯᠦᠮᠵᠢ ᠪᠣᠯᠭᠠᠬᠤ ᠶᠢ | ᠪᠠᠷᠢᠮᠲᠠᠯᠠᠵᠤ᠂ ᠨᠡᠩ ᠭᠦᠨ ᠳᠠᠪᠬᠤᠷᠭ᠎ᠠ ᠶᠢᠨ ᠥᠭᠡᠷᠡᠴᠢᠯᠡᠯᠲᠡ ᠶᠢ ᠠᠬᠢᠭᠤᠯᠵᠤ᠂ ᠨᠡᠩ ᠥᠨᠳᠥᠷ ᠲᠦᠪᠰᠢᠨ ᠪᠦᠬᠦᠢ | ᠨᠡᠬᠡᠬᠡᠯᠳᠡ ᠶᠢ ᠬᠡᠷᠡᠭᠵᠢᠭᠦᠯᠵᠦ᠂ ᠨᠡᠩ ᠰᠢᠯᠢᠳᠡᠭ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠤᠢ ᠪᠣᠯᠭᠠᠵᠤ᠂ | ᠠᠵᠤ ᠠᠬᠤᠢ ᠶᠢᠨ ᠬᠥᠭᠵᠢᠯᠲᠡ ᠶᠢᠨ ᠬᠥᠳᠡᠯᠭᠡᠬᠦ ᠬᠦᠴᠦᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ | ᠲᠡᠩᠴᠡᠭᠦᠷᠢᠲᠡᠢ ᠪᠠᠶᠢᠯᠭᠠᠬᠤ ᠪᠠᠷ ᠵᠠᠩᠭᠢᠯᠠᠭ᠎ᠠ ᠪᠣᠯᠭᠠᠬᠤ ᠶᠢ ᠪᠠᠷᠢᠮᠲᠠᠯᠠᠵᠤ᠂ ᠤᠯᠠᠨ ᠲᠦᠮᠡᠨ ᠤ ᠪᠠᠴᠢᠮᠳᠠᠵᠤ | ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠶᠡᠪᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠠᠵᠢᠯ | ᠣᠯᠭᠤᠯᠲᠠ ᠶᠢᠨ ᠲᠣᠭᠲᠠᠭᠤᠨ ᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠨᠡᠶᠢᠭᠡᠮ ᠤᠨ ᠪᠠᠲᠤᠯᠠᠪᠤᠷᠢ ᠶᠢᠨ | ᠰᠢᠰᠲ᠋ᠧᠮ ᠢ ᠬᠦᠴᠦᠯᠡᠨ ᠲᠡᠭᠦᠯᠳᠡᠷᠵᠢᠭᠦᠯᠵᠦ᠂ ᠠᠷᠠᠳ ᠲᠦᠮᠡᠨ ᠳᠤ ᠲᠠᠭᠠᠰᠢᠶᠠᠭᠳᠠᠭᠰᠠᠨ ᠡᠮ ᠡᠮᠨᠡᠯᠭᠡ᠂ ᠰᠤᠷᠭᠠᠨ | ᠬᠥᠮᠦᠵᠢᠯ ᠤᠨ ᠦᠢᠯᠡᠰ ᠢ ᠬᠦᠴᠦᠯᠡᠨ ᠰᠠᠶᠢᠲᠤᠷ ᠡᠷᠬᠢᠯᠡᠵᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠤᠨ | ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠲᠣᠭᠲᠠᠭᠤᠨ ᠢᠶᠠᠷ ᠰᠠᠭᠤᠷᠢ ᠪᠣᠯᠭᠠᠬᠤ ᠶᠢ ᠪᠠᠷᠢᠮᠲᠠᠯᠠᠵᠤ᠂ | ᠨᠡᠶᠢᠭᠡᠮ ᠤᠨ ᠵᠠᠰᠠᠯᠲᠠ ᠶᠢ ᠴᠢᠩᠭᠠᠳᠬᠠᠬᠤ ᠪᠠ ᠰᠢᠨ᠎ᠡ ᠶᠢ ᠡᠭᠦᠳᠴᠦ᠂ ᠠᠮᠤᠷ ᠲᠦᠪᠰᠢᠨ ᠤ ᠪᠠᠶᠢᠭᠤᠯᠤᠯᠲᠠ ᠶᠢ | ᠦᠷᠭᠦᠯᠵᠢᠯᠡᠨ ᠭᠦᠨᠵᠡᠭᠡᠶᠢᠷᠡᠭᠦᠯᠵᠦ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠣᠳᠣᠬᠢᠴᠢᠯᠠᠯᠲᠠ ᠶᠢᠨ | ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠡᠶᠢᠭᠡᠮ ᠤᠨ ᠵᠠᠰᠠᠯᠲᠠ ᠶᠢᠨ ᠲᠦᠪᠰᠢᠨ ᠢ ᠪᠦᠬᠦ ᠲᠠᠯ᠎ᠠ ᠪᠠᠷ | ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠪᠥᠬᠦᠳᠡ ᠬᠤᠷᠠᠯ ᠠᠴᠠ᠂ ᠨᠠᠮ ᠤᠨ ᠠᠵᠤ ᠠᠬᠤᠶ ᠶᠢᠨ ᠠᠵᠢᠯ ᠳᠠᠬᠢ ᠤᠳᠤᠷᠢᠳᠤᠯᠭ᠎ᠠ ᠶᠢ ᠪᠦᠬᠦ ᠲᠠᠯ᠎ᠠ ᠪᠠᠷ | ᠴᠢᠩᠭᠠᠳᠬᠠᠨ ᠰᠠᠶᠢᠵᠢᠷᠠᠭᠤᠯᠵᠤ᠂ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠵᠦ᠂ ᠡᠯ᠎ᠡ ᠲᠠᠯ᠎ᠠ ᠶᠢ ᠵᠣᠬᠢᠴᠠᠭᠤᠯᠵᠤ᠂ | ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠤᠯᠤᠰ ᠲᠦᠷᠦ ᠶᠢᠨ ᠪᠠᠲᠤᠯᠠᠭ᠎ᠠ ᠬᠠᠩᠭᠠᠬᠤ ᠬᠡᠷᠡᠭᠲᠡᠶ᠃ ᠲᠤᠭ | ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ | ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ | ᠳᠡᠭᠡᠭᠰᠢᠯᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠬᠦᠷᠢᠶᠡᠯᠡᠵᠦ᠂ ︽ᠬᠤᠶᠠᠷ ᠢ | ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠬᠡᠷᠡᠭᠲᠡᠢ᠃ ᠪᠣᠳᠠᠲᠤ ᠪᠠᠶᠢᠳᠠᠯ ᠳᠤ ᠰᠠᠭᠤᠷᠢᠯᠠᠨ ᠪᠦᠬᠦ ᠲᠠᠯ᠎ᠠ ᠶᠢ | ᠪᠣᠳᠣᠯᠬᠢᠯᠠᠵᠤ᠂ ᠪᠠᠴᠢᠮ ᠲᠤᠯᠭᠠᠮ᠎ᠠ ᠰᠡᠳᠬᠢᠯᠭᠡ ᠪᠠᠨ ᠨᠡᠮᠡᠭᠳᠡᠭᠦᠯᠵᠦ᠂ ᠰᠤᠷᠤᠯᠴᠠᠯᠭ᠎ᠠ ᠪᠠᠨ ᠪᠦᠬᠦ ᠲᠠᠯ᠎ᠠ ᠪᠠᠷ | ᠴᠢᠩᠭᠠᠳᠬᠠᠵᠤ᠂ ᠨᠠᠷᠢᠨ ᠪᠤᠳᠤᠯᠢᠶᠠᠨᠲᠠᠢ ᠪᠠᠶᠢᠳᠠᠯ ᠳᠣᠣᠷ᠎ᠠ ᠠᠵᠤ ᠠᠬᠤᠢ ᠶᠢᠨ ᠬᠥᠭᠵᠢᠯᠲᠡ ᠶᠢ ᠡᠵᠡᠮᠳᠡᠬᠦ | ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ | ᠵᠣᠷᠢᠭᠲᠠᠢ ᠪᠠᠷ ᠠᠵᠢᠯᠯᠠᠵᠤ᠂ ︽ᠴᠢᠩᠭ᠎ᠠ︾ ᠪᠠᠶᠢᠬᠤ ᠠᠶᠢᠵᠠᠮ ᠢ ᠢᠮᠠᠭᠲᠠ ᠪᠠᠷᠢᠮᠲᠠᠯᠠᠵᠤ᠂ ︽ᠲᠦᠷᠭᠡᠨ︾ ᠪᠠᠶᠢᠬᠤ | ᠤᠳᠤᠷᠢᠳᠤᠮᠵᠢ ᠶᠢ ᠪᠠᠲᠤ ᠪᠤᠢ ᠪᠣᠯᠭᠠᠵᠤ᠂ ︽ᠲᠥᠪ ᠴᠢᠩᠭ᠎ᠠ︾ ᠪᠠᠶᠢᠬᠤ ᠱᠠᠭᠠᠷᠳᠠᠯᠭ᠎ᠠ ᠶᠢ ᠡᠷᠡᠰ | ᠨᠠᠶᠢᠳᠠᠪᠤᠷᠢᠵᠢᠭᠤᠯᠵᠤ᠂ ᠤᠨᠢᠨ ᠳᠡᠭᠡᠷ᠎ᠡ ᠨᠢ ᠨᠠᠷᠢᠯᠢᠬᠵᠢᠭᠤᠯᠤᠨ ᠯᠠᠪᠳᠠᠭᠤᠨ ᠠᠵᠢᠯᠯᠠᠵᠤ᠂ ᠬᠦᠴᠢᠷ ᠢ ᠲᠤᠭᠤᠯᠤᠨ | ᠵᠣᠷᠢᠭᠲᠠᠢ ᠪᠠᠷ ᠠᠵᠢᠯᠯᠠᠵᠤ᠂ ᠰᠤᠷᠲᠠᠯ ᠢᠶᠠᠨ ᠰᠠᠶᠢᠵᠢᠷᠠᠭᠤᠯᠤᠨ ᠪᠣᠳᠠᠲᠠᠢ ᠶᠢ ᠡᠷᠬᠢᠮᠯᠡᠨ ᠠᠵᠢᠯᠯᠠᠵᠤ᠂ ᠪᠣᠳᠠᠲᠠᠢ | ᠠᠵᠢᠯᠯᠠᠬᠤ ᠪᠠᠷ ᠬᠥᠭᠵᠢᠯᠲᠡ ᠶᠢ ᠠᠬᠢᠭᠤᠯᠵᠤ᠂ ᠪᠣᠳᠠᠲᠠᠢ ᠠᠵᠢᠯᠯᠠᠬᠤ ᠪᠠᠷ ᠲᠠᠪᠰᠢᠯᠳᠠ ᠶᠢ ᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | ᠪᠦᠬᠦᠳᠡ ᠬᠤᠷᠠᠯ ᠠᠴᠠ᠂ ᠪᠦᠬᠦ ᠬᠤᠳᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ | ᠥᠷᠭᠡᠨ ᠤᠯᠠᠨ ᠨᠠᠮ ᠤᠨ ᠭᠡᠰᠢᠭᠦᠨ ᠺᠠᠳ᠋ᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠥᠷᠯᠥᠭᠡ ᠦᠳᠡᠰᠢ ᠶᠢ ᠲᠡᠮᠡᠴᠡᠵᠦ᠂ ᠵᠠᠯᠠᠭᠤ | ᠨᠠᠰᠤ ᠪᠠᠨ ᠦᠯᠦ ᠬᠥᠰᠡᠷᠳᠡᠭᠦᠯᠦᠨ᠂ ᠦᠨᠡᠨ ᠪᠣᠳᠠᠲᠠᠢ ᠠᠵᠢᠯᠯᠠᠨ ᠬᠠᠷᠢᠭᠤᠴᠠᠯᠭ᠎ᠠ ᠡᠭᠦᠷᠭᠡᠯᠡᠵᠦ᠂ ᠡᠷᠡᠰ | ᠰᠢᠭᠤᠷᠬᠠᠢ ᠪᠠᠷ ᠤᠷᠤᠭᠰᠢᠯᠠᠵᠤ᠂ ᠣᠳᠣᠬᠢᠴᠢᠯᠠᠭᠰᠠᠨ ᠤᠯᠠᠭᠠᠨᠴᠠᠪ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠶᠢᠨ | ᠲᠥᠯᠥᠭᠡ ᠴᠥᠬᠦᠷᠡᠰᠢ ᠦᠭᠡᠢ ᠴᠢᠷᠮᠠᠶᠢᠨ ᠲᠡᠮᠡᠴᠡᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ | ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠰᠤᠭᠠᠢ ᠭᠡᠵᠦ ᠤᠷᠢᠶᠠᠯᠠᠪᠠ︕ | | |