ᠣᠳᠣ ᠦᠶ᠎ᠡ ᠶᠢᠨ ᠡᠨᠧᠷᠭᠢ ᠶᠢᠨ ᠰᠤᠷᠪᠤᠯᠵᠢ ᠶᠢᠨ ᠠᠵᠤ ᠠᠬᠤᠶ ᠶᠢᠨ ᠠᠵᠢᠯ ᠢ ᠪᠦᠬᠦ ᠬᠦᠴᠦᠨ ᠢᠶᠠᠷ ᠰᠠᠶᠢᠲᠤᠷ ᠬᠢᠬᠦ ᠬᠡᠷᠡᠭᠳᠡᠢ
ᠨᠡᠶᠢᠲᠡᠯᠡᠭᠰᠡᠨ ᠴᠠᠭ᠄
2022/1/6
   — — ᠬᠤᠲᠠ ᠶᠢᠨ ᠰᠢᠨ᠎ᠡ ᠡᠨᠧᠷᠭᠢ ᠶᠢᠨ ᠬᠥᠭᠵᠢᠬᠦᠯᠦᠯᠳᠡ ᠶᠢᠨ ᠲᠥᠪ ᠤᠨ ᠡᠷᠬᠢᠯᠡᠭᠴᠢ ᠴᠧᠨ ᠸᠧᠶ ᠶᠢ ᠰᠤᠷᠪᠤᠯᠵᠢᠯᠠᠭᠰᠠᠨ ᠨᠢ     ︽ᠰᠦᠢ ᠸᠧᠢ ᠵᠢᠶᠦ᠋ᠨ ᠱᠦᠵᠢ᠂ ᠴᠢ ᠹᠸᠢ ᠶᠦᠨ ᠬᠤᠳᠠ ᠶᠢᠨ ᠳᠠᠷᠤᠭ᠎ᠠ ᠶᠢᠨ ᠬᠤᠳᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠠ ᠬᠤᠷᠠᠯ ᠳᠡᠭᠡᠷᠡᠬᠢ ᠶᠠᠷᠢᠶ᠎ᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠠᠯᠤᠰ ᠭᠡᠳᠤ ᠶᠢᠨ ᠤᠳᠬ᠎ᠠ ᠰᠠᠨᠠᠭ᠎ᠠ ᠲᠠᠢ ᠪᠠᠶᠢᠵᠤ᠂ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠵᠦ᠂ ᠠᠮᠵᠢᠯᠲᠠ ᠪᠠᠨ ᠳ᠋ᠦᠩᠨᠡᠬᠦ ᠳᠡᠭᠡᠨ ᠪᠤᠰᠤᠳᠴᠢ ᠪᠠᠷ ᠪᠣᠳᠠᠲᠠᠢ ᠶᠢ ᠡᠷᠬᠢᠮᠯᠡᠵᠦ᠂ ᠡᠷᠴᠢ ᠵᠣᠷᠢᠭ ᠢ ᠬᠥᠪᠴᠢᠯᠡᠵᠦ᠂ ᠪᠠᠶᠢᠳᠠᠯ ᠢ ᠵᠠᠳᠠᠯᠤᠨ ᠪᠦᠬᠦ ᠲᠠᠯ᠎ᠠ ᠪᠠᠷ ᠭᠦᠨᠵᠡᠭᠡᠶᠢᠷᠡᠵᠦ᠂ ᠬᠥᠮᠦᠰ ᠢ ᠰᠡᠬᠡᠭᠡᠷᠡᠭᠦᠯᠵᠦ᠂ ᠬᠥᠭᠵᠢᠯᠲᠡ ᠶᠢᠨ ᠵᠣᠭᠰᠣᠴᠠ ᠶᠢ ᠲᠥᠯᠥᠪᠵᠢᠭᠦᠯᠵᠦ᠂ ᠬᠥᠮᠦᠰ ᠤᠨ ᠰᠡᠳᠬᠢᠯ ᠢ ᠨᠢᠭᠲᠠᠷᠠᠭᠤᠯᠪᠡ᠃︾ ᠭᠡᠵᠤ ᠬᠤᠲᠠ ᠶᠢᠨ ᠰᠢᠨ᠎ᠡ ᠡᠨᠧᠷᠭᠢ ᠶᠢᠨ ᠬᠥᠭᠵᠢᠭᠦᠯᠦᠯᠲᠡ ᠶᠢᠨ ᠲᠥᠪ ᠤᠨ ᠡᠷᠬᠢᠯᠡᠭᠴᠢ ᠴᠧᠨ ᠸᠧᠶ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ ᠬᠦᠯᠢᠶᠡᠬᠦ ᠳᠡᠭᠡᠨ ᠢᠯᠡᠳᠭᠡᠪᠡ᠂ ᠶᠠᠷᠢᠶᠠᠨ ᠳᠤ᠂ ᠡᠨᠧᠷᠭᠢ ᠶᠢᠨ ᠲᠠᠯ᠎ᠠ ᠪᠠᠷ ︽ᠣᠲᠣ ᠦᠶ᠎ᠡ ᠶᠢᠨ ᠡᠨᠧᠷᠭᠢ ᠶᠢᠨ ᠠᠵᠤ ᠠᠬᠤᠶ︾ ᠶᠢ ᠭᠤᠤᠯᠳᠠᠯᠭ᠎ᠠ ᠲᠠᠢ ᠬᠥᠭᠵᠢᠭᠦᠯᠵᠦ᠂ ︽ᠪᠤᠬᠢᠷᠳᠤᠯ ᠦᠬᠡᠢ ᠡᠨᠧᠷᠭᠢ ᠶᠢᠨ ᠤᠯᠠᠭᠠᠨᠴᠠᠪ︾ ᠢ ᠪᠥᠲᠥᠭᠡᠨ ᠪᠠᠶᠢᠭᠤᠯᠬᠤ ᠨᠢ ᠤᠯᠤᠰ ᠤᠨ ᠠᠵᠤ ᠦᠢᠯᠡᠰ ᠤᠨ ᠲᠥᠷᠥ ᠶᠢᠨ ᠪᠣᠳᠣᠯᠭ᠎ᠠ ᠳᠤ ᠳᠡᠭᠡᠳᠦ ᠬᠡᠮᠵᠢᠶ᠎ᠡ ᠪᠠᠷ ᠨᠡᠶᠢᠴᠡᠬᠦ ᠪᠠᠷ ᠪᠠᠷᠠᠬᠤ ᠥᠬᠡᠶ᠂ ᠪᠠᠰᠠ ᠮᠠᠨ ᠤ ᠬᠤᠲᠠ ᠶᠢᠨ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠰᠢᠨ᠎ᠡ ᠶᠢ ᠡᠭᠦᠳᠬᠦ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠥᠬᠡᠶ ᠵᠠᠮᠨᠠᠬᠤ ᠳᠤ ᠦᠨᠳᠦᠰᠦᠨ ᠵᠢᠷᠤᠮᠯᠠᠯ ᠬᠠᠩᠭᠠᠭᠰᠠᠨ ᠪᠠᠶᠢᠨ᠎ᠠ᠃     ᠴᠧᠨ ᠸᠧᠢ᠂ ᠳᠠᠷᠠᠭᠠᠴᠢ ᠶᠢᠨ ᠠᠯᠬᠤᠮ ᠳᠤ᠂ ᠬᠤᠳᠠ ᠶᠢᠨ ᠰᠢᠨ᠎ᠡ ᠡᠨᠧᠷᠭᠢ ᠶᠢᠨ ᠬᠥᠭᠵᠢᠬᠦᠯᠦᠯᠳᠡ ᠶᠢᠨ ᠲᠥᠪ ᠤᠨ ᠬᠢᠨ ᠲᠤᠰ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠡᠷᠡᠰ ᠳᠤᠭᠤᠰᠢᠯᠠᠭᠤᠯᠵᠤ᠂ ︽ᠬᠤᠶᠠᠷ ᠢ ᠲᠡᠷᠢᠭᠦᠨ ᠳᠤ ᠲᠠᠯᠪᠢᠬᠤ︾᠂ ︽ᠬᠤᠶᠠᠷ ᠢ ᠳᠠᠪᠠᠭᠤᠯᠬᠤ︾ ᠬᠥᠭᠵᠢᠯᠲᠡ ᠶᠢᠨ ᠬᠠᠷᠠᠯᠲᠠ ᠳᠤ ᠬᠦᠴᠦ ᠪᠠᠨ ᠲᠥᠪᠯᠡᠷᠡᠭᠦᠯᠵᠦ᠂ ︽ᠬᠡᠪᠴᠢᠶᠡᠵᠢᠭᠦᠯᠦᠨ ᠪᠠᠶᠢᠷᠢᠰᠢᠭᠤᠯᠬᠤ᠂ ᠲᠤᠰᠬᠠᠶᠢᠵᠢᠭᠤᠯᠤᠨ ᠨᠡᠭᠡᠭᠡᠨ ᠬᠥᠭᠵᠢᠭᠦᠯᠬᠦ᠂ ᠠᠵᠤ ᠦᠢᠯᠡᠰᠵᠢᠭᠦᠯᠦᠨ ᠠᠬᠢᠭᠤᠯᠬᠤ᠂ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ︾ ᠵᠠᠷᠴᠢᠮ ᠶᠣᠰᠣᠭᠠᠷ᠂ ᠳᠣᠣᠷᠠᠬᠢ ᠲᠦᠷᠪᠡᠨ ᠲᠠᠯ᠎ᠠ ᠪᠠᠷ ᠡᠨᠧᠷᠭᠢ ᠶᠢᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢ ᠬᠤᠪᠢᠷᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ ᠭᠡᠵᠦ ᠢᠯᠡᠳᠬᠡᠪᠡ᠃
 
ᠢᠷᠡᠯᠲᠡ᠄ ᠤᠯᠠᠭᠠᠨᠴᠠᠪ ᠤᠨ ᠡᠳᠦᠷ ᠤᠨ ᠰᠤᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2