| ᠲᠤᠬᠠᠢ ᠶᠢᠨ ᠭᠠᠵᠠᠷ ᠤᠨ ᠴᠠᠭ ᠢᠶᠠᠷ 11 ᠰᠠᠷ᠎ᠠ ᠶᠢᠨ 14 ᠤ ᠦᠳᠡ ᠶᠢᠨ ᠬᠤᠶᠢᠨ᠎ᠠ᠂ ᠤᠯᠤᠰ ᠤᠨ | ᠲᠡᠷᠢᠭᠦᠯᠡᠭᠴᠢ ᠰᠢ ᠶᠢᠨ ᠫᠢᠩ ᠢᠨᠳᠤᠨᠧᠰᠢᠶ᠎ᠠ ᠶᠢᠨ ᠪᠠᠯᠢ ᠠᠷᠠᠯ ᠳᠤ ᠠᠮᠧᠷᠢᠺᠠ ᠶᠢᠨ ᠶᠡᠷᠦᠩᠬᠡᠶᠢᠯᠡᠭᠴᠢ ᠪᠠᠶᠢᠳᠧᠨ ᠲᠠᠢ | ᠠᠭᠤᠯᠵᠠᠪᠠ᠃ | ᠲᠤᠬᠠᠢ ᠶᠢᠨ ᠭᠠᠵᠠᠷ ᠤᠨ ᠴᠠᠭ ᠢᠶᠠᠷ 11 ᠰᠠᠷ᠎ᠠ ᠶᠢᠨ 14 ᠤ ᠦᠳᠡ ᠶᠢᠨ ᠬᠤᠶᠢᠨ᠎ᠠ᠂ ᠤᠯᠤᠰ ᠤᠨ | ᠲᠡᠷᠢᠭᠦᠯᠡᠭᠴᠢ ᠰᠢ ᠶᠢᠨ ᠫᠢᠩ ᠢᠨᠳᠤᠨᠧᠰᠢᠶ᠎ᠠ ᠶᠢᠨ ᠪᠠᠯᠢ ᠠᠷᠠᠯ ᠳᠤ ᠠᠮᠧᠷᠢᠺᠠ ᠶᠢᠨ ᠶᠡᠷᠦᠩᠬᠡᠶᠢᠯᠡᠭᠴᠢ ᠪᠠᠶᠢᠳᠧᠨ ᠲᠠᠢ | ᠠᠭᠤᠯᠵᠠᠪᠠ᠃ | ᠰᠢᠨᠬᠤᠸᠠ ᠬᠤᠷᠢᠶᠠᠨ ᠤ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ | ᠬᠤᠶᠠᠷ ᠤᠯᠤᠰ ᠤᠨ ᠲᠡᠷᠢᠭᠦᠨ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠪᠠᠶᠢᠯᠳᠤᠬᠤ ᠪᠣᠳᠣᠯᠭ᠎ᠠ ᠶᠢᠨ | ᠴᠢᠨᠠᠷᠲᠠᠢ ᠠᠰᠠᠭᠤᠳᠠᠯ ᠵᠢᠴᠢ ᠳᠡᠯᠡᠬᠡᠢ ᠶᠢᠨ ᠪᠠ ᠭᠠᠵᠠᠷ ᠣᠷᠣᠨ ᠤ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ | ᠦᠵᠡᠯᠲᠡ ᠪᠠᠨ ᠴᠢᠩ ᠦᠨᠡᠨᠴᠢ ᠪᠠᠷ ᠭᠦᠨᠵᠡᠭᠡᠢ ᠰᠣᠯᠢᠯᠴᠠᠪᠠ᠃ | ᠰᠢ ᠶᠢᠨ ᠫᠢᠩ᠂ ᠣᠳᠣᠬᠠᠨ ᠤ ᠳᠤᠮᠳᠠᠳᠤ ᠠᠮᠧᠷᠢᠺᠠ ᠶᠢᠨ ᠬᠠᠷᠢᠯᠴᠠᠭ᠎ᠠ ᠳᠤ ᠲᠤᠯᠭᠠᠷᠠᠵᠤ ᠪᠠᠶᠢᠭ᠎ᠠ ᠪᠠᠶᠢᠳᠠᠯ | ᠨᠢ ᠬᠤᠶᠠᠷ ᠤᠯᠤᠰ ᠪᠣᠯᠣᠨ ᠬᠤᠶᠠᠷ ᠤᠯᠤᠰ ᠤᠨ ᠠᠷᠠᠳ ᠲᠦᠮᠡᠨ ᠤ ᠦᠨᠳᠦᠰᠦᠨ ᠠᠰᠢᠭ ᠲᠤᠰᠠ ᠲᠠᠢ ᠨᠡᠶᠢᠴᠡᠭᠦ | ᠦᠭᠡᠢ ᠪᠥᠭᠡᠳ ᠳᠡᠯᠡᠬᠡᠢ ᠨᠡᠶᠢᠭᠡᠮ ᠤᠨ ᠬᠦᠰᠡᠯ ᠡᠷᠡᠮᠡᠯᠵᠡᠯ ᠲᠠᠢ ᠴᠦ ᠨᠡᠶᠢᠴᠡᠭᠦ ᠦᠭᠡᠢ ᠶᠤᠮ᠃ ᠳᠤᠮᠳᠠᠳᠤ ᠠᠮᠧᠷᠢᠺᠠ | ᠬᠤᠶᠠᠷ ᠲᠠᠯ᠎ᠠ ᠪᠠᠷ ᠢᠶᠠᠨ ᠲᠡᠦᠬᠡ᠂ ᠳᠡᠯᠡᠬᠡᠢ ᠶᠢᠷᠲᠢᠨᠴᠦ᠂ ᠠᠷᠠᠳ ᠲᠦᠮᠡᠨ ᠳᠤ ᠬᠠᠷᠢᠭᠤᠴᠠᠬᠤ ᠣᠪᠣᠷ ᠢᠶᠠᠷ᠂ ᠰᠢᠨ᠎ᠡ | ᠴᠠᠭ ᠦᠶ᠎ᠡ ᠶᠢᠨ ᠬᠤᠶᠠᠷ ᠤᠯᠤᠰ ᠤᠨ ᠵᠥᠪ ᠢᠶᠠᠷ ᠬᠠᠷᠢᠯᠴᠠᠬᠤ ᠵᠠᠮ ᠢ ᠰᠦᠪᠡᠭᠴᠢᠯᠡᠵᠦ᠂ ᠬᠤᠶᠠᠷ ᠤᠯᠤᠰ ᠤᠨ | ᠬᠠᠷᠢᠯᠴᠠᠭᠠᠨ ᠤ ᠬᠥᠭᠵᠢᠯᠲᠡ ᠶᠢᠨ ᠵᠥᠪ ᠴᠢᠭᠯᠡᠯ ᠢ ᠣᠯᠵᠤ᠂ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠡᠷᠡᠭᠦᠯ | ᠲᠣᠭᠲᠠᠭᠤᠨ ᠬᠥᠭᠵᠢᠯᠲᠡ ᠶᠢᠨ ᠵᠠᠮ ᠳᠤ ᠲᠠᠭᠢᠨ ᠣᠷᠣᠬᠤ ᠶᠢ ᠠᠬᠢᠭᠤᠯᠵᠤ᠂ ᠬᠤᠶᠠᠷ ᠤᠯᠤᠰ ᠲᠤ ᠪᠤᠶᠠᠨ | ᠦᠢᠯᠡᠳᠴᠦ᠂ ᠳᠡᠯᠡᠬᠡᠢ ᠳ᠋ᠠᠬᠢᠨ ᠳᠤ ᠠᠰᠢᠭ ᠬᠦᠷᠲᠡᠭᠡᠬᠦ ᠴᠢᠬᠤᠯᠠᠲᠠᠢ ᠭᠡᠵᠦ ᠵᠢᠭᠠᠵᠤ ᠭᠠᠷᠭᠠᠵᠠᠢ᠃ | ᠰᠢ ᠶᠢᠨ ᠫᠢᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠭᠦ ᠤᠯᠤᠰ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠭᠤᠣᠯ ᠪᠠᠶᠢᠳᠠᠯ ᠪᠣᠯᠣᠨ ᠴᠢᠬᠤᠯᠠ ᠦᠷ᠎ᠡ ᠪᠦᠲᠦᠭᠡᠯ ᠢ ᠲᠠᠨᠢᠯᠴᠠᠭᠤᠯᠵᠤ᠂ | ᠳᠤᠮᠳᠠᠳᠤ ᠤᠯᠤᠰ ᠤᠨ ᠨᠠᠮ ᠪᠣᠯᠣᠨ ᠵᠠᠰᠠᠭ ᠤᠨ ᠣᠷᠳᠣᠨ ᠤ ᠳᠣᠲᠣᠭᠠᠳᠤ ᠭᠠᠳᠠᠭᠠᠳᠤ ᠲᠦᠷᠦ ᠶᠢᠨ ᠪᠣᠳᠣᠯᠭ᠎ᠠ | ᠢᠯᠡ ᠲᠣᠳᠣ᠂ ᠪᠠᠶᠢᠯᠳᠤᠬᠤ ᠪᠣᠳᠣᠯᠭ᠎ᠠ ᠶᠢᠨ ᠵᠣᠷᠢᠯᠲᠠ ᠲᠥᠪ ᠴᠢᠬᠡᠴᠢ ᠪᠠᠶᠢᠵᠤ᠂ ᠳᠡᠭᠡᠳᠦ ᠬᠡᠮᠵᠢᠶᠡᠨ ᠤ | ᠦᠷᠭᠦᠯᠵᠢᠯᠡᠬᠦ ᠴᠢᠨᠠᠷ ᠪᠣᠯᠣᠨ ᠲᠣᠭᠲᠠᠭᠤᠨ ᠴᠢᠨᠠᠷ ᠢ ᠪᠠᠲᠤᠯᠠᠵᠤ ᠪᠠᠶᠢᠨ᠎ᠠ᠃ ᠪᠢᠳᠡ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ | ᠲᠠᠯ᠎ᠠ ᠪᠠᠷ ᠠᠬᠢᠭᠤᠯᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ | ᠪᠡᠶᠡᠯᠡᠭᠦᠯᠬᠦ ᠪᠠᠷ ᠦᠷᠭᠦᠯᠵᠢᠯᠡᠨ ᠵᠣᠷᠢᠯᠲᠠ ᠪᠠᠨ ᠪᠤᠯᠭᠠᠵᠤ᠂ ᠥᠭᠡᠷᠡᠴᠢᠯᠡᠯᠲᠡ ᠨᠡᠭᠡᠭᠡᠯᠲᠡ ᠶᠢ ᠡᠷᠡᠰ ᠭᠤᠶᠢᠪᠢᠰᠢ | ᠦᠭᠡᠢ ᠬᠢᠵᠦ᠂ ᠨᠡᠭᠡᠭᠡᠯᠲᠡᠲᠤ ᠮᠠᠶ᠋ᠢᠭ ᠤᠨ ᠳᠡᠯᠡᠬᠡᠢ ᠶᠢᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢ | ᠠᠬᠢᠭᠤᠯᠤᠨ᠎ᠠ᠃ ᠳᠤᠮᠳᠠᠳᠤ ᠤᠯᠤᠰ ᠪᠡᠶ᠎ᠡ ᠪᠠᠨ ᠳᠠᠭᠠᠭᠠᠵᠤ ᠡᠵᠡᠨ ᠮᠡᠳᠡᠭᠦ ᠨᠠᠶᠢᠷᠠᠮᠳᠠᠯ ᠤᠨ ᠭᠠᠳᠠᠭᠠᠳᠤ | ᠬᠠᠷᠢᠯᠴᠠᠭᠠᠨ ᠤ ᠲᠦᠷᠦ ᠶᠢᠨ ᠪᠣᠳᠣᠯᠭ᠎ᠠ ᠶᠢ ᠦᠷᠭᠦᠯᠵᠢᠯᠡᠨ ᠡᠷᠡᠰ ᠬᠡᠷᠡᠭᠵᠢᠭᠦᠯᠵᠦ᠂ ᠢᠮᠠᠭᠲᠠ ᠬᠡᠷᠡᠭ ᠶᠠᠪᠤᠳᠠᠯ ᠤᠨ | ᠲᠤᠰ ᠪᠡᠶ᠎ᠡ ᠶᠢᠨ ᠵᠥᠪ ᠪᠤᠷᠤᠭᠤ ᠦᠨᠡᠨ ᠬᠤᠳᠠᠯ ᠢ ᠦᠨᠳᠦᠰᠦᠯᠡᠨ ᠥᠪᠡᠷ ᠤᠨ ᠵᠣᠭᠰᠣᠯᠲᠠ ᠪᠠ ᠣᠪᠣᠷ ᠢᠶᠠᠨ | ᠲᠣᠭᠲᠠᠭᠠᠵᠤ᠂ ᠶᠠᠷᠢᠯᠴᠠᠭ᠎ᠠ ᠬᠢᠵᠦ ᠵᠥᠪᠳᠡᠯᠴᠡᠬᠦ᠂ ᠮᠠᠷᠭᠤᠯᠳᠤᠭᠠᠨ ᠢ ᠨᠠᠶᠢᠷᠠᠮᠳᠠᠯ ᠢᠶᠠᠷ ᠰᠢᠢᠳᠪᠦᠷᠢᠯᠡᠬᠦ ᠶᠢ | ᠰᠠᠨᠠᠭᠠᠴᠢᠯᠠᠵᠤ᠂ ᠪᠦᠭᠦ ᠪᠥᠮᠪᠥᠷᠴᠡᠭ ᠤᠨ ᠬᠠᠨᠢᠲᠠᠨ ᠤ ᠬᠠᠷᠢᠯᠴᠠᠭ᠎ᠠ ᠶᠢ ᠭᠦᠨᠵᠡᠭᠡᠶᠢᠷᠡᠭᠦᠯᠦᠨ ᠥᠷᠭᠡᠳᠬᠡᠵᠦ᠂ ᠤᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ ᠪᠣᠯᠣᠨ ᠤᠯᠠᠨ | ᠤᠯᠤᠰ ᠤᠨ ᠬᠠᠤᠯᠢ ᠪᠠᠷ ᠰᠠᠭᠤᠷᠢ ᠪᠤᠯᠭᠠᠬᠰᠠᠨ ᠤᠯᠠᠨ ᠤᠯᠤᠰ ᠤᠨ ᠡᠮᠬᠢ ᠳᠢᠭᠯᠢᠮ ᠢ ᠬᠠᠮᠠᠭᠠᠯᠠᠵᠤ᠂ ᠬᠥᠮᠥᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ᠃ ᠳᠤᠮᠳᠠᠳᠤ | ᠤᠯᠤᠰ ᠡᠩᠬᠡ ᠲᠠᠶᠢᠪᠤᠩ ᠬᠥᠭᠵᠢᠯᠲᠡ᠂ ᠨᠡᠭᠡᠭᠡᠯᠲᠡᠲᠤ ᠬᠥᠭᠵᠢᠯᠲᠡ᠂ ᠬᠠᠮᠲᠤ ᠪᠠᠷ ᠠᠰᠢᠭ ᠭᠦᠷᠳᠡᠭᠦ | ᠬᠥᠭᠵᠢᠯᠲᠡ ᠶᠢ ᠪᠠᠷᠢᠮᠲᠠᠯᠠᠵᠤ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠣᠷᠣᠯᠴᠠᠭᠴᠢ᠂ ᠠᠬᠢᠭᠤᠯᠤᠭᠴᠢ ᠪᠣᠯᠵᠤ᠂ | ᠡᠯ᠎ᠡ ᠤᠯᠤᠰ ᠲᠠᠢ ᠬᠠᠮᠲᠤ ᠪᠠᠷ ᠬᠠᠮᠲᠤ ᠶᠢᠨ ᠬᠥᠭᠵᠢᠯᠲᠡ ᠶᠢ ᠪᠡᠶᠡᠯᠡᠭᠦᠯᠦᠨ᠎ᠡ ᠭᠡᠵᠦ ᠵᠢᠭᠠᠵᠤ ᠭᠠᠷᠭᠠᠵᠠᠢ᠃ | ᠰᠢ ᠶᠢᠨ ᠫᠢᠩ᠂ ᠳᠡᠯᠡᠬᠡᠢ ᠳ᠋ᠠᠬᠢᠨ ᠶᠠᠭ ᠴᠢᠬᠤᠯᠠ ᠶᠡᠭᠡ ᠲᠡᠦᠬᠡ ᠶᠢᠨ ᠡᠷᠭᠢᠯᠲᠡ ᠶᠢᠨ ᠴᠡᠭ ᠲᠤ ᠣᠷᠣᠰᠢᠵᠤ | ᠪᠠᠶᠢᠨ᠎ᠠ᠂ ᠡᠯ᠎ᠡ ᠤᠯᠤᠰ ᠤᠷᠢᠳ ᠡᠮᠦᠨ᠎ᠡ ᠪᠠᠶᠢᠭ᠎ᠠ ᠦᠭᠡᠢ ᠥᠷᠢᠰᠦᠯᠳᠦᠭᠡᠨ ᠳᠤ ᠬᠠᠨᠳᠤᠬᠤ ᠮᠥᠷᠲᠡᠭᠡᠨ ᠪᠠᠰᠠ | ᠤᠷᠢᠳ ᠡᠮᠦᠨ᠎ᠡ ᠪᠠᠶᠢᠭ᠎ᠠ ᠦᠭᠡᠢ ᠠᠵᠠ ᠲᠣᠭᠢᠶᠠᠯ ᠢ ᠠᠳᠬᠤᠬᠤ ᠴᠢᠬᠤᠯᠠᠲᠠᠢ᠃ | ᠪᠢᠳᠠ ᠡᠨᠡ ᠬᠦ ᠥᠨᠳᠥᠷᠴᠡ ᠠᠴᠠ ᠳᠤᠮᠳᠠᠳᠤ ᠠᠮᠧᠷᠢᠺᠠ ᠶᠢᠨ ᠬᠠᠷᠢᠯᠴᠠᠭ᠎ᠠ ᠳᠤ ᠬᠠᠨᠳᠤᠬᠤ ᠪᠠ ᠡᠭᠦᠨ ᠢ | ᠰᠢᠢᠳᠪᠦᠷᠢᠯᠡᠬᠦ ᠬᠡᠷᠡᠭᠲᠡᠢ᠃ ᠳᠤᠮᠳᠠᠳᠤ ᠠᠮᠧᠷᠢᠺᠠ ᠶᠢᠨ ᠬᠠᠷᠢᠯᠴᠠᠭ᠎ᠠ ᠨᠢ ᠴᠢ ᠢᠯᠠᠭᠳᠠᠪᠠᠯ ᠪᠢ ᠢᠯᠠᠬᠤ᠂ ᠴᠢ | ᠮᠠᠨᠳᠤᠪᠠᠯ ᠪᠢ ᠳᠣᠷᠣᠶᠢᠲᠠᠬᠤ ᠲᠡᠭ ᠨᠡᠶᠢᠯᠡᠪᠦᠷᠢ ᠶᠢᠨ ᠦᠵᠡᠯᠴᠡᠭᠡᠨ ᠪᠢᠰᠢ᠂ ᠳᠤᠮᠳᠠᠳᠤ ᠠᠮᠧᠷᠢᠺᠠ ᠲᠤᠰ | ᠲᠤᠰ ᠲᠠᠭᠠᠨ ᠠᠮᠵᠢᠯᠲᠠ ᠣᠯᠬᠤ ᠨᠢ ᠬᠠᠷᠢᠯᠴᠠᠨ ᠠᠵᠠ ᠲᠣᠭᠢᠶᠠᠯ ᠪᠤᠯᠬᠤ ᠠᠴᠠ ᠪᠢᠰᠢ ᠬᠠᠷᠢᠨ ᠥᠷᠢᠰᠦᠯᠳᠦᠭᠡᠨ | ᠪᠤᠯᠬᠤ ᠦᠭᠡᠢ ᠶᠤᠮ᠃ ᠥᠷᠭᠡᠨ ᠠᠭᠤᠳᠠᠮ ᠳᠡᠯᠡᠬᠡᠢ ᠶᠢᠨ ᠪᠥᠮᠪᠥᠷᠴᠡᠭ ᠨᠢ ᠳᠤᠮᠳᠠᠳᠤ ᠠᠮᠧᠷᠢᠺᠠ ᠶᠢᠨ ᠲᠤᠰ | ᠲᠤᠰ ᠤᠨ ᠬᠥᠭᠵᠢᠯᠲᠡ᠂ ᠬᠠᠮᠲᠤ ᠶᠢᠨ ᠴᠡᠴᠡᠭᠯᠡᠯ ᠢ ᠪᠦᠷᠢᠮᠦᠰᠦᠨ ᠪᠠᠭᠲᠠᠭᠠᠵᠤ ᠴᠢᠳᠠᠨ᠎ᠠ᠃ ᠬᠤᠶᠠᠷ | ᠲᠠᠯ᠎ᠠ ᠪᠠᠷ ᠢᠶᠠᠨ ᠨᠦᠭᠦᠭᠡ ᠡᠲᠡᠭᠡᠳ ᠤᠨ ᠢᠶᠠᠨ ᠳᠣᠲᠣᠭᠠᠳᠤ ᠭᠠᠳᠠᠭᠠᠳᠤ ᠲᠦᠷᠦ ᠶᠢᠨ ᠪᠣᠳᠣᠯᠭ᠎ᠠ ᠪᠣᠯᠣᠨ | ᠪᠠᠶᠢᠯᠳᠤᠬᠤ ᠪᠣᠳᠣᠯᠭ᠎ᠠ ᠶᠢᠨ ᠵᠣᠷᠢᠯᠲᠠ ᠳᠤ ᠵᠥᠪ ᠢᠶᠠᠷ ᠬᠠᠨᠳᠤᠵᠤ᠂ ᠶᠠᠷᠢᠯᠴᠠᠭ᠎ᠠ ᠬᠢᠬᠦ ᠠᠴᠠ ᠪᠢᠰᠢ ᠡᠰᠡᠷᠭᠦᠴᠡᠯᠳᠦᠬᠦ | ᠦᠭᠡᠢ᠂ ᠬᠤᠶᠠᠷ ᠲᠠᠯ᠎ᠠ ᠪᠠᠷ ᠢᠶᠠᠨ ᠠᠰᠢᠭ ᠭᠦᠷᠳᠡᠭᠦ ᠠᠴᠠ ᠪᠢᠰᠢ ᠲᠡᠭ ᠨᠡᠶᠢᠯᠡᠪᠦᠷᠢ ᠶᠢᠨ ᠪᠤᠰᠤ ᠭᠦᠭ ᠠᠶᠠᠰ ᠢ | ᠲᠣᠭᠲᠠᠭᠠᠪᠠᠯ ᠵᠣᠬᠢᠨ᠎ᠠ᠃ ᠪᠢ ᠶᠡᠷᠦᠩᠬᠡᠶᠢᠯᠡᠭᠴᠢ ᠠᠪᠤᠭᠠᠢ ᠶᠢᠨ ︽ᠳᠥᠷᠪᠡ ᠶᠢ ᠡᠷᠢᠯᠬᠢᠯᠡᠬᠦ ᠦᠭᠡᠢ ᠨᠢᠭᠡ ᠰᠠᠨᠠᠭ᠎ᠠ | ᠦᠭᠡᠢ︾ ᠣᠪᠣᠷ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠃ ᠳᠤᠮᠳᠠᠳᠤ ᠤᠯᠤᠰ ᠶᠡᠷᠦ ᠠᠴᠠ ᠤᠳᠤ ᠶᠢᠨ | ᠤᠯᠠᠨ ᠤᠯᠤᠰ ᠤᠨ ᠡᠮᠬᠢ ᠳᠢᠭᠯᠢᠮ ᠢ ᠬᠤᠪᠢᠷᠠᠭᠤᠯᠬᠤ ᠶᠢ ᠡᠷᠢᠯᠬᠢᠯᠡᠬᠦ ᠦᠭᠡᠢ᠂ ᠠᠮᠧᠷᠢᠺᠠ ᠶᠢᠨ ᠳᠣᠲᠣᠭᠠᠳᠤ | ᠶᠠᠪᠤᠳᠠᠯ ᠳᠤ ᠭᠠᠷ ᠲᠦᠷᠦᠭᠦ ᠦᠭᠡᠢ᠂ ᠠᠮᠧᠷᠢᠺᠠ ᠲᠠᠢ ᠥᠷᠢᠰᠦᠯᠳᠦᠬᠦ ᠪᠠ ᠠᠮᠧᠷᠢᠺᠠ ᠶᠢ ᠣᠷᠣᠯᠠᠬᠤ ᠰᠠᠨᠠᠭ᠎ᠠ | ᠦᠭᠡᠢ ᠶᠤᠮ᠃ ᠬᠤᠶᠠᠷ ᠲᠠᠯ᠎ᠠ ᠪᠠᠷ ᠢᠶᠠᠨ ᠬᠠᠷᠢᠯᠴᠠᠨ ᠬᠦᠨᠳᠦᠳᠬᠡᠬᠦ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ᠂ | ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠶᠢ ᠪᠠᠷᠢᠮᠲᠠᠯᠠᠵᠤ᠂ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠵᠥᠪ | ᠴᠢᠭᠯᠡᠯ ᠢᠶᠠᠷ ᠤᠷᠤᠭᠰᠢᠯᠠᠬᠤ ᠶᠢ ᠬᠠᠮᠲᠤ ᠪᠠᠷ ᠪᠠᠲᠤᠯᠠᠵᠤ᠂ ᠬᠡᠯᠪᠡᠶᠢᠬᠦ ᠦᠭᠡᠢ᠂ ᠬᠤᠷᠳᠤᠴᠠ ᠠᠯᠳᠠᠬᠤ ᠦᠭᠡᠢ᠂ ᠨᠡᠩ | ᠴᠤ ᠮᠥᠷᠭᠦᠯᠳᠦᠬᠦ ᠦᠭᠡᠢ ᠪᠠᠶᠢᠪᠠᠯ ᠵᠣᠬᠢᠨ᠎ᠠ᠃ ᠤᠯᠠᠨ ᠤᠯᠤᠰ ᠤᠨ ᠬᠠᠷᠢᠯᠴᠠᠭᠠᠨ ᠤ ᠦᠨᠳᠦᠰᠦᠨ ᠪᠠᠷᠢᠮᠵᠢᠶ᠎ᠠ | ᠪᠣᠯᠣᠨ ᠳᠤᠮᠳᠠᠳᠤ ᠠᠮᠧᠷᠢᠺᠠ ᠶᠢᠨ ᠭᠤᠷᠪᠠᠨ ᠬᠠᠮᠲᠤᠷᠠᠭᠰᠠᠨ ᠠᠯᠪᠠᠨ ᠮᠡᠳᠡᠭᠡ ᠶᠢ ᠵᠢᠷᠤᠮᠯᠠᠬᠤ ᠪᠣᠯ ᠬᠤᠶᠠᠷ | ᠲᠠᠯ᠎ᠠ ᠪᠠᠷ ᠢᠶᠠᠨ ᠵᠥᠷᠢᠴᠡᠯ ᠵᠥᠷᠢᠯᠳᠦᠭᠡᠨ ᠢᠶᠠᠨ ᠬᠠᠮᠢᠶᠠᠷᠤᠨ ᠡᠵᠡᠮᠳᠡᠬᠦ᠂ ᠮᠥᠷᠭᠦᠯᠳᠦᠭᠡᠨ ᠢ ᠰᠡᠷᠭᠡᠶᠢᠯᠡᠬᠦ ᠵᠠᠩᠭᠢᠯᠠᠭ᠎ᠠ | ᠮᠥᠨ᠂ ᠪᠠᠰᠠ ᠴᠤ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠬᠠᠮᠤᠭ ᠤᠨ ᠴᠢᠬᠤᠯᠠ ᠰᠡᠷᠭᠡᠶᠢᠯᠡᠯᠲᠡ ᠪᠠ ᠠᠮᠤᠷ | ᠲᠦᠪᠰᠢᠨ ᠤ ᠲᠣᠣᠷ ᠮᠥᠨ ᠭᠡᠵᠦ ᠵᠢᠭᠠᠵᠤ ᠭᠠᠷᠭᠠᠪᠠ᠃ | ᠰᠢ ᠶᠢᠨ ᠫᠢᠩ ᠲᠠᠶᠢᠸᠠᠨ ᠤ ᠠᠰᠠᠭᠤᠳᠠᠯ ᠤᠨ ᠢᠷᠡᠯᠲᠡ ᠵᠢᠴᠢ ᠳᠤᠮᠳᠠᠳᠤ ᠶᠢᠨ ᠲᠠᠯ᠎ᠠ ᠶᠢᠨ ᠵᠠᠷᠴᠢᠮ | ᠵᠣᠭᠰᠣᠯᠲᠠ ᠶᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠪᠡ᠃ ᠰᠢ ᠶᠢᠨ ᠫᠢᠩ᠂ ᠲᠠᠶᠢᠸᠠᠨ ᠤ ᠠᠰᠠᠭᠤᠳᠠᠯ ᠪᠣᠯ | ᠳᠤᠮᠳᠠᠳᠤ ᠤᠯᠤᠰ ᠤᠨ ᠭᠤᠣᠯᠯᠠᠭᠴᠢ ᠠᠰᠢᠭ ᠲᠤᠰᠠ ᠶᠢᠨ ᠳᠤᠮᠳᠠᠬᠢ ᠭᠤᠣᠯᠯᠠᠭᠴᠢ ᠮᠥᠨ᠂ ᠳᠤᠮᠳᠠᠳᠤ | ᠠᠮᠧᠷᠢᠺᠠ ᠶᠢᠨ ᠬᠠᠷᠢᠯᠴᠠᠭᠠᠨ ᠤ ᠤᠯᠤᠰ ᠲᠦᠷᠦ ᠶᠢᠨ ᠰᠠᠭᠤᠷᠢ ᠶᠢᠨ ᠳᠤᠮᠳᠠᠬᠢ ᠰᠠᠭᠤᠷᠢ ᠮᠥᠨ᠂ ᠳᠤᠮᠳᠠᠳᠤ | ᠠᠮᠧᠷᠢᠺᠠ ᠶᠢᠨ ᠬᠠᠷᠢᠯᠴᠠᠭᠠᠨ ᠤ ᠳᠠᠪᠠᠵᠤ ᠪᠣᠯᠣᠰᠢ ᠦᠭᠡᠢ ᠨᠢᠭᠡᠳᠦᠭᠡᠷ ᠤᠯᠠᠭᠠᠨ ᠱᠤᠭᠤᠮ ᠮᠥᠨ᠃ ᠲᠠᠶᠢᠸᠠᠨ ᠤ | ᠠᠰᠠᠭᠤᠳᠠᠯ ᠢ ᠰᠢᠢᠳᠪᠦᠷᠢᠯᠡᠬᠦ ᠪᠣᠯ ᠳᠤᠮᠳᠠᠳᠤᠴᠤᠳ ᠤᠨ ᠥᠪᠡᠷ ᠤᠨ ᠶᠠᠪᠤᠳᠠᠯ ᠮᠥᠨ᠂ ᠳᠤᠮᠳᠠᠳᠤ ᠤᠯᠤᠰ ᠤᠨ | ᠳᠣᠲᠣᠭᠠᠳᠤ ᠶᠠᠪᠤᠳᠠᠯ ᠮᠥᠨ᠃ ᠡᠬᠡ ᠤᠯᠤᠰ ᠤᠨ ᠨᠢᠭᠡᠳᠦᠯ ᠪᠠ ᠨᠤᠲᠤᠭ ᠳᠡᠪᠢᠰᠬᠡᠷ ᠤᠨ ᠪᠦᠷᠢᠨ ᠪᠦᠲᠦᠨ | ᠪᠠᠶᠢᠬᠤ ᠶᠢ ᠬᠠᠮᠠᠭᠠᠯᠠᠬᠤ ᠪᠣᠯ ᠳᠤᠮᠳᠠᠳᠤ ᠤᠯᠤᠰ ᠤᠨ ᠠᠷᠠᠳ ᠲᠦᠮᠡᠨ ᠪᠣᠯᠣᠨ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠬᠦᠰᠡᠯ ᠡᠷᠡᠮᠡᠯᠵᠡᠯ ᠮᠥᠨ᠃ ᠶᠠᠮᠠᠷᠪᠠ ᠬᠥᠮᠥᠨ ᠲᠠᠶᠢᠸᠠᠨ ᠢ ᠳᠤᠮᠳᠠᠳᠤ ᠤᠯᠤᠰ ᠠᠴᠠ ᠬᠠᠭᠠᠴᠠᠭᠤᠯᠤᠨ | ᠰᠠᠯᠭᠠᠬᠤ ᠶᠢ ᠰᠠᠨᠠᠭᠠᠷᠬᠠᠬᠤ ᠨᠢ ᠳᠤᠮᠳᠠᠳᠤ ᠤᠯᠤᠰ ᠤᠨ ᠦᠨᠳᠦᠰᠦᠲᠡᠨ ᠤ ᠶᠡᠭᠡ ᠵᠢᠷᠤᠮ ᠠᠴᠠ ᠲᠡᠷᠰᠯᠡᠵᠦ᠂ | ᠳᠤᠮᠳᠠᠳᠤ ᠤᠯᠤᠰ ᠤᠨ ᠠᠷᠠᠳ ᠲᠦᠮᠡᠨ ᠶᠠᠭᠠᠬᠢᠭᠰᠠᠨ ᠴᠤ ᠵᠥᠪᠰᠢᠶᠡᠷᠡᠬᠦ ᠦᠭᠡᠢ ᠶᠤᠮ︕ ᠪᠢᠳᠡ ᠲᠠᠶᠢᠸᠠᠨ | ᠬᠤᠭᠤᠯᠠᠢ ᠶᠢᠨ ᠡᠩᠬᠡ ᠲᠠᠶᠢᠪᠤᠩ ᠲᠣᠭᠲᠠᠭᠤᠨ ᠪᠠᠶᠢᠬᠤ ᠶᠢ ᠭᠦᠰᠡᠭᠦ ᠪᠥᠭᠡᠳ ᠢᠮᠠᠭᠲᠠ ᠪᠠᠲᠤᠯᠠᠬᠤ ᠪᠠᠷ ᠴᠢᠷᠮᠠᠶᠢᠵᠤ | ᠪᠠᠶᠢᠨ᠎ᠠ᠂ ᠭᠡᠲᠡᠯ᠎ᠡ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠪᠣᠯᠣᠨ ᠲᠠᠶᠢᠸᠠᠨ ᠬᠤᠭᠤᠯᠠᠢ ᠶᠢᠨ ᠡᠩᠬᠡ | ᠲᠠᠶᠢᠪᠤᠩ ᠲᠣᠭᠲᠠᠭᠤᠨ ᠪᠣᠯ ᠭᠠᠯ ᠤᠰᠤ ᠰᠢᠭ᠋ ᠬᠠᠷᠰᠢᠯᠳᠤᠬᠤ ᠶᠤᠮ᠃ ᠠᠮᠧᠷᠢᠺᠠ ᠶᠢᠨ ᠲᠠᠯ᠎ᠠ ᠶᠢᠨ ᠬᠢᠨ ᠤ ᠬᠡᠯᠡᠵᠦ | ᠬᠢᠬᠦ ᠨᠢ ᠨᠢᠭᠡᠳᠦᠯᠲᠡᠢ ᠪᠠᠶᠢᠵᠤ᠂ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠪᠠ ᠳᠤᠮᠳᠠᠳᠤ | ᠠᠮᠧᠷᠢᠺᠠ ᠶᠢᠨ ᠭᠤᠷᠪᠠᠨ ᠬᠠᠮᠲᠤᠷᠠᠭᠰᠠᠨ ᠠᠯᠪᠠᠨ ᠮᠡᠳᠡᠭᠡ ᠶᠢ ᠬᠢᠴᠢᠶᠡᠩᠭᠦᠶᠢᠯᠡᠨ ᠵᠢᠷᠤᠮᠯᠠᠬᠤ ᠶᠢ ᠬᠦᠰᠡᠵᠦ ᠪᠠᠶᠢᠨ᠎ᠠ᠃ | ᠶᠡᠷᠦᠩᠬᠡᠶᠢᠯᠡᠭᠴᠢ ᠠᠪᠤᠭᠠᠢ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠶᠢ ᠳᠡᠮᠵᠢᠭᠦ ᠦᠭᠡᠢ᠂ ᠲᠠᠶᠢᠸᠠᠨ ᠢ | ᠳᠤᠮᠳᠠᠳᠤ ᠤᠯᠤᠰ ᠲᠠᠢ ᠥᠷᠢᠰᠦᠯᠳᠦᠬᠦ ᠳᠠᠪᠠᠭᠤᠯᠢᠭ ᠪᠣᠯᠭᠠᠨ ᠡᠷᠢᠯᠬᠢᠯᠡᠬᠦ ᠪᠤᠶᠤ ᠳᠤᠮᠳᠠᠳᠤ ᠤᠯᠤᠰ ᠢ ᠬᠤᠷᠢᠭᠯᠠᠬᠤ | ᠪᠠᠭᠠᠵᠢ ᠪᠤᠯᠭᠠᠬᠤ ᠰᠠᠨᠠᠭ᠎ᠠ ᠦᠭᠡᠢ ᠭᠡᠵᠦ ᠤᠯᠠᠨ ᠤᠳᠠᠭ᠎ᠠ ᠬᠡᠯᠡᠵᠦ ᠥᠩᠭᠡᠷᠡᠪᠡ᠃ ᠠᠮᠧᠷᠢᠺᠠ ᠶᠢᠨ ᠬᠢᠨ | ᠶᠡᠷᠦᠩᠬᠡᠶᠢᠯᠡᠭᠴᠢ ᠠᠪᠤᠭᠠᠢ ᠶᠢᠨ ᠠᠮᠠᠯᠠᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠬᠦᠰᠡᠵᠦ ᠪᠠᠶᠢᠨ᠎ᠠ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠡᠷᠬᠡ ᠴᠢᠯᠦᠭᠡ᠂ ᠠᠷᠠᠳᠴᠢᠯᠠᠯ᠂ ᠬᠥᠮᠥᠨ ᠤ ᠡᠷᠬᠡ ᠪᠣᠯ ᠬᠥᠮᠥᠨ ᠲᠥᠷᠥᠯᠬᠢᠲᠡᠨ ᠤ | ᠬᠠᠮᠲᠤ ᠶᠢᠨ ᠬᠥᠭᠡᠭᠡᠴᠡᠯᠳᠦᠯ ᠪᠤᠯᠬᠤ ᠪᠥᠭᠡᠳ ᠪᠠᠰᠠ ᠴᠤ ᠳᠤᠮᠳᠠᠳᠤ ᠤᠯᠤᠰ ᠤᠨ ᠡᠪ ᠬᠠᠮᠲᠤ ᠨᠠᠮ ᠤᠨ | ᠢᠮᠠᠭᠲᠠ ᠶᠢᠨ ᠬᠥᠭᠡᠭᠡᠴᠡᠯᠳᠦᠯ ᠮᠥᠨ᠃ ᠠᠮᠧᠷᠢᠺᠠ ᠳᠤ ᠠᠮᠧᠷᠢᠺᠠ ᠮᠠᠶ᠋ᠢᠭ ᠤᠨ ᠠᠷᠠᠳᠴᠢᠯᠠᠯ ᠲᠠᠢ᠂ ᠳᠤᠮᠳᠠᠳᠤ | ᠤᠯᠤᠰ ᠲᠤ ᠳᠤᠮᠳᠠᠳᠤ ᠤᠯᠤᠰ ᠤᠨ ᠮᠠᠶ᠋ᠢᠭ ᠤᠨ ᠠᠷᠠᠳᠴᠢᠯᠠᠯ ᠲᠠᠢ᠂ ᠪᠦᠷ ᠲᠤᠰ ᠲᠤᠰ ᠤᠨ ᠤᠯᠤᠰ ᠤᠨ ᠬᠢᠨᠢ | ᠪᠠᠶᠢᠳᠠᠯ ᠳᠤ ᠨᠡᠶᠢᠴᠡᠨ᠎ᠡ᠃ ᠳᠤᠮᠳᠠᠳᠤ ᠤᠯᠤᠰ ᠤᠨ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠨᠢ ᠳᠤᠮᠳᠠᠳᠤ | ᠤᠯᠤᠰ ᠤᠨ ᠤᠯᠤᠰ ᠤᠨ ᠪᠠᠶᠢᠳᠠᠯ ᠪᠠ ᠲᠡᠦᠬᠡ ᠰᠣᠶᠣᠯ ᠳᠤ ᠰᠠᠭᠤᠷᠢᠯᠠᠵᠤ᠂ ᠠᠷᠠᠳ ᠲᠦᠮᠡᠨ ᠤ ᠬᠦᠰᠡᠯ ᠰᠠᠨᠠᠭ᠎ᠠ ᠶᠢ | ᠢᠯᠡᠷᠡᠭᠦᠯᠦᠭᠰᠡᠨ ᠳᠤ ᠪᠢᠳᠡ ᠮᠥᠨ ᠠᠳᠠᠯᠢᠬᠠᠨ ᠣᠮᠣᠭᠰᠢᠵᠤ ᠪᠠᠶᠢᠨ᠎ᠠ᠃ ᠶᠠᠮᠠᠷᠪᠠ ᠤᠯᠤᠰ ᠤᠨ ᠠᠷᠠᠳᠴᠢᠯᠠᠯ ᠤᠨ | ᠳᠦᠷᠢᠮ ᠨᠢ ᠪᠦᠷ ᠬᠢᠵᠠᠭᠠᠯᠠᠰᠢ ᠦᠭᠡᠢ ᠪᠦᠷᠢᠨ ᠲᠡᠭᠦᠯᠳᠡᠷ ᠪᠠᠶᠢᠵᠤ ᠴᠢᠳᠠᠬᠤ ᠦᠭᠡᠢ ᠶᠤᠮ᠂ ᠴᠥᠮ ᠲᠠᠰᠤᠷᠠᠯᠳᠠ | ᠦᠭᠡᠢ ᠬᠥᠭᠵᠢᠭᠦᠯᠦᠨ ᠲᠡᠭᠦᠯᠳᠡᠷᠵᠢᠭᠦᠯᠬᠦ ᠴᠢᠬᠤᠯᠠᠲᠠᠢ ᠶᠤᠮ᠃ ᠬᠤᠶᠠᠷ ᠲᠠᠯ᠎ᠠ ᠶᠢᠨ ᠬᠢᠨ ᠤ ᠳᠤᠮᠳᠠ ᠣᠷᠣᠰᠢᠵᠤ | ᠪᠠᠶᠢᠭ᠎ᠠ ᠪᠣᠳᠠᠲᠠᠢ ᠵᠥᠷᠢᠯᠳᠦᠭᠡᠨ ᠢ ᠰᠤᠳᠤᠯᠤᠨ ᠶᠠᠷᠢᠯᠴᠠᠵᠤ ᠪᠣᠯᠣᠨ᠎ᠠ᠂ ᠡᠭᠦᠨ ᠤ ᠤᠷᠢᠲᠠᠯ ᠪᠣᠯ ᠡᠷᠬᠡ ᠲᠡᠭᠰᠢ ᠪᠠᠷ | ᠰᠠᠨᠠᠯ ᠢᠶᠠᠨ ᠰᠣᠯᠢᠯᠴᠠᠬᠤ ᠶᠠᠪᠤᠳᠠᠯ ᠪᠣᠯᠣᠨ᠎ᠠ᠃ ︽ᠠᠷᠠᠳᠴᠢᠯᠠᠯ ᠢᠶᠠᠷ ᠡᠷᠬᠡ ᠰᠦᠷ ᠢ ᠡᠰᠡᠷᠭᠦᠴᠡᠬᠦ︾ ᠭᠡᠳᠡᠭ ᠨᠢ | ᠣᠳᠣᠬᠠᠨ ᠤ ᠳᠡᠯᠡᠬᠡᠢ ᠳ᠋ᠠᠬᠢᠨ ᠤ ᠣᠨᠴᠠᠯᠢᠭ ᠪᠢᠰᠢ᠂ ᠴᠠᠭ ᠦᠶ᠎ᠡ ᠶᠢᠨ ᠬᠥᠭᠵᠢᠯᠲᠡ ᠶᠢᠨ ᠤᠷᠤᠰᠬᠠᠯ ᠲᠠᠢ ᠨᠡᠩ | ᠨᠡᠶᠢᠴᠡᠭᠦ ᠦᠭᠡᠢ ᠶᠤᠮ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠠᠮᠧᠷᠢᠺᠠ ᠬᠥᠷᠥᠩᠭᠡᠲᠦ ᠶᠣᠰᠣ ᠶᠢ ᠬᠡᠷᠡᠭᠵᠢᠭᠦᠯᠵᠦ ᠪᠠᠶᠢᠨ᠎ᠠ᠂ ᠳᠤᠮᠳᠠᠳᠤ ᠤᠯᠤᠰ ᠨᠡᠶᠢᠭᠡᠮ | ᠵᠢᠷᠤᠮ ᠢ ᠬᠡᠷᠡᠭᠵᠢᠭᠦᠯᠵᠦ ᠪᠠᠶᠢᠨ᠎ᠠ᠂ ᠬᠤᠶᠠᠷ ᠲᠠᠯ᠎ᠠ ᠪᠠᠷ ᠢᠶᠠᠨ ᠠᠳᠠᠯᠢ ᠪᠤᠰᠤ ᠵᠠᠮ ᠢᠶᠠᠷ ᠵᠠᠮᠨᠠᠵᠤ ᠪᠠᠶᠢᠨ᠎ᠠ᠃ ᠡᠶᠢᠮᠦ | ᠠᠳᠠᠯᠢ ᠪᠤᠰᠤ ᠪᠠᠶᠢᠳᠠᠯ ᠥᠨᠥᠳᠥᠷ ᠰᠠᠶ᠋ᠢ ᠣᠷᠣᠰᠢᠵᠤ ᠪᠠᠶᠢᠭ᠎ᠠ ᠪᠢᠰᠢ᠂ ᠬᠤᠶᠢᠰᠢᠳᠠ ᠪᠠᠰᠠ ᠦᠷᠭᠦᠯᠵᠢᠯᠡᠨ | ᠣᠷᠣᠰᠢᠬᠤ ᠪᠣᠯᠣᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠠ ᠳᠤᠮᠳᠠᠳᠤ ᠤᠯᠤᠰ ᠤᠨ | ᠨᠡᠶᠢᠭᠡᠮ ᠵᠢᠷᠤᠮᠲᠤ ᠪᠠᠶᠢᠭᠤᠯᠤᠯ 14 ᠳ᠋ᠦᠩᠰᠢᠭᠤᠷ ᠠᠷᠠᠳ ᠲᠦᠮᠡᠨ ᠤ ᠬᠦᠷᠢᠶᠡᠯᠡᠯ ᠪᠠ ᠳᠡᠮᠵᠢᠯᠭᠡ ᠶᠢ ᠣᠯᠣᠭᠰᠠᠨ | ᠶᠠᠪᠤᠳᠠᠯ ᠪᠣᠯ ᠳᠤᠮᠳᠠᠳᠤ ᠤᠯᠤᠰ ᠤᠨ ᠬᠥᠭᠵᠢᠯᠲᠡ ᠪᠠ ᠲᠣᠭᠲᠠᠭᠤᠨ ᠪᠠᠶᠢᠳᠠᠯ ᠤᠨ ᠦᠨᠳᠦᠰᠦᠨ ᠪᠠᠲᠤᠯᠠᠭ᠎ᠠ ᠮᠥᠨ᠃ | ᠳᠤᠮᠳᠠᠳᠤ ᠠᠮᠧᠷᠢᠺᠠ ᠶᠢᠨ ᠬᠠᠷᠢᠯᠴᠠᠭᠠᠨ ᠳᠠᠬᠢ ᠮᠠᠰᠢ ᠴᠢᠬᠤᠯᠠ ᠨᠢᠭᠡ ᠵᠤᠷᠪᠤᠰ ᠪᠣᠯ ᠳᠠᠷᠤᠢ ᠡᠨᠡ ᠬᠦ ᠠᠳᠠᠯᠢ | ᠪᠤᠰᠤ ᠶᠢ ᠮᠡᠳᠡᠷᠡᠵᠦ᠂ ᠡᠨᠡ ᠬᠦ ᠠᠳᠠᠯᠢ ᠪᠤᠰᠤ ᠶᠢ ᠭᠦᠨᠳᠦᠳᠭᠡᠵᠤ᠂ ᠬᠠᠷᠢᠨ ᠨᠢᠭᠡ ᠯᠡ ᠠᠳᠠᠯᠢ ᠪᠤᠯᠭᠠᠬᠤ ᠪᠠᠷ | ᠠᠯᠪᠠᠳᠠᠵᠤ᠂ ᠴᠢᠨᠠᠭᠰᠢᠯᠠᠪᠠᠯ ᠨᠦᠭᠦᠭᠡ ᠡᠲᠡᠭᠡᠳ ᠤᠨ ᠢᠶᠠᠨ ᠪᠠᠶᠢᠭᠤᠯᠤᠯ ᠢ ᠬᠤᠪᠢᠷᠠᠭᠤᠯᠬᠤ ᠪᠤᠶᠤ ᠨᠤᠷᠠᠭᠠᠬᠤ ᠪᠠᠷ | ᠤᠷᠤᠯᠳᠤᠬᠤ ᠶᠠᠪᠤᠳᠠᠯ ᠪᠢᠰᠢ ᠶᠤᠮ᠃ ᠠᠮᠧᠷᠢᠺᠠ ᠶᠢᠨ ᠬᠢᠨ ᠬᠤᠯᠪᠣᠭᠳᠠᠯ ᠪᠦᠬᠦᠢ ᠠᠮᠠᠯᠠᠯᠲᠠ ᠪᠠᠨ ᠪᠣᠳᠠᠲᠠᠢ | ᠠᠵᠢᠯᠯᠠᠭ᠎ᠠ ᠳᠡᠭᠡᠷ᠎ᠡ ᠪᠠᠨ ᠢᠯᠡᠷᠡᠭᠦᠯᠵᠦ᠂ ᠬᠠᠷᠢᠨ ᠭᠡᠯᠡᠭᠦ ᠨᠢ ᠨᠢᠭᠡ ᠶᠠᠩᠵᠤ ᠬᠢᠬᠦ ᠨᠢ ᠪᠠᠰᠠ ᠨᠢᠭᠡ ᠶᠠᠩᠵᠤ ᠪᠠᠶᠢᠵᠤ | ᠪᠤᠯᠬᠤ ᠦᠭᠡᠢ ᠶᠤᠮ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠠᠮᠧᠷᠢᠺᠠ ᠪᠣᠯ ᠲᠡᠦᠬᠡ ᠰᠣᠶᠣᠯ᠂ ᠨᠡᠶᠢᠭᠡᠮ ᠤᠨ ᠪᠠᠶᠢᠭᠤᠯᠤᠯ᠂ ᠬᠥᠭᠵᠢᠯᠲᠡ ᠶᠢᠨ | ᠵᠠᠮ ᠠᠳᠠᠯᠢ ᠪᠤᠰᠤ ᠬᠤᠶᠠᠷ ᠲᠣᠮᠣ ᠤᠯᠤᠰ ᠪᠣᠯᠣᠨ᠎ᠠ᠂ ᠥᠩᠭᠡᠷᠡᠭᠰᠡᠨ ᠪᠠ ᠤᠳᠤ ᠵᠥᠷᠢᠶ᠎ᠡ ᠪᠠ ᠵᠥᠷᠢᠯᠳᠦᠭᠡᠨ ᠲᠠᠢ᠂ | ᠬᠤᠶᠢᠰᠢᠳᠠ ᠪᠠᠰᠠ ᠪᠠᠶᠢᠬᠤ ᠶᠤᠮ᠂ ᠭᠡᠪᠡᠴᠦ ᠡᠨᠡ ᠨᠢ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠬᠥᠭᠵᠢᠯᠲᠡ ᠶᠢᠨ | ᠬᠠᠷᠰᠢ ᠰᠠᠭᠠᠳ ᠪᠤᠯᠬᠤ ᠦᠭᠡᠢ ᠪᠠᠶᠢᠪᠠᠯ ᠵᠣᠬᠢᠨ᠎ᠠ᠃ ᠬᠡᠵᠢᠶ᠎ᠡ ᠴᠦ ᠭᠡᠰᠡᠨ ᠳᠡᠯᠡᠬᠡᠢ ᠶᠢᠷᠲᠢᠨᠴᠦ ᠪᠦᠷ | ᠥᠷᠢᠰᠦᠯᠳᠦᠭᠡᠨ ᠲᠠᠢ᠂ ᠭᠡᠪᠡᠴᠦ ᠥᠷᠢᠰᠦᠯᠳᠦᠭᠡᠨ ᠨᠢ ᠬᠠᠷᠢᠯᠴᠠᠨ ᠲᠣᠯᠢᠯᠠᠵᠤ᠂ ᠴᠢᠷᠮᠠᠶᠢᠨ ᠥᠷᠢᠰᠦᠯᠳᠦᠵᠦ᠂ | ᠬᠠᠮᠲᠤ ᠪᠠᠷ ᠳᠠᠪᠰᠢᠬᠤ ᠠᠴᠠ ᠪᠢᠰᠢ᠂ ᠬᠠᠷᠢᠨ ᠴᠢ ᠢᠯᠠᠭᠳᠠᠪᠠᠯ ᠪᠢ ᠢᠯᠠᠵᠤ᠂ ᠦᠬᠦᠵᠦ ᠰᠡᠭᠡᠭᠦ ᠪᠠᠨ ᠦᠵᠡᠯᠴᠡᠬᠦ | ᠶᠠᠪᠤᠳᠠᠯ ᠪᠢᠰᠢ ᠪᠠᠶᠢᠪᠠᠯ ᠵᠣᠬᠢᠨ᠎ᠠ᠃ ᠳᠤᠮᠳᠠᠳᠤ ᠤᠯᠤᠰ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ ᠢᠷᠠᠭᠤ | ᠠᠯᠳᠠᠷᠲᠤ ᠤᠯᠠᠮᠵᠢᠯᠠᠯ ᠲᠠᠢ᠂ ᠠᠯᠢᠪᠠ ᠳᠠᠷᠤᠯᠲᠠ ᠪᠠ ᠬᠤᠷᠢᠭᠯᠠᠯ ᠨᠢ ᠳᠤᠮᠳᠠᠳᠤ ᠤᠯᠤᠰ ᠤᠨ ᠠᠷᠠᠳ ᠲᠦᠮᠡᠨ ᠤ | ᠬᠦᠰᠡᠯ ᠵᠣᠷᠢᠭ ᠪᠠ ᠬᠠᠯᠠᠭᠤᠨ ᠰᠡᠳᠬᠢᠯᠭᠡ ᠶᠢ ᠬᠥᠭᠵᠢᠭᠡᠳᠡᠭ ᠶᠤᠮ᠃ ᠠᠷᠠᠯᠵᠢᠶᠠᠨ ᠤ ᠲᠠᠶᠢᠨ᠂ ᠰᠢᠨᠵᠢᠯᠡᠬᠦ | ᠤᠬᠠᠭᠠᠨ ᠲᠸᠭᠨᠢᠭ ᠮᠡᠷᠭᠡᠵᠢᠯ ᠤᠨ ᠲᠠᠶᠢᠨ ᠬᠢᠵᠦ᠂ ᠵᠣᠷᠢᠭᠤᠳᠠ ︽ᠬᠡᠷᠡᠮ ᠪᠣᠰᠬᠠᠨ ᠪᠠᠬᠢᠯᠡᠯᠲᠡ ᠪᠠᠶᠢᠭᠤᠯᠵᠤ︾᠂ | ᠠᠯᠪᠠ ᠪᠠᠷ ︽ᠬᠠᠷᠢᠴᠠᠭ᠎ᠠ ᠪᠠᠨ ᠲᠠᠰᠤᠯᠵᠤ ᠬᠡᠯᠬᠢᠶ᠎ᠡ ᠪᠠᠨ ᠲᠠᠰᠤᠯᠬᠤ︾ ᠨᠢ ᠵᠠᠬ᠎ᠠ ᠳᠡᠯᠭᠡᠭᠦᠷ ᠤᠨ ᠠᠵᠤ ᠠᠬᠤᠢ ᠶᠢᠨ | ᠵᠠᠷᠴᠢᠮ ᠢ ᠪᠦᠷᠢᠮᠦᠰᠦᠨ ᠵᠥᠷᠢᠴᠡᠵᠦ᠂ ᠤᠯᠠᠨ ᠤᠯᠤᠰ ᠤᠨ ᠠᠷᠠᠯᠵᠢᠶᠠᠨ ᠤ ᠳᠦᠷᠢᠮ ᠢ ᠡᠪᠳᠡᠵᠦ᠂ ᠪᠤᠰᠤᠳ ᠢ | ᠬᠤᠬᠢᠷᠠᠭᠤᠯᠵᠤ ᠥᠪᠡᠷ ᠢ ᠪᠠᠨ ᠬᠤᠬᠢᠷᠠᠭᠤᠯᠬᠤ ᠯᠠ ᠲᠡᠳᠦᠢ ᠶᠤᠮ᠃ ᠪᠢᠳᠡ ᠠᠵᠤ ᠠᠬᠤᠢ ᠠᠷᠠᠯᠵᠢᠶ᠎ᠠ ᠰᠢᠨᠵᠢᠯᠡᠬᠦ | ᠤᠬᠠᠭᠠᠨ ᠲᠸᠭᠨᠢᠭ ᠮᠡᠷᠭᠡᠵᠢᠯ ᠤᠨ ᠰᠣᠯᠢᠯᠴᠠᠭ᠎ᠠ ᠶᠢ ᠤᠯᠤᠰ ᠲᠥᠷᠥᠴᠢᠯᠡᠬᠦ᠂ ᠵᠡᠪᠰᠡᠭᠵᠢᠭᠦᠯᠬᠦ ᠶᠢ ᠡᠰᠡᠷᠭᠦᠴᠡᠨ᠎ᠡ᠃ | ᠣᠳᠣᠬᠠᠨ ᠤ ᠪᠠᠶᠢᠳᠠᠯ ᠳᠣᠣᠷ᠎ᠠ᠂ ᠳᠤᠮᠳᠠᠳᠤ ᠠᠮᠧᠷᠢᠺᠠ ᠬᠤᠶᠠᠷ ᠤᠯᠤᠰ ᠤᠨ ᠬᠠᠮᠲᠤ ᠶᠢᠨ ᠠᠰᠢᠭ ᠲᠤᠰᠠ | ᠪᠠᠭᠠᠰᠤᠭᠰᠠᠨ ᠪᠢᠰᠢ᠂ ᠬᠠᠷᠢᠨ ᠨᠡᠩ ᠤᠯᠠᠨ ᠪᠣᠯᠪᠠ᠃ ᠳᠤᠮᠳᠠᠳᠤ ᠠᠮᠧᠷᠢᠺᠠ ᠮᠥᠷᠭᠦᠯᠳᠦᠬᠦ ᠦᠭᠡᠢ᠂ | ᠡᠰᠡᠷᠭᠦᠴᠡᠯᠳᠦᠬᠦ ᠦᠭᠡᠢ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠪᠣᠯ ᠬᠤᠶᠠᠷ ᠤᠯᠤᠰ ᠤᠨ ᠬᠠᠮᠤᠭ ᠤᠨ | ᠦᠨᠳᠦᠰᠦᠨ ᠬᠠᠮᠲᠤ ᠶᠢᠨ ᠠᠰᠢᠭ ᠲᠤᠰᠠ ᠪᠣᠯᠣᠨ᠎ᠠ᠃ ᠳᠤᠮᠳᠠᠳᠤ ᠠᠮᠧᠷᠢᠺᠠ ᠬᠤᠶᠠᠷ ᠤᠯᠤᠰ ᠤᠨ ᠠᠵᠤ ᠠᠬᠤᠢ | ᠭᠦᠨᠵᠡᠭᠡᠢ ᠠᠭᠤᠰᠤᠯᠴᠠᠵᠤ᠂ ᠰᠢᠨ᠎ᠡ ᠬᠥᠭᠵᠢᠯᠲᠡ ᠶᠢᠨ ᠡᠭᠦᠷᠭᠡ ᠳᠤ ᠲᠤᠯᠭᠠᠷᠠᠵᠤ᠂ ᠨᠦᠭᠦᠭᠡ ᠡᠲᠡᠭᠡᠳ ᠤᠨ ᠢᠶᠠᠨ | ᠬᠥᠭᠵᠢᠯᠲᠡ ᠠᠴᠠ ᠠᠰᠢᠭ ᠭᠦᠷᠳᠡᠭᠦ ᠴᠢᠬᠤᠯᠠᠲᠠᠢ᠂ ᠡᠨᠡ ᠨᠢ ᠮᠥᠨ ᠴᠦ ᠬᠠᠮᠲᠤ ᠶᠢᠨ ᠠᠰᠢᠭ ᠲᠤᠰᠠ ᠪᠣᠯᠣᠨ᠎ᠠ᠃ | ᠪᠦᠭᠦ ᠪᠥᠮᠪᠥᠷᠴᠡᠭ ᠤᠨ ᠠᠵᠤ ᠠᠬᠤᠢ ᠶᠢᠨ ᠬᠢᠵᠢᠭ ᠤᠨ ᠳᠠᠷᠠᠭᠠᠬᠢ ᠰᠡᠷᠭᠦᠯᠲᠡ᠂ ᠠᠭᠤᠷ ᠠᠮᠢᠰᠬᠤᠯ ᠤᠨ | ᠬᠤᠪᠢᠷᠠᠯᠲᠠ ᠶᠢ ᠠᠷᠭᠠᠴᠠᠭᠠᠬᠤ᠂ ᠭᠠᠵᠠᠷ ᠣᠷᠣᠨ ᠤ ᠬᠠᠯᠠᠮᠰᠢᠯ ᠠᠰᠠᠭᠤᠳᠠᠯ ᠢ ᠰᠢᠢᠳᠪᠦᠷᠢᠯᠡᠬᠦ ᠳᠤ ᠴᠦ ᠳᠤᠮᠳᠠᠳᠤ | ᠠᠮᠧᠷᠢᠺᠠ ᠶᠢᠨ ᠵᠣᠬᠢᠴᠠᠭᠤᠯᠭ᠎ᠠ ᠬᠠᠮᠲᠤᠷᠠᠯᠴᠠᠭ᠎ᠠ ᠠᠴᠠ ᠰᠠᠯᠵᠤ ᠴᠢᠳᠠᠬᠤ ᠦᠭᠡᠢ ᠶᠤᠮ᠂ ᠡᠨᠡ ᠨᠢ ᠮᠥᠨ ᠴᠦ | ᠬᠠᠮᠲᠤ ᠶᠢᠨ ᠠᠰᠢᠭ ᠲᠤᠰᠠ ᠪᠤᠯᠬᠤ ᠶᠤᠮ᠃ ᠬᠤᠶᠠᠷ ᠲᠠᠯ᠎ᠠ ᠪᠠᠷ ᠢᠶᠠᠨ ᠬᠠᠷᠢᠯᠴᠠᠨ ᠭᠦᠨᠳᠦᠳᠭᠡᠵᠦ᠂ ᠬᠠᠷᠢᠯᠴᠠᠨ | ᠠᠰᠢᠭ ᠬᠦᠷᠲᠡᠭᠡᠵᠦ ᠬᠠᠷᠢᠯᠴᠠᠨ ᠠᠰᠢᠭ ᠬᠦᠷᠲᠡᠵᠦ᠂ ᠶᠡᠭᠡ ᠲᠠᠯ᠎ᠠ ᠶᠢ ᠪᠣᠳᠣᠯᠬᠢᠯᠠᠵᠤ᠂ ᠬᠤᠶᠠᠷ ᠲᠠᠯ᠎ᠠ ᠶᠢᠨ | ᠬᠠᠮᠲᠤᠷᠠᠯᠴᠠᠭ᠎ᠠ ᠳᠤ ᠰᠠᠶᠢᠨ ᠰᠠᠶᠢᠬᠠᠨ ᠠᠭᠤᠷ ᠠᠮᠢᠰᠬᠤᠯ ᠪᠣᠯᠣᠨ ᠲᠣᠭᠲᠠᠭᠤᠨ ᠬᠠᠷᠢᠴᠠᠭ᠎ᠠ ᠬᠠᠩᠭᠠᠪᠠᠯ ᠵᠣᠬᠢᠨ᠎ᠠ | ᠭᠡᠵᠦ ᠴᠢᠬᠤᠯᠠᠴᠢᠯᠠᠪᠠ᠃ | ᠪᠠᠶᠢᠳᠧᠨ᠂ ᠪᠢ ᠲᠡᠷᠢᠭᠦᠯᠡᠭᠴᠢ ᠰᠢ ᠶᠢᠨ ᠫᠢᠩ ᠲᠠᠢ ᠲᠠᠨᠢᠯᠴᠠᠭᠠᠳ ᠤᠯᠠᠨ ᠵᠢᠯ ᠪᠣᠯᠵᠤ ᠪᠠᠶᠢᠨ᠎ᠠ᠂ | ᠪᠠᠶᠢᠩᠭᠤ ᠶᠢᠨ ᠴᠢᠨᠠᠷᠲᠠᠢ ᠣᠯᠣᠯᠴᠠᠭ᠎ᠠ ᠪᠠᠨ ᠪᠠᠲᠤᠯᠠᠵᠤ ᠪᠠᠶᠢᠨ᠎ᠠ᠂ ᠭᠡᠪᠡᠴᠦ ᠶᠠᠭᠠᠬᠢᠭᠰᠠᠨ ᠴᠤ ᠨᠢᠭᠤᠷᠳᠠᠭᠰᠠᠨ | ᠠᠭᠤᠯᠵᠠᠯᠲᠠ ᠶᠢ ᠣᠷᠣᠯᠠᠵᠤ ᠴᠢᠳᠠᠬᠤ ᠦᠭᠡᠢ ᠶᠤᠮ᠃ ᠲᠠᠨ ᠤ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶᠠᠨ ᠤ ᠶᠡᠷᠦᠩᠬᠡᠢ ᠱᠦᠵᠢ ᠪᠠᠷ ᠳᠠᠬᠢᠨᠲᠠ ᠰᠣᠩᠭᠤᠭᠳᠠᠭᠰᠠᠨ ᠳᠤ ᠴᠢᠨᠢ ᠪᠠᠶᠠᠷ ᠬᠦᠷᠭᠡᠵᠦ ᠪᠠᠶᠢᠨ᠎ᠠ᠃ | ᠠᠮᠧᠷᠢᠺᠠ ᠳᠤᠮᠳᠠᠳᠤ ᠬᠤᠶᠠᠷ ᠲᠣᠮᠣ ᠤᠯᠤᠰ ᠪᠣᠯᠤᠭᠰᠠᠨ ᠤ ᠬᠤᠪᠢ ᠳᠤ ᠪᠦᠲᠦᠭᠡᠯᠴᠢ ᠴᠢᠨᠠᠷᠲᠠᠢ ᠬᠠᠷᠢᠯᠴᠠᠭ᠎ᠠ ᠪᠠᠨ | ᠪᠠᠲᠤᠯᠠᠬᠤ ᠬᠠᠷᠢᠭᠤᠴᠠᠯᠭ᠎ᠠ ᠲᠠᠢ ᠶᠤᠮ᠃ ᠠᠮᠧᠷᠢᠺᠠ ᠶᠢᠨ ᠬᠢᠨ ᠬᠤᠶᠠᠷ ᠤᠯᠤᠰ ᠤᠨ ᠲᠡᠷᠢᠭᠦᠨ ᠵᠢᠴᠢ ᠵᠠᠰᠠᠭ ᠤᠨ | ᠣᠷᠳᠣᠨ ᠤ ᠡᠯ᠎ᠡ ᠲᠡᠰ ᠳᠠᠪᠬᠤᠷᠭ᠎ᠠ ᠶᠢᠨ ᠣᠯᠣᠯᠴᠠᠭ᠎ᠠ ᠶᠢᠨ ᠵᠠᠮ ᠢ ᠰᠠᠭᠠᠳ ᠦᠭᠡᠢ ᠨᠡᠪᠲᠡᠷᠡᠭᠦᠯᠬᠦ ᠪᠠᠷ ᠴᠢᠷᠮᠠᠶᠢᠵᠤ᠂ | ᠬᠤᠶᠠᠷ ᠲᠠᠯ᠎ᠠ ᠶᠢᠨ ᠵᠥᠷᠢᠯᠳᠦᠭᠡᠨ ᠲᠠᠢ ᠪᠠᠶᠢᠬᠤ ᠠᠰᠠᠭᠤᠳᠠᠯ ᠤᠨ ᠲᠤᠬᠠᠢ ᠦᠨᠡᠨᠴᠢ ᠪᠠᠷ ᠶᠠᠷᠢᠯᠴᠠᠵᠤ᠂ ᠠᠭᠤᠷ | ᠠᠮᠢᠰᠬᠤᠯ ᠤᠨ ᠬᠤᠪᠢᠷᠠᠯᠲᠠ᠂ ᠠᠮᠤ ᠪᠤᠳᠠᠭᠠᠨ ᠤ ᠠᠮᠤᠷ ᠲᠦᠪᠰᠢᠨ ᠵᠡᠷᠭᠡ ᠴᠢᠬᠤᠯᠠ ᠪᠦᠭᠦ ᠪᠥᠮᠪᠥᠷᠴᠡᠭ ᠤᠨ | ᠴᠢᠨᠠᠷᠲᠠᠢ ᠥᠷᠢᠰᠦᠯᠳᠦᠭᠡᠨ ᠢ ᠠᠷᠭᠠᠴᠠᠭᠠᠬᠤ ᠳᠤ ᠴᠢᠬᠤᠯᠠ ᠪᠦᠬᠦᠢ ᠬᠠᠮᠲᠤᠷᠠᠯᠴᠠᠭ᠎ᠠ ᠪᠠᠨ ᠴᠢᠩᠭᠠᠳᠬᠠᠵᠤ᠂ | ᠵᠠᠩᠭᠢᠯᠠᠭ᠎ᠠ ᠶᠢᠨ ᠦᠢᠯᠡᠳᠦᠯ ᠦᠵᠡᠭᠦᠯᠭᠦ ᠴᠢᠬᠤᠯᠠᠲᠠᠢ ᠪᠠᠶᠢᠨ᠎ᠠ᠃ ᠡᠨᠡ ᠨᠢ ᠠᠮᠧᠷᠢᠺᠠ ᠳᠤᠮᠳᠠᠳᠤ ᠬᠤᠶᠠᠷ ᠤᠯᠤᠰ | ᠪᠣᠯᠣᠨ ᠬᠤᠶᠠᠷ ᠤᠯᠤᠰ ᠤᠨ ᠠᠷᠠᠳ ᠲᠦᠮᠡᠨ ᠳᠤ ᠲᠤᠶᠢᠯ ᠤᠨ ᠴᠢᠬᠤᠯᠠ ᠪᠥᠭᠡᠳ ᠪᠦᠭᠦ ᠳᠡᠯᠡᠬᠡᠢ ᠳᠤ ᠴᠦ | ᠲᠤᠶᠢᠯ ᠤᠨ ᠴᠢᠬᠤᠯᠠ ᠶᠤᠮ᠃ ᠨᠢᠭᠡᠨ ᠲᠣᠭᠲᠠᠭᠤᠨ ᠪᠥᠭᠡᠳ ᠬᠥᠭᠵᠢᠭᠰᠡᠨ ᠳᠤᠮᠳᠠᠳᠤ ᠤᠯᠤᠰ ᠨᠢ ᠠᠮᠧᠷᠢᠺᠠ | ᠪᠣᠯᠣᠨ ᠳᠡᠯᠡᠬᠡᠢ ᠶᠢᠨ ᠠᠰᠢᠭ ᠲᠤᠰᠠ ᠳᠤ ᠨᠡᠶᠢᠴᠡᠭᠦ ᠶᠢ ᠪᠢ ᠳᠤᠷᠠᠲᠠᠶ᠎ᠠ ᠳᠠᠬᠢᠨᠲᠠ ᠢᠯᠡᠷᠬᠡᠶᠢᠯᠡᠶ᠎ᠡ᠃ ᠠᠮᠧᠷᠢᠺᠠ | ᠳᠤᠮᠳᠠᠳᠤ ᠤᠯᠤᠰ ᠤᠨ ᠪᠠᠶᠢᠭᠤᠯᠤᠮᠵᠢ ᠶᠢ ᠭᠦᠨᠳᠦᠳᠭᠡᠵᠦ᠂ ᠳᠤᠮᠳᠠᠳᠤ ᠤᠯᠤᠰ ᠤᠨ ᠪᠠᠶᠢᠭᠤᠯᠤᠯ ᠢ | ᠬᠤᠪᠢᠷᠠᠭᠤᠯᠬᠤ ᠶᠢ ᠡᠷᠢᠯᠬᠢᠯᠡᠬᠦ ᠦᠭᠡᠢ᠂ ︽ᠰᠢᠨ᠎ᠡ ᠬᠦᠢᠲᠡᠨ ᠲᠠᠶᠢᠨ︾ ᠢ ᠡᠷᠢᠯᠬᠢᠯᠡᠬᠦ ᠦᠭᠡᠢ᠂ ᠬᠤᠯᠪᠣᠭᠠᠨ ᠤ | ᠬᠠᠨᠢᠲᠠᠨ ᠤ ᠬᠠᠷᠢᠴᠠᠭ᠎ᠠ ᠪᠠᠨ ᠴᠢᠩᠭᠠᠳᠬᠠᠬᠤ ᠪᠠᠷ ᠳᠠᠮᠵᠢᠭᠤᠯᠤᠨ ᠳᠤᠮᠳᠠᠳᠤ ᠤᠯᠤᠰ ᠢ ᠡᠰᠡᠷᠭᠦᠴᠡᠬᠦ ᠶᠢ ᠡᠷᠢᠯᠬᠢᠯᠡᠬᠦ | ᠦᠭᠡᠢ᠂ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠶᠢ ᠳᠡᠮᠵᠢᠭᠦ ᠦᠭᠡᠢ᠂ ︽ᠬᠤᠶᠠᠷ ᠳᠤᠮᠳᠠᠳᠤ ᠤᠯᠤᠰ︾᠂ | ︽ᠨᠢᠭᠡ ᠳᠤᠮᠳᠠᠳᠤ ᠤᠯᠤᠰ ᠨᠢᠭᠡ ᠲᠠᠶᠢᠸᠠᠨ︾ ᠢ ᠴᠤ ᠳᠡᠮᠵᠢᠭᠦ ᠦᠭᠡᠢ᠂ ᠳᠤᠮᠳᠠᠳᠤ ᠤᠯᠤᠰ ᠲᠠᠢ ᠮᠥᠷᠭᠦᠯᠳᠦᠭᠡᠨ | ᠡᠭᠦᠰᠭᠦ ᠰᠠᠨᠠᠭ᠎ᠠ ᠦᠭᠡᠢ᠃ ᠠᠮᠧᠷᠢᠺᠠ ᠶᠢᠨ ᠬᠢᠨ ᠴᠦ ᠳᠤᠮᠳᠠᠳᠤ ᠤᠯᠤᠰ ᠲᠠᠢ ︽ᠬᠠᠷᠢᠯᠴᠠᠭ᠎ᠠ ᠪᠠᠨ ᠲᠠᠰᠤᠯᠬᠤ︾ | ᠰᠠᠨᠠᠭ᠎ᠠ ᠦᠭᠡᠢ᠂ ᠳᠤᠮᠳᠠᠳᠤ ᠤᠯᠤᠰ ᠤᠨ ᠠᠵᠤ ᠠᠬᠤᠢ ᠶᠢᠨ ᠬᠥᠭᠵᠢᠯᠲᠡ ᠶᠢ ᠬᠠᠷᠰᠢᠯᠠᠬᠤ ᠰᠠᠨᠠᠭ᠎ᠠ ᠦᠭᠡᠢ᠂ | ᠳᠤᠮᠳᠠᠳᠤ ᠤᠯᠤᠰ ᠢ ᠪᠦᠰᠡᠯᠡᠵᠦ ᠬᠤᠷᠢᠭᠯᠠᠬᠤ ᠰᠠᠨᠠᠭ᠎ᠠ ᠦᠭᠡᠢ ᠭᠡᠵᠦ ᠢᠯᠡᠳᠬᠡᠪᠡ᠃ | ᠪᠠᠶᠢᠳᠧᠨ᠂ ᠠᠮᠧᠷᠢᠺᠠ ᠳᠤᠮᠳᠠᠳᠤ ᠶᠢᠨ ᠬᠠᠷᠢᠯᠴᠠᠭ᠎ᠠ ᠬᠡᠷᠬᠢᠨ ᠭᠦᠭᠵᠢᠭᠦ ᠨᠢ ᠢᠷᠡᠭᠡᠳᠦᠢ ᠶᠢᠨ ᠳᠡᠯᠡᠬᠡᠢ ᠳ᠋ᠠᠬᠢᠨ ᠳᠤ | ᠲᠤᠶᠢᠯ ᠤᠨ ᠴᠢᠬᠤᠯᠠ ᠶᠤᠮ᠃ ᠠᠮᠧᠷᠢᠺᠠ ᠳᠤᠮᠳᠠᠳᠤ ᠬᠤᠶᠠᠷ ᠲᠠᠯ᠎ᠠ ᠪᠠᠷ ᠢᠶᠠᠨ᠂ ᠠᠮᠧᠷᠢᠺᠠ ᠳᠤᠮᠳᠠᠳᠤ | ᠵᠥᠷᠢᠯᠳᠦᠭᠡᠨ ᠢᠶᠠᠨ ᠬᠠᠮᠢᠶᠠᠷᠤᠨ ᠡᠵᠡᠮᠳᠡᠵᠦ᠂ ᠪᠤᠷᠤᠭᠤ ᠣᠶᠢᠯᠠᠭᠠᠯᠲᠠ ᠪᠤᠷᠤᠭᠤ ᠮᠠᠭᠠᠳᠯᠠᠯᠲᠠ ᠪᠤᠶᠤ ᠬᠤᠷᠴᠠ | ᠰᠢᠷᠦᠭᠦᠨ ᠥᠷᠢᠰᠦᠯᠳᠦᠭᠡᠨ ᠠᠴᠠ ᠪᠣᠯᠵᠤ ᠡᠰᠡᠷᠭᠦᠴᠡᠯᠳᠦᠬᠦ ᠴᠢᠨᠠᠭᠰᠢᠯᠠᠪᠠᠯ ᠮᠥᠷᠭᠦᠯᠳᠦᠭᠡᠨ ᠭᠠᠷᠬᠤ ᠠᠴᠠ | ᠵᠠᠶᠢᠯᠠᠰᠬᠢᠬᠦ ᠪᠠ ᠰᠡᠷᠭᠡᠶᠢᠯᠡᠵᠦ ᠴᠢᠳᠠᠬᠤ ᠶᠢ ᠳᠡᠯᠡᠬᠡᠢ ᠳ᠋ᠠᠬᠢᠨ ᠳᠤ ᠦᠵᠡᠭᠦᠯᠭᠦ ᠬᠠᠮᠲᠤ ᠶᠢᠨ ᠬᠠᠷᠢᠭᠤᠴᠠᠯᠭ᠎ᠠ ᠲᠠᠢ | ᠶᠤᠮ᠃ ᠠᠮᠧᠷᠢᠺᠠ ᠶᠢᠨ ᠬᠢᠨ ᠠᠮᠧᠷᠢᠺᠠ ᠳᠤᠮᠳᠠᠳᠤ ᠶᠢᠨ ᠬᠠᠷᠢᠯᠴᠠᠭ᠎ᠠ ᠶᠢ ᠵᠢᠯᠤᠭᠤᠳᠬᠤ ᠵᠠᠷᠴᠢᠮ ᠢ ᠲᠣᠭᠲᠠᠭᠠᠪᠠᠯ | ᠵᠣᠬᠢᠬᠤ ᠶᠢ ᠵᠥᠪᠰᠢᠶᠡᠷᠡᠵᠦ ᠪᠠᠶᠢᠨ᠎ᠠ᠂ ᠬᠤᠶᠠᠷ ᠲᠠᠯ᠎ᠠ ᠶᠢᠨ ᠪᠦᠯᠭᠦᠮ ᠤᠤᠯ ᠤᠨ ᠬᠠᠮᠲᠤ ᠶᠢᠨ ᠲᠠᠨᠢᠯᠲᠠ ᠶᠢᠨ | ᠰᠠᠭᠤᠷᠢᠨ ᠳᠡᠭᠡᠷ᠎ᠡ ᠦᠷᠭᠦᠯᠵᠢᠯᠡᠨ ᠶᠠᠷᠢᠯᠴᠠᠵᠤ᠂ ᠡᠷᠲᠡᠬᠡᠨ ᠰᠠᠨᠠᠯ ᠨᠢᠭᠡᠳᠭᠦ ᠪᠠᠷ ᠴᠢᠷᠮᠠᠶᠢᠪᠠᠯ ᠵᠣᠬᠢᠨ᠎ᠠ᠃ | ᠠᠮᠧᠷᠢᠺᠠ ᠶᠢᠨ ᠵᠠᠰᠠᠭ ᠤᠨ ᠣᠷᠳᠣᠨ ᠨᠢᠭᠡ ᠯᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ | ᠬᠡᠷᠡᠭᠵᠢᠭᠦᠯᠵᠦ᠂ ᠲᠠᠶᠢᠸᠠᠨ ᠤ ᠠᠰᠠᠭᠤᠳᠠᠯ ᠢᠶᠠᠷ ᠪᠠᠭᠠᠵᠢ ᠪᠣᠯᠭᠠᠨ ᠳᠤᠮᠳᠠᠳᠤ ᠤᠯᠤᠰ ᠢ ᠬᠤᠷᠢᠭᠯᠠᠬᠤ ᠶᠢ ᠡᠷᠢᠯᠬᠢᠯᠡᠬᠦ | ᠦᠭᠡᠢ᠂ ᠲᠠᠶᠢᠸᠠᠨ ᠬᠤᠭᠤᠯᠠᠢ ᠶᠢᠨ ᠡᠩᠬᠡ ᠲᠠᠶᠢᠪᠤᠩ ᠲᠣᠭᠲᠠᠭᠤᠨ ᠪᠠᠶᠢᠳᠠᠯ ᠢ ᠣᠯᠵᠤ ᠬᠠᠷᠠᠬᠤ ᠶᠢ ᠬᠦᠰᠡᠵᠦ | ᠪᠠᠶᠢᠨ᠎ᠠ ᠭᠡᠵᠦ ᠢᠯᠡᠳᠬᠡᠪᠡ᠃ | ᠬᠤᠶᠠᠷ ᠤᠯᠤᠰ ᠤᠨ ᠲᠡᠷᠢᠭᠦᠨ᠂ ᠬᠤᠶᠠᠷ ᠲᠠᠯ᠎ᠠ ᠶᠢᠨ ᠭᠠᠳᠠᠭᠠᠳᠤ ᠬᠠᠷᠢᠯᠴᠠᠭᠠᠨ ᠤ ᠪᠦᠯᠭᠦᠮ ᠪᠠᠶᠢᠯᠳᠤᠬᠤ | ᠪᠣᠳᠣᠯᠭ᠎ᠠ ᠶᠢᠨ ᠣᠯᠣᠯᠴᠠᠭ᠎ᠠ ᠪᠠᠨ ᠪᠠᠲᠤᠯᠠᠵᠤ᠂ ᠪᠠᠶᠢᠩᠭᠤ ᠶᠢᠨ ᠴᠢᠨᠠᠷᠲᠠᠢ ᠵᠥᠪᠳᠡᠯᠴᠡᠭᠡ ᠬᠢᠬᠦ ᠶᠢ ᠵᠥᠪᠰᠢᠶᠡᠷᠡᠪᠡ᠃ | ᠬᠤᠶᠠᠷ ᠤᠯᠤᠰ ᠤᠨ ᠡᠳ᠋ ᠤᠨ ᠵᠠᠰᠠᠭ ᠮᠥᠩᠭᠦᠨ ᠭᠦᠢᠯᠭᠡᠭᠡᠨ ᠤ ᠪᠦᠯᠭᠦᠮ ᠤᠨ ᠬᠢᠨ ᠬᠤᠷᠸ᠎ᠠ ᠠᠵᠤ ᠠᠬᠤᠢ ᠶᠢᠨ | ᠲᠦᠷᠦ ᠶᠢᠨ ᠪᠣᠳᠣᠯᠭ᠎ᠠ᠂ ᠠᠵᠤ ᠠᠬᠤᠢ ᠠᠷᠠᠯᠵᠢᠶ᠎ᠠ ᠵᠡᠷᠭᠡ ᠠᠰᠠᠭᠤᠳᠠᠯ ᠤᠨ ᠲᠤᠬᠠᠢ ᠶᠠᠷᠢᠯᠴᠠᠭ᠎ᠠ ᠵᠣᠬᠢᠴᠠᠭᠤᠯᠭ᠎ᠠ | ᠬᠢᠬᠦ ᠶᠢ ᠵᠥᠪᠰᠢᠶᠡᠷᠡᠪᠡ᠃ ︽ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠭᠤᠷ ᠠᠮᠢᠰᠬᠤᠯ ᠤᠨ | ᠬᠤᠪᠢᠷᠠᠯᠲᠠ ᠶᠢᠨ ᠪᠦᠳᠦᠭᠦᠪᠴᠢ ᠨᠡᠶᠢᠲᠡ ᠶᠢᠨ ᠭᠡᠷ᠎ᠡ︾ ᠶᠢᠨ ᠬᠤᠷᠢᠨ ᠳᠣᠯᠣᠳᠤᠭᠠᠷ ᠤᠳᠠᠭᠠᠨ ᠤ ᠭᠡᠷᠡᠲᠦ | ᠲᠠᠯ᠎ᠠ ᠶᠢᠨ ᠶᠡᠭᠡ ᠬᠤᠷᠠᠯ ᠤᠨ ᠠᠮᠵᠢᠯᠲᠠ ᠣᠯᠬᠤ ᠶᠢ ᠬᠠᠮᠲᠤ ᠪᠠᠷ ᠴᠢᠷᠮᠠᠶᠢᠨ ᠠᠬᠢᠭᠤᠯᠬᠤ ᠶᠢ ᠵᠥᠪᠰᠢᠶᠡᠷᠡᠪᠡ᠃ | ᠬᠤᠶᠠᠷ ᠲᠠᠯ᠎ᠠ ᠪᠠᠷ ᠢᠶᠠᠨ ᠬᠤᠶᠠᠷ ᠤᠯᠤᠰ ᠤᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠬᠥᠳᠡᠭᠡ ᠠᠵᠤ ᠠᠬᠤᠢ | ᠪᠣᠯᠣᠨ ᠠᠮᠤ ᠪᠤᠳᠠᠭᠠᠨ ᠤ ᠠᠮᠤᠷ ᠲᠦᠪᠰᠢᠨ ᠤ ᠶᠠᠷᠢᠯᠴᠠᠭ᠎ᠠ ᠬᠠᠮᠲᠤᠷᠠᠯᠴᠠᠭ᠎ᠠ ᠥᠷᠨᠢᠭᠦᠯᠬᠦ ᠲᠤᠬᠠᠢ ᠰᠠᠨᠠᠯ ᠨᠢᠭᠡᠳᠪᠡ᠃ | ᠳᠤᠮᠳᠠᠳᠤ ᠠᠮᠧᠷᠢᠺᠠ ᠶᠢᠨ ᠬᠠᠮᠲᠤᠷᠠᠭᠰᠠᠨ ᠠᠵᠢᠯᠯᠠᠬᠤ ᠳᠤᠭᠤᠶᠢᠯᠠᠩ ᠢ ᠰᠠᠶᠢᠲᠤᠷ ᠬᠡᠷᠡᠭᠯᠡᠵᠦ᠂ ᠨᠡᠩ ᠤᠯᠠᠨ | ᠪᠣᠳᠠᠲᠠᠢ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠶᠢ ᠵᠥᠪᠰᠢᠶᠡᠷᠡᠪᠡ᠃ ᠳᠤᠮᠳᠠᠳᠤ ᠠᠮᠧᠷᠢᠺᠠ ᠶᠢᠨ ᠰᠣᠶᠣᠯ | ᠢᠷᠭᠡᠨᠰᠢᠯ ᠤᠨ ᠰᠣᠯᠢᠯᠴᠠᠭ᠎ᠠ ᠲᠤᠶᠢᠯ ᠤᠨ ᠴᠢᠬᠤᠯᠠ ᠪᠠᠶᠢᠬᠤ ᠶᠢ ᠵᠥᠪᠰᠢᠶᠡᠷᠡᠵᠦ᠂ ᠬᠤᠶᠠᠷ ᠤᠯᠤᠰ ᠤᠨ ᠡᠯ᠎ᠡ | ᠬᠦᠷᠢᠶᠡᠨ ᠤ ᠬᠥᠮᠥᠰ ᠤᠨ ᠶᠠᠪᠤᠯᠴᠠᠭ᠎ᠠ ᠶᠢ ᠥᠷᠭᠡᠳᠬᠡᠬᠦ ᠶᠢ ᠵᠣᠷᠢᠭᠵᠢᠭᠤᠯᠪᠠ᠃ | ᠬᠤᠶᠠᠷ ᠤᠯᠤᠰ ᠤᠨ ᠲᠡᠷᠢᠭᠦᠨ ᠪᠠᠰᠠ ᠦᠺᠷᠠᠶᠢᠨ ᠤ ᠬᠢᠮᠤᠷᠠᠯ ᠵᠡᠷᠭᠡ ᠠᠰᠠᠭᠤᠳᠠᠯ ᠤᠨ ᠲᠤᠬᠠᠢ ᠰᠠᠨᠠᠯ ᠢᠶᠠᠨ | ᠰᠣᠯᠢᠯᠴᠠᠪᠠ᠃ ᠰᠢ ᠶᠢᠨ ᠫᠢᠩ᠂ ᠳᠤᠮᠳᠠᠳᠤ ᠤᠯᠤᠰ ᠣᠳᠣᠬᠠᠨ ᠤ ᠦᠺᠷᠠᠶᠢᠨ ᠤ ᠪᠠᠶᠢᠳᠠᠯ ᠢ ᠳᠡᠭᠡᠳᠦ ᠬᠡᠮᠵᠢᠶ᠎ᠡ ᠪᠠᠷ | ᠠᠩᠬᠠᠷᠴᠤ ᠪᠠᠶᠢᠨ᠎ᠠ᠃ ᠬᠢᠮᠤᠷᠠᠯ ᠡᠭᠦᠰᠦᠭᠰᠡᠨ ᠤ ᠲᠠᠷᠠᠭ᠎ᠠ᠂ ᠪᠢ ︽ᠲᠦᠷᠪᠡᠨ ᠡᠷᠬᠡᠪᠰᠢ︾ ᠶᠢ ᠳᠤᠷᠠᠳᠤᠭᠰᠠᠨ | ᠪᠥᠭᠡᠳ ᠲᠦᠷᠦᠭᠦᠬᠡᠨ ᠪᠠᠰᠠ ︽ᠲᠦᠷᠪᠡᠨ ᠬᠠᠮᠲᠤ ᠪᠠᠷ︾ ᠢ ᠳᠤᠷᠠᠳᠤᠭᠰᠠᠨ ᠶᠤᠮ᠃ ᠦᠺᠷᠠᠶᠢᠨ ᠤ ᠬᠢᠮᠤᠷᠠᠯ | ᠮᠡᠲᠦ ᠶᠢᠨ ᠪᠦᠭᠦ ᠪᠥᠮᠪᠥᠷᠴᠡᠭ ᠤᠨ ᠴᠢᠨᠠᠷᠲᠠᠢ᠂ ᠨᠡᠶᠢᠯᠡᠮᠡᠯ ᠴᠢᠨᠠᠷᠲᠠᠢ ᠬᠢᠮᠤᠷᠠᠯ ᠤᠨ ᠡᠮᠦᠨ᠎ᠡ᠂ ᠡᠶᠢᠮᠦ ᠬᠡᠳᠦᠨ | ᠵᠦᠢᠯ ᠢ ᠬᠢᠨᠠᠮᠠᠭᠠᠢ ᠪᠣᠳᠣᠯᠬᠢᠯᠠᠭᠤᠰᠢᠲᠠᠢ ᠪᠠᠶᠢᠨ᠎ᠠ᠄ ᠨᠢᠭᠡ ᠳᠤ᠂ ᠮᠥᠷᠭᠦᠯᠳᠦᠭᠡᠨ ᠳᠠᠶᠢᠨ ᠳᠤ ᠢᠯᠠᠭᠴᠢ ᠦᠭᠡᠢ ᠶᠤᠮ; | ᠬᠤᠶᠠᠷ ᠲᠤ᠂ ᠪᠤᠳᠤᠯᠢᠶᠠᠨᠲᠠᠢ ᠠᠰᠠᠭᠤᠳᠠᠯ ᠢ ᠰᠢᠢᠳᠪᠦᠷᠢᠯᠡᠬᠦ ᠳᠤ ᠳᠥᠭᠦᠮ ᠠᠷᠭ᠎ᠠ ᠪᠠᠶᠢᠬᠤ ᠦᠭᠡᠢ ; | ᠭᠤᠷᠪᠠ ᠳᠤ᠂ ᠲᠣᠮᠣ ᠤᠯᠤᠰ ᠤᠳ ᠤᠨ ᠡᠰᠡᠷᠭᠦᠴᠡᠯᠳᠦᠯ ᠡᠭᠦᠰᠭᠦ ᠠᠴᠠ ᠡᠷᠬᠡᠪᠰᠢ ᠵᠠᠶᠢᠯᠠᠰᠬᠢᠬᠦ ᠬᠡᠷᠡᠭᠲᠡᠢ᠃ | ᠳᠤᠮᠳᠠᠳᠤ ᠤᠯᠤᠰ ᠢᠮᠠᠭᠲᠠ ᠡᠩᠬᠡ ᠲᠠᠶᠢᠪᠤᠩ ᠤᠨ ᠲᠠᠯ᠎ᠠ ᠳᠤ ᠵᠣᠭᠰᠣᠵᠤ᠂ ᠦᠷᠭᠦᠯᠵᠢᠯᠡᠨ ᠢᠳᠬᠠᠨ ᠡᠪᠰᠡᠭᠦᠯᠵᠦ | ᠬᠡᠯᠡᠯᠴᠡᠭᠡ ᠶᠢ ᠠᠬᠢᠭᠤᠯᠤᠨ᠎ᠠ᠂ ᠤᠷᠤᠰ ᠦᠺᠷᠠᠶᠢᠨ ᠬᠤᠶᠠᠷ ᠲᠠᠯ᠎ᠠ ᠶᠢᠨ ᠨᠠᠶᠢᠷᠠᠮᠳᠠᠯ ᠤᠨ ᠬᠡᠯᠡᠯᠴᠡᠭᠡ ᠪᠠᠨ | ᠰᠡᠷᠭᠦᠭᠡᠬᠦ ᠶᠢ ᠳᠡᠮᠵᠢᠭᠦ ᠶᠢᠨ ᠬᠠᠮᠲᠤ ᠠᠮᠧᠷᠢᠺᠠ᠂ ᠤᠮᠠᠷᠠᠲᠤ ᠠᠲᠯᠠᠨᠲ ᠲᠠᠯᠠᠢ ᠶᠢᠨ ᠭᠡᠷ᠎ᠡ ᠶᠢᠨ ᠵᠣᠬᠢᠶᠠᠨ | ᠪᠠᠶᠢᠭᠤᠯᠤᠯᠲᠠ᠂ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠶᠢᠨ ᠬᠢᠨ ᠤᠷᠤᠰ ᠯᠤᠭ᠎ᠠ ᠪᠦᠭᠦ ᠲᠠᠯ᠎ᠠ ᠶᠢᠨ | ᠶᠠᠷᠢᠯᠴᠠᠭ᠎ᠠ ᠥᠷᠨᠢᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | ᠬᠤᠶᠠᠷ ᠤᠯᠤᠰ ᠤᠨ ᠲᠡᠷᠢᠭᠦᠨ᠂ ᠠᠭᠤᠯᠵᠠᠯᠲᠠ ᠪᠣᠯ ᠭᠦᠨ ᠭᠦᠨᠵᠡᠭᠡᠢ ᠴᠢᠩ ᠦᠨᠡᠨᠴᠢ ᠪᠥᠭᠡᠳ ᠪᠦᠲᠦᠭᠡᠯᠴᠢ | ᠴᠢᠨᠠᠷᠲᠠᠢ ᠶᠤᠮ ᠭᠡᠵᠦ ᠦᠵᠡᠵᠦ᠂ ᠬᠤᠶᠠᠷ ᠤᠯᠤᠰ ᠤᠨ ᠠᠵᠢᠯ ᠤᠨ ᠪᠦᠯᠭᠦᠮ ᠢ ᠬᠤᠶᠠᠷ ᠤᠯᠤᠰ ᠤᠨ ᠲᠡᠷᠢᠭᠦᠨ ᠤ | ᠲᠣᠬᠢᠷᠠᠯᠴᠠᠭᠰᠠᠨ ᠴᠢᠬᠤᠯᠠ ᠬᠠᠮᠲᠤ ᠶᠢᠨ ᠲᠠᠨᠢᠯᠲᠠ ᠶᠢ ᠴᠠᠭ ᠲᠤᠬᠠᠢ ᠳᠤᠨᠢ ᠲᠠᠭᠠᠨ ᠨᠠᠶᠢᠳᠠᠪᠤᠷᠢᠵᠢᠭᠤᠯᠵᠤ᠂ ᠦᠨᠡᠨ | ᠪᠣᠳᠠᠲᠠᠢ ᠠᠵᠢᠯᠯᠠᠭ᠎ᠠ ᠠᠪᠴᠤ᠂ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠲᠣᠭᠲᠠᠭᠤᠨ ᠬᠥᠭᠵᠢᠯᠲᠡ ᠶᠢᠨ | ᠵᠠᠮ ᠳᠠᠭᠠᠨ ᠲᠠᠭᠢᠨ ᠪᠤᠴᠠᠬᠤ ᠶᠢ ᠠᠬᠢᠭᠤᠯᠬᠤ ᠪᠠᠷ ᠱᠠᠭᠠᠷᠳᠠᠪᠠ᠃ ᠬᠤᠶᠠᠷ ᠤᠯᠤᠰ ᠤᠨ ᠲᠡᠷᠢᠭᠦᠨ ᠦᠷᠭᠦᠯᠵᠢᠯᠡᠨ | ᠪᠠᠶᠢᠩᠭᠤ ᠶᠢᠨ ᠴᠢᠨᠠᠷᠲᠠᠢ ᠬᠠᠷᠢᠯᠴᠠᠭ᠎ᠠ ᠪᠠᠨ ᠪᠠᠲᠤᠯᠠᠬᠤ ᠶᠢ ᠵᠥᠪᠰᠢᠶᠡᠷᠡᠪᠡ᠃ | ᠳ᠋ᠢᠩ ᠰᠢᠤᠸᠠᠢ ᠰᠢᠶᠠᠩ᠂ ᠸᠠᠩ ᠢ᠂ ᠾᠧ ᠯᠢ ᠹᠧᠩ ᠨᠠᠷ ᠠᠭᠤᠯᠵᠠᠯᠲᠠ ᠳᠤ ᠣᠷᠣᠯᠴᠠᠪᠠ᠃ |