ᠰᠢᠩ ᠾᠧ ᠰᠢᠶᠠᠨ ᠨᠡᠶᠢᠰᠯᠡᠯ ᠳᠤ ᠬᠠᠨᠳᠤᠭᠤᠯᠤᠭᠰᠠᠨ ︽ᠠᠷᠤ ᠶᠢᠨ ᠴᠡᠴᠡᠷᠯᠢᠭ︾ ᠢ ᠪᠠᠶᠢᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/11/27
    11 ᠰᠠᠷ᠎ᠠ ᠶᠢᠨ 25  ᠤ ᠡᠳᠦᠷ᠂ ᠰᠢᠩ ᠡᡁᠧ ᠰᠢᠶᠠᠨ ᠨᠡᠶᠢᠰᠯᠡᠯ ᠳᠤ ᠬᠠᠨᠳᠤᠭᠤᠯᠤᠭᠰᠠᠨ ︽ᠠᠷᠤ ᠶᠢᠨ ᠴᠡᠴᠡᠷᠯᠢᠭ︾  ᠢ ᠪᠠᠶᠢᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃     ᠬᠤᠷᠠᠯ ᠳᠡᠭᠡᠷ᠎ᠡ᠂ ᠬᠤᠯᠪᠣᠭᠳᠠᠯ ᠪᠦᠬᠦᠢ ᠤᠳᠤᠷᠢᠳᠤᠯᠭ᠎ᠠ ᠨᠠᠷ ᠰᠢᠩ ᠾᠧ ᠰᠢᠶᠠᠨ ᠤ ᠨᠡᠶᠢᠰᠯᠡᠯ ᠳᠤ ᠬᠠᠨᠳᠤᠭᠤᠯᠤᠭᠰᠠᠨ ︽ᠠᠷᠤ ᠶᠢᠨ ᠴᠡᠴᠡᠷᠯᠢᠭ︾ ᠢ ᠪᠠᠶᠢᠭᠤᠯᠬᠤ ᠠᠵᠢᠯ ᠳᠤ ᠪᠣᠳᠠᠲᠠᠢ ᠲᠣᠬᠢᠷᠠᠭᠤᠯᠤᠯᠲᠠ ᠬᠢᠪᠡ᠃     ᠬᠤᠷᠠᠯ ᠠᠴᠠ ᠵᠢᠭᠠᠵᠤ ᠭᠠᠷᠭᠠᠭᠰᠠᠨ ᠨᠢ᠂ ᠰᠢᠩ ᠡᡁᠧ ᠰᠢᠶᠠᠨ ᠤ ᠰᠣᠶᠣᠯ ᠤᠨ ᠠᠭᠤᠯᠤᠭᠳᠠᠬᠤᠨ᠂ ᠡᠬᠢ ᠪᠠᠶᠠᠯᠢᠭ ᠤᠨ ᠳᠠᠪᠠᠭᠤᠯᠢᠭ᠂ ᠣᠷᠣᠨ ᠪᠠᠶᠢᠷᠢ ᠶᠢᠨ ᠵᠠᠮ ᠬᠠᠷᠢᠯᠴᠠᠭ᠎ᠠ᠂ ᠣᠷᠴᠢᠨ ᠲᠣᠭᠤᠷᠢᠨ ᠠᠭᠤᠷ ᠠᠮᠢᠰᠬᠤᠯ ᠵᠡᠷᠭᠡ ᠳᠠᠪᠠᠭᠤᠯᠢᠭ ᠲᠤ ᠲᠦᠰᠢᠭᠯᠡᠨ᠂ 2023 ᠣᠨ ᠳᠤ ᠰᠤ᠋ ᠮᠤ᠋ ᠱᠠᠨ ᠠᠭᠤᠯᠠ᠂ ᠯᠦ ᠵᠢᠶᠠ ᠶᠢᠩ᠂ ᠯᠤᠤ ᠯᠢ ᠬᠠᠢ ᠵᠡᠷᠭᠡ ᠭᠠᠵᠠᠷ ᠤᠨ ᠵᠤᠭᠠᠴᠠᠯ ᠤᠨ ᠲᠠᠩ ᠴᠣᠭᠴᠠ ᠶᠢᠨ ᠲᠥᠯᠦᠪᠵᠢᠭᠦᠯᠭᠡ ᠶᠢ ᠨᠢᠭᠡᠳᠦᠯᠲᠡᠢ ᠲᠥᠯᠥᠪᠵᠢᠭᠦᠯᠦᠨ ᠨᠠᠶᠢᠷᠠᠭᠤᠯᠤᠨ ᠵᠣᠬᠢᠶᠠᠬᠤ ᠬᠡᠷᠡᠭᠲᠡᠢ᠃ ᠰᠢᠩ ᠾᠧ ᠰᠢᠶᠠᠨ ᠤ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠶᠡᠷᠦᠩᠬᠡᠢ ᠲᠥᠯᠦᠪᠵᠢᠭᠦᠯᠭᠡ ᠶᠢ ᠪᠣᠷᠣ ᠲᠥᠯᠥᠪ᠂ ᠪᠠᠷᠠᠭᠠᠯᠬᠢᠯᠠᠯ ᠤᠨ ᠴᠢᠨᠠᠷᠲᠠᠢ ᠪᠠᠷ ᠨᠠᠶᠢᠷᠠᠭᠤᠯᠤᠨ ᠵᠣᠬᠢᠶᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠯᠦᠪᠵᠢᠭᠦᠯᠭᠡ᠂ ᠬᠤᠲᠠ ᠪᠠᠯᠭᠠᠰᠤᠨ ᠤ ᠶᠡᠷᠦᠩᠬᠡᠢ ᠲᠥᠯᠦᠪᠵᠢᠭᠦᠯᠭᠡ ᠵᠡᠷᠭᠡ ᠡᠯ᠎ᠡ ᠲᠥᠷᠥᠯ ᠤᠨ ᠲᠥᠯᠦᠪᠵᠢᠭᠦᠯᠭᠡ ᠲᠠᠢ ᠪᠦᠲᠦᠮᠵᠢᠲᠡᠶ ᠵᠣᠯᠭᠠᠭᠤᠯᠬᠤ ᠶᠢ ᠴᠢᠬᠤᠯᠠᠴᠢᠯᠠᠬᠤ ᠬᠡᠷᠡᠭᠳᠡᠢ︔ ᠡᠯ᠎ᠡ ᠦᠵᠡᠮᠵᠢ ᠶᠢᠨ ᠣᠷᠣᠨ ᠤ ᠬᠥᠭᠵᠢᠯᠲᠡ ᠶᠢᠨ ᠪᠣᠳᠠᠲᠤ ᠪᠠᠶᠢᠳᠠᠯ ᠳᠤ ᠰᠠᠭᠤᠷᠢᠯᠠᠨ᠂ ᠭᠦᠨ ᠳᠠᠪᠬᠤᠷᠭ᠎ᠠ ᠶᠢᠨ ᠠᠭᠤᠳᠠᠯᠤᠯᠲᠠ ᠪᠠᠷ᠂ ᠡᠬᠢ ᠪᠠᠶᠠᠯᠢᠭ ᠤᠨ ᠳᠠᠪᠠᠭᠤᠯᠢᠭ ᠲᠠᠢ ᠪᠠᠨ ᠤᠶᠠᠯᠳᠤᠭᠤᠯᠤᠨ᠂ ᠰᠢᠩ ᠾᠧ ᠰᠢᠶᠠᠨ ᠤ ᠵᠢᠭᠤᠯᠴᠢᠯᠠᠯ ᠤᠨ ᠦᠢᠯᠡᠰ ᠤᠨ ᠬᠡᠯᠪᠡᠷᠢ ᠪᠠᠶᠢᠳᠠᠯ ᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠢᠵᠢ ᠪᠦᠷᠢᠳᠦᠭᠦᠯᠬᠦ ᠰᠠᠭᠤᠷᠢ ᠳᠦᠬᠦᠬᠡᠷᠦᠮᠵᠢ ᠶᠢ ᠲᠡᠭᠦᠯᠳᠡᠷᠵᠢᠭᠦᠯᠬᠦ᠂ ᠣᠨᠴᠠᠯᠢᠭᠲᠤ ᠰᠣᠶᠣᠯ ᠤᠨ ᠵᠢᠭᠤᠯᠴᠢᠯᠠᠯ ᠤᠨ ᠠᠵᠢᠯᠯᠠᠭ᠎ᠠ ᠡᠷᠭᠢᠯᠡᠬᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠬᠤ᠂ ᠦᠵᠡᠮᠵᠢ ᠶᠢᠨ ᠣᠷᠣᠨ ᠤ ᠣᠷᠴᠢᠨ ᠲᠣᠭᠤᠷᠢᠨ ᠢ ᠰᠠᠶᠢᠵᠢᠷᠠᠭᠤᠯᠬᠤ᠂ ᠵᠢᠭᠤᠯᠴᠢᠯᠠᠯ ᠤᠨ ᠦᠢᠯᠡᠴᠢᠯᠡᠭᠡᠨ ᠤ ᠴᠢᠳᠠᠮᠵᠢ ᠶᠢ ᠴᠢᠩᠭᠠᠷᠠᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠵᠢᠭᠤᠯᠴᠢᠯᠠᠯ ᠤᠨ ᠲᠥᠷᠥᠯ ᠵᠦᠢᠯ ᠤᠨ ᠣᠯᠠᠨ ᠡᠰᠢᠵᠢᠨ ᠬᠥᠭᠵᠢᠬᠦ ᠶᠢ ᠠᠬᠢᠭᠤᠯᠵᠤ᠂ ᠵᠢᠭᠤᠯᠴᠢᠯᠠᠭᠴᠢᠳ ᠤᠨ ᠣᠶᠢᠯᠠᠭᠠᠬᠤ ᠰᠡᠳᠬᠢᠯᠭᠡ ᠪᠠ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠳᠡᠢ ᠭᠡᠵᠡᠢ᠃     ᠬᠤᠷᠠᠯ ᠠᠴᠠ ᠴᠢᠬᠤᠯᠠᠴᠢᠯᠠᠭᠰᠠᠨ ᠨᠢ᠂ ᠡᠷᠡᠭᠦᠯ ᠮᠡᠨᠳᠦ ᠰᠤᠪᠢᠯᠠᠯᠲᠠ ᠠᠮᠠᠷᠠᠯᠲᠠ ᠶᠢᠨ ᠵᠢᠭᠤᠯᠴᠢᠯᠠᠯ ᠤᠨ ᠠᠵᠢᠯ ᠢ ᠢᠮᠠᠭᠲᠠ ᠲᠣᠪᠣᠶᠢᠮ᠎ᠠ ᠪᠠᠶᠢᠷᠢᠨ ᠳᠤ ᠲᠠᠯᠪᠢᠵᠤ᠂ ᠲᠥᠷᠥᠯ ᠵᠦᠢᠯ ᠤᠨ ᠬᠤᠳᠠᠯᠳᠤᠭᠠᠴᠢᠨ ᠤᠷᠢᠬᠤ ᠶᠢ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢᠨ ᠴᠢᠬᠤᠯᠠ ᠭᠠᠷᠳᠠᠴᠠ ᠪᠣᠯᠭᠠᠵᠤ᠂ ᠰᠡᠳᠬᠢᠴᠡ ᠪᠠᠨ ᠥᠷᠭᠡᠳᠬᠡᠨ᠂ ᠨᠠᠷᠢᠯᠢᠭ ᠣᠨᠣᠴᠠᠲᠠᠢ ᠪᠠᠷ ᠬᠦᠴᠦᠯᠡᠵᠦ᠂ ᠰᠢᠯᠢᠳᠡᠭ ᠰᠣᠶᠣᠯ ᠤᠨ ᠵᠢᠭᠤᠯᠴᠢᠯᠠᠯ ᠤᠨ ᠡᠬᠢ ᠪᠠᠶᠠᠯᠢᠭ ᠲᠤ ᠲᠦᠰᠢᠭᠯᠡᠨ᠂ ᠣᠨᠴᠠᠯᠢᠭᠲᠤ ᠵᠢᠭᠤᠯᠴᠢᠯᠠᠯ ᠤᠨ ᠲᠥᠷᠥᠯ ᠵᠦᠢᠯ ᠤᠨ ᠬᠤᠳᠠᠯᠳᠤᠭᠠᠴᠢᠨ ᠤᠷᠢᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ︔ ᠡᠯ᠎ᠡ ᠰᠢᠶᠠᠩ ᠪᠠᠯᠭᠠᠰᠤ ᠨᠢ ᠭᠠᠳᠠᠷ ᠣᠷᠣᠨ ᠤ ᠬᠥᠳᠡᠭᠡ ᠲᠣᠰᠬᠤᠨ ᠤ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠲᠡᠷᠢᠭᠦᠨ ᠤ ᠲᠤᠷᠰᠢᠯᠭ᠎ᠠ ᠪᠠ ᠠᠷᠭ᠎ᠠ ᠬᠢᠳᠡᠯ ᠢ ᠰᠤᠷᠤᠯᠴᠠᠨ ᠲᠣᠯᠢ ᠪᠣᠯᠭᠠᠵᠤ᠂ ᠦᠵᠡᠯᠲᠡ ᠪᠠᠨ ᠬᠤᠪᠢᠷᠠᠭᠤᠯᠤᠨ᠂ ᠰᠢᠨᠵᠢᠯᠡᠬᠦ ᠤᠬᠠᠭᠠᠨᠴᠢ ᠪᠠᠷ ᠤᠬᠠᠭᠠᠯᠠᠨ ᠲᠥᠯᠥᠪᠯᠡᠵᠦ᠂ ᠣᠨᠴᠠᠯᠢᠬᠵᠢᠭᠤᠯᠤᠨ ᠬᠥᠭᠵᠢᠭᠦᠯᠬᠦ ᠶᠢ ᠲᠣᠪᠤᠶᠢᠯᠭᠠᠨ᠂ ᠨᠢᠭᠡ ᠪᠦᠯᠦᠭ ᠬᠥᠳᠡᠭᠡ ᠲᠣᠰᠬᠤᠨ ᠤ ᠵᠢᠭᠤᠯᠴᠢᠯᠠᠯ ᠤᠨ ᠲᠥᠷᠥᠯ ᠵᠦᠢᠯ ᠢ ᠤᠬᠠᠭᠠᠯᠠᠨ ᠲᠥᠯᠥᠪᠯᠡᠵᠦ᠂ ᠰᠢᠶᠠᠨ ᠤ ᠬᠤᠲᠠ ᠪᠠ ᠡᠷᠬᠢᠨ ᠲᠣᠭᠤᠷᠢᠨ ᠤ ᠭᠠᠵᠠᠷ ᠣᠷᠣᠨ ᠤ ᠵᠤᠭᠠᠴᠠᠭᠰᠠᠳ ᠢ ᠳᠠᠶᠢᠴᠢᠯᠠᠨ ᠠᠮᠢᠳᠤᠷᠠᠯ ᠢ ᠣᠶᠢᠯᠠᠭᠠᠬᠤ᠂ ᠵᠤᠭ᠎ᠠ ᠴᠡᠩᠭᠡᠯ ᠢ ᠣᠶᠢᠯᠠᠭᠠᠬᠤ ᠪᠣᠯᠭᠠᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠠᠷᠠᠳ ᠤᠯᠠᠨ ᠤ ᠬᠡᠷᠡᠭᠯᠡᠭᠡᠨ ᠤ ᠬᠡᠷᠡᠭᠴᠡᠭᠡ ᠶᠢᠨ ᠬᠤᠪᠢᠷᠠᠯᠲᠠ ᠳᠤ ᠵᠣᠬᠢᠴᠠᠵᠤ᠂ ᠲᠤᠰ ᠭᠠᠵᠠᠷ ᠣᠷᠣᠨ ᠤ ᠰᠣᠶᠣᠯ ᠤᠨ ᠣᠨᠴᠠᠯᠢᠭ ᠢ ᠳᠤᠪᠤᠶᠢᠯᠭᠠᠵᠤ᠂ ᠣᠷᠣᠨ ᠨᠤᠲᠤᠭ ᠤᠨ ᠣᠨᠴᠠᠯᠢᠭ ᠢ ᠠᠭᠤᠳᠠᠯᠵᠤ᠂ ᠠᠶᠠᠨᠴᠢᠳ ᠢ ᠳᠠᠰᠤᠷᠠᠯᠳᠠ ᠦᠭᠡᠢ ᠲᠠᠲᠠᠵᠤ᠂ ᠬᠥᠮᠥᠰ ᠤᠨ ᠬᠦᠷᠢᠶᠡᠯᠡᠯ ᠢ ᠲᠥᠪᠯᠡᠷᠡᠭᠦᠯᠵᠦ᠂ ᠵᠤᠭᠠᠴᠠᠯ ᠤᠨ ᠦᠢᠯᠡᠰ ᠤᠨ ᠬᠥᠭᠵᠢᠯᠲᠡ ᠶᠢ ᠲᠦᠷᠭᠡᠳᠬᠡᠵᠦ᠂ ᠰᠣᠶᠣᠯ ᠵᠤᠭᠠᠴᠠᠯ ᠤᠨ ᠠᠵᠢᠯ ᠤᠨ ᠬᠦᠴᠦᠨ ᠲᠠᠢ ᠪᠥᠭᠡᠳ ᠪᠦᠲᠦᠮᠵᠢᠲᠡᠢ ᠥᠷᠨᠢᠵᠦ᠂ ᠪᠦᠬᠦ ᠲᠠᠯ᠎ᠠ ᠪᠠᠷ ᠠᠬᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃                                              ᠤᠷᠴᠢᠭᠤᠯᠤᠭᠴᠢ᠄ ᠬᠦᠰᠡᠯ                                              ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2