ᠬᠤᠲᠠ ᠶᠢᠨ ᠤᠳᠤᠷᠢᠳᠤᠯᠭ᠎ᠠ ᠲᠥᠪ ᠬᠤᠲᠠ ᠶᠢᠨ ᠲᠣᠭᠤᠷᠢᠭ ᠤᠨ ᠴᠡᠴᠡᠷᠯᠢᠭᠵᠢᠭᠦᠯᠦᠨ ᠨᠣᠭᠤᠭᠠᠷᠠᠭᠤᠯᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/11/29
    11 ᠰᠠᠷ᠎ᠠ ᠶᠢᠨ 26 ᠤ ᠡᠳᠦᠷ᠂ ᠬᠤᠲᠠ ᠶᠢᠨ ᠳᠡᠳ᠋ ᠳᠠᠷᠤᠭ᠎ᠠ ᠢᠦᠢ ᠬᠠᠢ ᠴᠧᠩ ᠲᠥᠪ ᠬᠤᠲᠠ ᠶᠢᠨ ᠲᠣᠭᠤᠷᠢᠭ ᠲᠤ ᠭᠦᠨᠵᠡᠭᠡᠶᠢᠷᠡᠨ᠂ ᠬᠤᠲᠠ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠵᠦᠯᠭᠡ ᠭᠠᠵᠠᠷ ᠢ ᠠᠷᠠᠴᠢᠯᠠᠨ ᠬᠠᠮᠠᠭᠠᠯᠠᠬᠤ ᠠᠵᠢᠯ ᠤᠨ ᠲᠤᠬᠠᠢ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠬᠢᠪᠡ᠃     ᠢᠦᠢ ᠬᠠᠢ ᠴᠧᠩ ᠪᠠᠶᠢᠭᠤᠯᠬᠤ ᠪᠠᠷ ᠪᠠᠶᠢᠭ᠎ᠠ ︽ᠬᠠᠷᠮᠠᠨ ᠴᠡᠴᠡᠷᠯᠢᠭ︾᠂ ᠪᠡᠶ᠎ᠡ ᠶᠢᠨ ᠲᠠᠮᠢᠷ ᠤᠨ ᠴᠡᠴᠡᠷᠯᠢᠭ᠂ ᠭᠤᠣᠯᠳᠠᠯᠭ᠎ᠠ ᠲᠠᠢ ᠨᠣᠭᠤᠭᠠᠨ ᠭᠠᠵᠠᠷ ᠢ ᠠᠷᠠᠴᠢᠯᠠᠨ ᠬᠠᠮᠠᠭᠠᠯᠠᠬᠤ ᠵᠢᠴᠢ ᠪᠠᠶᠢᠭᠤᠯᠵᠤ ᠪᠠᠶᠢᠭ᠎ᠠ ᠭᠤᠣᠯᠳᠠᠯᠭ᠎ᠠ ᠲᠠᠢ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠬᠦᠷᠴᠦ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠡᠢ᠃ ᠲᠡᠷᠡ᠂ ᠬᠤᠳᠠ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠠᠵᠢᠯ ᠨᠢ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠲᠠᠢ ᠬᠤᠯᠪᠣᠭᠳᠠᠵᠤ᠂ ᠬᠤᠳᠠ ᠶᠢᠨ ᠳᠦᠷᠢ ᠲᠥᠷᠬᠦ ᠲᠠᠢ ᠬᠤᠯᠪᠣᠭᠳᠠᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠲᠠᠢ ᠬᠤᠯᠪᠣᠭᠳᠠᠨ᠎ᠠ᠂ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠠᠵᠢᠯ ᠤᠨ ᠬᠤᠳᠠ ᠶᠢᠨ ᠪᠦᠲᠦᠭᠡᠨ ᠪᠠᠶᠢᠭᠤᠯᠤᠯᠲᠠ ᠳᠠᠬᠢ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ︽ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠭᠦᠯᠬᠦ︾ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠷᠠᠳ ᠤᠨ ᠰᠠᠨᠠᠭ᠎ᠠ ᠳᠤ ᠨᠡᠶᠢᠴᠡᠭᠦᠯᠵᠦ᠂ ᠠᠷᠠᠳ ᠤᠨ ᠪᠠᠶᠢᠳᠠᠯ ᠳᠤ ᠨᠡᠶᠢᠴᠡᠭᠦᠯᠵᠦ᠂ ᠡᠯ᠎ᠡ ᠰᠠᠯᠠᠭ᠎ᠠ ᠮᠥᠴᠢᠷ ᠢ ᠬᠠᠷᠢᠯᠴᠠᠨ ᠬᠠᠮᠵᠢᠯᠴᠠᠭᠤᠯᠵᠤ᠂ ᠥᠨᠳᠥᠷ ᠦᠷ᠎ᠡ ᠠᠰᠢᠭ ᠳᠣᠣᠷ᠎ᠠ ᠥᠪᠡᠷ ᠤᠨ ᠦᠷᠳᠡᠭ ᠢᠶᠠᠷ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠠᠵᠢᠯ ᠢ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃                                ᠵᠣᠬᠢᠶᠠᠭᠴᠢ᠄ ᠰᠦᠨ ᠭᠦᠸᠧ ᠵᠢᠶᠦ᠋ᠨ                                ᠤᠷᠴᠢᠭᠤᠯᠤᠭᠴᠢ᠄ ᠬᠦᠰᠡᠯ                                ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2