ᠬᠤᠲᠠ ᠶᠢᠨ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/11/30
    11 ᠳ᠋ᠤᠭᠡᠷ ᠰᠠᠷ᠎ᠠ ᠶᠢᠨ 30 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠳᠤᠭᠤᠰᠢᠯᠠᠭᠤᠯᠤᠨ᠂ ︽ᠬᠦᠳᠡᠭᠡ ᠳᠤᠰᠬᠤᠨ ᠳᠠᠷᠢᠶᠠᠯᠠᠩ ᠳᠠᠷᠢᠶᠠᠴᠢᠨ  ᠮᠠᠯᠵᠢᠬᠤ ᠤᠷᠤᠨ ᠮᠠᠯ ᠠᠵᠤ ᠠᠬᠤᠢ ᠮᠠᠯᠴᠢᠨ︾ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃     ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠴᠢᠶᠣᠤ ᠶᠦᠨ ᠯᠢ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠬᠤᠲᠠ ᠶᠢᠨ ᠳᠡᠳ᠋ ᠳᠠᠷᠤᠭ᠎ᠠ᠂ ᠬᠤᠲᠠ ᠶᠢᠨ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠯᠢ ᠵᠢᠶᠠᠨ ᠵᠢᠶᠦ᠋ᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃     ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ︽︿ᠬᠦᠳᠡᠭᠡ ᠳᠤᠰᠬᠤᠨ ᠳᠠᠷᠢᠶᠠᠯᠠᠩ ᠳᠠᠷᠢᠶᠠᠴᠢᠨ  ᠮᠠᠯᠵᠢᠬᠤ ᠤᠷᠤᠨ ᠮᠠᠯ ᠠᠵᠤ ᠠᠬᠤᠢ ᠮᠠᠯᠴᠢᠨ﹀ ᠤ ᠠᠵᠢᠯ ᠤᠨ ᠲᠤᠬᠠᠢ ᠥᠭᠦᠯᠡᠬᠦ ᠨᠢ︾ ᠶᠢ ᠤᠯᠠᠮᠵᠢᠯᠠᠨ ᠰᠤᠷᠤᠯᠴᠠᠵᠤ᠂ ︽2022 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠤᠯᠠᠭᠠᠨᠴᠠᠪ ᠬᠤᠳᠠ ᠶᠢᠨ ᠮᠡᠳᠡᠭᠦᠯᠦᠯᠲᠡ︾᠂ ︽ᠤᠯᠠᠭᠠᠨᠴᠠᠪ ᠬᠤᠳᠠ ᠶᠢᠨ ᠲᠥᠪ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ 2022 ᠣᠨ ᠤ 1 ᠳ᠋ᠤᠭᠡᠷ ᠲᠣᠭᠠᠲᠤ ᠪᠢᠴᠢᠭ ᠮᠠᠲ᠋ᠧᠷᠢᠶᠠᠯ ᠢ ᠳᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠮᠡᠳᠡᠭᠦᠯᠦᠯᠲᠡ︾ ᠶᠢ ᠶᠠᠷᠢᠯᠴᠠᠵᠤ᠂ 2022 ᠣᠨ ᠤ ᠪᠦᠬᠦ ᠬᠤᠳᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠭᠰᠡᠨ ᠬᠢᠨᠠᠨ ᠰᠢᠯᠭᠠᠯᠲᠠ ᠶᠢᠨ ᠭᠦᠢᠴᠡᠳᠬᠡᠬᠦ ᠲᠤᠭ᠎ᠠ ᠶᠢᠨ ᠥᠪᠡᠷ ᠤᠨ ᠦᠨᠡᠯᠡᠯᠲᠡ ᠶᠢᠨ ᠪᠠᠶᠢᠳᠠᠯ ᠢ ᠨᠡᠶᠢᠲᠡᠯᠡᠵᠡᠢ᠃     ᠬᠤᠷᠠᠯ ᠠᠴᠠ᠂ ᠡᠯ᠎ᠡ ᠭᠠᠵᠠᠷ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠤᠬᠠᠮᠰᠠᠷ ᠢᠶᠠᠨ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠤᠬᠠᠭᠤᠯᠤᠨ ᠳᠤᠭᠤᠰᠢᠯᠠᠭᠤᠯᠵᠤ᠂ ᠮᠠᠨ ᠤ ᠬᠤᠲᠠ ᠶᠢᠨ ᠤᠯᠤᠰ ᠤᠨ ᠴᠢᠬᠤᠯᠠ ᠲᠠᠷᠢᠶᠠᠯᠠᠩ ᠮᠠᠯ ᠠᠵᠤ ᠠᠬᠤᠢ ᠶᠢᠨ ᠭᠠᠷᠤᠯᠳᠠ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠠᠬᠢᠭᠤᠯᠬᠤ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠰᠦᠪᠡᠭᠴᠢᠯᠡᠵᠦ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠢᠨᠠᠨ ᠰᠢᠯᠭᠠᠬᠤ ᠪᠡᠯᠡᠳᠬᠡᠯ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ ᠂ ᠣᠳᠣᠬᠠᠨ ᠤ ᠲᠠᠷᠢᠶᠠᠯᠠᠩ ᠮᠠᠯ ᠠᠵᠤ ᠠᠬᠤᠢ ᠶᠢᠨ ᠭᠠᠷᠤᠯᠳᠠ ᠶᠢ ᠪᠣᠷᠣᠯᠠᠭᠤᠯᠬᠤ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ᠂ ᠦᠨᠳᠦᠰᠦᠨ ᠱᠠᠲᠤᠨ ᠤ ᠨᠡᠶᠢᠭᠡᠮ ᠢ ᠲᠣᠭᠲᠠᠭᠤᠨ ᠪᠠᠶᠢᠯᠭᠠᠬᠤ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠪᠥᠬᠦ ᠵᠢᠯ ᠤᠨ ᠬᠠᠷᠠᠯᠲᠠ ᠳᠤ ᠪᠥᠬᠦ ᠬᠦᠴᠦᠨ ᠢᠶᠠᠷ ᠢᠶᠠᠨ ᠰᠢᠪᠲᠤᠯᠤᠯᠲᠠ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠳᠡᠢ ᠭᠡᠵᠤ ᠴᠢᠬᠤᠯᠠᠴᠢᠯᠠᠪᠠ᠃                        ᠵᠣᠬᠢᠶᠠᠭᠴᠢ᠄ ᠯᠢ ᠵᠢᠩ                        ᠤᠷᠴᠢᠭᠤᠯᠤᠭᠴᠢ᠄ ᠬᠦᠰᠡᠯ                        ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2