5 ᠰᠠᠷ᠎ᠠ ᠶᠢᠨ 23 ᠤ ᠡᠳᠦᠷ᠂ ᠮᠠᠨ ᠤ ᠬᠤᠲᠠ ᠳᠤᠮᠳᠠᠳᠤ ᠤᠯᠤᠰ ᠤᠨ ᠠᠯᠲᠠᠨ ᠤᠯᠤᠰ ᠤᠨ ᠲᠤᠭ᠎ᠠ | ᠪᠠᠷᠢᠮᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠲᠠᠢ ᠪᠡᠭᠡᠵᠢᠩ ᠥᠪᠥᠷ ᠮᠣᠩᠭᠤᠯ ᠤᠨ ᠬᠠᠮᠲᠤᠷᠠᠯᠴᠠᠭ᠎ᠠ — | ᠵᠡᠭᠦᠨ ᠤ ᠲᠤᠭ᠎ᠠ ᠪᠠᠷᠢᠮᠲᠠ ᠶᠢ ᠪᠠᠷᠠᠭᠤᠨ ᠳᠤ ᠪᠣᠳᠣᠬᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ | ᠲᠣᠭᠲᠠᠵᠤ᠂ ᠬᠤᠶᠠᠷ ᠲᠠᠯ᠎ᠠ ᠪᠠᠷ ᠢᠶᠠᠨ ᠲᠤᠭ᠎ᠠ ᠪᠠᠷᠢᠮᠲᠠ ᠶᠢᠨ ᠲᠥᠪ ᠤᠨ ᠪᠠᠯᠠ ᠣᠷᠣᠭᠤᠯᠤᠯᠲᠠ᠂ ᠪᠥᠲᠥᠭᠡᠨ | ᠪᠠᠶᠢᠭᠤᠯᠤᠯᠲᠠ᠂ ᠡᠵᠡᠩᠨᠡᠯᠲᠡ ᠶᠢᠨ ᠲᠠᠯ᠎ᠠ ᠪᠠᠷ ᠭᠦᠨᠵᠡᠭᠡᠶ ᠬᠠᠮᠲᠤᠷᠠᠯᠴᠠᠭ᠎ᠠ ᠥᠷᠨᠢᠭᠦᠯᠬᠦ ᠪᠠᠷ ᠪᠣᠶ᠃ | ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠴᠢ ᠹᠸᠢ ᠶᠦᠨ ᠭᠠᠷ ᠤᠨ | ᠦᠰᠦᠭ ᠵᠢᠷᠤᠬᠤ ᠶᠢᠨ ᠬᠠᠮᠲᠤ ᠶᠠᠷᠢᠶ᠎ᠠ ᠲᠠᠯᠪᠢᠵᠤ᠂ ᠵᠦᠩ ᠶᠢᠨ ᠲᠤᠭ᠎ᠠ ᠪᠠᠷᠢᠮᠲᠠ ᠶᠢᠨ ᠪᠦᠯᠦᠭᠯᠡᠯ ᠤᠨ ᠬᠢᠵᠠᠭᠠᠷᠲᠤ | ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠶᠠᠩ ᠵᠢᠶᠧ᠂ ᠬᠤᠸᠠ ᠸᠧᠢ ᠺᠣᠮᠫᠠᠨᠢ ᠶᠢᠨ ᠳᠡᠭᠡᠳᠦ ᠵᠡᠷᠭᠡ ᠶᠢᠨ | ᠳᠡᠳ᠋ ᠶᠡᠷᠦᠩᠬᠡᠢ ᠵᠠᠬᠢᠷᠤᠯ᠂ ᠬᠤᠸᠠ ᠸᠧᠢ ᠲᠤᠭ᠎ᠠ ᠪᠠᠷᠢᠮᠲᠠ ᠶᠢᠨ ᠲᠥᠪ ᠤᠨ ᠡᠨᠧᠷᠭᠢ ᠶᠢᠨ ᠨᠢᠭᠡᠳᠬᠡᠯ ᠠᠷᠮᠢ ᠶᠢᠨ | CEO ᠶᠠᠩ ᠶᠢᠦ ᠬᠦᠢ ᠵᠢᠴᠢ ᠮᠠᠨ ᠤ ᠬᠤᠳᠠ ᠶᠢᠨ ᠤᠳᠤᠷᠢᠳᠤᠯᠭ᠎ᠠ ᠶᠦᠨ ᠫᠧᠩ ᠭᠠᠩ᠂ ᠴᠠᠢ ᠶᠤᠸᠠᠢ ᠭᠠᠷ ᠤᠨ | ᠦᠰᠦᠭ ᠵᠢᠷᠤᠬᠤ ᠶᠣᠰᠣᠯᠠᠯ ᠳᠤ ᠣᠷᠣᠯᠴᠠᠪᠠ᠃ | ᠴᠢ ᠹᠸᠢ ᠶᠦᠨ ᠢᠯᠡᠷᠬᠡᠶᠢᠯᠡᠬᠦ ᠳᠡᠭᠡᠨ᠂ ᠤᠯᠠᠭᠠᠨᠴᠠᠪ ᠤᠨ ᠲᠣᠭᠠᠴᠢᠯᠠᠭᠰᠠᠨ ᠠᠵᠤ ᠠᠬᠤᠶ ᠶᠢᠨ | ᠬᠥᠭᠵᠢᠯᠲᠡ ᠶᠢᠨ ᠳᠠᠪᠠᠭᠤᠯᠢᠭ ᠢᠯᠡᠳᠲᠡ ᠪᠠᠶᠢᠨ᠎ᠠ᠂ ᠳᠤᠮᠳᠠᠳᠤ ᠤᠯᠤᠰ ᠤᠨ ᠵᠦᠩ ᠶᠢᠨ ᠲᠤᠭ᠎ᠠ ᠪᠠᠷᠢᠮᠲᠠ ᠶᠢᠨ | ᠪᠦᠯᠦᠭᠯᠡᠯ ᠤᠨ ᠬᠢᠵᠠᠭᠠᠷᠲᠤ ᠺᠣᠮᠫᠠᠨᠢ ᠪᠣᠯᠤᠨ ᠬᠤᠸᠠ ᠸᠧᠶ ᠺᠣᠮᠫᠠᠨᠢ ᠲᠣᠰ ᠤᠳᠠᠭᠠᠨ ᠤ ᠭᠡᠷ᠎ᠡ ᠲᠣᠭᠲᠠᠬᠤ ᠪᠠᠷ | ᠰᠢᠨ᠎ᠡ ᠭᠠᠷᠤᠭ᠎ᠠ ᠪᠣᠯᠭᠠᠵᠤ᠂ ᠤᠯᠠᠭᠠᠨᠴᠠᠪ ᠲᠤ ᠭᠦᠨᠵᠡᠭᠡᠶ ᠲᠠᠷᠢᠶᠠᠯᠠᠵᠤ᠂ ᠲᠣᠭᠠᠴᠢᠯᠠᠭᠰᠠᠨ ᠠᠵᠤ ᠦᠢᠯᠡᠰ ᠤᠨ | ᠴᠢᠨᠠᠷ ᠰᠠᠶᠢᠲᠠᠶ ᠬᠥᠭᠵᠢᠯᠲᠡ ᠶᠢ ᠨᠠᠩ ᠶᠡᠭᠡ ᠡᠷᠴᠢᠮ ᠢᠶᠠᠷ ᠳᠥᠯᠭᠢᠨ ᠠᠬᠢᠭᠤᠯᠬᠤ ᠶᠢ ᠬᠦᠰᠡᠵᠦ ᠪᠠᠶᠢᠨ᠎ᠠ᠃ | ᠤᠯᠠᠭᠠᠨᠴᠠᠪ ᠪᠥᠬᠦ ᠬᠦᠴᠦᠨ ᠢᠶᠠᠷ ᠢᠶᠠᠨ ︽ᠳᠡᠯᠭᠡᠭᠦᠷ ᠤᠨ ᠵᠠᠷᠤᠴᠠ︾ ᠪᠣᠯᠵᠣ᠂ ᠡᠯ᠎ᠡ ᠵᠦᠢᠯ ᠤᠨ ᠦᠢᠯᠡᠴᠢᠯᠡᠭᠡᠨ ᠤ | ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠭᠤᠷᠪᠠᠨ ᠲᠠᠯ᠎ᠠ ᠪᠠᠷ ᠢᠶᠠᠨ ᠬᠠᠷᠢᠯᠴᠠᠨ ᠠᠰᠢᠭ ᠬᠦᠷᠲᠡᠭᠡᠵᠦ | ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠦᠨ᠎ᠡ ᠭᠡᠵᠡᠢ᠃ | ᠶᠠᠩ ᠵᠢᠶᠧ ᠪᠣᠯᠤᠨ ᠶᠠᠩ ᠢᠤ ᠬᠦᠶ ᠴᠥᠮ ᠢᠯᠡᠷᠬᠡᠶᠢᠯᠡᠬᠦ ᠳᠡᠭᠡᠨ᠂ ᠤᠯᠠᠭᠠᠨᠴᠠᠪ ᠪᠥᠬᠦ ᠤᠯᠤᠰ ᠤᠨ ᠨᠢᠭᠡ | ᠴᠤᠭᠴᠠᠵᠢᠭᠰᠠᠨ ᠪᠤᠳᠤᠯᠭ᠎ᠠ ᠶᠢᠨ ᠬᠦᠴᠦᠨ ᠤ ᠰᠦᠯᠵᠢᠶᠡᠨ ᠤ ᠤᠯᠤᠰ ᠤᠨ ᠬᠦᠢᠰᠦ ᠴᠡᠭ ᠢᠶᠠᠷ ᠵᠥᠪᠰᠢᠶᠡᠷᠡᠭᠳᠡᠵᠦ᠂ | ︽ᠵᠡᠭᠦᠨ ᠤ ᠲᠤᠭ᠎ᠠ ᠪᠠᠷᠢᠮᠲᠠ ᠶᠢ ᠪᠠᠷᠠᠭᠤᠨ ᠳᠤ ᠪᠣᠳᠣᠬᠤ︾ ᠢᠨᠵᠧᠨᠧᠷᠢᠩ ᠳᠤ ᠢᠳᠡᠪᠬᠢᠲᠡᠶ ᠣᠷᠣᠯᠴᠠᠵᠤ᠂ | ᠲᠣᠭᠠᠴᠢᠯᠠᠭᠰᠠᠨ ᠠᠵᠤ ᠠᠬᠤᠶ ᠶᠢᠨ ᠬᠥᠭᠵᠢᠯᠲᠡ ᠶᠢᠨ ᠳᠠᠯᠳᠠ ᠬᠦᠴᠦᠨ ᠯᠤᠲᠤ ᠶᠡᠭᠡ ᠪᠠᠶᠢᠨ᠎ᠠ᠂ ᠲᠣᠰ ᠤᠳᠠᠭ᠎ᠠ | ᠭᠤᠷᠪᠠᠨ ᠲᠠᠯ᠎ᠠ ᠪᠠᠷ ᠢᠶᠠᠨ ᠭᠠᠷ ᠬᠤᠯᠪᠣᠨ ᠬᠠᠮᠲᠤᠷᠠᠯᠴᠠᠪᠠᠯ᠂ ᠲᠣᠭᠠᠴᠢᠯᠠᠭᠰᠠᠨ ᠠᠵᠤ ᠦᠢᠯᠡᠰ ᠤᠨ ᠬᠥᠭᠵᠢᠯᠲᠡ | ᠶᠢᠨ ᠰᠢᠨ᠎ᠡ ᠪᠠᠶᠢᠷᠢᠰᠢᠯ ᠢ ᠬᠠᠮᠲᠤ ᠪᠠᠷ ᠥᠷᠭᠡᠳᠬᠡᠬᠦ ᠨᠢ ᠯᠠᠪᠲᠠᠶ ᠶᠤᠮ ᠭᠡᠵᠡᠶ᠃ | ᠣᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ |