ᠴᠢ ᠹᠸᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/11/28
   11ᠰᠠᠷ᠎ᠠ ᠶᠢᠨ 23 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠸᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ︽ᠤᠯᠠᠭᠠᠨᠴᠠᠪ ᠬᠤᠲᠠ ᠶᠢᠨ ᠬᠤᠶᠠᠳᠤᠭᠠᠷ ᠳᠡᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠲᠣᠳᠣᠷᠬᠠᠶ ᠬᠠᠭᠤᠳᠠᠰᠤ ︵2022 ᠣᠨ ᠤ ᠬᠡᠪᠯᠡᠯ︶︾ ︽ᠤᠯᠠᠭᠠᠨᠴᠠᠪ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠠᠮᠢᠶᠠᠷᠬᠤ ᠠᠷᠭ᠎ᠠ︾ ᠵᠡᠷᠭᠡ ᠪᠢᠴᠢᠭ ᠮᠠᠲ᠋ᠧᠷᠢᠶᠠᠯ ᠢ ᠰᠤᠳᠤᠯᠤᠨ ᠬᠢᠨᠠᠨ ᠶᠠᠷᠢᠯᠴᠠᠵᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠵᠠᠰᠠᠭ ᠵᠠᠬᠢᠷᠭᠠᠨ ᠤ ᠵᠥᠪᠰᠢᠶᠡᠷᠡᠯ ᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠳᠥᠭᠦᠮᠴᠢᠯᠡᠬᠦ ᠶᠢ ᠯᠠᠪᠳᠠᠭᠤᠨ ᠪᠠᠲᠤᠲᠠᠢ ᠠᠬᠢᠭᠤᠯᠵᠤ᠂ ᠪᠦᠬᠦ ᠬᠡᠯᠬᠢᠶ᠎ᠡ ᠪᠦᠬᠦ ᠬᠦᠷᠢᠶᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠪᠣᠯᠤᠨ ᠬᠢᠨᠠᠨ ᠬᠠᠮᠢᠶᠠᠷᠬᠤ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠬᠡᠷᠡᠭᠲᠡᠢ᠃ ᠠᠮᠢᠳᠤᠷᠠᠯ ᠤᠨ ᠬᠤᠭ ᠨᠣᠪᠰᠢ ᠶᠢ ᠬᠠᠶᠠᠬᠤ᠂ ᠴᠤᠭᠯᠠᠭᠤᠯᠬᠤ᠂ ᠲᠡᠭᠡᠭᠡᠪᠦᠷᠢᠯᠡᠬᠦ᠂ ᠰᠢᠢᠳᠪᠦᠷᠢᠯᠡᠬᠦ ᠪᠦᠬᠦ ᠬᠡᠯᠬᠢᠶ᠎ᠡ ᠶᠢᠨ ᠰᠢᠰᠲ᠋ᠧᠮ ᠢ ᠤᠯᠠᠮ ᠨᠢᠭᠡ ᠠᠯᠬᠤᠮ ᠪᠦᠷᠢᠨᠰᠢᠬᠦᠯᠦᠨ ᠲᠡᠭᠦᠯᠳᠡᠷᠵᠢᠭᠦᠯᠵᠦ᠂ ᠬᠤᠳᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠬᠤᠳᠠ ᠪᠠᠯᠭᠠᠰᠤᠨ ᠤ ᠠᠮᠢ ᠠᠬᠤᠶ ᠶᠢᠨ ᠣᠷᠴᠢᠨ ᠨᠥᠬᠦᠴᠡᠯ ᠢ ᠰᠠᠶᠢᠵᠢᠷᠠᠭᠤᠯᠵᠤ᠂ ᠠᠷᠠᠳ ᠲᠦᠮᠡᠨ ᠤ ᠡᠷᠡᠭᠦᠯ ᠮᠡᠨᠳᠤ ᠶᠢ ᠪᠠᠲᠤᠯᠠᠬᠤ ᠬᠡᠷᠡᠭᠲᠡᠶ᠃ ᠭᠠᠵᠠᠷ ᠰᠢᠷᠣᠶ ᠶᠢᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠭᠠᠵᠠᠷ ᠰᠢᠷᠣᠶ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠥᠮᠴᠢᠯᠡᠬᠦ ᠡᠷᠬᠡ ᠨᠢ ᠲᠣᠳᠣᠷᠬᠠᠶ᠂ ᠵᠠᠬ᠎ᠠ ᠳᠡᠯᠭᠡᠭᠦᠷ ᠠᠴᠠ ᠦᠨ᠎ᠡ ᠲᠣᠭᠲᠠᠭᠠᠭᠰᠠᠨ᠂ ᠮᠡᠳᠡᠭᠡ ᠵᠠᠩᠭᠢ ᠲᠥᠪᠯᠡᠷᠡᠭᠰᠡᠨ᠂ ᠠᠷᠠᠯᠵᠢᠶ᠎ᠠ ᠨᠢ ᠠᠮᠤᠷ ᠲᠦᠪᠰᠢᠨ᠂ ᠵᠠᠰᠠᠭ ᠤᠨ ᠣᠷᠳᠣᠨ ᠠᠴᠠ ᠬᠢᠨᠠᠨ ᠬᠠᠮᠢᠶᠠᠷᠤᠭᠰᠠᠨ ᠭᠠᠵᠠᠷ ᠰᠢᠷᠣᠶ ᠶᠢᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠰᠢᠰᠲ᠋ᠧᠮᠵᠢ ᠶᠢ ᠠᠯᠬᠤᠮ ᠠᠯᠬᠤᠮ ᠢᠶᠠᠷ ᠪᠠᠶᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                                                    ᠣᠷᠴᠢᠭᠤᠯᠤᠭᠴᠢ᠄ ᠭᠤᠸ᠎ᠠ                                                    ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2