ᠬᠤᠸᠠᠳᠧ ᠰᠢᠶᠠᠨ ᠤ ᠤᠯᠠᠭᠠᠨᠮᠥ᠋ᠴᠢᠷ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠳᠤᠭᠤᠰᠢᠯᠠᠭᠤᠯᠵᠤ ᠨᠠᠮ ᠤᠨ ᠲᠠᠭᠤᠨ ᠪᠣᠯᠣᠨ ᠬᠠᠯᠠᠮᠵᠢᠯᠠᠯ ᠢ ᠳᠠᠮᠵᠢᠭᠤᠯᠵᠠᠢ
ᠨᠡᠶᠢᠲᠡᠯᠡᠭᠰᠡᠨ ᠴᠠᠭ᠄
2022/11/28
    ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ  ᠳᠤᠭᠤᠰᠢᠯᠠᠭᠤᠯᠬᠤ ᠶᠢᠨ ᠲᠤᠰᠠᠳᠠ᠂ ᠶᠡᠷᠦᠩᠬᠡᠢ ᠱᠦᠵᠢ ᠰᠢ ᠶᠢᠨ ᠫᠢᠩ ᠤᠨ ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠳᠤᠭᠤᠰᠢᠯᠠᠭᠤᠯᠤᠨ ᠨᠠᠶᠢᠳᠠᠪᠤᠷᠢᠵᠢᠭᠤᠯᠪᠡ᠃ 11 ᠰᠠᠷ᠎ᠠ ᠶᠢᠨ 22  ᠤᠨ ᠡᠳᠦᠷ᠂ ᠬᠤᠸᠠᠳᠧ ᠰᠢᠶᠠᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠰᠢᠶᠠᠨ ᠤ ᠪᠣᠯᠪᠠᠰᠤᠨ ᠤ ᠦᠢᠯᠡᠳᠦᠯᠭᠡ ᠶᠢᠨ ᠲᠥᠪ ᠤᠨ ᠬᠢᠨ ᠰᠢᠶᠠᠨ ᠤ ᠤᠯᠠᠭᠠᠨᠮᠥ᠋ᠴᠢᠷ ᠲᠠᠢ ᠬᠤᠯᠪᠤᠭᠠᠯᠠᠨ ᠴᠣᠣᠶᠠᠩ ᠪᠠᠯᠭᠠᠰᠤᠨ ᠳᠤ ᠬᠦᠷᠴᠦ ᠨᠠᠮ ᠤᠨ ᠬᠤᠷᠢᠳᠤᠭᠠᠷ ᠶᠡᠭᠡ ᠬᠤᠷᠠᠯ ᠢ ᠤᠬᠠᠭᠤᠯᠬᠤ᠂ ︽ᠪᠠᠶᠠᠷ ᠪᠠᠶᠠᠰᠤᠯ ᠢ ᠬᠦᠷᠭᠡᠬᠦ᠂ ᠪᠣᠯᠪᠠᠰᠤᠨ ᠢ ᠬᠦᠷᠭᠡᠬᠦ︾ ᠶᠢ ᠦᠨᠳᠦᠰᠦᠨ ᠱᠠᠲᠤᠨ ᠳᠤ ᠪᠠᠭᠤᠯᠭᠠᠵᠤ ᠲᠣᠭᠯᠠᠯᠲᠠ ᠭᠠᠷᠭᠠᠬᠤ ᠠᠵᠢᠯᠯᠠᠭ᠎ᠠ ᠥᠷᠨᠢᠭᠦᠯᠵᠦ᠂ ︽ᠤᠬᠠᠭᠤᠯᠤᠨ ᠲᠠᠶᠢᠯᠪᠤᠷᠢᠯᠠᠬᠤ + ᠤᠳᠬ᠎ᠠ ᠤᠷᠠᠯᠢᠭ︾ ᠤᠨ ᠬᠡᠯᠪᠡᠷᠢ ᠪᠠᠷ ᠨᠠᠮ ᠤᠨ ︽ᠰᠠᠶᠢᠨ ᠳᠠᠭᠤᠨ︾ ᠢ ᠳᠠᠮᠵᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠨ ᠱᠠᠲᠤᠨ ᠤ ᠮᠠᠯᠴᠢᠨ ᠲᠠᠷᠢᠶᠠᠴᠢᠨ ᠤ ᠰᠡᠳᠬᠢᠯ ᠳᠤ ᠬᠠᠳᠠᠩᠰᠢᠭᠤᠯᠵᠠᠢ᠃     ᠲᠣᠭᠯᠠᠯᠲᠠ ᠨᠢ ︽ᠪᠠᠳᠠᠷᠠᠯᠲᠤ ᠴᠠᠭ ᠤᠨ ᠥᠯᠵᠡᠢ ᠪᠡᠯᠭᠡ︾ ᠶᠢᠨ ᠪᠥᠵᠢᠭ ᠤᠨ ᠳᠤᠮᠳᠠ ᠬᠥᠰᠢᠭᠡ ᠪᠠᠨ ᠰᠡᠬᠦᠵᠦ᠂ ︽ᠪᠠᠶᠠᠰᠬᠤᠯᠠᠩᠲᠤ ᠲᠠᠯ᠎ᠠ ᠨᠤᠲᠤᠭ︾ ︽ᠨᠤᠲᠤᠭ ᠤᠨ ᠳᠠᠭᠤᠤ ᠶᠢ ᠨᠠᠮ ᠳᠠᠭᠠᠨ ᠳᠠᠭᠤᠯᠠᠨ᠎ᠠ︾᠂ ︽ᠪᠠᠭ᠎ᠠ ᠠᠶᠠᠯᠭᠤᠲᠤ ᠢᠨᠠᠭ ᠤᠨ ᠳᠠᠭᠤᠤ︾᠂ ︽ᠬᠤᠶᠠᠷ ᠬᠥᠮᠥᠨ ᠤ ᠲᠠᠶᠢᠰᠠ︾᠂ ︽ᠪᠡᠷᠭᠡᠨ ᠨᠣᠭᠤᠭ᠎ᠠ ᠳᠠᠮᠨᠠᠬᠤ︾᠂ ᠯᠢᠮᠪᠦ ᠶᠢᠨ ᠭᠤᠴᠣᠯᠠᠯ ᠬᠥᠭᠵᠢᠮ ᠵᠡᠷᠭᠡ ᠲᠣᠭᠯᠠᠯᠲᠠ ᠶᠢ ᠭᠤᠶᠢᠳᠠ ᠰᠠᠶᠢᠬᠠᠨ ᠲᠣᠭᠯᠠᠵᠤ᠂ ᠲᠣᠭᠯᠠᠭᠴᠢᠳ ᠨᠢᠭᠡ ᠨᠢᠭᠡ ᠪᠠᠷ ᠢᠶᠠᠨ ᠴᠤᠭ ᠵᠢᠪᠬᠤᠭ᠎ᠠ ᠲᠠᠢ᠂ ᠠᠩᠬᠠᠷᠤᠯ ᠢᠶᠠᠨ ᠲᠥᠪᠯᠡᠷᠡᠭᠦᠯᠦᠭᠰᠡᠨ ᠲᠣᠭᠯᠠᠯᠲᠠ᠂ ᠭᠡᠷᠡᠯ ᠰᠠᠴᠤᠷᠠᠩᠭᠤᠢ ᠢᠨᠢᠶᠡᠳᠦ ᠪᠣᠯᠣᠨ ᠰᠣᠨᠣᠰᠪᠤᠷᠢᠲᠠᠢ ᠳᠠᠭᠤᠤ ᠨᠢ ᠤᠯᠠᠨ ᠲᠦᠮᠡᠨ ᠤ ᠬᠠᠯᠠᠭᠤᠨ ᠠᠯᠠᠭ᠎ᠠ ᠲᠡᠰᠢᠯᠲᠡ ᠶᠢ ᠣᠯᠪᠠ᠃     ᠲᠣᠭᠯᠠᠯᠲᠠ ᠳᠠᠭᠤᠰᠤᠭᠰᠠᠨ ᠤ ᠳᠠᠷᠠᠭ᠎ᠠ᠂ ᠠᠩᠭᠢ ᠶᠢᠨ ᠭᠡᠰᠢᠭᠦᠳ ᠬᠤᠶᠠᠷ ᠰᠠᠯᠪᠤᠷᠢ ᠪᠠᠭ᠎ᠠ ᠠᠩᠭᠢ ᠪᠣᠯᠣᠨ ᠬᠤᠪᠢᠶᠠᠭᠳᠠᠵᠤ᠂ ᠬᠥᠳᠡᠯᠵᠦ ᠪᠠᠷᠢᠬᠤ ᠳᠤ ᠳᠥᠭᠦᠮ ᠦᠭᠡᠢ ᠨᠠᠰᠤᠲᠠᠨ ᠤ ᠳᠤᠮᠳᠠ ᠭᠦᠨᠵᠡᠭᠡᠶᠢᠷᠡᠵᠦ᠂ ᠨᠠᠷᠢᠨ ᠨᠢᠮᠪᠠᠢ ᠨᠠᠶᠢᠷᠠᠭᠤᠯᠤᠭᠰᠠᠨ ᠪᠥᠵᠢᠭ᠂ ᠳᠠᠭᠤᠤ᠂ ᠬᠥᠭᠵᠢᠮ ᠵᠡᠷᠭᠡ ᠦᠨᠳᠦᠰᠦᠲᠡᠨ ᠤ ᠣᠨᠴᠠᠯᠢᠭ ᠲᠠᠢ ᠲᠣᠭᠯᠠᠯᠲᠠ ᠪᠠᠨ ᠲᠡᠳᠡᠨ ᠳᠤ ᠡᠷᠭᠦᠵᠦ᠂ ᠨᠠᠰᠤᠲᠠᠨ ᠤ ᠢᠨᠢᠶᠡᠮᠰᠦᠩᠭᠦᠢ ᠴᠢᠷᠠᠢ ᠠᠴᠠ ᠲᠡᠳᠡᠨ ᠤ ᠵᠣᠯ ᠵᠢᠷᠭᠠᠯᠲᠤ ᠠᠮᠢᠳᠤᠷᠠᠯ ᠢ ᠮᠡᠳᠡᠷᠡᠪᠡ᠃     ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠰᠠᠶᠢᠨ ᠳᠤᠷ᠎ᠠ ᠶᠢᠨ ᠠᠵᠢᠯᠯᠠᠭᠴᠢ ᠨᠠᠷ ᠲᠤᠬᠠᠢ ᠶᠢᠨ ᠲᠠᠯᠠᠪᠠᠢ ᠶᠢᠨ ᠦᠵᠡᠭᠴᠢᠳ ᠲᠤ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠵᠤ᠂ ᠲᠡᠳᠡᠨ ᠳᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢ ᠲᠠᠶᠢᠯᠪᠤᠷᠢᠯᠠᠨ ᠥᠭᠴᠦ᠂ ᠤᠯᠠᠨ ᠲᠦᠮᠡᠨ ᠤ ᠰᠣᠨᠣᠰᠬᠤ ᠳᠤᠷᠠᠲᠠᠢ᠂ ᠣᠶᠢᠯᠠᠭᠠᠬᠤ ᠳᠤᠷᠠᠲᠠᠢ᠂ ᠰᠣᠨᠣᠰᠬᠤ ᠭᠦᠨᠳᠡᠯ ᠲᠠᠢ ᠠᠷᠭ᠎ᠠ ᠬᠡᠯᠪᠡᠷᠢ ᠪᠠᠷ ᠨᠠᠮ ᠤᠨ ᠳᠠᠭᠤᠨ ᠪᠣᠯᠣᠨ ᠵᠣᠷᠢᠭ ᠰᠠᠨᠠᠭ᠎ᠠ ᠶᠢ ᠤᠯᠠᠮᠵᠢᠯᠠᠪᠠ᠃     ᠳᠠᠷᠠᠭᠠᠴᠢ ᠶᠢᠨ ᠠᠯᠬᠤᠮ ᠳᠤ᠂ ᠬᠤᠸᠠᠳᠧ ᠰᠢᠶᠠᠨ ᠤ ᠤᠯᠠᠭᠠᠨᠮᠥ᠋ᠴᠢᠷ ᠠᠴᠠ ᠠᠷᠠᠳ ᠲᠦᠮᠡᠨ ᠢᠶᠠᠷ ᠭᠤᠣᠯ ᠪᠣᠯᠭᠠᠬᠤ ᠵᠣᠬᠢᠶᠠᠨ ᠪᠦᠲᠦᠭᠡᠬᠦ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠶᠢ ᠴᠥᠬᠦᠷᠡᠰᠢ ᠦᠭᠡᠢ ᠪᠠᠷᠢᠮᠲᠠᠯᠠᠵᠤ᠂ ᠲᠠᠯ᠎ᠠ ᠨᠤᠲᠤᠭ ᠲᠤ ᠦᠨᠳᠦᠰᠦᠯᠡᠵᠦ᠂ ᠤᠯᠠᠨ ᠲᠦᠮᠡᠨ ᠲᠠᠢ ᠣᠶᠢᠷᠠᠳᠴᠤ᠂ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠤᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠤᠷᠠᠯᠢᠭ ᠤᠨ ᠬᠡᠯᠪᠡᠷᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠵᠢᠴᠢ ᠱᠤᠭᠤᠮ᠂ ᠴᠢᠭᠯᠡᠯᠲᠡ᠂ ᠲᠦᠷᠦ ᠶᠢᠨ ᠪᠣᠳᠣᠯᠭ᠎ᠠ ᠶᠢ ᠤᠬᠠᠭᠤᠯᠵᠤ᠂ ᠠᠷᠠᠳ ᠤᠯᠠᠨ ᠪᠣᠯᠣᠨ ᠨᠠᠮ ᠤᠨ ᠨᠢᠭᠡ ᠰᠡᠳᠬᠢᠯ ᠬᠠᠮᠲᠤ ᠶᠢᠨ ᠴᠢᠭᠯᠡᠯ ᠲᠠᠢ ᠤᠶᠤᠨ ᠰᠠᠨᠠᠭᠠᠨ ᠤ ᠬᠦᠴᠦᠨ ᠢ ᠬᠦᠴᠦᠲᠡᠢ ᠨᠢᠭᠲᠠᠷᠠᠭᠤᠯᠵᠤ᠂ ᠥᠨᠢ ᠡᠭᠦᠷᠢᠳᠡ ᠲᠠᠯ᠎ᠠ ᠨᠤᠲᠤᠭ ᠤᠨ ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ ᠪᠣᠯᠤᠨ᠎ᠡ᠃
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2