| | ᠲᠤᠬᠠᠢ ᠶᠢᠨ ᠭᠠᠵᠠᠷ ᠤᠨ ᠴᠠᠭ ᠢᠶᠠᠷ 11 ᠳ᠋ᠦ᠋ᠭᠡᠷ ᠰᠠᠷ᠎ᠠ ᠶᠢᠨ 8 ᠤ ᠣᠷᠣᠢ ᠺᠠᠮᠪᠤᠵᠠ ᠸᠠᠩᠲᠤ ᠤᠯᠤᠰ ᠤᠨ | ᠲᠡᠷᠢᠭᠦᠨ ᠰᠠᠶᠢᠳ ᠡᠾᠦ᠋ᠨᠰᠧᠨ ᠤ ᠤᠷᠢᠯᠭ᠎ᠠ ᠪᠠᠷ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ | ᠺᠧ ᠴᠢᠶᠠᠩ ᠲᠤᠰᠬᠠᠢ ᠨᠢᠰᠬᠡᠯ ᠢᠶᠠᠷ ᠫᠨᠣᠮ ᠪᠧᠩ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠵᠤ᠂ | ᠵᠡᠭᠦᠨ ᠠᠽᠢᠶ᠎ᠠ ᠶᠢᠨ ᠬᠠᠮᠲᠤᠷᠠᠯᠴᠠᠭᠠᠨ ᠤ ᠤᠳᠤᠷᠢᠳᠬᠤ ᠬᠥᠮᠥᠰ ᠤᠨ ᠰᠢᠷᠢᠰ ᠬᠤᠷᠠᠯᠳᠤᠭᠠᠨ ᠳᠤ ᠣᠷᠣᠯᠴᠠᠭᠰᠠᠨ ᠤ | ᠬᠠᠮᠲᠤ ᠺᠠᠮᠪᠤᠵᠠ ᠳᠤ ᠠᠯᠪᠠᠨ ᠶᠣᠰᠣᠨ ᠤ ᠠᠶᠢᠯᠴᠢᠯᠠᠯᠲᠠ ᠬᠢᠪᠡ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢᠦ ᠪᠢᠨ ᠰᠡᠭᠦᠳᠡᠷᠯᠡᠪᠡ | | ᠰᠢᠨᠬᠤᠸᠠ ᠬᠤᠷᠢᠶᠠᠨ ᠤ ᠫᠨᠣᠮ ᠪᠧᠩ ᠤᠨ 11 ᠳ᠋ᠦ᠋ᠭᠡᠷ ᠰᠠᠷ᠎ᠠ ᠶᠢᠨ 8 ᠤ ᠡᠳᠦᠷ ᠤᠨ ᠴᠠᠬᠢᠯᠭᠠᠨ ᠮᠡᠳᠡᠭᠡ | ᠲᠤᠬᠠᠢ ᠶᠢᠨ ᠭᠠᠵᠠᠷ ᠤᠨ ᠴᠠᠭ ᠢᠶᠠᠷ 11 ᠳ᠋ᠦ᠋ᠭᠡᠷ ᠰᠠᠷ᠎ᠠ ᠶᠢᠨ 8 ᠤ ᠡᠳᠦᠷ ᠤᠨ ᠣᠷᠣᠢ᠂ ᠺᠠᠮᠪᠤᠵᠠ ᠸᠠᠩᠲᠤ | ᠤᠯᠤᠰ ᠤᠨ ᠲᠡᠷᠢᠭᠦᠨ ᠰᠠᠶᠢᠳ ᠾᠦᠨᠰᠧᠨ ᠤ ᠤᠷᠢᠯᠭ᠎ᠠ ᠪᠠᠷ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ | ᠰᠠᠶᠢᠳ ᠯᠢ ᠺᠧ ᠴᠢᠶᠠᠩ ᠲᠤᠰᠬᠠᠢ ᠨᠢᠰᠬᠡᠯ ᠢᠶᠠᠷ ᠫᠨᠣᠮ ᠪᠧᠩ ᠤᠨ ᠤᠯᠠᠨ ᠤᠯᠤᠰ ᠤᠨ ᠨᠢᠰᠬᠡᠯ ᠤᠨ ᠪᠠᠭᠤᠳᠠᠯ ᠳᠤ | ᠪᠠᠭᠤᠵᠤ᠂ ᠵᠡᠭᠦᠨ ᠠᠽᠢᠶ᠎ᠠ ᠶᠢᠨ ᠬᠠᠮᠲᠤᠷᠠᠯᠴᠠᠭᠠᠨ ᠤ ᠤᠳᠤᠷᠢᠳᠬᠤ ᠬᠥᠮᠥᠰ ᠤᠨ ᠰᠢᠷᠢᠰ ᠬᠤᠷᠠᠯ ᠳᠤ | ᠣᠷᠣᠯᠴᠠᠭᠰᠠᠨ ᠤ ᠬᠠᠮᠲᠤ ᠺᠠᠮᠪᠤᠵᠠ ᠳᠤ ᠠᠯᠪᠠᠨ ᠶᠣᠰᠣᠨ ᠤ ᠠᠶᠢᠯᠴᠢᠯᠠᠯᠲᠠ ᠬᠢᠪᠡ᠃ | ᠶᠡᠷᠦᠩᠬᠡᠢ ᠰᠠᠶᠢᠳ ᠯᠢ ᠺᠧ ᠴᠢᠶᠠᠩ ᠤᠨ ᠬᠠᠳᠤᠨ ᠴᠧᠩ ᠬᠤᠩ᠂ ᠲᠦᠷᠦ ᠶᠢᠨ ᠶᠠᠪᠤᠳᠠᠯ ᠤᠨ ᠭᠡᠰᠢᠭᠦᠨ ᠪᠥᠭᠡᠳ | ᠲᠦᠷᠦ ᠶᠢᠨ ᠶᠠᠪᠤᠳᠠᠯ ᠤᠨ ᠬᠤᠷᠢᠶᠠᠨ ᠤ ᠨᠠᠷᠢᠨ ᠪᠢᠴᠢᠭ ᠤᠨ ᠳᠠᠷᠤᠭ᠎ᠠ ᠰᠢᠶᠣᠣ ᠵᠢᠶᠧ ᠵᠡᠷᠭᠡ ᠪᠠᠷ᠎ᠠ ᠪᠣᠯᠣᠭᠰᠠᠳ | ᠬᠠᠮᠲᠤ ᠪᠠᠢᠯᠴᠠᠵᠠᠢ᠃ | ᠺᠠᠮᠪᠤᠵᠠ ᠶᠢᠨ ᠳᠡᠳ᠋ ᠲᠡᠷᠢᠭᠦᠨ ᠰᠠᠶᠢᠳ ᠡᠾᠥ᠋ᠷᠨᠠᠮᠾᠤᠩ ᠵᠠᠰᠠᠭ ᠤᠨ ᠣᠷᠳᠣᠨ ᠤ ᠳᠡᠭᠡᠳᠦ ᠵᠡᠷᠭᠡ ᠶᠢᠨ | ᠲᠤᠰᠢᠶᠠᠯᠲᠠᠳ ᠢᠶᠠᠨ ᠳᠠᠭᠠᠭᠤᠯᠤᠨ ᠨᠢᠰᠬᠡᠯ ᠤᠨ ᠪᠠᠭᠤᠳᠠᠯ ᠳᠤ ᠬᠦᠷᠴᠦ | ᠤᠭᠲᠤᠪᠠ᠃ ᠶᠣᠰᠣᠯᠠᠯ ᠤᠨ ᠴᠡᠷᠢᠭ ᠤᠯᠠᠭᠠᠨ ᠬᠡᠪᠢᠰ ᠤᠨ ᠬᠤᠶᠠᠷ ᠲᠠᠯ᠎ᠠ ᠪᠠᠷ ᠮᠥᠷᠯᠡᠨ ᠶᠣᠰᠣᠯᠠᠪᠠ᠃ | ᠲᠤᠬᠠᠢ ᠶᠢᠨ ᠭᠠᠵᠠᠷ ᠤᠨ ᠵᠠᠯᠠᠭᠤᠴᠤᠳ ᠯᠢ ᠺᠧ ᠴᠢᠶᠠᠩ ᠪᠣᠯᠣᠨ ᠲᠡᠭᠦᠨ ᠤ ᠬᠠᠳᠤᠨ ᠴᠧᠩ ᠬᠤᠩ ᠳᠤ ᠰᠣᠷᠭᠤᠭ | ᠴᠡᠴᠡᠭ ᠬᠦᠷᠭᠡᠪᠡ᠃ ᠺᠠᠮᠪᠤᠵᠠ ᠳᠤ ᠰᠠᠭᠤᠭ᠎ᠠ ᠳᠤᠮᠳᠠᠳᠤ ᠤᠯᠤᠰ ᠤᠨ ᠡᠯᠴᠢᠨ ᠰᠠᠶᠢᠳ ᠸᠠᠩ ᠸᠧᠨ ᠲᠢᠶᠠᠨ ᠪᠣᠯᠣᠨ | ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠳᠤ ᠰᠠᠭᠤᠭ᠎ᠠ ᠡᠯᠴᠢᠨ ᠰᠠᠶᠢᠳ ᠳ᠋ᠧᠩ ᠰᠢ ᠵᠢᠶᠦ᠋ᠨ | ᠪᠠᠰᠠ ᠨᠢᠰᠬᠡᠯ ᠤᠨ ᠪᠠᠭᠤᠳᠠᠯ ᠳᠤ ᠬᠦᠷᠴᠦ ᠤᠭᠲᠤᠪᠠ᠃ | ᠯᠢ ᠺᠧ ᠴᠢᠶᠠᠩ ᠢᠯᠡᠷᠬᠡᠶᠢᠯᠡᠬᠦ ᠳᠤ ᠪᠠᠨ᠂ ᠳᠤᠮᠳᠠᠳᠤ ᠤᠯᠤᠰ ᠪᠠ ᠵᠡᠭᠦᠨ ᠡᠮᠦᠨᠡᠲᠦ ᠠᠽᠢᠶ᠎ᠠ ᠶᠢᠨ | ᠤᠯᠤᠰ ᠤᠳ ᠤᠨ ᠬᠤᠯᠪᠣᠭ᠎ᠠ ᠪᠣᠯ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠪᠠ ᠬᠠᠮᠤᠭ ᠤᠨ ᠲᠣᠮᠣ | ᠠᠷᠠᠯᠵᠢᠶᠠᠨ ᠤ ᠬᠠᠨᠢᠲᠠᠨ ᠮᠥᠨ᠃ ᠣᠳᠣᠬᠠᠨ ᠳᠤ ᠳᠡᠯᠡᠬᠡᠢ ᠶᠢᠨ ᠪᠠ ᠭᠠᠵᠠᠷ ᠣᠷᠣᠨ ᠤ ᠪᠠᠶᠢᠳᠠᠯ ᠨᠠᠷᠢᠨ | ᠪᠤᠳᠤᠯᠢᠶᠠᠨᠲᠠᠢ ᠪᠥᠭᠡᠳ ᠭᠦᠨᠵᠡᠭᠡᠢ ᠤᠯᠠᠷᠢᠨ ᠬᠤᠪᠢᠰᠴᠤ᠂ ᠡᠯ᠎ᠡ ᠵᠦᠢᠯ ᠤᠨ ᠲᠣᠭᠲᠠᠪᠤᠷᠢ ᠦᠭᠡᠢ ᠮᠥᠷᠲᠡᠭᠡᠨ | ᠲᠣᠭᠲᠠᠭᠤᠨ ᠪᠤᠰᠤ ᠬᠦᠴᠦᠨ ᠵᠦᠢᠯ ᠣᠯᠠᠰᠢᠷᠠᠵᠤ᠂ ᠪᠦᠬᠦ ᠪᠥᠮᠪᠥᠷᠴᠡᠭ ᠤᠨ ᠬᠥᠭᠵᠢᠯᠲᠡ ᠤᠷᠢᠳᠤ ᠡᠮᠦᠨ᠎ᠡ ᠪᠠᠶᠢᠭ᠎ᠠ | ᠦᠭᠡᠢ ᠥᠷᠢᠰᠦᠯᠳᠦᠭᠡᠨ ᠳᠤ ᠲᠤᠯᠭᠠᠷᠠᠵᠤ ᠪᠠᠶᠢᠨ᠎ᠠ᠃ ᠳᠤᠮᠳᠠᠳᠤ ᠶᠢᠨ ᠲᠠᠯ᠎ᠠ ᠶᠢᠨ ᠬᠢᠨ ᠵᠡᠭᠦᠨ ᠠᠽᠢᠶ᠎ᠠ ᠶᠢᠨ | ᠬᠠᠮᠲᠤᠷᠠᠯᠴᠠᠭᠠᠨ ᠤ ᠤᠳᠤᠷᠢᠳᠬᠤ ᠬᠥᠮᠥᠰ ᠤᠨ ᠰᠢᠷᠢᠰ ᠬᠤᠷᠠᠯ ᠤᠨ ᠬᠥᠭᠵᠢᠯᠲᠡ ᠪᠠ ᠬᠠᠮᠲᠤᠷᠠᠯᠴᠠᠭ᠎ᠠ ᠳᠤ | ᠤᠯᠠᠨ ᠲᠠᠯᠠᠲᠤ ᠦᠵᠡᠯ ᠪᠠ ᠴᠢᠯᠦᠭᠡᠲᠦ ᠠᠷᠠᠯᠵᠢᠶ᠎ᠠ ᠶᠢ ᠪᠠᠷᠢᠮᠲᠠᠯᠠᠵᠤ᠂ ᠨᠡᠭᠡᠭᠡᠯᠲᠡ ᠲᠠᠢ ᠪᠠᠷ ᠬᠠᠮᠲᠤᠷᠠᠯᠴᠠᠬᠤ ᠪᠠ | ᠬᠠᠷᠢᠯᠴᠠᠨ ᠠᠰᠢᠭ ᠣᠯᠭᠤᠵᠤ ᠬᠠᠮᠲᠤ ᠪᠠᠷ ᠠᠰᠢᠭ ᠬᠦᠷᠳᠡᠬᠦ ᠶᠢ ᠪᠠᠷᠢᠮᠲᠠᠯᠠᠵᠤ᠂ ᠪᠦᠬᠦ ᠪᠥᠮᠪᠥᠷᠴᠡᠭ ᠤᠨ ᠠᠵᠤ | ᠦᠢᠯᠡᠰ ᠤᠨ ᠬᠡᠯᠬᠢᠶ᠎ᠡ ᠪᠠ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠪᠥᠭᠡᠳ ᠰᠠᠭᠠᠳ ᠦᠭᠡᠢ ᠨᠡᠪᠲᠡᠷᠡᠬᠦ ᠶᠢ | ᠬᠠᠮᠲᠤ ᠪᠠᠷ ᠬᠠᠮᠠᠭᠠᠯᠠᠵᠤ᠂ ᠪᠦᠬᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠭᠠᠷ ᠭᠠᠷ ᠢᠶᠠᠨ ᠬᠤᠯᠪᠣᠯᠴᠠᠨ | ᠠᠷᠭᠠᠴᠠᠭᠠᠵᠤ᠂ ᠣᠷᠣᠨ ᠪᠦᠰᠡ ᠶᠢᠨ ᠠᠵᠤ ᠠᠬᠤᠢ ᠶᠢᠨ ᠨᠢᠭᠡ ᠴᠣᠭᠴᠠᠵᠢᠭᠤᠯᠤᠯᠲᠠ ᠶᠢ ᠠᠬᠢᠭᠤᠯᠬᠤ᠂ ᠭᠠᠵᠠᠷ | ᠣᠷᠣᠨ ᠴᠢᠨᠠᠭᠰᠢᠯᠠᠪᠠᠯ ᠳᠡᠯᠡᠬᠡᠢ ᠶᠢᠨ ᠠᠮᠤᠷ ᠲᠣᠭᠲᠠᠭᠤᠨ ᠪᠠᠶᠢᠳᠠᠯ ᠪᠠ ᠬᠥᠭᠵᠢᠯ ᠴᠡᠴᠡᠭᠯᠡᠯ ᠢ ᠬᠠᠮᠠᠭᠠᠯᠠᠬᠤ ᠳᠤ | ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠪᠡᠷ ᠬᠦᠰᠡᠨ ᠡᠷᠡᠮᠡᠯᠵᠡᠵᠦ ᠪᠠᠢᠨ᠎ᠠ ᠭᠡᠵᠡᠢ᠃ | ᠯᠢ ᠺᠧ ᠴᠢᠶᠠᠩ ᠵᠢᠭᠠᠬᠤ ᠳᠤ ᠪᠠᠨ᠂ ᠳᠤᠮᠳᠠᠳᠤ ᠺᠠᠮᠪᠤᠵᠠ ᠪᠤᠯ ᠬᠥᠷᠰᠢ ᠵᠡᠷᠭᠡᠯᠡᠳᠡᠭᠡ ᠤᠯᠤᠰ ᠪᠠᠶᠢᠵᠤ᠂ | ᠤᠯᠠᠮᠵᠢᠯᠠᠯᠲᠤ ᠨᠥᠬᠦᠷᠯᠡᠯ ᠭᠦᠨ ᠵᠤᠵᠠᠭᠠᠨ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠨᠢ ᠲᠠᠰᠤᠷᠠᠯᠳᠡ ᠦᠭᠡᠢ | ᠰᠢᠨ᠎ᠡ ᠬᠥᠭᠵᠢᠯᠲᠡ ᠲᠠᠢ ᠪᠣᠯᠪᠠ᠃ ᠳᠤᠮᠳᠠᠳᠤ ᠶᠢᠨ ᠲᠠᠯ᠎ᠠ ᠶᠢᠨ ᠬᠢᠨ ᠲᠤᠰ ᠤᠳᠠᠭ᠎ᠠ ᠶᠢᠨ ᠠᠶᠢᠯᠴᠢᠯᠠᠯᠲᠠ ᠪᠠᠷ | ᠳᠠᠮᠵᠢᠭᠤᠯᠤᠨ ᠺᠠᠮᠪᠤᠵᠠ ᠶᠢᠨ ᠲᠠᠯ᠎ᠠ ᠶᠢᠨ ᠬᠢᠨ ᠲᠠᠢ ᠪᠦᠯᠬᠦᠮᠳᠡᠯ ᠨᠥᠬᠦᠷᠯᠡᠯ ᠢᠶᠠᠨ ᠬᠠᠮᠲᠤ ᠪᠠᠷ ᠶᠠᠷᠢᠯᠴᠠᠵᠤ᠂ | ᠬᠠᠮᠲᠤᠷᠠᠯᠴᠠᠭᠠᠨ ᠤ ᠶᠡᠭᠡ ᠪᠣᠳᠣᠯᠭ᠎ᠠ ᠶᠢ ᠬᠠᠮᠲᠤ ᠪᠠᠷ ᠵᠥᠪᠳᠡᠯᠴᠡᠵᠦ᠂ ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠨᠡᠩ ᠤᠯᠠᠨ ᠦᠷ᠎ᠡ ᠪᠦᠲᠦᠭᠡᠯ ᠣᠯᠬᠤ ᠶᠢ ᠠᠬᠢᠭᠤᠯᠵᠤ᠂ ᠬᠤᠶᠠᠷ | ᠤᠯᠤᠰ ᠪᠣᠯᠣᠨ ᠬᠤᠶᠠᠷ ᠤᠯᠤᠰ ᠤᠨ ᠠᠷᠠᠳ ᠲᠦᠮᠡᠨ ᠳᠤ ᠨᠡᠩ ᠶᠡᠬᠡ ᠪᠤᠶᠠᠨ ᠦᠢᠯᠡᠳᠬᠦ ᠶᠢ ᠬᠦᠰᠡᠵᠦ ᠪᠠᠶᠢᠨ᠎ᠠ | ᠭᠡᠵᠡᠢ᠃ | ᠵᠡᠭᠦᠨ ᠠᠽᠢᠶ᠎ᠠ ᠶᠢᠨ ᠬᠠᠮᠲᠤᠷᠠᠯᠴᠠᠭᠠᠨ ᠤ ᠤᠳᠤᠷᠢᠳᠬᠤ ᠬᠥᠮᠥᠰ ᠤᠨ ᠰᠢᠷᠢᠰ ᠬᠤᠷᠠᠯ ᠳᠤ ᠣᠷᠤᠯᠴᠠᠬᠤ | ᠬᠤᠭᠤᠴᠠᠭᠠᠨ ᠳᠤ᠂ ᠯᠢ ᠺᠧ ᠴᠢᠶᠠᠩ 25 ᠳ᠋ᠤᠭᠠᠷ ᠤᠳᠠᠭ᠎ᠠ ᠶᠢᠨ ᠳᠤᠮᠳᠠᠳᠤ ᠤᠯᠤᠰ ︱ ᠵᠡᠭᠦᠨ ᠡᠮᠦᠨᠡᠲᠦ | ᠠᠽᠢᠶ᠎ᠠ ᠶᠢᠨ ᠤᠯᠤᠰ ᠤᠳ ᠤᠨ ᠬᠤᠯᠪᠣᠭ᠎ᠠ ︵10 + 1︶ ᠤᠳᠤᠷᠢᠳᠬᠤ ᠬᠥᠮᠥᠰ ᠤᠨ ᠬᠤᠷᠠᠯ᠂ 25 ᠳ᠋ᠤᠭᠠᠷ | ᠤᠳᠠᠭ᠎ᠠ ᠶᠢᠨ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠪᠣᠯᠣᠨ ᠳᠤᠮᠳᠠᠳᠤ ᠶᠠᠫᠤᠨ | ᠺᠣᠷᠢᠶᠠ ᠶᠢᠨ ︵10 + 3︶ ᠤᠳᠤᠷᠢᠳᠬᠤ ᠬᠥᠮᠥᠰ ᠤᠨ ᠬᠤᠷᠠᠯ ᠪᠣᠯᠣᠨ 17 ᠳ᠋ᠤᠭᠠᠷ ᠬᠤᠭᠤᠴᠠᠭᠠᠨ ᠤ | ᠵᠡᠭᠦᠨ ᠠᠽᠢᠶ᠎ᠠ ᠶᠢᠨ ᠤᠯᠤᠰ ᠤᠳ ᠤᠨ ᠲᠦᠷᠦᠭᠦᠴᠦᠳ ᠤᠨ ᠬᠤᠷᠠᠯ ᠳᠤ ᠣᠷᠣᠯᠴᠠᠬᠤ ᠪᠣᠯᠣᠨ᠎ᠠ᠃ | ᠺᠠᠮᠪᠤᠵᠠ ᠳᠤ ᠠᠶᠢᠯᠴᠢᠯᠠᠬᠤ ᠬᠤᠭᠤᠴᠠᠭᠠᠨ ᠳᠤ ᠪᠠᠨ᠂ ᠯᠢ ᠺᠧ ᠴᠢᠶᠠᠩ ᠤᠯᠤᠰ ᠤᠨ ᠸᠠᠩ ᠰᠢᠾᠠᠮᠦ᠋ᠨᠢ ᠲᠠᠢ | ᠠᠭᠤᠯᠵᠠᠨ᠂ ᠲᠡᠷᠢᠭᠦᠨ ᠰᠠᠶᠢᠳ ᠾᠦᠨᠰᠧᠨ ᠲᠠᠢ ᠬᠡᠯᠡᠯᠴᠡᠭᠡ ᠬᠢᠵᠦ᠂ ᠬᠤᠶᠠᠷ ᠲᠠᠯ᠎ᠠ ᠶᠢᠨ | ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠵᠦ᠂ ᠫᠨᠣᠮ | ᠪᠧᠩ ᠠᠴᠠ ᠰᠢᠾᠠᠨᠦ᠋ᠺ ᠭᠠᠷᠠᠮ ᠬᠦᠷᠬᠦ ᠥᠨᠳᠥᠷ ᠬᠤᠷᠳᠤᠴᠠᠲᠤ ᠵᠠᠰᠠᠮᠠᠯ ᠵᠠᠮ ᠤᠨ ᠲᠡᠷᠭᠡ ᠨᠡᠪᠲᠡᠷᠡᠬᠦ᠂ ᠳᠤᠮᠳᠠᠳᠤ | ᠤᠯᠤᠰ ᠤᠨ ᠺᠠᠮᠪᠤᠵᠠ ᠶᠢ ᠲᠤᠰᠠᠯᠠᠭᠰᠠᠨ ᠤᠩᠭᠤ᠋ ᠶᠢᠨ ᠡᠷᠲᠡᠨ ᠤ ᠳ᠋ᠡᠭᠧᠤ᠋ ᠰᠦᠮ᠎ᠡ ᠶᠢ ᠰᠡᠯᠪᠢᠨ ᠵᠠᠰᠠᠬᠤ ᠲᠦᠷᠦᠯ | ᠵᠦᠢᠯ ᠤᠨ ᠪᠣᠳᠠᠲᠤ ᠴᠣᠭᠴᠠ ᠶᠢ ᠰᠢᠯᠵᠢᠭᠦᠯᠦᠨ ᠲᠤᠰᠢᠶᠠᠬᠤ ᠵᠡᠷᠭᠡ ᠠᠵᠢᠯᠯᠠᠭ᠎ᠠ ᠳᠤ ᠣᠷᠣᠯᠴᠠᠨ᠎ᠠ᠃ | | | | |