ᠴᠢ ᠹᠧᠢ ᠶᠦᠨ ᠬᠤᠲᠠ ᠶᠢᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠵᠢᠴᠢ ᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠬᠤᠷᠠᠯ ᠢ ᠡᠷᠭᠢᠯᠡᠨ ᠬᠤᠷᠠᠯᠳᠤᠭᠤᠯᠵᠤ ᠠᠶᠤᠯᠭᠦᠢ ᠦᠢᠯᠡᠳᠪᠦᠷᠢᠯᠡᠯ ᠪᠠ ᠠᠵᠤ ᠠᠬᠤᠢ ᠶᠢᠨ ᠠᠵᠢᠯᠯᠠᠭᠠᠨ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2022/11/30
    11 ᠰᠠᠷ᠎ᠠ ᠶᠢᠨ 29 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ ᠬᠤᠲᠠ ᠶᠢᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠵᠢᠴᠢ ᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠠᠶᠤᠯᠭᠦᠢ ᠦᠢᠯᠡᠳᠪᠦᠷᠢᠯᠡᠯ᠂ ᠠᠵᠤ ᠠᠬᠤᠢ ᠶᠢᠨ ᠠᠵᠢᠯᠯᠠᠭᠠᠨ ᠪᠠ ᠥᠷᠢ ᠰᠢᠷᠢ ᠶᠢ ᠠᠷᠢᠯᠭᠠᠭᠰᠠᠨ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ᠂ ᠠᠶᠤᠯᠭᠦᠢ ᠦᠢᠯᠡᠳᠪᠦᠷᠢᠯᠡᠯ ᠨᠢ ᠠᠷᠠᠳ ᠲᠦᠮᠡᠨ ᠤ ᠪᠤᠶᠠᠨ ᠬᠡᠰᠢᠭ ᠲᠠᠢ ᠬᠤᠯᠪᠣᠭᠳᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠲᠠᠢ ᠬᠤᠯᠪᠣᠭᠳᠠᠨ᠎ᠠ᠂ ᠭᠠᠯ ᠤᠨᠲᠠᠷᠠᠭᠠᠬᠤ᠂ ᠰᠢᠲᠠᠮᠠᠬᠠᠢ ᠬᠡᠢ᠂ ᠠᠶᠤᠯᠲᠠᠢ ᠬᠢᠮᠢ ᠶᠢᠨ ᠠᠵᠤ ᠦᠢᠯᠡᠳᠪᠦᠷᠢ᠂ ᠦᠢᠯᠡᠳᠪᠦᠷᠢ ᠠᠭᠤᠷᠬᠠᠢ᠂ ᠪᠠᠷᠢᠯᠭ᠎ᠠ ᠶᠢᠨ ᠠᠵᠢᠯ᠂ ᠵᠠᠮ ᠬᠠᠷᠢᠯᠴᠠᠭ᠎ᠠ᠂ ᠲᠣᠮᠣ ᠬᠡᠯᠪᠡᠷᠢ ᠶᠢᠨ ᠬᠤᠳᠠᠯᠳᠤᠭᠠᠨ ᠤ ᠬᠡᠳᠦ ᠳᠡᠯᠭᠡᠭᠦᠷ᠂ ᠬᠥᠳᠡᠯᠮᠦᠷᠢ ᠨᠢᠭᠲᠠᠷᠠᠭᠰᠠᠨ ᠬᠡᠯᠪᠡᠷᠢ ᠶᠢᠨ ᠠᠵᠤ ᠠᠬᠤᠶᠢᠯᠠᠯ ᠵᠡᠷᠭᠡ ᠭᠤᠣᠯᠳᠠᠯᠭ᠎ᠠ ᠲᠠᠢ ᠬᠦᠷᠢᠶ᠎ᠡ ᠪᠣᠯᠣᠨ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠳᠬᠤᠵᠤ ᠂ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ᠂ ᠶᠡᠭᠡ ᠴᠡᠭᠴᠡᠯᠡᠨ ᠵᠠᠰᠠᠯᠲᠠ ᠶᠢ ᠴᠢᠩᠭ᠎ᠠ ᠨᠠᠷᠢᠨ ᠪᠣᠳᠠᠲᠠᠢ ᠥᠷᠨᠢᠭᠦᠯᠵᠦ᠂ ᠪᠠᠯᠠᠢ ᠭᠠᠵᠠᠷ ᠢ ᠪᠦᠬᠦ ᠲᠠᠯ᠎ᠠ ᠪᠠᠷ ᠠᠷᠢᠯᠭᠠᠬᠤ ᠬᠡᠷᠡᠭᠲᠡᠢ᠃ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠤᠬᠠᠭᠤᠯᠤᠨ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠬᠦᠢᠲᠡᠨ ᠢ ᠰᠡᠷᠭᠡᠶᠢᠯᠡᠵᠦ ᠬᠥᠯᠳᠡᠬᠦ ᠶᠢ ᠰᠡᠷᠭᠡᠶᠢᠯᠡᠬᠦ ᠪᠠ ᠣᠶ ᠰᠢᠭᠤᠢ ᠨᠤᠲᠤᠭ ᠪᠡᠯᠴᠢᠭᠡᠷ ᠤᠨ ᠭᠠᠯ ᠤᠨᠲᠠᠷᠠᠭᠠᠬᠤ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ ᠭᠡᠵᠤ ᠵᠢᠭᠠᠵᠤ ᠭᠠᠷᠭᠠᠪᠠ᠃     ᠬᠤᠷᠠᠯ ᠠᠴᠠ᠂ ᠡᠨᠡ ᠵᠢᠯ ᠤᠨ ᠬᠠᠮᠤᠭ ᠰᠡᠭᠦᠯᠴᠢ ᠶᠢᠨ ᠨᠢᠭᠡ ᠰᠠᠷ᠎ᠠ ᠶᠢᠨ ᠬᠤᠭᠤᠴᠠᠭ᠎ᠠ ᠶᠢ ᠠᠮᠵᠢᠵᠤ᠂ ᠠᠵᠤ ᠠᠬᠤᠢ ᠶᠢᠨ ᠠᠵᠢᠯᠯᠠᠭᠠᠨ ᠤ ᠲᠣᠬᠢᠷᠠᠭᠤᠯᠤᠯᠲᠠ ᠶᠢ ᠴᠢᠩᠭᠠᠳᠬᠠᠵᠤ᠂ ᠳᠠᠷᠤᠯᠲᠠ ᠥᠭᠴᠦ ᠡᠷᠡᠯᠬᠡᠭᠯᠡᠨ ᠤᠷᠤᠭᠰᠢᠯᠠᠵᠤ ᠂ ᠪᠣᠭᠤᠮᠲᠠ ᠰᠢᠪᠲᠤᠯᠵᠤ᠂ ᠣᠨ ᠤ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠪᠦᠬᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠢ᠃ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠢᠷᠡᠬᠦ ᠵᠢᠯ ᠤᠨ ᠭᠤᠣᠯᠳᠠᠯᠭ᠎ᠠ ᠲᠠᠢ ᠲᠦᠷᠦᠯ ᠵᠦᠢᠯ ᠢ ᠢᠳᠡᠪᠬᠢᠲᠡᠢ ᠲᠥᠯᠥᠪᠵᠢᠭᠦᠯᠵᠦ᠂ ᠡᠯ᠎ᠡ ᠵᠦᠢᠯ ᠤᠨ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠲᠦᠷᠦᠯ ᠵᠦᠢᠯ ᠢ ᠡᠷᠲᠡ ᠨᠠᠶᠢᠳᠠᠪᠤᠷᠢᠵᠢᠭᠤᠯᠬᠤ᠂ ᠡᠷᠲᠡ ᠠᠰᠢᠭᠯᠠᠯᠲᠠ ᠳᠤ ᠣᠷᠣᠭᠤᠯᠬᠤ᠂ ᠡᠷᠲᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ ᠪᠦᠬᠦ ᠬᠦᠴᠦᠨ ᠢᠶᠠᠷ ᠢᠶᠠᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠠᠲᠤᠯᠠᠵᠤ᠂ ᠬᠡᠷᠡᠭᠯᠡᠭᠡ ᠶᠢ ᠠᠬᠢᠭᠤᠯᠬᠤ ᠤᠯᠠᠨ ᠬᠡᠯᠪᠡᠷᠢ ᠶᠢᠨ ᠠᠵᠢᠯᠯᠠᠭ᠎ᠠ ᠶᠢ ᠥᠷᠨᠢᠭᠦᠯᠵᠦ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠲᠣᠭᠲᠠᠭᠤᠨ ᠢᠶᠠᠷ ᠰᠠᠶᠢᠵᠢᠷᠠᠬᠤ ᠶᠢ ᠠᠬᠢᠭᠤᠯᠬᠤ ᠬᠡᠷᠡᠭᠲᠡᠢ᠃ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠦᠷᠭᠦᠯᠵᠢᠯᠡᠨ ᠨᠡᠮᠡᠭᠳᠡᠭᠦᠯᠵᠦ᠂ ᠠᠵᠢᠯ ᠣᠯᠭᠤᠯᠲᠠ ᠶᠢ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠦᠨᠳᠦᠰᠦᠨ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠦᠨᠡᠨᠬᠦ ᠪᠠᠲᠤ ᠰᠠᠬᠢᠬᠤ ᠬᠡᠷᠡᠭᠲᠡᠢ ᠭᠡᠵᠤ ᠴᠢᠬᠤᠯᠠᠴᠢᠯᠠᠪᠠ᠃     ᠬᠤᠷᠠᠯ ᠠᠴᠠ᠂ ᠡᠳ᠋ ᠬᠥᠷᠥᠩᠭᠡ ᠶᠢᠨ ᠡᠬᠢ ᠪᠠᠶᠠᠯᠢᠭ ᠢ ᠪᠦᠬᠦ ᠬᠦᠴᠦᠨ ᠢᠶᠠᠷ ᠢᠶᠠᠨ ᠠᠮᠢᠳᠤᠯᠢᠭᠵᠢᠭᠤᠯᠵᠤ᠂ ᠮᠥᠩᠭᠦᠨ ᠭᠦᠢᠯᠭᠡᠭᠡᠨ ᠤ ᠦᠢᠯᠡᠳᠬᠦᠨ ᠢ ᠰᠠᠶᠢᠲᠤᠷ ᠬᠡᠷᠡᠭᠯᠡᠵᠦ ᠠᠮᠢᠳᠤᠯᠢᠭ ᠢᠶᠠᠷ ᠬᠡᠷᠡᠭᠯᠡᠵᠦ᠂ ᠬᠠᠮᠲᠤᠷᠠᠯᠴᠠᠨ ᠬᠠᠮᠵᠢᠯᠴᠠᠬᠤ ᠶᠢ ᠴᠢᠩᠭᠠᠳᠬᠠᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢ ᠡᠮᠬᠢ ᠳᠢᠭᠯᠢᠮ ᠲᠠᠢ ᠪᠦᠲᠦᠮᠵᠢᠲᠡᠢ ᠰᠢᠢᠳᠪᠦᠷᠢᠯᠡᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠡᠳᠬᠢᠴᠡ ᠪᠠᠨ ᠲᠣᠳᠣᠷᠬᠠᠶᠢᠯᠠᠵᠤ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠦᠷ᠎ᠡ ᠪᠦᠲᠦᠮᠵᠢ ᠶᠢ ᠮᠥᠷᠳᠡᠨ ᠠᠰᠠᠭᠤᠵᠤ᠂ ︽ᠠᠵᠤ ᠦᠢᠯᠡᠳᠪᠦᠷᠢ ᠶᠢᠨ ᠥᠭᠡᠷᠡᠴᠢᠯᠡᠯᠲᠡ︾ ᠶᠢᠨ ᠠᠵᠢᠯ ᠤᠨ ᠭᠦᠨᠵᠡᠭᠡᠶᠢᠷᠡᠨ ᠪᠣᠭᠤᠮᠲᠠ ᠰᠢᠪᠲᠤᠯᠬᠤ ᠰᠢᠪᠲᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠥᠨᠳᠥᠷ ᠪᠦᠲᠦᠮᠵᠢᠲᠡᠢ ᠪᠠᠷ ᠨᠢᠭᠡᠳᠦᠯᠲᠡᠢ ᠲᠥᠯᠥᠪᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠨ ᠵᠦᠢᠯ ᠤᠨ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠤᠨᠢᠨ ᠳᠡᠭᠡᠷ᠎ᠡ ᠨᠢ ᠨᠠᠶᠢᠳᠠᠪᠤᠷᠢᠵᠢᠭᠤᠯᠵᠤ᠂ ᠡᠬᠢᠯᠡᠬᠦ ᠲᠠᠢ ᠨᠢ ᠠᠳᠠᠯᠢ ᠪᠠᠷ ᠪᠣᠯᠭᠤᠮᠵᠢᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠣᠳᠠᠲᠠᠢ ᠠᠳᠬᠤᠵᠤ ᠨᠠᠷᠢᠨ ᠠᠳᠬᠤᠵᠤ ᠪᠠᠶᠢᠩᠭᠤᠵᠢᠭᠤᠯᠬᠤ ᠬᠡᠷᠡᠭᠲᠡᠢ᠃ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ᠂ ᠵᠢᠷᠤᠭ ᠡᠯᠭᠦᠨ ᠪᠠᠶᠢᠯᠳᠤᠵᠤ᠂ ᠬᠦᠴᠦᠲᠡᠢ ᠠᠬᠢᠭᠤᠯᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ ᠂ ᠲᠡᠷᠢᠭᠦᠨ ᠤ ᠪᠠᠷᠢᠮᠵᠢᠶ᠎ᠠ ᠪᠠᠷ ᠬᠤᠳᠠ ᠪᠠᠯᠭᠠᠰᠤᠨ ᠤ ᠣᠷᠴᠢᠨ ᠲᠣᠭᠤᠷᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠥᠨᠳᠥᠷ ᠦᠷ᠎ᠡ ᠪᠦᠲᠦᠮᠵᠢᠲᠡᠢ ᠵᠠᠰᠠᠭ ᠤᠨ ᠶᠠᠪᠤᠳᠠᠯ ᠤᠨ ᠦᠢᠯᠡᠴᠢᠯᠡᠭᠡ ᠪᠣᠯᠣᠨ ᠥᠨᠳᠥᠷ ᠶᠠᠰᠤ ᠴᠢᠨᠠᠷ ᠲᠠᠢ ᠬᠤᠳᠠ ᠶᠢᠨ ᠳᠦᠷᠢ ᠲᠥᠷᠬᠦ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠤ ᠱᠠᠭᠠᠷᠳᠠᠪᠠ᠃                               ᠵᠤᠬᠢᠶᠠᠭᠴᠢ᠄ ᠲᠧᠩ ᠵᠢᠶᠠ                               ᠤᠷᠴᠢᠭᠤᠯᠤᠭᠴᠢ᠄ ᠬᠦᠰᠡᠯ                               ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2