​ᠲᠦᠷᠭᠡᠨ ᠬᠦᠷᠭᠡᠯᠲᠡ ᠶᠢᠨ ᠦᠢᠯᠡᠰ ᠡᠮᠬᠢ ᠵᠢᠷᠤᠮ ᠲᠠᠢ ᠪᠠᠷ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠪᠡ
ᠨᠡᠶᠢᠲᠡᠯᠡᠭᠰᠡᠨ ᠴᠠᠭ᠄
2022/11/28
    ᠮᠠᠨ ᠤ ᠬᠤᠲᠠ ᠶᠢᠨ ᠲᠦᠷᠭᠡᠨ ᠬᠦᠷᠭᠡᠯᠲᠡ ᠶᠢᠨ ᠦᠢᠯᠡᠰ ᠤᠨ ᠠᠮᠤᠷ ᠲᠦᠪᠰᠢᠨ ᠬᠡᠪ ᠤᠨ ᠡᠵᠡᠩᠨᠡᠯᠲᠡ ᠶᠢ ᠦᠨᠡᠨ ᠬᠦ ᠪᠠᠲᠤᠯᠠᠬᠤ ᠶᠢᠨ ᠲᠥᠯᠥᠭᠡ᠂ ᠬᠤᠲᠠ ᠶᠢᠨ ᠰᠢᠤᠳᠠᠨ ᠤ ᠲᠣᠪᠴᠢᠶ᠎ᠠ ᠶᠢᠨ ᠬᠠᠮᠢᠶᠠᠷᠤᠯᠲᠠ ᠶᠢᠨ ᠠᠵᠢᠯᠲᠠᠨ ᠠᠵᠢᠯ ᠰᠡᠷᠭᠦᠭᠡᠭᠰᠡᠨ ᠠᠵᠤ ᠠᠬᠤᠶᠢᠯᠠᠯ ᠳᠤ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ ᠬᠢᠨᠠᠯᠲᠠ ᠬᠠᠮᠢᠶᠠᠷᠤᠯᠲᠠ ᠶᠢᠨ ᠴᠠᠭᠳᠠᠨ ᠪᠠᠶᠢᠴᠠᠭᠠᠯᠲᠠ ᠥᠷᠨᠢᠭᠦᠯᠪᠡ᠃ ᠪᠠᠶᠢᠭᠤᠯᠭ᠎ᠠ ᠶᠢᠨ ᠺᠠᠳ᠋ᠷ ᠬᠤᠪᠢᠶᠠᠷᠢᠯᠠᠨ ᠰᠠᠯᠭᠠᠬᠤ ᠲᠥᠪ᠂ ᠲᠦᠷᠭᠡᠨ ᠬᠦᠷᠭᠡᠬᠦ ᠲᠣᠣᠷ ᠴᠡᠭ᠂ ᠬᠤᠪᠢᠶᠠᠷᠢᠯᠠᠨ ᠰᠠᠯᠭᠠᠬᠤ ᠲᠥᠪ ᠤᠨ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢᠨ ᠲᠠᠯᠠᠪᠤᠷ ᠲᠤ ᠭᠦᠨᠵᠡᠭᠡᠶᠢᠷᠡᠨ ᠲᠤᠬᠠᠢ ᠶᠢᠨ ᠲᠠᠯᠠᠪᠤᠷ ᠤᠨ ᠬᠢᠨᠠᠯᠲᠠ ᠪᠠᠶᠢᠴᠠᠭᠠᠯᠲᠠ ᠶᠢ ᠥᠷᠨᠢᠭᠦᠯᠬᠦ ᠶᠢᠨ ᠬᠠᠮᠲᠤ ᠬᠢᠨᠠᠨ ᠡᠵᠡᠮᠳᠡᠬᠦ ᠰᠢᠰᠲ᠋ᠧᠮ ᠢᠶᠠᠷ ᠳᠠᠮᠵᠢᠭᠤᠯᠤᠨ ᠰᠦᠯᠵᠢᠶᠡᠨ ᠳᠡᠭᠡᠷᠡᠬᠢ ᠲᠣᠭᠤᠷᠢᠨ ᠪᠠᠶᠢᠴᠠᠭᠠᠯᠲᠠ ᠶᠢ ᠥᠷᠨᠢᠭᠦᠯᠵᠦ᠂ ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠭᠰᠠᠨ ᠵᠢᠷᠤᠮᠵᠢᠯ ᠦᠭᠡᠢ ᠠᠵᠢᠯᠯᠠᠭ᠎ᠠ ᠶᠢ ᠲᠡᠷᠡ ᠳᠠᠷᠤᠢ ᠳᠤᠨᠢ ᠠᠳᠬᠤᠵᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠳᠤ ᠬᠦᠷᠭᠡᠨ ᠥᠭᠴᠦ ᠳᠠᠷᠤᠶᠢᠬᠠᠨ ᠴᠡᠭᠴᠡᠯᠡᠨ ᠰᠠᠶᠢᠵᠢᠷᠠᠭᠤᠯᠵᠤ᠂ ᠠᠮᠤᠷ ᠲᠦᠪᠰᠢᠨ ᠢᠶᠠᠷ ᠡᠵᠡᠩᠨᠡᠬᠦ ᠣᠷᠴᠢᠨ ᠲᠣᠭᠤᠷᠢᠨ ᠢ ᠪᠤᠢ ᠪᠣᠯᠭᠠᠪᠠ᠃
                                                ᠤᠷᠴᠢᠭᠤᠯᠤᠭᠴᠢ᠄ ᠬᠦᠰᠡᠯ                                                 ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2