︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠠᠭ︾ ᠯᠢᠶᠡᠩᠴᠧᠩ ᠰᠢᠶᠠᠨ᠄ 2000 ᠮᠦ ᠤᠯᠠᠭᠠᠨ ᠯᠤᠤᠪᠠᠩ ᠡᠯᠪᠡᠭ ᠬᠤᠷᠢᠶᠠᠯᠲᠠ ᠣᠯᠪᠠ
ᠨᠡᠶᠢᠲᠡᠯᠡᠭᠰᠡᠨ ᠴᠠᠭ᠄
2022/10/19
    ᠠᠯᠲᠠᠨ ᠨᠠᠮᠤᠷ ᠤᠨ ᠠᠷᠪᠠᠨ ᠰᠠᠷ᠎ᠠ ᠳᠤ᠂ ᠡᠯᠪᠡᠭ ᠬᠤᠷᠢᠶᠠᠯᠲᠠ ᠶᠢᠨ ᠨᠣᠲ ᠪᠥᠬᠦ ᠬᠥᠳᠡᠭᠡ ᠲᠠᠯ᠎ᠠ ᠶᠢ ᠬᠥᠭᠵᠢᠮᠳᠡᠪᠡ᠃ ᠯᠢᠶᠡᠩᠴᠧᠩ ᠰᠢᠶᠠᠨ ᠤ 2000 ᠮᠦ ᠤᠯᠠᠭᠠᠨ ᠯᠤᠤᠪᠠᠩ ᠡᠯᠪᠡᠭ ᠬᠤᠷᠢᠶᠠᠯᠲᠠ ᠣᠯᠵᠤ᠂ ᠲᠠᠷᠢᠶᠠᠨ ᠭᠠᠵᠠᠷ ᠢ ᠠᠯᠤᠰ ᠠᠴᠠ ᠪᠠᠷᠠᠯᠠᠬᠤᠶ᠎ᠠ᠂ ᠬᠤᠷᠢᠶᠠᠯᠲᠠ ᠶᠢᠨ ᠳᠠᠷᠠᠭᠠᠬᠢ ᠵᠦᠷᠵᠢ ᠶᠢᠨ ᠤᠯᠠᠭᠠᠨ ᠥᠩᠭᠡ ᠶᠢᠨ ︽ᠲᠣᠷᠭᠠᠨ ᠪᠦᠴᠡ︾ ᠭᠠᠵᠠᠷ ᠳᠡᠭᠡᠷ᠎ᠡ ᠦᠷᠭᠦᠯᠵᠢᠯᠡᠵᠦ᠂ ᠡᠯᠪᠡᠭ ᠬᠤᠷᠢᠶᠠᠯᠲᠠ ᠶᠢᠨ ᠠᠮᠢᠳᠤᠯᠢᠭ ᠰᠠᠶᠢᠬᠠᠨ ᠦᠵᠡᠮᠵᠢ ᠶᠢ ᠵᠢᠷᠤᠭᠯᠠᠵᠠᠢ᠃     ᠯᠢᠶᠡᠩᠴᠧᠩ ᠰᠢᠶᠠᠨ ᠤ ᠥᠪᠡᠷᠮᠢᠴᠡ ᠭᠠᠵᠠᠷ ᠵᠦᠢ ᠶᠢᠨ ᠳᠠᠪᠠᠭᠤᠯᠢᠭ ᠠᠴᠠ ᠪᠣᠯᠵᠤ᠂ ᠤᠯᠠᠭᠠᠨ ᠯᠤᠤᠪᠠᠩ ᠤᠨ ᠦᠨᠳᠦᠰᠦ ᠶᠢᠨ ᠮᠢᠬ᠎ᠠ ᠨᠢ ᠲᠠᠷᠭᠤᠨ᠂ ᠳᠡᠭᠡᠷ᠎ᠡ ᠳᠣᠣᠷ᠎ᠠ ᠨᠢ ᠵᠢᠭᠳᠡ᠂ ᠠᠷᠠᠰᠤ ᠨᠢ ᠨᠢᠮᠭᠡᠨ ᠮᠥᠷᠲᠡᠭᠡᠨ ᠬᠡᠦᠷᠡᠭ ᠪᠠᠶᠢᠵᠤ᠂ ᠪᠥᠬᠦ ᠤᠯᠤᠰ ᠤᠨ ᠡᠯ᠎ᠡ ᠭᠠᠵᠠᠷ ᠤᠨ ᠠᠷᠠᠯᠵᠢᠶᠠᠴᠢᠳ ᠤᠨ ᠲᠠᠭᠠᠰᠢᠶᠠᠯ ᠢ ᠣᠯᠵᠤ᠂ ᠠᠨᠾᠦ᠋ᠢ᠂ ᠾᠧᠨᠠᠨ ᠵᠡᠷᠭᠡ ᠭᠠᠵᠠᠷ ᠲᠤ ᠪᠣᠷᠤᠯᠠᠭᠤᠯᠭ᠎ᠠ ᠰᠠᠶᠢᠲᠠᠢ ᠪᠠᠶᠢᠳᠠᠭ᠃ ᠣᠶᠢᠯᠠᠭᠠᠭᠰᠠᠨ ᠢᠶᠠᠷ᠂ ᠯᠢᠶᠡᠩᠴᠧᠩ ᠰᠢᠶᠠᠨ ᠤ ᠬᠤᠯᠤᠤᠪᠠᠩ ᠤᠨ ᠮᠦ ᠪᠦᠷᠢ ᠶᠢᠨ ᠤᠨᠠᠯᠲᠠ ᠨᠢ 7 ᠲᠣᠨ ᠣᠷᠴᠢᠮ ᠪᠠᠶᠢᠵᠤ᠂ ᠮᠦ ᠪᠦᠷᠢ ᠶᠢᠨ ᠠᠰᠢᠭ ᠬᠤᠨᠵᠢᠪᠤᠷᠢ  ᠨᠢ 400 ︱ 450 ᠲᠥᠭᠦᠷᠢᠭ ᠲᠤ ᠬᠦᠷᠴᠦ᠂ ᠡᠨᠡ ᠵᠢᠯ ᠤᠨ ᠡᠯᠪᠡᠭ ᠬᠤᠷᠢᠶᠠᠯᠲᠠ ᠨᠢ ᠲᠠᠷᠢᠶᠠᠴᠢᠳ ᠤᠨ ᠬᠤᠯᠤᠤᠪᠠᠩ ᠳᠠᠷᠢᠬᠤ ᠵᠣᠷᠢᠭ ᠢ ᠤᠯᠠᠮ ᠪᠠᠲᠤᠳᠬᠠᠵᠠᠢ᠃     ᠬᠤᠯᠤᠤᠪᠠᠩ ᠳᠠᠷᠢᠬᠤ ᠳᠤ ᠠᠵᠢᠯᠴᠢᠨ ᠬᠡᠷᠡᠭᠯᠡᠬᠦ ᠬᠡᠷᠡᠭᠴᠡᠭᠡ ᠨᠡᠯᠢᠶᠡᠳ ᠶᠡᠭᠡ ᠪᠣᠯᠬᠤᠷ᠂ ᠬᠠᠪᠤᠷ ᠤᠨ ᠲᠠᠷᠢᠶᠠᠯᠠᠭ᠎ᠠ ᠠᠴᠠ ᠨᠠᠮᠤᠷ ᠤᠨ ᠬᠤᠷᠢᠶᠠᠯᠲᠠ ᠬᠦᠷᠲᠡᠯ᠎ᠡ᠂ ᠡᠷᠬᠢᠨ ᠲᠣᠭᠤᠷᠢᠨ ᠤ ᠲᠣᠰᠬᠤᠨ ᠤ ᠠᠷᠠᠳ 4 ᠰᠠᠷ᠎ᠠ ᠲᠠᠷᠢᠶᠠᠨ ᠠᠵᠢᠯ ᠬᠢᠵᠦ᠂ ᠭᠡᠷ ᠤᠨ ᠡᠭᠦᠳᠡᠨ ᠳᠠᠬᠢ ᠣᠶᠢᠷ᠎ᠠ ᠬᠠᠪᠢ ᠳᠠᠭᠠᠨ ᠠᠵᠢᠯ ᠬᠢᠵᠦ᠂ ᠨᠢᠭᠡ ᠵᠢᠯ ᠤᠨ ᠳᠣᠲᠣᠷ᠎ᠠ ᠡᠷᠬᠢᠨ ᠲᠣᠭᠤᠷᠢᠨ ᠤ ᠵᠠᠭᠤ ᠭᠠᠷᠤᠢ ᠬᠥᠳᠡᠯᠮᠦᠷᠢ ᠶᠢᠨ ᠬᠦᠴᠦᠨ ᠢ ᠲᠠᠶᠢᠴᠢᠯᠠᠵᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠵᠠᠪᠰᠢᠶᠠᠨ ᠢ ᠠᠪᠴᠢᠷᠠᠭᠰᠠᠨ ᠪᠠᠶᠢᠨ᠎ᠠ᠃     ᠣᠶᠢᠷ᠎ᠠ ᠶᠢᠨ ᠵᠢᠯ ᠠᠴᠠ᠂ ᠯᠢᠶᠠᠩᠴᠧᠩ ᠰᠢᠶᠠᠨ ᠤ ᠬᠢᠨ ᠬᠥᠳᠡᠭᠡ ᠠᠵᠤ ᠠᠬᠤᠢ ᠶᠢᠨ ᠠᠵᠤ ᠦᠢᠯᠡᠰ ᠤᠨ ᠪᠦᠲᠦᠴᠡ ᠳᠤ ᠢᠳᠡᠪᠬᠢᠲᠡᠢ ᠲᠣᠬᠢᠷᠠᠭᠤᠯᠤᠯᠲᠠ ᠬᠢᠵᠦ᠂ ᠣᠨᠴᠠᠯᠢᠭᠲᠤ ᠲᠠᠷᠢᠮᠠᠯ ᠢ ᠬᠥᠭᠵᠢᠭᠦᠯᠬᠦ ᠶᠢ ᠵᠣᠷᠢᠭᠵᠢᠭᠤᠯᠵᠤ ᠂ ᠭᠠᠵᠠᠷ ᠰᠢᠷᠣᠢ ᠶᠢ ᠡᠷᠭᠢᠯᠲᠡ ᠳᠤ ᠣᠷᠣᠭᠤᠯᠬᠤ᠂ ᠲᠠᠷᠢᠮᠠᠯ ᠤᠨ ᠲᠣᠮᠣ ᠡᠷᠦᠬᠡ ᠶᠢ ᠣᠷᠣᠭᠤᠯᠤᠨ ᠠᠪᠴᠢᠷᠠᠬᠤ ᠵᠡᠷᠭᠡ ᠠᠷᠭ᠎ᠠ ᠬᠡᠯᠪᠡᠷᠢ ᠪᠠᠷ ᠬᠥᠳᠡᠭᠡ ᠲᠣᠰᠬᠤᠨ ᠤ ᠠᠵᠤ ᠠᠬᠤᠢ ᠶᠢᠨ ᠪᠦᠲᠦᠴᠡ ᠶᠢ ᠲᠣᠬᠢᠷᠠᠭᠤᠯᠬᠤ ᠪᠠ ᠬᠥᠳᠡᠭᠡ ᠲᠣᠰᠬᠤᠨ ᠤ ᠬᠥᠳᠡᠯᠮᠦᠷᠢ ᠶᠢᠨ ᠬᠦᠴᠦᠨ ᠤ ᠣᠶᠢᠷ᠎ᠠ ᠬᠠᠪᠢ ᠳᠠᠭᠠᠨ ᠰᠢᠯᠵᠢᠵᠦ ᠠᠵᠢᠯ ᠣᠯᠬᠤ ᠶᠢ ᠠᠬᠢᠭᠤᠯᠵᠤ᠂ ᠬᠥᠳᠡᠭᠡ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠢᠳᠡᠪᠬᠢ ᠦᠢᠯᠡᠳᠦᠯ ᠦᠵᠡᠭᠦᠯᠪᠡ᠃                                 ᠤᠷᠴᠢᠭᠤᠯᠤᠭᠴᠢ᠄ ᠬᠦᠰᠡᠯ                                 ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2