ᠨᠠᠮᠤᠷ ᠤᠨ ᠬᠤᠷᠢᠶᠠᠯᠲᠠ ᠶᠢᠨ ᠠᠵᠢᠯ ᠦᠨᠳᠦᠰᠦᠨ ᠳᠡᠭᠡᠨ ᠳᠠᠭᠤᠰᠴᠤ ᠳᠥᠷᠪᠡᠳ ᠬᠤᠰᠢᠭᠤᠨ ᠤ ᠲᠠᠷᠢᠮᠠᠯ ᠤᠨ ᠪᠣᠷᠤᠯᠠᠭᠤᠯᠭ᠎ᠠ 17.35 ᠳ᠋ᠦᠩᠰᠢᠭᠤᠷ ᠵᠢᠩ ᠪᠣᠯᠪᠠ
ᠨᠡᠶᠢᠲᠡᠯᠡᠭᠰᠡᠨ ᠴᠠᠭ᠄
2022/11/28
    ᠣᠶᠢᠷ᠎ᠠ ᠳᠤ᠂ ᠳᠥᠷᠪᠡᠳ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠢᠯᠡᠷᠬᠡᠶᠢᠯᠡᠭᠰᠡᠨ ᠢᠶᠠᠷ᠂ ᠡᠨᠡ ᠵᠢᠯ ᠪᠥᠬᠦ ᠬᠤᠰᠢᠭᠤᠨ ᠤ ᠨᠠᠮᠤᠷ ᠤᠨ ᠬᠤᠷᠢᠶᠠᠯᠲᠠ ᠶᠢᠨ ᠠᠵᠢᠯ ᠦᠨᠳᠦᠰᠦᠨ ᠳᠡᠭᠡᠨ ᠳᠠᠭᠤᠰᠴᠤ᠂ ᠲᠠᠷᠢᠮᠠᠯ ᠤᠨ ᠵᠦᠢᠯ ᠤᠨ ᠪᠣᠷᠤᠯᠠᠭᠤᠯᠭ᠎ᠠ 17.35 ᠳ᠋ᠦᠩᠰᠢᠭᠤᠷ ᠵᠢᠩ ᠳᠤ ᠬᠦᠷᠴᠡᠢ︔ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠪᠣᠷᠤᠯᠠᠭᠤᠯᠭ᠎ᠠ ᠶᠢᠨ ᠵᠠᠮ ᠮᠥᠷ ᠰᠠᠭᠠᠳ ᠦᠭᠡᠢ ᠨᠡᠪᠲᠡᠷᠡᠵᠦ᠂ ᠠᠮᠢᠳᠤ ᠮᠠᠯ ᠢ 70.3 ᠲᠦᠮᠡ ︵ᠲᠣᠯᠣᠭᠠᠢ︶ ᠭᠠᠷᠭᠠᠵᠤ᠂ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ 5767 ᠲᠣᠨ ᠪᠣᠷᠣᠯᠠᠭᠤᠯᠪᠠ᠃     ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠤ᠂ ᠳᠥᠷᠪᠡᠳ ᠬᠤᠰᠢᠭᠤᠨ ᠤ ᠡᠯ᠎ᠡ ᠭᠠᠵᠠᠷ ᠤᠨ ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠵᠦᠷᠢᠶᠡᠴᠢᠯᠡᠭᠰᠡᠨ ᠰᠡᠷᠭᠡᠶᠢᠯᠡᠨ ᠡᠵᠡᠮᠳᠡᠬᠦ ᠪᠠ ᠪᠦᠲᠦᠮᠵᠢᠲᠡᠶ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠠᠪᠴᠤ᠂ ᠮᠠᠯᠴᠢᠨ ᠲᠠᠷᠢᠶᠠᠴᠢᠨ ᠢ ᠲᠠᠷᠢᠶᠠᠨ ᠭᠠᠵᠠᠷ ᠪᠠᠭᠤᠯᠭᠠᠬᠤ᠂ ᠲᠠᠷᠢᠶᠠᠯᠠᠩ ᠤᠨ ᠮᠠᠰᠢᠨ ᠢ ᠲᠠᠷᠢᠶᠠᠨ ᠭᠠᠵᠠᠷ ᠪᠠᠭᠤᠯᠭᠠᠬᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠰᠢᠯᠵᠢᠭᠦᠯᠦᠨ ᠲᠡᠭᠡᠭᠡᠪᠦᠷᠢᠯᠡᠬᠦ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠡᠳ᠋ ᠪᠣᠳᠠᠰ ᠵᠢᠴᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠪᠣᠷᠤᠯᠠᠭᠤᠯᠭ᠎ᠠ ᠶᠢᠨ ᠵᠠᠮ ᠮᠥᠷ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠨᠠᠮᠤᠷ ᠤᠨ ᠬᠤᠷᠢᠶᠠᠯᠲᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠪᠠ᠃     ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢᠨ ᠬᠠᠮᠲᠤ ᠳᠥᠷᠪᠡᠳ ᠬᠤᠰᠢᠭᠤᠨ ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠢᠭᠡᠳᠦᠯᠲᠡᠢ ᠲᠥᠯᠥᠪᠯᠡᠨ ᠨᠡᠶᠢᠲᠡ ᠳᠤᠨᠢ ᠬᠠᠷᠠᠭᠠᠯᠵᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠰᠠᠶᠢᠲᠤᠷ ᠠᠳᠬᠤᠬᠤ ᠮᠥᠷᠲᠡᠭᠡᠨ ᠦᠢᠯᠡᠴᠢᠯᠡᠭᠡ ᠵᠣᠬᠢᠴᠠᠭᠤᠯᠭ᠎ᠠ ᠶᠢ ᠴᠤ ᠰᠠᠶᠢᠲᠤᠷ ᠠᠳᠬᠤᠵᠤ᠂ ᠠᠷᠭ᠎ᠠ ᠪᠦᠬᠦᠨ ᠢ ᠰᠦᠪᠡᠭᠴᠢᠯᠡᠨ ᠲᠠᠷᠢᠶᠠᠯᠠᠩ ᠤᠨ ᠪᠦᠲᠦᠭᠡᠭᠳᠡᠬᠦᠨ ᠤ ᠪᠣᠷᠤᠯᠠᠭᠤᠯᠭ᠎ᠠ ᠳᠤ ᠬᠦᠴᠦᠨ ᠨᠡᠮᠡᠷᠢᠯᠡᠵᠦ᠂ ᠤᠯᠠᠷᠢᠯ ᠤᠨ ᠲᠠᠷᠢᠶᠠᠯᠠᠩ ᠤᠨ ᠪᠦᠲᠦᠭᠡᠭᠳᠡᠬᠦᠨ ᠤ ᠪᠣᠷᠤᠯᠠᠭᠤᠯᠭ᠎ᠠ ᠶᠢᠨ ᠵᠠᠮ ᠮᠥᠷ ᠤᠨ ᠰᠠᠭᠠᠳ ᠦᠭᠡᠢ ᠨᠡᠪᠲᠡᠷᠡᠬᠦ ᠶᠢ ᠦᠨᠡᠨ ᠬᠦ ᠪᠠᠲᠤᠯᠠᠪᠠ᠃      ᠣᠲᠣ ᠪᠣᠯᠲᠠᠯ᠎ᠠ᠂ ᠪᠥᠬᠦ ᠬᠤᠰᠢᠭᠤᠨ ᠤ ᠲᠠᠷᠢᠮᠠᠯ ᠤᠨ ᠲᠠᠷᠢᠮᠠᠯ ᠤᠨ ᠲᠠᠯᠠᠪᠠᠶ 189.34 ᠲᠦᠮᠡᠨ ᠮᠦ ᠳᠤ ᠬᠦᠷᠴᠦ᠂ ᠪᠥᠬᠦ ᠬᠤᠷᠢᠶᠠᠯᠲᠠ ᠳᠠᠭᠤᠰᠴᠤ᠂ ᠶᠡᠷᠦᠩᠬᠡᠢ ᠤᠨᠠᠯᠲᠠ ᠨᠢ 20.37 ᠳ᠋ᠦᠩᠰᠢᠭᠤᠷ ᠵᠢᠩ ᠳᠤ ᠬᠦᠷᠴᠦ᠂ ᠶᠡᠷᠦᠩᠬᠡᠢ ᠥᠷᠲᠡᠭ ᠨᠢ 13.2 ᠳ᠋ᠦᠩᠰᠢᠭᠤᠷ ᠲᠥᠭᠦᠷᠢᠭ ᠲᠤ ᠬᠦᠷᠴᠡᠢ᠃ ᠪᠥᠬᠦ ᠬᠤᠰᠢᠭᠤᠨ ᠤ ᠠᠮᠢᠳᠤ ᠮᠠᠯ ︵ᠭᠠᠭ᠋ᠠᠢ᠂ ᠬᠤᠨᠢ᠂ ᠦᠬᠡᠷ︶ 70.3 ᠲᠦᠮᠡ ︵ᠠᠮᠠ᠂ ᠲᠣᠯᠣᠭᠠᠢ︶ ᠭᠠᠷᠭᠠᠵᠤ᠂ ᠮᠢᠬᠠᠨ ᠤ ᠭᠠᠷᠤᠯᠲᠠ ᠨᠢ 2538 ᠲᠦᠮᠡᠨ ᠵᠢᠩ ᠳᠤ ᠬᠦᠷᠴᠦ᠂ ᠪᠥᠬᠦ ᠥᠷᠲᠡᠭ ᠨᠢ 9.4 ᠳ᠋ᠦᠩᠰᠢᠭᠤᠷ ᠲᠥᠭᠦᠷᠢᠭ ᠲᠤ ᠬᠦᠷᠴᠡᠢ᠃ ᠪᠥᠬᠦ ᠬᠤᠰᠢᠭᠤᠨ ᠤ ᠮᠠᠯ ᠤᠨ ᠠᠰᠢᠭ ᠰᠢᠮ᠎ᠡ ᠶᠢᠨ ᠪᠣᠷᠣᠯᠠᠭᠤᠯᠤᠯᠲᠠ ᠶᠢᠨ ᠪᠠᠶᠢᠳᠠᠯ ᠳᠤ᠂ ᠢᠮᠠᠭᠠᠨ ᠨᠣᠯᠤᠥᠷ ᠢ ᠨᠡᠶᠢᠲᠡ 52 ᠲᠣᠨ ᠬᠤᠳᠠᠯᠳᠤᠵᠤ᠂ ᠪᠣᠷᠣᠯᠠᠭᠤᠯᠤᠯᠲᠠ ᠶᠢᠨ ᠬᠡᠮᠵᠢᠶ᠎ᠡ ᠨᠢ 1560 ᠲᠦᠮᠡᠨ ᠲᠥᠭᠦᠷᠢᠭ ᠪᠣᠯᠣᠨ᠎ᠠ︔ ᠬᠤᠨᠢᠨ ᠨᠣᠣᠰᠣ ᠶᠢ ᠨᠡᠶᠢᠳᠡ 1701 ᠲᠣᠨ ᠬᠤᠳᠠᠯᠳᠤᠵᠤ᠂ ᠪᠣᠷᠣᠯᠠᠭᠤᠯᠤᠯᠲᠠ ᠶᠢᠨ ᠬᠡᠮᠵᠢᠶ᠎ᠡ ᠨᠢ 1361 ᠲᠦᠮᠡᠨ ᠲᠥᠭᠦᠷᠢᠭ︔ 1220 ᠰᠠᠭᠠᠯᠢ ᠶᠢᠨ ᠦᠨᠢᠶ᠎ᠡ ᠲᠠᠢ᠂ ᠵᠢᠯ ᠳᠤ 4014 ᠲᠣᠨ ᠰᠠᠭᠠᠯᠢ ᠶᠢᠨ ᠦᠨᠢᠶ᠎ᠡ ᠲᠠᠢ᠂ ᠪᠣᠷᠣᠯᠠᠭᠤᠯᠤᠯᠲᠠ ᠶᠢᠨ ᠬᠡᠮᠵᠢᠶ᠎ᠡ ᠨᠢ 2408 ᠲᠦᠮᠡᠨ ᠲᠥᠭᠦᠷᠢᠭ ᠪᠣᠯᠣᠨ᠎ᠠ᠃                            ᠤᠷᠴᠢᠭᠤᠯᠤᠭᠴᠢ᠄ ᠬᠦᠰᠡᠯ                            ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2