| | ᠠᠩᠬ᠎ᠠ ᠠᠯᠬᠤᠮ ᠤᠨ ᠪᠦᠷᠢᠳᠬᠡᠯ ᠤᠨ ᠵᠢᠱᠢᠯᠲᠡ ᠶᠢ ᠦᠨᠳᠦᠰᠦᠯᠡᠪᠡᠯ᠂ 1—9 ᠰᠠᠷ᠎ᠠ ᠶᠢᠨ ᠰᠢᠩ ᠾᠧ | ᠰᠢᠶᠠᠨ ᠤ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ ︵GDP︶ ᠢ 51.2 ᠳ᠋ᠦᠩᠰᠢᠭᠤᠷ | ᠲᠥᠭᠦᠷᠢᠭ ᠢᠶᠠᠷ ᠵᠢᠱᠢᠵᠦ᠂ ᠠᠳᠠᠯᠢ ᠬᠤᠭᠤᠴᠠᠭᠠᠨ ᠤ ᠬᠢ ᠠᠴᠠ 11.6% ᠪᠠᠷ ᠨᠡᠮᠡᠭᠳᠡᠪᠡ᠃ ᠠᠵᠤ ᠦᠢᠯᠡᠰ ᠢᠶᠠᠷ | ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ 5.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 3.6% ᠪᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ 18.1 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 34.4% ᠪᠠᠷ ᠨᠡᠮᠡᠭᠳᠡᠪᠡ︔ ᠭᠤᠷᠪᠠᠳᠤᠭᠠᠷ ᠠᠵᠤ | ᠦᠢᠯᠡᠰ 27.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.8% ᠪᠠᠷ | ᠨᠡᠮᠡᠭᠳᠡᠪᠡ᠃ ᠪᠥᠬᠦ ᠰᠢᠶᠠᠨ ᠤ ᠠᠵᠤ ᠦᠢᠯᠡᠳᠪᠦᠷᠢ ᠶᠢᠨ ᠦᠢᠯᠡᠳᠬᠦᠨ ᠤ ᠪᠥᠬᠦ ᠥᠷᠲᠡᠭ 75.5 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 35.7% ᠪᠠᠷ ᠨᠡᠮᠡᠭᠳᠡᠪᠡ᠂ ᠡᠭᠦᠨ ᠳᠤ᠂ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 41.6% ᠪᠠᠷ ᠨᠡᠮᠡᠭᠳᠡᠪᠡ᠃ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠶᠢ 12.07 ᠳ᠋ᠦᠩᠰᠢᠭᠤᠷ ᠲᠥᠭᠦᠷᠢᠭ ᠲᠤ ᠬᠦᠷᠭᠡᠵᠦ᠂ ᠠᠳᠠᠯᠢ | ᠬᠤᠭᠤᠴᠠᠭᠠᠨ ᠤ ᠬᠢ ᠠᠴᠠ 2.3% ᠪᠠᠷ ᠨᠡᠮᠡᠭᠳᠡᠭᠦᠯᠬᠦ ᠪᠠᠷ ᠵᠢᠱᠢᠵᠦ ᠪᠠᠶᠢᠨ᠎ᠠ᠃ ᠨᠡᠶᠢᠭᠡᠮ ᠤᠨ ᠲᠠᠸᠠᠷ ᠤᠨ | ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ 8.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 8% ᠪᠠᠷ ᠨᠡᠮᠡᠭᠳᠡᠵᠡᠢ᠃ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠥᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ 26788 ᠲᠥᠭᠦᠷᠢᠭ ᠢᠶᠠᠷ ᠵᠢᠱᠢᠵᠦ᠂ ᠠᠳᠠᠯᠢ ᠬᠤᠭᠤᠴᠠᠭᠠᠨ ᠤ | ᠬᠢ ᠠᠴᠠ 6% ᠪᠠᠷ ᠨᠡᠮᠡᠭᠳᠡᠪᠡ︔ ᠮᠠᠯᠴᠢᠨ ᠲᠠᠷᠢᠶᠠᠴᠢᠨ ᠤ ᠬᠥᠮᠥᠨ ᠳᠤᠮᠳᠠᠴᠢ ᠶᠢᠨ ᠡᠵᠡᠮᠳᠡᠵᠦ ᠪᠣᠯᠬᠤ | ᠣᠷᠣᠯᠭ᠎ᠠ ᠶᠢ 8196 ᠲᠥᠭᠦᠷᠢᠭ ᠪᠣᠯᠭᠠᠬᠤ ᠪᠠᠷ ᠵᠢᠱᠢᠵᠦ᠂ ᠠᠳᠠᠯᠢ ᠬᠤᠭᠤᠴᠠᠭᠠᠨ ᠤ ᠬᠢ ᠠᠴᠠ 8.5% ᠪᠠᠷ | ᠨᠡᠮᠡᠭᠳᠡᠪᠡ᠃ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ 1.4 ᠳ᠋ᠦᠩᠰᠢᠭᠤᠷ ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 19% ᠪᠠᠷ ᠨᠡᠮᠡᠭᠳᠡᠪᠡ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |