ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠠᠯ ᠬᠤᠷᠠᠯᠳᠤᠪᠡ
ᠨᠡᠶᠢᠲᠡᠯᠡᠭᠰᠡᠨ ᠴᠠᠭ᠄
2022/11/30
    11 ᠰᠠᠷ᠎ᠠ ᠶᠢᠨ 30 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠬᠤᠷᠠᠯᠳᠤᠭᠤᠯᠪᠠ᠃     ᠬᠤᠷᠠᠯ ᠠᠴᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢ ᠨᠡᠩ ᠲᠣᠪᠣᠶᠢᠮ᠎ᠠ ᠪᠠᠶᠢᠷᠢᠨ ᠳᠤ ᠲᠠᠯᠪᠢᠵᠤ᠂ ᠲᠠᠲᠠᠵᠤ ᠠᠪᠴᠢᠷᠠᠬᠤ ᠶᠠᠰᠤ ᠴᠢᠨᠠᠷ ᠦᠷ᠎ᠡ ᠠᠰᠢᠭ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠴᠢᠭᠯᠡᠯ ᠢ ᠣᠨᠣᠪᠴᠢᠲᠠᠢ ᠣᠯᠵᠤ᠂ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠡᠲᠡᠭᠡᠳ ᠲᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠪᠦᠯᠦᠭ ᠳᠠᠶᠢᠴᠢᠯᠠᠬᠤ ᠴᠢᠨᠠᠷᠲᠠᠢ᠂ ᠵᠢᠱᠢᠶ᠎ᠡ ᠦᠵᠡᠭᠦᠯᠬᠦ ᠴᠢᠨᠠᠷ ᠢᠶᠠᠷ ᠴᠢᠩᠭ᠎ᠠ ᠲᠣᠮᠣ ᠲᠦᠷᠦᠯ ᠵᠦᠢᠯ᠂ ᠰᠠᠶᠢᠨ ᠲᠦᠷᠦᠯ ᠵᠦᠢᠯ ᠢ ᠪᠦᠬᠦ ᠬᠦᠴᠦᠨ ᠢᠶᠠᠷ ᠢᠶᠠᠨ ᠳᠠᠳᠠᠨ ᠠᠪᠴᠢᠷᠠᠬᠤ ᠬᠡᠷᠡᠭᠲᠡᠢ᠃ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠭᠤᠣᠯ ᠠᠵᠢᠯ ᠤᠨ ᠤᠬᠠᠮᠰᠠᠷ᠂ ᠪᠣᠭᠤᠮᠲᠠ ᠰᠢᠪᠲᠤᠯᠬᠤ ᠤᠬᠠᠮᠰᠠᠷ᠂ ᠠᠩᠬᠠᠷᠴᠤ ᠭᠦᠶᠦᠬᠦ ᠤᠬᠠᠮᠰᠠᠷ ᠢ ᠪᠤᠢ ᠪᠣᠯᠭᠠᠵᠤ᠂ ︽ᠬᠡᠨ ᠤᠷᠢᠬᠤ︾᠂ ︽ᠶᠠᠭᠠᠬᠢᠵᠤ ᠤᠷᠢᠬᠤ︾᠂ ︽ᠤᠷᠢᠵᠤ ᠳᠡᠶᠢᠯᠬᠦ︾ ᠠᠰᠠᠭᠤᠳᠠᠯ ᠢ ᠦᠨᠡᠨᠬᠦ ᠰᠢᠢᠳᠪᠦᠷᠢᠯᠡᠬᠦ ᠬᠡᠷᠡᠭᠲᠡᠢ᠃ ᠬᠤᠳᠠᠯᠳᠤᠭᠠᠴᠢᠨ ᠤᠷᠢᠵᠤ ᠪᠡᠯᠡ ᠮᠥᠩᠭᠦ ᠣᠷᠣᠭᠤᠯᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠳᠡᠭᠡᠳᠦ ᠳᠣᠣᠷᠠᠳᠤ ᠱᠠᠲᠤ ᠪᠠᠷ ᠢᠶᠠᠨ ᠰᠡᠳᠬᠢᠯ ᠨᠢᠭᠡᠳᠦᠨ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠬᠦ ᠬᠡᠷᠡᠭᠲᠡᠢ ᠭᠡᠵᠤ ᠴᠢᠬᠤᠯᠠᠴᠢᠯᠠᠪᠠ᠃     ᠬᠤᠷᠠᠯ ᠠᠴᠠ᠂ ᠨᠠᠮ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠳᠠᠬᠢ ᠬᠠᠷᠢᠴᠠᠯᠠᠰᠢᠭᠦᠢ ᠤᠳᠤᠷᠢᠳᠤᠯᠭ᠎ᠠ ᠶᠢ ᠪᠠᠷᠢᠮᠲᠠᠯᠠᠵᠤ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠡᠯ᠎ᠡ ᠱᠠᠲᠤᠨ ᠤ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠦᠨᠡᠨᠬᠦ ᠰᠠᠶᠢᠲᠤᠷ ᠪᠠᠳᠠᠷᠠᠭᠤᠯᠬᠤ ᠬᠡᠷᠡᠭᠲᠡᠢ᠃ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠢ ᠬᠡᠷᠡᠭᠵᠢᠭᠦᠯᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠳᠦᠷᠢᠮ ᠤᠨ ᠳᠠᠪᠠᠭᠤᠯᠢᠭ ᠢ ᠨᠡᠩ ᠰᠠᠶᠢᠲᠤᠷ ᠵᠠᠰᠠᠯᠲᠠ ᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                                     ᠵᠣᠬᠢᠶᠠᠭᠴᠢ᠄ ᠳ᠋ᠧᠩ ᠰᠢᠸ ᠰᠢᠸ                                     ᠤᠷᠴᠢᠭᠤᠯᠤᠭᠴᠢ᠄ ᠬᠦᠰᠡᠯ                                     ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2