︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠠᠭ︾ ᠯᠢᠶᠡᠩᠴᠧᠩ ᠰᠢᠶᠠᠨ᠄ ᠰᠢᠬᠢᠷ ᠯᠤᠤᠪᠠᠩ ᠡᠯᠪᠡᠭ ᠬᠤᠷᠢᠶᠠᠯᠲᠠ ᠣᠯᠵᠤ ᠲᠠᠷᠢᠶᠠᠴᠢᠳ ᠤᠨ ᠰᠡᠳᠬᠢᠯ ᠢ ᠪᠠᠶᠠᠰᠬᠠᠪᠠ
ᠨᠡᠶᠢᠲᠡᠯᠡᠭᠰᠡᠨ ᠴᠠᠭ᠄
2022/10/17
    ᠠᠯᠲᠠᠨ ᠨᠠᠮᠤᠷ ᠤᠨ ᠠᠷᠪᠠᠨ ᠰᠠᠷ᠎ᠠ᠂  ᠯᠢᠶᠡᠩᠴᠧᠩ ᠰᠢᠶᠠᠨ ᠤ ᠰᠢᠬᠢᠷ ᠯᠤᠤᠪᠠᠩ ᠡᠯᠪᠡᠭ ᠬᠤᠷᠢᠶᠠᠯᠲᠠ ᠶᠢᠨ ᠤᠯᠠᠷᠢᠯ ᠢᠶᠠᠨ ᠤᠭᠲᠤᠨ ᠠᠪᠴᠢᠷᠠᠯ᠎ᠠ᠃     ᠣᠶᠢᠯᠠᠭᠠᠭᠰᠠᠨ ᠢᠶᠠᠷ᠂ ᠡᠨᠡ ᠵᠢᠯ ᠤᠨ ᠰᠢᠬᠢᠷ ᠯᠤᠤᠪᠠᠩ ᠤᠨ ᠮᠦ ᠪᠦᠷᠢ ᠶᠢᠨ ᠤᠨᠠᠯᠲᠠ 3.5 ᠲᠣᠨ ᠠᠴᠠ 4 ᠲᠣᠨ ᠣᠷᠴᠢᠮ ᠪᠠᠶᠢᠵᠤ᠂ ᠮᠦ ᠪᠦᠷᠢ ᠶᠢᠨ ᠠᠰᠢᠭ ᠬᠤᠨᠵᠢᠪᠤᠷᠢ ᠨᠢ 300 ᠠᠴᠠ 400 ᠲᠥᠭᠦᠷᠢᠭ ᠲᠤ ᠬᠦᠷᠴᠦ᠂ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠦᠨ᠎ᠡ ᠬᠠᠩᠰᠢ ᠶᠢᠨ ᠪᠠᠶᠢᠳᠠᠯ ᠨᠢ ᠲᠠᠷᠢᠶᠠᠴᠢᠳ ᠤᠨ ᠬᠡᠪᠴᠢᠶ᠎ᠡ ᠶᠢ ᠥᠷᠭᠡᠳᠬᠡᠬᠦ ᠢᠲᠡᠭᠡᠯ ᠵᠣᠷᠢᠭ ᠢ ᠪᠠᠲᠤᠳᠬᠠᠵᠠᠢ᠃     ᠠᠵᠤ ᠦᠢᠯᠡᠰ ᠢ ᠬᠥᠭᠵᠢᠭᠦᠯᠬᠦ ᠪᠣᠯ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠶᠢᠨ ᠦᠨᠳᠦᠰᠦ ᠮᠥᠨ᠂ ᠡᠨᠡ ᠵᠢᠯ ᠪᠦᠬᠦ ᠰᠢᠶᠠᠨ ᠤ ᠰᠢᠬᠢᠷ ᠯᠤᠤᠪᠠᠩ ᠤᠨ ᠲᠠᠷᠢᠮᠠᠯ ᠤᠨ ᠲᠠᠯᠠᠪᠠᠢ ᠪᠠᠷᠤᠭ 5000 ᠮᠦ ᠣᠷᠴᠢᠮ ᠳᠤ ᠬᠦᠷᠴᠦ᠂ ᠪᠦᠬᠦᠨ ᠢᠶᠠᠷ ᠢᠶᠠᠨ ᠵᠠᠬᠢᠶᠠᠯᠠᠭ᠎ᠠ ᠶᠢᠨ ᠬᠡᠯᠪᠡᠷᠢ ᠪᠠᠷ ᠲᠠᠷᠢᠪᠡ᠃ ᠯᠢᠶᠡᠩᠴᠧᠩ ᠤᠨ ᠥᠷᠭᠡᠨ ᠠᠭᠤᠳᠠᠮ ᠬᠥᠳᠡᠭᠡ ᠲᠣᠰᠬᠤᠨ ᠤ ᠭᠠᠵᠠᠷ ᠰᠢᠷᠣᠢ ᠳᠡᠭᠡᠷ᠎ᠡ᠂ ᠨᠡᠩ ᠤᠯᠠᠨ ᠰᠢᠨ᠎ᠡ ᠮᠠᠶ᠋ᠢᠭ ᠤᠨ ᠲᠠᠷᠢᠶᠠᠴᠢᠳ ᠰᠢᠨ᠎ᠡ ᠬᠡᠪ ᠵᠠᠭᠪᠤᠷ ᠢ ᠢᠳᠡᠪᠬᠢᠲᠡᠢ ᠬᠠᠶᠢᠨ ᠰᠦᠪᠡᠭᠴᠢᠯᠡᠵᠦ᠂ ᠭᠠᠵᠠᠷ ᠰᠢᠷᠣᠢ ᠶᠢᠨ ᠡᠷᠭᠢᠯᠲᠡ ᠳᠤ ᠲᠦᠰᠢᠭᠯᠡᠨ᠂ ᠲᠠᠷᠢᠮᠠᠯ ᠤᠨ ᠪᠦᠲᠦᠴᠡ ᠶᠢ ᠲᠠᠰᠤᠷᠠᠯᠲᠠ ᠦᠭᠡᠢ ᠲᠣᠬᠢᠷᠠᠭᠤᠯᠵᠤ᠂ ᠲᠠᠷᠢᠶᠠᠯᠠᠩ ᠤᠨ ᠬᠡᠪᠴᠢᠶᠡᠵᠢᠭᠰᠡᠨ᠂ ᠡᠷᠴᠢᠮᠵᠢᠭᠰᠡᠨ ᠲᠠᠷᠢᠮᠠᠯ ᠤᠨ ᠲᠦᠪᠰᠢᠨ ᠢ ᠳᠡᠭᠡᠭᠰᠢᠯᠡᠭᠦᠯᠵᠦ᠂ ᠴᠦ᠋ ᠰᠢᠨ᠎ᠡ ᠳᠦᠷᠰᠦ ᠪᠠᠶᠢᠳᠠᠯ ᠢᠶᠠᠷ ᠰᠢᠨ᠎ᠡ ᠴᠠᠭ ᠦᠶ᠎ᠡ ᠶᠢᠨ ᠵᠣᠯ ᠵᠢᠷᠭᠠᠯᠲᠤ ᠠᠮᠢᠳᠤᠷᠠᠯ ᠢ ᠤᠭᠲᠤᠵᠤ ᠪᠠᠶᠢᠨ᠎ᠠ᠃             ᠤᠷᠴᠢᠭᠤᠯᠤᠭᠴᠢ᠄ ᠬᠦᠰᠡᠯ             ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2