ᠲᠥᠯᠥᠭᠡᠯᠡᠭᠴᠢ ᠰᠦᠢ ᠸᠧᠢ ᠵᠢᠶᠦ᠋ᠨ᠄ ᠲᠠᠪᠤᠨ ᠶᠡᠭᠡ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ ᠤᠯᠠᠭᠠᠨᠴᠠᠪ ᠤᠨ ᠬᠤᠪᠢ ᠨᠡᠮᠡᠷᠢ ᠪᠠᠨ ᠦᠵᠡᠭᠦᠯᠦᠨ᠎ᠡ
ᠨᠡᠶᠢᠲᠡᠯᠡᠭᠰᠡᠨ ᠴᠠᠭ᠄
2022/10/20
    ︽ᠶᠡᠷᠦᠩᠬᠡᠢ ᠱᠦᠵᠢ ᠰᠢ ᠶᠢᠨ ᠫᠢᠩ ᠤᠨ ᠬᠢᠭᠰᠡᠨ ᠢᠯᠡᠳᠬᠡᠯ ᠨᠢ ᠥᠨᠳᠥᠷ ᠲᠤ ᠵᠣᠭᠰᠣᠨ ᠠᠯᠤᠰ ᠢ ᠪᠠᠷᠠᠯᠠᠵᠦ᠂ ᠥᠷᠭᠡᠨ ᠳᠡᠯᠭᠡᠷ ᠭᠦᠨ ᠭᠦᠨᠵᠡᠭᠡᠢ ᠪᠠᠶᠢᠵᠤ᠂ ᠲᠣᠮᠣ ᠪᠢᠷ ᠢᠶᠠᠷ ᠬᠥᠭᠵᠢᠯᠲᠡ ᠶᠢᠨ ᠠᠤᠭ᠎ᠠ ᠲᠥᠰᠥᠪ ᠢ ᠵᠢᠷᠤᠭᠯᠠᠵᠤ᠂ ᠰᠦᠷ ᠳᠠᠯᠠᠶᠢᠴᠠᠲᠠᠢ ᠦᠵᠡᠯ ᠰᠠᠨᠠᠭ᠎ᠠ ᠠᠤᠭ᠎ᠠ ᠬᠦᠴᠦᠨ ᠢᠶᠠᠷ ᠵᠠᠯᠠᠭᠤᠷ ᠢ ᠡᠵᠡᠮᠳᠡᠨ ᠵᠠᠮᠴᠢᠯᠠᠵᠤ᠂ ᠪᠢᠳᠡᠨ ᠳᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠵᠠᠢ᠃︾ ᠭᠡᠵᠦ ᠨᠠᠮ ᠤᠨ ᠬᠤᠷᠢᠳᠤᠭᠠᠷ ᠶᠡᠭᠡ ᠬᠤᠷᠠᠯ ᠤᠨ ᠲᠥᠯᠥᠭᠡᠯᠡᠭᠴᠢ᠂ ᠤᠯᠠᠭᠠᠨᠴᠠᠪ ᠬᠤᠳᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠬᠡᠯᠡᠪᠡ᠃    ᠲᠥᠯᠥᠭᠡᠯᠡᠭᠴᠢ ᠰᠦᠢ ᠸᠧᠢ ᠵᠢᠶᠦ᠋ᠨ ᠢᠯᠡᠷᠬᠡᠶᠢᠯᠡᠬᠦ ᠳᠡᠭᠡᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠳᠤᠭᠤᠰᠢᠯᠠᠭᠤᠯᠬᠤ ᠨᠢ ᠳᠠᠷᠤᠢ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠡᠷᠡᠰ ᠰᠠᠶᠢᠲᠤᠷ ᠨᠠᠶᠢᠳᠠᠪᠤᠷᠢᠵᠢᠭᠤᠯᠵᠤ᠂ ︽ᠬᠤᠶᠠᠷ ᠬᠠᠯᠬᠠᠪᠴᠢ︾ ︽ᠬᠤᠶᠠᠷ ᠰᠠᠭᠤᠷᠢᠨ︾ ︽ᠨᠢᠭᠡ ᠪᠠᠬᠢᠯᠡᠯᠲᠡ︾ ᠶᠢ ᠰᠠᠶᠢᠲᠤᠷ ᠪᠦᠲᠦᠭᠡᠨ ᠪᠠᠶᠢᠭᠤᠯᠬᠤ ᠳᠤ ᠤᠯᠠᠭᠠᠨᠴᠠᠪ ᠤᠨ ᠬᠦᠴᠦᠨ ᠴᠢᠳᠠᠯ ᠢᠶᠠᠨ ᠡᠷᠭᠦᠬᠦ ᠶᠠᠪᠤᠳᠠᠯ ᠪᠣᠯᠣᠨ᠎ᠠ᠃     ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠰᠢᠨ᠎ᠡ ᠡᠭᠦᠷᠭᠡᠯᠡᠯ ᠢ ᠢᠯᠡᠷᠡᠭᠦᠯᠵᠦ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ︾ ᠭᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ︽ᠨᠣᠭᠤᠭᠠᠷᠠᠭᠤᠯᠤᠯᠲᠠ ᠶᠢ ᠥᠷᠭᠡᠳᠬᠡᠬᠦ︾  ︽ᠤᠰᠤ ᠨᠥᠬᠦᠪᠦᠷᠢᠯᠡᠬᠦ︾᠂ ︽ᠲᠣᠭᠤᠰᠣ ᠶᠢ ᠵᠠᠰᠠᠬᠤ︾᠂ ︽ᠠᠷᠪᠢᠯᠠᠬᠤ︾ ᠳᠡᠭᠡᠷ᠎ᠡ ᠦᠷᠭᠦᠯᠵᠢᠯᠡᠨ ᠬᠦᠴᠦ ᠲᠠᠯᠪᠢᠵᠤ᠂ ︽ᠳᠠᠪᠤ ᠶᠢ ᠳᠤᠶᠢᠯᠪᠤᠷᠢᠳᠡᠢ ᠪᠠᠶᠢᠴᠠᠭᠠᠬᠤ︾ ᠠᠵᠢᠯᠯᠠᠭ᠎ᠠ ᠶᠢ ᠭᠦᠨᠵᠡᠭᠡᠢ ᠥᠷᠨᠢᠭᠦᠯᠬᠦ ᠪᠠᠷ ᠭᠠᠷᠳᠠᠴᠠ ᠪᠣᠯᠭᠠᠵᠤ᠂ ᠭᠠᠵᠠᠷ ᠬᠡᠷᠡᠭᠯᠡᠬᠦ᠂ ᠤᠰᠤ ᠬᠡᠷᠡᠭᠯᠡᠬᠦ᠂ ᠡᠨᠧᠷᠭᠢ ᠬᠡᠷᠡᠭᠯᠡᠬᠦ ᠶᠢ ᠡᠷᠴᠢᠮᠵᠢᠭᠦᠯᠦᠨ ᠠᠷᠪᠢᠯᠠᠬᠤ ᠶᠢ ᠶᠡᠬᠡᠪᠡᠷ ᠠᠬᠢᠭᠤᠯᠵᠤ᠂ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃     ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠳᠤ ᠰᠢᠨ᠎ᠡ ᠬᠤᠪᠢ ᠨᠡᠮᠡᠷᠢ ᠦᠵᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠬᠦ ᠬᠡᠷᠡᠭᠲᠡᠢ᠃ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠶᠡᠷᠦᠩᠬᠡᠶᠢᠯᠡᠭᠰᠡᠨ ᠵᠠᠰᠠᠯᠲᠠ ᠶᠢ ᠰᠠᠶᠢᠲᠤᠷ ᠠᠳᠬᠤᠵᠤ᠂ ᠤᠮᠠᠷᠠᠲᠤ ᠬᠢᠯᠢ ᠶᠢᠨ ᠠᠮᠤᠷ ᠲᠣᠭᠲᠠᠭᠤᠨ ᠢ ᠰᠠᠬᠢᠨ ᠬᠠᠮᠠᠭᠠᠯᠠᠬᠤ᠂ ᠨᠡᠶᠢᠰᠯᠡᠯ ᠤᠨ ᠠᠮᠤᠷ ᠲᠦᠪᠰᠢᠨ ᠢ ᠬᠠᠮᠠᠭᠠᠯᠠᠬᠤ ︽ᠬᠤᠲᠠ ᠬᠠᠮᠠᠭᠠᠯᠠᠬᠤ ᠭᠤᠣᠯ︾ ᠢ ᠪᠥᠬᠦ ᠬᠦᠴᠦᠨ ᠢᠶᠠᠷ ᠢᠶᠠᠨ ᠪᠠᠶᠢᠭᠤᠯᠤᠨ᠎ᠠ᠃     ᠤᠯᠤᠰ ᠤᠨ ᠴᠢᠬᠤᠯᠠ ᠡᠨᠧᠷᠭᠢ ᠶᠢᠨ ᠰᠤᠷᠪᠤᠯᠵᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠲᠠᠯ᠎ᠠ ᠪᠠᠷ ᠰᠢᠨ᠎ᠡ ᠵᠠᠮ ᠢ ᠨᠡᠭᠡᠭᠡᠵᠦ᠂ ᠬᠡᠪᠴᠢᠶᠡᠵᠢᠭᠦᠯᠦᠨ ᠪᠠᠶᠢᠷᠢᠯᠠᠭᠤᠯᠬᠤ᠂ ᠲᠤᠰᠬᠠᠶᠢᠵᠢᠭᠤᠯᠤᠨ ᠨᠡᠭᠡᠭᠡᠨ ᠬᠥᠭᠵᠢᠭᠦᠯᠬᠦ᠂ ᠠᠵᠤ ᠦᠢᠯᠡᠰᠵᠢᠭᠦᠯᠦᠨ ᠠᠬᠢᠭᠤᠯᠬᠤ᠂ ᠬᠤᠪᠢ ᠣᠷᠣᠭᠤᠯᠬᠤ ᠳᠦᠷᠢᠮ ᠢᠶᠠᠷ ᠬᠠᠮᠲᠤᠷᠠᠨ ᠠᠵᠢᠯᠯᠠᠬᠤ ᠵᠠᠷᠴᠢᠮ ᠢ ᠪᠠᠷᠢᠮᠲᠠᠯᠠᠨ᠂ ᠰᠢᠨ᠎ᠡ ᠡᠨᠧᠷᠭᠢ ᠶᠢᠨ ᠰᠤᠷᠪᠤᠯᠵᠢ ᠶᠢ ᠨᠡᠭᠡᠭᠡᠨ ᠠᠰᠢᠭᠯᠠᠬᠤ ᠠᠵᠢᠯ ᠢ ᠲᠦᠯᠬᠢᠨ ᠠᠬᠢᠭᠤᠯᠵᠤ᠂ ᠮᠢᠩᠭᠠᠨ ᠲᠦᠮᠡᠨ ᠺᠢᠯᠣᠸᠠᠲ ᠤᠨ ᠲᠡᠰ ᠤᠨ ᠰᠢᠨ᠎ᠡ ᠡᠨᠧᠷᠭᠢ ᠶᠢᠨ ᠰᠤᠷᠪᠤᠯᠵᠢ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃     ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠲᠠᠯ᠎ᠠ ᠪᠠᠷ ᠰᠢᠨ᠎ᠡ ᠳᠠᠪᠠᠯᠲᠠ ᠶᠢ ᠪᠡᠶᠡᠯᠡᠭᠦᠯᠵᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ︽ᠬᠡᠮᠵᠢᠶ᠎ᠡ ᠶᠢ ᠥᠷᠭᠡᠳᠬᠡᠬᠦ︾᠂ ︽ᠶᠠᠰᠤ ᠴᠢᠨᠠᠷ ᠢ ᠳᠡᠭᠡᠭᠰᠢᠯᠡᠭᠦᠯᠬᠦ︾᠂ ︽ᠦᠷ᠎ᠡ ᠠᠰᠢᠭ ᠢ ᠨᠡᠮᠡᠭᠳᠡᠭᠦᠯᠬᠦ︾ ᠳᠡᠭᠡᠷ᠎ᠡ ᠦᠷᠭᠦᠯᠵᠢᠯᠡᠨ ᠬᠦᠴᠦ ᠲᠠᠯᠪᠢᠵᠤ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠰᠢᠰᠲ᠋ᠧᠮᠵᠢ ᠶᠢ ᠢᠳᠡᠪᠬᠢᠲᠡᠢ ᠪᠠᠶᠢᠭᠤᠯᠬᠤ ᠬᠡᠷᠡᠭᠲᠡᠢ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠳᠠᠪᠠᠭᠤᠯᠢᠭ ᠢ ᠠᠰᠢᠭᠯᠠᠨ᠂ ︽ᠴᠡᠪᠡᠷᠯᠡᠨ ᠠᠷᠢᠯᠭᠠᠭᠰᠠᠨ ᠨᠣᠭᠤᠭ᠎ᠠ ᠶᠢ ᠪᠡᠭᠡᠵᠢᠩ ᠳᠤ ᠣᠷᠣᠭᠤᠯᠬᠤ︾ ᠠᠵᠢᠯᠯᠠᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠨᠡᠶᠢᠰᠯᠡᠯ ᠳᠤ ᠦᠢᠯᠡᠴᠢᠯᠡᠬᠦ ︽ᠲᠥᠪ ᠲᠣᠭᠤᠭᠠᠨ ᠭᠡᠷ︾ ᠢ ᠪᠠᠶᠢᠭᠤᠯᠤᠨ᠎ᠡ᠃     ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢ ᠪᠦᠲᠦᠭᠡᠨ ᠪᠠᠶᠢᠭᠤᠯᠬᠤ ᠳᠤ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠤᠯᠠᠭᠠᠨᠴᠠᠪ ᠬᠢᠭᠡᠳ ᠡᠷᠢᠶᠡᠨ ᠬᠤᠲᠠ ᠶᠢᠨ ᠪᠣᠭᠤᠮᠲᠠ ᠶᠢᠨ ᠥᠷᠥᠴᠡ ᠭᠠᠵᠠᠷ ᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠶᠡᠬᠡᠪᠡᠷ ᠲᠦᠯᠬᠢᠨ ᠠᠬᠢᠭᠤᠯᠵᠤ᠂ ᠪᠣᠳᠠᠲᠠᠶᠢᠵᠢᠭᠤᠯᠤᠨ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠲᠣᠭᠤᠷᠢᠭ᠂ ᠣᠲᠣ ᠦᠶ᠎ᠡ ᠶᠢᠨ ᠦᠶᠯᠡᠳᠬᠦ ᠦᠢᠯᠡᠰ ᠤᠨ ᠲᠥᠪᠯᠡᠷᠡᠭᠰᠡᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠡ᠃     ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠳᠤᠭᠤᠰᠢᠯᠠᠭᠤᠯᠬᠤ ᠳᠤ᠂ ᠡᠷᠬᠡᠪᠰᠢ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠡᠷᠴᠢ ᠵᠣᠷᠢᠭ ᠢᠶᠠᠨ ᠬᠥᠪᠴᠢᠯᠡᠵᠦ᠂ ᠦᠵᠡᠯ ᠰᠠᠨᠠᠭᠠᠨ ᠤ ᠵᠢᠯᠣᠭᠤᠳᠤᠯᠭ᠎ᠠ ᠪᠠᠷ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠡᠶᠢᠲᠡᠯᠡᠭᠰᠡᠨ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠬᠦ ᠶᠢ ᠤᠷᠮᠠᠰᠢᠭᠤᠯᠤᠨ ᠵᠣᠷᠢᠭᠵᠢᠭᠤᠯᠬᠤ ᠪᠠᠷ ᠠᠷᠪᠠᠨ ᠬᠤᠶᠠᠷ ᠵᠦᠢᠯ ᠤᠨ ᠠᠷᠭ᠎ᠠ ᠬᠡᠮᠵᠢᠶ᠎ᠡ ᠪᠣᠯᠭᠠᠵᠤ᠂ ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠠᠵᠢᠯᠯᠠᠭ᠎ᠠ ᠬᠢᠬᠦ ᠶᠢ ᠤᠷᠮᠠᠰᠢᠭᠤᠯᠤᠨ ᠵᠣᠷᠢᠭᠵᠢᠭᠤᠯᠬᠤ ᠬᠡᠷᠡᠭᠲᠡᠢ︾᠃ ︿ᠭᠤᠷᠪᠠᠨ ᠠᠷᠪᠢᠨ﹀ ︿ᠭᠤᠷᠪᠠᠨ ᠴᠥᠭᠡᠨ﹀ ︿ᠭᠤᠷᠪᠠᠨ ᠤᠳᠠᠭᠠᠨ﹀ ᠢ ᠰᠢᠢᠳᠪᠦᠷᠢᠯᠡᠬᠦ ᠪᠠᠷ ᠭᠠᠷᠳᠠᠨ ᠬᠢᠬᠦ ᠴᠡᠭ ᠪᠣᠯᠭᠠᠵᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠡᠷᠴᠢ ᠵᠣᠷᠢᠭ ᠢᠶᠠᠨ ᠪᠠᠳᠠᠷᠠᠭᠤᠯᠬᠤ ᠬᠡᠷᠡᠭᠲᠡᠢ᠃ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠤᠯᠤᠰ ᠲᠦᠷᠦ ᠶᠢᠨ ᠬᠢᠨᠠᠯᠲᠠ ᠶᠢ ᠴᠢᠩᠭᠠᠳᠬᠠᠵᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠰᠠᠶᠢᠲᠤᠷ ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ︾ ᠭᠡᠵᠦ ᠰᠦᠢ ᠸᠧᠢ ᠵᠢᠶᠦ᠋ᠨ ᠲᠥᠯᠥᠭᠡᠯᠡᠭᠴᠢ ᠬᠡᠯᠡᠪᠡ᠃                                        ᠤᠷᠴᠢᠭᠤᠯᠤᠭᠴᠢ᠄ ᠬᠦᠰᠡᠯ                        ᠬᠢᠨᠠᠭᠴᠢ᠄ ᠠᠷᠢᠭᠤᠨ
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2