ᠰᠦᠶ ᠸᠧᠶ ᠵᠢᠶᠦ᠋ᠨ ᠬᠤᠲᠠ ᠶᠢᠨ ᠨᠠᠮ ᠤᠨ ᠬᠤᠷᠢᠶᠠᠨ ᠤ ᠲᠤᠰᠬᠠᠶ ᠰᠡᠳᠦᠪᠲᠦ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢ ᠰᠤᠳᠤᠯᠪᠠ
ᠨᠡᠶᠢᠲᠡᠯᠡᠭᠰᠡᠨ ᠴᠠᠭ᠄
2022/11/29
     7 ᠰᠠᠷ᠎ᠠ ᠶᠢᠨ 27 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠶ ᠸᠧᠶ ᠵᠢᠶᠦ᠋ᠨ ᠲᠤᠰᠬᠠᠶ ᠰᠡᠳᠦᠪᠲᠦ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠪᠣᠳᠠᠲᠠᠶ ᠠᠷᠭ᠎ᠠ ᠬᠡᠮᠵᠢᠶ᠎ᠡ ᠶᠢ ᠰᠤᠳᠤᠯᠤᠨ ᠪᠠᠶᠢᠷᠢᠯᠠᠭᠤᠯᠪᠠ᠃    ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠶᠦᠨ ᠫᠧᠩ ᠭᠠᠩ ᠬᠤᠷᠠᠯ ᠳᠤ ᠣᠷᠣᠯᠴᠠᠪᠠ᠃    ᠬᠤᠷᠠᠯ ᠠᠴᠠ᠂ ᠣᠲᠣ ᠦᠶ᠎ᠡ ᠶᠢᠨ ᠡᠨᠧᠷᠭᠢ ᠶᠢᠨ ᠠᠵᠤ ᠠᠬᠤᠶ ᠶᠢ ᠬᠥᠭᠵᠢᠭᠦᠯᠬᠦ ᠪᠣᠯ ᠮᠠᠨ ᠤ ᠬᠤᠲᠠ ᠶᠢᠨ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠴᠢᠬᠤᠯᠠ ᠠᠷᠭ᠎ᠠ ᠬᠡᠮᠵᠢᠶ᠎ᠡ ᠮᠥᠨ᠃ ᠰᠢᠨ᠎ᠡ ᠡᠨᠧᠷᠭᠢ ᠶᠢᠨ ᠨᠡᠭᠡᠭᠡᠨ ᠬᠥᠭᠵᠢᠭᠦᠯᠦᠯᠲᠡ ᠪᠦᠳᠦᠭᠡᠨ ᠪᠠᠶᠢᠭᠤᠯᠤᠯᠲᠠ ᠶᠢᠨ ᠴᠢᠬᠤᠯᠠ ᠶᠡᠭᠡ ᠠᠵᠠ ᠲᠣᠬᠢᠶᠠᠯ ᠢ ᠠᠮᠵᠢᠵᠤ᠂ ᠡᠬᠢ ᠪᠠᠶᠠᠯᠢᠭ᠂ ᠰᠢᠩᠭᠡᠭᠡᠬᠦ᠂ ᠬᠡᠷᠡᠭᠯᠡᠭᠡᠨ ᠤ ᠦᠵᠡᠭᠳᠡᠯ ᠵᠡᠷᠭᠡ ᠬᠠᠮ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠨᠢᠭᠡ ᠪᠦᠯᠦᠭ ᠨᠠᠶᠢᠳᠠᠪᠤᠷᠢᠵᠢᠭᠤᠯᠵᠤ ᠳᠡᠶᠢᠯᠬᠦ᠂ ᠡᠬᠢᠯᠡᠭᠦᠯᠵᠦ ᠳᠡᠶᠢᠯᠬᠦ ᠰᠠᠶᠢᠨ ᠲᠦᠷᠦᠯ ᠵᠦᠢᠯ ᠢ ᠱᠠᠯᠠᠪᠳᠠᠨ ᠲᠥᠯᠥᠪᠵᠢᠭᠦᠯᠵᠦ᠂ ᠡᠬᠢ ᠪᠠᠶᠠᠯᠢᠭ ᠤᠨ ᠳᠠᠪᠠᠭᠤᠯᠢᠭ ᠢ ᠰᠢᠨ᠎ᠡ ᠡᠨᠧᠷᠭᠢ ᠶᠢᠨ ᠠᠵᠤ ᠦᠢᠯᠡᠰ ᠤᠨ ᠳᠠᠪᠠᠭᠤᠯᠢᠭ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ᠂ ᠲᠥᠷᠥ ᠶᠢᠨ ᠪᠣᠳᠣᠯᠭ᠎ᠠ ᠶᠢ ᠰᠤᠳᠤᠯᠬᠤ ᠪᠠ ᠲᠥᠷᠥᠯ ᠵᠦᠢᠯ ᠢ ᠲᠥᠯᠥᠪᠯᠡᠬᠦ ᠶᠢ ᠵᠡᠷᠭᠡᠪᠡᠷ ᠴᠢᠬᠤᠯᠠᠴᠢᠯᠠᠬᠤ᠂ ᠲᠤᠬᠠᠶ ᠶᠢᠨ ᠭᠠᠵᠠᠷ ᠤᠨ ᠰᠢᠩᠭᠡᠭᠡᠨ ᠠᠪᠬᠤ ᠪᠠ ᠪᠣᠬᠢᠷᠳᠤᠯ ᠦᠭᠡᠢ ᠴᠠᠬᠢᠯᠭᠠᠨ ᠢ ᠭᠠᠳᠠᠭᠰᠢ ᠬᠦᠷᠭᠡᠬᠦ ᠶᠢ ᠵᠡᠷᠭᠡᠪᠡᠷ ᠴᠢᠬᠤᠯᠠᠴᠢᠯᠠᠬᠤ᠂ ᠨᠡᠭᠦᠷᠡᠰᠦᠲᠥ᠋ᠷᠥᠭᠴᠢ ᠥᠬᠡᠶ ᠬᠦᠷᠢᠶᠡᠯᠡᠩ ᠲᠣᠭᠤᠷᠢᠭ ᠪᠠ ᠡᠬᠢ ᠰᠤᠷᠪᠤᠯᠵᠢ ᠶᠢᠨ ᠲᠣᠤᠷ ᠴᠡᠨᠡᠭ ᠨᠥᠭᠡᠴᠡᠯᠡᠬᠦ ᠶᠢ ᠵᠡᠷᠭᠡᠪᠡᠷ ᠴᠢᠬᠤᠯᠠᠴᠢᠯᠠᠬᠤ᠂ ᠰᠢᠨ᠎ᠡ ᠪᠠᠷ ᠨᠡᠮᠡᠭᠳᠡᠭᠦᠯᠬᠦ ᠳᠠᠭᠠᠭᠠᠴᠠ ᠪᠠ ᠨᠢᠭᠡᠨᠲᠡ ᠪᠠᠶᠢᠭ᠎ᠠ ᠳᠠᠭᠠᠭᠠᠴᠠ ᠲᠠᠢ  ᠪᠣᠬᠢᠷᠳᠤᠯ ᠦᠭᠡᠢ ᠴᠠᠬᠢᠯᠭᠠᠨ ᠢ ᠣᠷᠣᠯᠠᠭᠤᠯᠬᠤ ᠶᠢ ᠵᠡᠷᠭᠡᠪᠡᠷ ᠴᠢᠬᠤᠯᠠᠴᠢᠯᠠᠬᠤ᠂ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠪᠠ ᠲᠣᠨᠤᠭ ᠲᠥᠬᠦᠭᠡᠷᠦᠮᠵᠢ ᠦᠢᠯᠡᠳᠬᠦ ᠶᠢ ᠵᠡᠷᠭᠡᠪᠡᠷ ᠴᠢᠬᠤᠯᠠᠴᠢᠯᠠᠬᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠪᠤᠵᠠᠭᠠᠶᠢᠷᠠᠭᠤᠯᠬᠤ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ᠮᠠᠨ ᠤ ᠬᠤᠲᠠ ᠶᠢᠨ ᠰᠢᠨ᠎ᠡ ᠡᠨᠧᠷᠭᠢ ᠶᠢᠨ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ ᠰᠢᠯᠢᠳᠡᠭᠵᠢᠭᠦᠯᠬᠦ ᠪᠠᠷ ᠬᠦᠴᠦᠯᠡᠨ ᠴᠢᠷᠮᠠᠶᠢᠵᠤ᠂ ᠪᠣᠬᠢᠷᠳᠤᠯ ᠦᠭᠡᠢ ᠡᠨᠧᠷᠭᠢ ᠶᠢᠨ ᠤᠯᠠᠭᠠᠨᠴᠠᠪ ᠢ ᠲᠦᠷᠭᠡᠳᠬᠡᠨ ᠪᠥᠲᠥᠭᠡᠨ ᠪᠠᠶᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃                                                                                                               ᠣᠷᠴᠢᠭᠤᠯᠤᠭᠴᠢ᠄ ᠭᠤᠸ᠎ᠠ                                                             ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2