ᠰᠢᠩ ᠾᠧ ᠰᠢᠶᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/10/8
    10 ᠰᠠᠷ᠎ᠠ ᠶᠢᠨ 4 ᠤ ᠡᠳᠦᠷ᠂ ᠰᠢᠩ ᠾᠧ ᠰᠢᠶᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠬᠤᠷᠠᠯ ᠳᠡᠭᠡᠷ᠎ᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠠᠵᠢᠯ ᠤᠨ ᠳᠤᠭᠤᠶᠢᠯᠠᠩ ᠤᠨ ᠠᠵᠢᠯ ᠢᠶᠠᠨ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠳᠡᠭᠡᠳᠦ ᠱᠠᠲᠤᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠮᠡᠳᠡᠭᠳᠡᠪᠡ᠃ ᠬᠤᠷᠠᠯ ᠠᠴᠠ ᠰᠢᠩ ᠡᡁᠧ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠠᠵᠢᠯ ᠢ ᠲᠠᠬᠢᠨ ᠲᠣᠬᠢᠷᠠᠭᠤᠯᠵᠤ᠂ ᠲᠠᠬᠢᠨ ᠪᠠᠶᠢᠷᠢᠯᠠᠭᠤᠯᠪᠠ᠃     ᠬᠤᠷᠠᠯ ᠠᠴᠠ᠂ ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠠᠬᠢᠭᠤᠯᠵᠤ ᠪᠠᠶᠢᠭ᠎ᠠ ᠪᠠᠶᠢᠳᠠᠯ ᠳᠤ ᠳᠣᠲᠣᠷ᠎ᠠ ᠪᠠᠨ ᠲᠤᠭ᠎ᠠ ᠲᠠᠢ ᠪᠠᠶᠢᠵᠤ᠂ ᠲᠤᠰ ᠲᠤᠰ ᠤᠨ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠢᠯᠠᠩᠭᠤᠶ᠎ᠠ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠡᠷᠬᠡᠪᠰᠢ ᠮᠥᠷᠥᠨ ᠳᠡᠭᠡᠷᠡᠬᠢ ᠬᠠᠷᠢᠭᠤᠴᠠᠯᠭ᠎ᠠ ᠪᠠᠨ ᠡᠭᠦᠷᠭᠡᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠴᠠ ᠰᠡᠷᠭᠡᠭ ᠴᠢᠨᠠᠷ ᠪᠣᠯᠣᠨ ᠰᠢᠢᠳᠪᠦᠷᠢᠯᠡᠬᠦ ᠠᠷᠭᠠᠴᠠᠬᠤ ᠴᠢᠳᠠᠪᠤᠷᠢ ᠪᠠᠨ ᠦᠨᠡᠨᠬᠦ ᠳᠡᠭᠡᠭᠰᠢᠯᠡᠭᠦᠯᠵᠦ᠂ ᠰᠠᠯᠠᠭ᠎ᠠ ᠮᠥᠴᠢᠷ ᠤᠨ ᠬᠤᠭᠤᠷᠣᠨᠳᠤ ᠪᠠᠨ ᠬᠠᠮᠵᠢᠯᠴᠠᠵᠤ᠂ ᠪᠦᠬᠦ ᠰᠢᠶᠠᠨ ᠤ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠣᠯᠣᠨ ᠪᠡᠶ᠎ᠡ ᠮᠠᠬᠠᠪᠤᠳ ᠤᠨ ᠡᠷᠡᠭᠦᠯ ᠮᠡᠨᠳᠤ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠤ ᠵᠢᠭᠠᠵᠤ ᠭᠠᠷᠭᠠᠪᠡ᠃     ᠬᠤᠷᠠᠯ ᠠᠴᠠ᠂ ᠪᠦᠬᠦ ᠰᠢᠶᠠᠨ ᠤ ᠡᠯ᠎ᠡ ᠱᠠᠲᠤ᠂ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠲᠠᠷᠢᠬᠢ ᠲᠣᠯᠣᠭᠠᠢ ᠪᠠᠨ ᠰᠡᠷᠭᠡᠭ ᠪᠠᠶᠢᠯᠭᠠᠵᠤ᠂ ᠭᠤᠣᠯ ᠬᠠᠷᠢᠭᠤᠴᠠᠯᠭᠠᠲᠠᠨ ᠡᠷᠬᠡᠪᠰᠢ ᠪᠡᠶ᠎ᠡ ᠪᠠᠷ ᠢᠶᠠᠨ ᠣᠷᠣᠯᠴᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠪᠠᠶᠢᠩᠭᠤ ᠶᠢᠨ ᠠᠷᠭ᠎ᠠ ᠬᠡᠮᠵᠢᠶ᠎ᠡ ᠶᠢ ᠨᠠᠷᠢᠨ ᠨᠠᠶᠢᠳᠠᠪᠤᠷᠢᠵᠢᠭᠤᠯᠬᠤ ᠬᠡᠷᠡᠭᠲᠡᠢ︔ ᠡᠯ᠎ᠡ ᠰᠢᠶᠠᠩ ᠪᠠᠯᠭᠠᠰᠤ ᠨᠢ ᠳᠤᠮᠳᠠ ᠲᠦᠭᠰᠢᠭᠦᠷᠢ ᠶᠡᠬᠡᠲᠡᠢ ᠭᠠᠵᠠᠷ ᠣᠷᠣᠨ ᠤ ᠪᠤᠴᠠᠵᠤ ᠢᠷᠡᠬᠦ ᠬᠥᠮᠥᠰ ᠢ ᠪᠠᠶᠢᠴᠠᠭᠠᠨ ᠭᠠᠷᠭᠠᠬᠤ ᠬᠢᠨᠠᠯᠲᠠ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠲᠥᠪᠯᠡᠷᠡᠭᠦᠯᠦᠨ ᠲᠤᠰᠠᠭᠠᠷᠯᠠᠬᠤ᠂ ᠭᠡᠷ ᠲᠤᠨᠢ ᠲᠤᠰᠠᠭᠠᠷᠯᠠᠬᠤ᠂ ︽ᠨᠠᠶᠢᠳᠠᠪᠤᠷᠢᠵᠢᠭᠤᠯᠤᠭᠰᠠᠨ ᠢ ᠪᠠᠶᠢᠴᠠᠭᠠᠬᠤ︾ ︽3 ᠡᠳᠦᠷ ᠲᠤ 2 ᠤᠳᠠᠭ᠎ᠠ ᠪᠠᠶᠢᠴᠠᠭᠠᠬᠤ︾ ᠵᠡᠷᠭᠡ ᠪᠣᠳᠠᠲᠠᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ︔ ᠭᠤᠣᠯᠳᠠᠯᠭ᠎ᠠ ᠲᠠᠢ ᠲᠠᠯᠠᠪᠤᠷ ᠭᠠᠵᠠᠷ ᠤᠨ ᠣᠷᠣᠵᠤ ᠭᠠᠷᠬᠤ ᠶᠢ ᠬᠠᠮᠢᠶᠠᠷᠬᠤ ᠪᠠ ᠠᠵᠢᠯᠲᠠᠨ ᠤ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠴᠢᠩᠭᠠᠳᠬᠠᠵᠤ᠂ ︽ᠲᠠᠯᠠᠪᠤᠷ ᠲᠤ ᠣᠷᠣᠪᠠᠯ ᠳᠠᠷᠤᠢ ᠰᠢᠷᠪᠢᠬᠦ︾ ︽ᠲᠠᠯᠠᠪᠤᠷ ᠲᠤ ᠣᠷᠣᠪᠠᠯ ᠳᠠᠷᠤᠢ ᠪᠠᠶᠢᠴᠠᠭᠠᠬᠤ︾ ᠶᠢ ᠴᠢᠩᠭ᠎ᠠ ᠬᠡᠷᠡᠭᠵᠢᠭᠦᠯᠵᠦ᠂ 72 ᠴᠠᠭ ᠤᠨ ᠳᠣᠲᠣᠷ᠎ᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠪᠢᠯᠢᠭ ᠴᠢᠨᠠᠷ ᠤᠨ ᠭᠡᠷᠡᠴᠢ ᠦᠭᠡᠢ ᠪᠣᠯ ᠴᠥᠮ ᠣᠷᠣᠵᠤ ᠪᠣᠯᠬᠤ ᠦᠭᠡᠢ︔ ᠪᠥᠬᠦ ᠰᠢᠶᠠᠨ ᠤ ︽ᠨᠢᠭᠡ ᠬᠥᠯᠭᠡ ᠰᠢᠲᠠᠷ᠎ᠠ︾  ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠲᠣᠰ ᠨᠢᠭᠡᠴᠢ ᠶᠢᠨ ᠢᠶᠠᠨ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠤᠨ ᠳᠠᠭᠠᠭᠠᠴᠢᠯᠠᠨ ᠬᠠᠷᠢᠯᠴᠠᠬᠤ ᠰᠠᠭᠤᠭᠠᠯᠢ ᠲᠣᠭᠤᠷᠢᠭ ᠲᠤ ᠭᠦᠨᠵᠡᠭᠡᠶᠢᠷᠡᠨ ᠠᠶᠤᠯ ᠲᠦᠭᠰᠢᠭᠦᠷᠢ ᠲᠠᠢ ᠬᠥᠮᠥᠰ ᠢ ᠪᠠᠶᠢᠴᠠᠭᠠᠨ ᠭᠠᠷᠭᠠᠬᠤ ᠠᠵᠢᠯ ᠢ ᠥᠷᠨᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠩᠭ᠎ᠠ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠪᠠᠶᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃                              ᠤᠷᠴᠢᠭᠤᠯᠤᠭᠴᠢ᠄ ᠬᠦᠰᠡᠯ                              ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2