| 11 ᠰᠠᠷ᠎ᠠ ᠶᠢᠨ 29 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠬᠤᠷᠠᠯᠳᠤᠭᠤᠯᠪᠠ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠾᠧᠨᠠᠨ ᠤ ᠠᠨᠶᠠᠩ ᠬᠤᠲᠠ ᠶᠢᠨ ᠺᠠᠢ ᠰᠢᠨ ᠳ᠋ᠡ | ᠬᠤᠳᠠᠯᠳᠤᠭ᠎ᠠ ᠠᠷᠠᠯᠵᠢᠶᠠᠨ ᠤ ᠬᠢᠵᠠᠭᠠᠷᠲᠤ ᠺᠣᠮᠫᠠᠨᠢ ᠶᠢᠨ ᠭᠠᠯ ᠠᠯᠳᠠᠭᠰᠠᠨ ᠬᠡᠷᠡᠭ ᠲᠤ ᠭᠠᠷᠭᠠᠭᠰᠠᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ 11 ᠳ᠋ᠤᠭᠡᠷ ᠰᠠᠷ᠎ᠠ ᠶᠢᠨ 25 ᠤ ᠡᠳᠦᠷ ᠤᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠪᠠ᠃ ᠬᠤᠷᠠᠯ ᠠᠴᠠ᠂ ᠡᠯ᠎ᠡ ᠲᠦᠷᠦᠯ ᠤᠨ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ︽ᠴᠠᠭ | ᠢᠮᠠᠭᠲᠠ ᠰᠠᠨᠠᠭ᠎ᠠ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠤᠨ | ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠬᠦᠨᠳᠦ ᠣᠨᠴᠠ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠨ | ᠬᠤᠷᠢᠭᠯᠠᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ | ᠬᠡᠷᠡᠭᠲᠡᠢ᠃ ᠵᠠᠮ ᠬᠠᠷᠢᠯᠴᠠᠭ᠎ᠠ᠂ ᠠᠭᠤᠷᠬᠠᠢ᠂ ᠠᠶᠤᠯᠲᠠᠢ ᠬᠢᠮᠢ ᠶᠢᠨ ᠪᠣᠳᠠᠰ᠂ ᠪᠠᠷᠢᠯᠭ᠎ᠠ ᠶᠢᠨ ᠭᠠᠵᠠᠷ᠂ ᠰᠢᠲᠠᠮᠠᠬᠠᠢ | ᠬᠡᠢ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠤ ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠬᠦ | ᠲᠠᠯ᠎ᠠ ᠪᠠᠷ ᠪᠠᠶᠢᠴᠠᠭᠠᠵᠤ᠂ ᠠᠶᠤᠯ ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠬᠦ ᠬᠡᠷᠡᠭᠲᠡᠢ᠃ ᠡᠯ᠎ᠡ ᠲᠠᠯ᠎ᠠ ᠶᠢᠨ | ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠱᠠᠲᠤ ᠱᠠᠲᠤ ᠪᠠᠷ ᠳᠠᠷᠤᠯᠲᠠ ᠥᠭᠴᠦ᠂ ᠠᠮᠤᠷ ᠲᠦᠪᠰᠢᠨ ᠤ | ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠬᠢᠵᠢᠭ ᠤᠨ ᠪᠠᠶᠢᠳᠠᠯ ᠢ ᠰᠡᠷᠭᠡᠶᠢᠯᠡᠬᠦ᠂ ᠠᠵᠤ ᠠᠬᠤᠢ ᠶᠢ ᠲᠣᠭᠲᠠᠪᠤᠷᠢᠵᠢᠭᠤᠯᠬᠤ᠂ | ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ ᠱᠠᠭᠠᠷᠳᠠᠯᠭ᠎ᠠ ᠶᠣᠰᠣᠭᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠥᠨᠳᠥᠷ ᠪᠦᠲᠦᠮᠵᠢᠲᠡᠢ ᠨᠢᠭᠡᠳᠦᠯᠲᠡᠢ ᠲᠥᠯᠥᠪᠵᠢᠭᠦᠯᠵᠦ᠂ | ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠢ ᠬᠠᠮᠤᠭ ᠤᠨ | ᠶᠡᠭᠡ ᠬᠡᠮᠵᠢᠶ᠎ᠡ ᠪᠠᠷ ᠬᠠᠮᠠᠭᠠᠯᠠᠵᠤ᠂ ᠬᠢᠵᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠬᠦ | ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠢ᠃ ᠰᠢᠨᠵᠢᠯᠡᠬᠦ ᠤᠬᠠᠭᠠᠨᠴᠢ ᠪᠠᠷ ᠤᠨᠢᠨ ᠳᠡᠭᠡᠷ᠎ᠡ | ᠨᠢ ᠰᠡᠷᠭᠡᠶᠢᠯᠡᠨ ᠡᠵᠡᠮᠳᠡᠬᠦ ᠶᠢ ᠪᠠᠷᠢᠮᠲᠠᠯᠠᠵᠤ᠂ ᠪᠠᠶᠢᠩᠭᠤ ᠶᠢᠨ ᠰᠡᠷᠭᠡᠶᠢᠯᠡᠨ ᠡᠵᠡᠮᠳᠡᠬᠦ ᠴᠢᠳᠠᠪᠤᠷᠢ ᠪᠠᠨ ᠴᠢᠨᠠᠭᠰᠢᠳᠠ | ᠳᠡᠭᠡᠭᠰᠢᠯᠡᠭᠦᠯᠵᠦ᠂ ᠳᠤᠲᠠᠭᠤᠳᠠᠯ ᠢᠶᠠᠨ ᠨᠥᠬᠦᠪᠦᠷᠢᠯᠡᠵᠦ᠂ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠪᠦᠬᠦ ᠲᠠᠯ᠎ᠠ ᠪᠠᠷ ᠪᠠᠬᠢᠵᠢᠭᠦᠯᠬᠦ | ᠬᠡᠷᠡᠭᠲᠡᠢ ᠭᠡᠵᠤ ᠴᠢᠬᠤᠯᠠᠴᠢᠯᠠᠪᠠ᠃ | ᠵᠣᠬᠢᠶᠠᠭᠴᠢ᠄ ᠱᠣᠸ ᠮᠢᠨ ᠯᠢ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |