| ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠠᠴᠠ | 12 ᠳ᠋ᠤᠭᠠᠷ ᠰᠠᠷ᠎ᠠ ᠶᠢᠨ 7 ᠤ ᠡᠳᠦᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠠᠷᠭ᠎ᠠ ᠬᠡᠮᠵᠢᠶ᠎ᠡ ᠶᠢ | ᠤᠯᠠᠮ ᠨᠢᠭᠡ ᠠᠯᠬᠤᠮ ᠰᠢᠯᠢᠳᠡᠭᠵᠢᠭᠦᠯᠦᠨ ᠨᠠᠶᠢᠳᠠᠪᠤᠷᠢᠵᠢᠭᠤᠯᠬᠤ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃ | ᠪᠥᠭᠡᠮ ᠬᠦᠴᠢᠯ ᠤᠨ ᠪᠠᠶᠢᠴᠠᠭᠠᠯᠲᠠ ᠶᠢᠨ ᠦᠷ᠎ᠡ ᠳ᠋ᠦᠩ ᠪᠠᠶᠢᠬᠤ ᠦᠭᠡᠢ ᠪᠣᠯ ᠡᠪᠡᠳᠴᠢᠨ ᠦᠵᠡᠭᠦᠯᠵᠦ ᠳᠡᠶᠢᠯᠦᠨ᠎ᠡ | ᠦᠦ︖ ᠤᠳᠠᠭᠠᠨ ᠴᠢᠨᠠᠷᠲᠠᠢ ᠡᠪᠡᠳᠴᠢᠨ ᠲᠠᠢ ᠨᠠᠰᠤᠲᠠᠶᠢᠴᠤᠳ ᠲᠤ ᠸᠠᠺᠼᠢᠨ ᠤ ᠲᠠᠷᠢᠯᠭ᠎ᠠ ᠬᠢᠵᠦ ᠪᠣᠯᠣᠨ᠎ᠠ ᠦᠦ︖ | ᠬᠠᠮᠲᠤ ᠪᠠᠷ ᠠᠩᠬᠠᠷᠴᠠᠭᠠᠶ᠎ᠠ︕ | ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠶᠢᠨ ᠠᠬᠤᠢ ᠪᠠᠶᠢᠳᠠᠯ ᠨᠢ ᠶᠠᠭᠤ ᠪᠣᠶ︖ | ᠶᠡᠭᠡ ᠬᠡᠪᠴᠢᠶᠡᠨ ᠤ ᠸᠠᠺᠼᠢᠨ ᠤ ᠲᠠᠷᠢᠯᠭ᠎ᠠ ᠪᠠ ᠰᠢᠨ᠎ᠡ ᠲᠢᠲᠢᠮᠯᠢᠭ ᠠᠭᠤᠰᠬᠢᠨ ᠤ ᠦᠷᠪᠢᠰᠦᠯ ᠤᠨ | ᠸᠢᠷᠦ᠋ᠰ ᠤᠨ ᠣᠨᠳᠣᠣᠰᠢᠯ ᠢ ᠳᠠᠭᠠᠯᠳᠤᠨ᠂ ᠸᠢᠷᠦ᠋ᠰ ᠤᠨ ᠬᠠᠯᠳᠠᠪᠤᠷᠢᠯᠠᠬᠤ ᠴᠢᠳᠠᠪᠤᠷᠢ ᠴᠢᠩᠭᠠᠷᠠᠭᠰᠠᠨ ᠪᠣᠯᠪᠠᠴᠤ | ᠡᠪᠡᠳᠴᠢᠯᠡᠭᠦᠯᠬᠦ ᠴᠢᠳᠠᠪᠤᠷᠢ ᠨᠢ ᠪᠠᠭᠤᠷᠠᠵᠤ᠂ ᠬᠥᠮᠥᠰ ᠲᠤ ᠤᠴᠠᠷᠠᠭᠤᠯᠬᠤ ᠪᠦᠬᠦ᠋ᠢᠯᠡ ᠴᠣᠭᠴᠠ ᠶᠢᠨ ᠡᠷᠡᠭᠦᠯ | ᠮᠡᠨᠳᠦ ᠶᠢᠨ ᠠᠶᠤᠯ ᠲᠦᠭᠰᠢᠭᠦᠷᠢ ᠨᠠᠮᠳᠠᠬᠤ ᠬᠠᠨᠳᠤᠰᠢ ᠲᠠᠢ ᠪᠣᠯᠵᠤ᠂ ᠮᠠᠨ ᠤ ᠤᠯᠤᠰ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠳᠤ ᠰᠢᠨ᠎ᠡ ᠪᠠᠶᠢᠳᠠᠯ ᠰᠢᠨ᠎ᠡ ᠡᠭᠦᠷᠭᠡ ᠲᠤᠯᠭᠠᠷᠠᠵᠤ ᠪᠠᠶᠢᠨ᠎ᠠ᠃ | ᠡᠭᠦᠨ ᠠᠴᠠ ᠡᠮᠦᠨ᠎ᠡ ᠨᠡᠶᠢᠲᠡᠯᠡᠭᠰᠡᠨ ᠬᠤᠷᠢᠨ ᠵᠦᠢᠯ ᠤᠨ ᠰᠢᠯᠢᠳᠡᠭᠵᠢᠭᠦᠯᠬᠦ ᠠᠷᠭ᠎ᠠ ᠬᠡᠮᠵᠢᠶ᠎ᠡ ᠶᠢ ᠶᠢᠰᠦᠳᠦᠭᠡᠷ | ᠬᠡᠪᠯᠡᠯ ᠤᠨ ᠰᠡᠷᠭᠡᠶᠢᠯᠡᠨ ᠡᠵᠡᠮᠳᠡᠬᠦ ᠲᠥᠰᠥᠯ ᠪᠠ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠤ ᠲᠥᠰᠥᠯ | ᠵᠡᠷᠭᠡ ᠶᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠰᠢᠨᠵᠢᠯᠡᠬᠦ ᠤᠬᠠᠭᠠᠨᠴᠢ ᠪᠠᠷ ᠦᠨᠡᠯᠡᠨ ᠵᠢᠱᠢᠭᠰᠡᠨ ᠰᠠᠭᠤᠷᠢᠨ | ᠳᠡᠭᠡᠷ᠎ᠡ ᠳᠤᠷᠠᠳᠤᠭᠰᠠᠨ ᠶᠤᠮ᠃ ᠬᠡᠷᠡᠭᠵᠢᠭᠦᠯᠦᠭᠰᠡᠨ ᠤ ᠳᠠᠷᠠᠭ᠎ᠠ᠂ ᠪᠢᠳᠡ ᠡᠯ᠎ᠡ ᠭᠠᠵᠠᠷ ᠤᠨ ᠬᠡᠷᠡᠭᠵᠢᠭᠦᠯᠦᠭᠰᠡᠨ | ᠦᠷ᠎ᠡ ᠪᠦᠲᠦᠮᠵᠢ ᠶᠢ ᠨᠢᠭᠲᠠ ᠮᠥᠷᠳᠡᠵᠦ᠂ ᠣᠶᠢᠷ᠎ᠠ ᠶᠢᠨ ᠬᠤᠭᠤᠴᠠᠭᠠᠨ ᠳᠠᠬᠢ ᠡᠯ᠎ᠡ ᠭᠠᠵᠠᠷ ᠤᠨ ᠬᠢᠵᠢᠭ ᠤᠨ | ᠪᠠᠶᠢᠳᠠᠯ ᠢ ᠠᠷᠭᠠᠴᠠᠭᠠᠬᠤ ᠶᠠᠪᠤᠴᠠ ᠳᠤ ᠬᠤᠷᠠᠮᠳᠤᠭᠤᠯᠤᠭᠰᠠᠨ ᠲᠤᠷᠰᠢᠯᠭ᠎ᠠ ᠪᠠ ᠲᠤᠯᠭᠠᠷᠠᠵᠤ ᠪᠠᠶᠢᠭ᠎ᠠ ᠲᠣᠪᠤᠶᠢᠮ᠎ᠠ | ᠠᠰᠠᠭᠤᠳᠠᠯ ᠲᠠᠢ ᠤᠶᠠᠯᠳᠤᠭᠤᠯᠤᠨ᠂ ᠴᠢᠭᠯᠡᠯᠲᠦ ᠴᠢᠨᠠᠷᠲᠠᠢ ᠪᠠᠷ ᠠᠷᠪᠠᠨ ᠵᠦᠢᠯ ᠤᠨ ᠰᠢᠯᠢᠳᠡᠭᠵᠢᠭᠦᠯᠬᠦ ᠠᠷᠭ᠎ᠠ | ᠬᠡᠮᠵᠢᠶ᠎ᠡ ᠶᠢ ᠳᠤᠷᠠᠳᠤᠨ ᠭᠠᠷᠭᠠᠪᠠ᠃ | ᠤᠯᠠᠮ ᠨᠢᠭᠡ ᠠᠯᠬᠤᠮ ᠰᠢᠯᠢᠳᠡᠭᠵᠢᠭᠦᠯᠬᠦ ᠠᠷᠪᠠᠨ ᠵᠦᠢᠯ ᠤᠨ ᠠᠷᠭ᠎ᠠ ᠬᠡᠮᠵᠢᠶ᠎ᠡ ᠳᠤ ᠶᠠᠮᠠᠷ ᠶᠠᠮᠠᠷ ᠲᠠᠯ᠎ᠠ ᠪᠠᠷ | ᠬᠤᠪᠢᠷᠠᠯᠲᠠ ᠲᠠᠢ ᠪᠣᠶ︖ | ᠰᠢᠨ᠎ᠡ ᠪᠠᠷ ᠲᠣᠭᠲᠠᠭᠠᠭᠰᠠᠨ ᠠᠷᠪᠠᠨ ᠵᠤᠷᠪᠤᠰ ᠰᠢᠯᠢᠳᠡᠭᠵᠢᠭᠦᠯᠬᠦ ᠠᠷᠭ᠎ᠠ ᠬᠡᠮᠵᠢᠶ᠎ᠡ ᠨᠢ ᠣᠯᠠᠨ ᠲᠦᠮᠡᠨ ᠤ | ᠠᠩᠬᠠᠷᠴᠤ ᠪᠠᠶᠢᠭ᠎ᠠ ᠪᠥᠭᠡᠮ ᠬᠦᠴᠢᠯ ᠤᠨ ᠪᠠᠶᠢᠴᠠᠭᠠᠯᠲᠠ᠂ ᠠᠷᠭ᠎ᠠ ᠴᠢᠨᠠᠷᠲᠠᠢ ᠬᠠᠯᠳᠠᠪᠤᠷᠢᠯᠠᠭᠰᠠᠳ᠂ ᠨᠢᠭᠲᠠ | ᠣᠶᠢᠷᠠᠲᠤᠭᠰᠠᠳ ᠤᠨ ᠬᠠᠮᠢᠶᠠᠷᠤᠯᠲᠠ᠂ ᠥᠨᠳᠥᠷ ᠳᠡᠰ ᠤᠨ ᠲᠦᠭᠰᠢᠭᠦᠷᠢᠲᠦ ᠣᠷᠣᠨ ᠢ ᠵᠠᠭᠠᠭᠯᠠᠨ ᠲᠣᠭᠲᠠᠭᠠᠵᠤ | ᠪᠢᠲᠡᠭᠦᠮᠵᠢᠯᠡᠨ ᠡᠵᠡᠮᠳᠡᠬᠦ᠂ ᠨᠠᠰᠤᠲᠠᠶᠢᠴᠤᠳ ᠲᠤ ᠸᠠᠺᠼᠢᠨ ᠤ ᠲᠠᠷᠢᠯᠭ᠎ᠠ ᠬᠢᠬᠦ ᠪᠠ ᠣᠯᠠᠨ ᠲᠦᠮᠡᠨ ᠤ ᠡᠪᠡᠳᠴᠢᠨ | ᠦᠵᠡᠭᠦᠯᠵᠦ ᠡᠮ ᠬᠡᠷᠡᠭᠯᠡᠬᠦ ᠶᠢ ᠪᠠᠲᠤᠯᠠᠬᠤ ᠵᠢᠴᠢ ᠰᠤᠷᠭᠠᠭᠤᠯᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠪᠠ ᠬᠢᠵᠢᠭ ᠲᠤ ᠬᠤᠯᠪᠣᠭᠳᠠᠭᠰᠠᠨ ᠠᠮᠤᠷ ᠲᠦᠪᠰᠢᠨ ᠤ ᠪᠠᠲᠤᠯᠠᠭ᠎ᠠ ᠵᠡᠷᠭᠡ ᠰᠡᠷᠭᠡᠶᠢᠯᠡᠨ ᠡᠵᠡᠮᠳᠡᠬᠦ ᠠᠵᠢᠯ ᠢ ᠤᠯᠠᠮ | ᠨᠢᠭᠡ ᠠᠯᠬᠤᠮ ᠰᠢᠯᠢᠳᠡᠭᠵᠢᠭᠦᠯᠪᠡ᠃ | ᠡᠨᠡ ᠤᠳᠠᠭᠠᠨ ᠤ ᠰᠢᠯᠢᠳᠡᠭᠵᠢᠭᠦᠯᠦᠯᠲᠡ ᠨᠢ ᠪᠦᠷᠢᠮᠦᠰᠦᠨ ᠴᠢᠯᠦᠭᠡᠲᠡᠢ ᠲᠠᠯᠪᠢᠵᠤ ᠰᠡᠷᠭᠡᠶᠢᠯᠡᠬᠦ ᠦᠭᠡᠢ ᠭᠡᠰᠡᠨ | ᠶᠠᠪᠤᠳᠠᠯ ᠪᠢᠰᠢ | ᠡᠨᠡ ᠤᠳᠠᠭ᠎ᠠ ᠶᠢᠨ ᠰᠢᠯᠢᠳᠡᠭᠵᠢᠭᠦᠯᠦᠯᠲᠡ ᠨᠢ ᠪᠦᠷᠢᠮᠦᠰᠦᠨ ᠴᠢᠯᠦᠭᠡᠲᠡᠢ ᠲᠠᠯᠪᠢᠵᠤ ᠰᠡᠷᠭᠡᠶᠢᠯᠡᠬᠦ ᠦᠭᠡᠢ ᠭᠡᠰᠡᠨ | ᠶᠠᠪᠤᠳᠠᠯ ᠪᠢᠰᠢ᠂ ᠰᠠᠨᠠᠭᠠᠴᠢᠯᠠᠭ᠎ᠠ ᠲᠠᠢ ᠪᠠᠷ ᠰᠢᠯᠢᠳᠡᠭᠵᠢᠭᠦᠯᠦᠭᠰᠡᠨ ᠠᠴᠠ ᠪᠢᠰᠢ ᠰᠠᠨᠠᠭᠠᠴᠢᠯᠠᠭ᠎ᠠ ᠦᠭᠡᠢ | ᠰᠢᠯᠢᠳᠡᠭᠵᠢᠭᠦᠯᠦᠭᠰᠡᠨ ᠪᠢᠰᠢ᠃ ᠣᠳᠣᠬᠠᠨ ᠳᠤ ᠮᠠᠨ ᠤ ᠤᠯᠤᠰ ᠲᠤ ᠳᠡᠯᠭᠡᠷᠡᠵᠦ ᠪᠠᠶᠢᠭ᠎ᠠ ᠣᠨᠳᠣᠣᠰᠢᠭᠰᠠᠨ | ᠸᠢᠷᠦ᠋ᠰ ᠤᠨ ᠣᠨᠴᠠᠯᠢᠭ᠂ ᠬᠢᠵᠢᠭ ᠤᠨ ᠪᠠᠶᠢᠳᠠᠯ ᠤᠨ ᠳᠡᠯᠭᠡᠷᠡᠯᠲᠡ ᠶᠢᠨ ᠣᠨᠴᠠᠯᠢᠭ ᠲᠤ ᠴᠢᠭᠯᠡᠭᠦᠯᠦᠨ᠂ ᠬᠢᠵᠢᠭ ᠤᠨ | ᠪᠠᠶᠢᠳᠠᠯ ᠢ ᠬᠥᠳᠡᠯᠦᠩᠭᠦᠢ ᠪᠠᠷ ᠰᠤᠳᠤᠯᠤᠨ ᠮᠠᠭᠠᠳᠯᠠᠬᠤ ᠪᠠᠷ ᠳᠠᠮᠵᠢᠭᠤᠯᠤᠨ᠂ ᠤᠳᠤ ᠶᠢᠨ ᠬᠡᠷᠡᠭᠵᠢᠭᠦᠯᠵᠦ ᠪᠠᠶᠢᠭ᠎ᠠ | ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢᠨ ᠦᠷ᠎ᠡ ᠪᠦᠲᠦᠮᠵᠢ ᠶᠢ ᠦᠨᠡᠯᠡᠬᠦ᠂ ᠢᠯᠠᠩᠭᠤᠶ᠎ᠠ ᠬᠤᠷᠢᠨ ᠵᠤᠷᠪᠤᠰ ᠢ | ᠬᠡᠷᠡᠭᠵᠢᠭᠦᠯᠦᠭᠰᠡᠨ ᠤ ᠲᠠᠷᠠᠭ᠎ᠠ᠂ ᠣᠷᠣᠨ ᠨᠤᠲᠤᠭ ᠤᠨ ᠠᠰᠢᠭᠲᠠᠢ ᠲᠤᠷᠰᠢᠯᠭ᠎ᠠ ᠪᠠ ᠣᠷᠣᠰᠢᠵᠤ ᠪᠠᠶᠢᠭ᠎ᠠ | ᠠᠰᠠᠭᠤᠳᠠᠯ ᠢ ᠡᠮᠬᠢᠯᠡᠨ ᠳ᠋ᠦᠩᠨᠡᠬᠦ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ ᠪᠠᠶᠢᠭᠠᠳ | ᠲᠣᠭᠲᠠᠭᠠᠭᠰᠠᠨ ᠶᠤᠮ᠃ | ᠰᠢᠨ᠎ᠡ ᠲᠢᠲᠢᠮᠯᠢᠭ ᠡᠪᠡᠳᠴᠢᠲᠡᠨ ᠳᠤ ᠶᠠᠮᠠᠷ ᠶᠠᠮᠠᠷ ᠡᠮᠴᠢᠯᠡᠭᠡᠨ ᠤ ᠠᠷᠭ᠎ᠠ ᠪᠠᠷᠢᠯ ᠪᠠᠶᠢᠬᠤ ᠪᠣᠢ︖ | ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠭᠰᠠᠳ ᠢ ᠡᠩ ᠲᠡᠷᠢᠭᠦᠨ ᠳᠤ ᠡᠪᠡᠳᠴᠢᠨ ᠳᠤ ᠨᠢ | ᠲᠠᠭᠠᠷᠠᠭᠤᠯᠵᠤ ᠡᠮᠨᠡᠨ ᠵᠠᠰᠠᠬᠤ ᠬᠡᠷᠡᠭᠲᠡᠢ᠃ | ᠨᠢᠭᠡᠳᠦᠭᠡᠷ ᠲᠤ᠂ ᠵᠠᠷᠢᠮ ᠡᠪᠡᠳᠴᠢᠲᠡᠨ ᠬᠠᠯᠠᠭᠤᠷᠠᠬᠤ᠂ ᠬᠤᠭᠤᠯᠠᠢ ᠡᠪᠡᠳᠬᠦ᠂ ᠬᠠᠨᠢᠶᠠᠯᠭᠠᠬᠤ ᠵᠡᠷᠭᠡ | ᠡᠪᠡᠳᠴᠢᠨ ᠤ ᠢᠯᠡᠷᠡᠯ ᠭᠠᠷᠪᠠᠯ᠂ ᠭᠤᠣᠯᠳᠠᠭᠤ ᠡᠪᠡᠳᠴᠢᠨ ᠳᠤ ᠨᠢ ᠲᠠᠭᠠᠷᠠᠭᠤᠯᠵᠤ ᠡᠮᠨᠡᠨ ᠵᠠᠰᠠᠨ᠎ᠠ᠂ ᠵᠢᠱᠢᠶᠡᠯᠡᠪᠡᠯ | ᠵᠠᠷᠢᠮ ᠬᠠᠯᠠᠭᠤᠨ ᠢ ᠪᠠᠭᠤᠷᠠᠭᠤᠯᠬᠤ ᠡᠮ᠂ ᠪᠠᠰᠠ ᠵᠠᠷᠢᠮ ᠬᠠᠨᠢᠶᠠᠳᠤ ᠶᠢ ᠵᠣᠭᠰᠣᠭᠠᠵᠤ ᠴᠡᠷ ᠢ ᠠᠷᠢᠯᠭᠠᠬᠤ ᠡᠮ | ᠥᠭᠭᠦᠨ᠎ᠡ᠃ | ᠬᠤᠶᠠᠳᠤᠭᠠᠷ ᠲᠤ᠂ ᠸᠢᠷᠦ᠋ᠰ ᠢ ᠡᠰᠡᠷᠭᠦᠴᠡᠬᠦ ᠡᠮ᠂ ᠡᠩ ᠤᠨ ᠬᠡᠯᠪᠡᠷᠢ ᠶᠢᠨ ᠪᠤᠶᠤ ᠬᠦᠨᠳᠦᠷᠡᠬᠦ ᠪᠣᠯᠣᠮᠵᠢ ᠲᠠᠢ | ᠲᠦᠭᠰᠢᠭᠦᠷᠢ ᠶᠢᠨ ᠬᠦᠴᠦᠨ ᠵᠦᠢᠯ ᠪᠠᠶᠢᠬᠤ ᠡᠪᠡᠳᠴᠢᠲᠡᠨ ᠳᠤ ᠸᠢᠷᠦ᠋ᠰ ᠢ ᠡᠰᠡᠷᠭᠦᠴᠡᠬᠦ ᠡᠮᠴᠢᠯᠡᠭᠡ ᠶᠢ ᠡᠷᠲᠡᠬᠡᠨ | ᠬᠢᠵᠦ᠂ ᠡᠪᠡᠳᠴᠢᠨ ᠨᠢ ᠬᠦᠨᠳᠦᠷᠡᠬᠦ ᠬᠤᠪᠢᠷᠠᠯᠲᠠ ᠶᠢ ᠪᠠᠭᠠᠰᠬᠠᠨ᠎ᠠ᠃ ᠭᠡᠪᠡᠴᠦ ᠸᠢᠷᠦ᠋ᠰ ᠢ ᠡᠰᠡᠷᠭᠦᠴᠡᠬᠦ ᠡᠮ ᠢ ᠵᠠᠪᠠᠯ | ᠡᠮᠴᠢ ᠶᠢᠨ ᠵᠢᠯᠣᠭᠤᠳᠤᠯᠭ᠎ᠠ ᠳᠣᠣᠷ᠎ᠠ ᠤᠤᠭᠤᠬᠤ ᠬᠡᠷᠡᠭᠲᠡᠢ᠃ | ᠭᠤᠷᠪᠠᠳᠤᠭᠠᠷ ᠲᠤ᠂ ᠬᠢᠲᠠᠳ ᠡᠸᠦ᠋ᠷᠦᠫᠡ ᠡᠮᠨᠡᠯᠭᠡ ᠶᠢ ᠤᠶᠠᠯᠳᠤᠭᠤᠯᠵᠤ᠂ ᠬᠢᠲᠠᠳ ᠡᠸᠦ᠋ᠷᠦᠫᠡ ᠡᠮᠨᠡᠯᠭᠡ ᠶᠢ | ᠵᠡᠷᠭᠡ ᠪᠠᠷ ᠴᠢᠬᠤᠯᠠᠴᠢᠯᠠᠬᠤ ᠨᠢ ᠮᠠᠰᠢ ᠴᠢᠬᠤᠯᠠ ᠶᠤᠮ᠃ ᠬᠢᠲᠠᠳ ᠡᠮ ᠨᠢ ᠸᠢᠷᠦ᠋ᠰ ᠤᠨ ᠴᠢᠨᠠᠷᠲᠠᠢ ᠬᠠᠯᠳᠠᠪᠤᠷᠢᠯᠠᠯ ᠢ | ᠡᠮᠨᠡᠨ ᠵᠠᠰᠠᠬᠤ ᠶᠠᠪᠤᠴᠠ ᠳᠤ ᠣᠨᠴᠠᠭᠠᠶ ᠳᠠᠪᠠᠭᠤᠯᠢᠭ ᠲᠠᠯ᠎ᠠ ᠲᠠᠢ ᠪᠠᠶᠢᠵᠤ᠂ ᠣᠳᠣᠬᠠᠨ ᠳᠤ ᠵᠠᠷᠢᠮ ᠬᠢᠲᠠᠳ ᠡᠮᠨᠡᠯᠭᠡ | ᠬᠢᠲᠠᠳ ᠡᠮ ᠢᠶᠠᠷ ᠡᠮᠨᠡᠨ ᠵᠠᠰᠠᠬᠤ ᠨᠢ ᠨᠢᠭᠡᠨ ᠮᠠᠰᠢ ᠰᠠᠶᠢᠨ ᠰᠣᠩᠭᠤᠯᠲᠠ ᠪᠣᠯᠣᠨ᠎ᠠ᠃ | ᠳᠥᠷᠪᠡᠳᠦᠭᠡᠷ ᠲᠤ᠂ ᠡᠮᠴᠢᠯᠡᠭᠡᠨ ᠤ ᠶᠠᠪᠤᠴᠠ ᠳᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠡᠮᠨᠡᠨ | ᠵᠠᠰᠠᠬᠤ ᠪᠠ ᠰᠠᠭᠤᠷᠢ ᠴᠢᠨᠠᠷᠲᠠᠢ ᠡᠪᠡᠳᠴᠢᠨ ᠢ ᠡᠮᠨᠡᠨ ᠵᠠᠰᠠᠬᠤ ᠶᠢ ᠬᠠᠮᠲᠤ ᠲᠤ ᠨᠢ ᠬᠠᠷᠠᠭᠠᠯᠵᠠᠬᠤ ᠬᠡᠷᠡᠭᠲᠡᠢ᠃ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠳᠤ ᠬᠠᠯᠳᠠᠪᠤᠷᠢᠯᠠᠭᠳᠠᠭᠰᠠᠨ ᠠᠴᠠ ᠪᠣᠯᠵᠤ ᠰᠠᠭᠤᠷᠢ ᠴᠢᠨᠠᠷᠲᠠᠢ | ᠡᠪᠡᠳᠴᠢᠨ ᠤ ᠡᠮ ᠬᠡᠷᠡᠭᠯᠡᠬᠦ ᠶᠢ ᠵᠣᠭᠰᠣᠭᠠᠵᠤ ᠪᠣᠯᠬᠤ ᠦᠭᠡᠢ᠂ ᠵᠢᠱᠢᠶᠡᠯᠡᠪᠡᠯ ᠰᠢᠬᠢᠷ ᠰᠢᠵᠢᠩ ᠡᠪᠡᠳᠴᠢᠨ᠂ | ᠴᠢᠰᠤᠨ ᠳᠠᠷᠤᠯᠲᠠ ᠥᠨᠳᠥᠷ ᠵᠡᠷᠭᠡ ᠡᠪᠡᠳᠴᠢᠲᠡᠨ ᠤ ᠡᠳᠦᠷ ᠲᠤᠲᠤᠮ ᠤᠨ ᠡᠮᠴᠢᠯᠡᠭᠡ ᠶᠢ ᠲᠠᠰᠤᠯᠳᠠᠭᠤᠯᠵᠤ ᠪᠣᠯᠬᠤ | ᠦᠭᠡᠢ᠃ ᠡᠶᠢᠮᠦ ᠠᠴᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠡᠮᠨᠡᠨ ᠵᠠᠰᠠᠬᠤ ᠶᠢᠨ ᠬᠠᠮᠲᠤ ᠪᠠᠰᠠ ᠰᠠᠭᠤᠷᠢ | ᠴᠢᠨᠠᠷᠲᠠᠢ ᠡᠪᠡᠳᠴᠢᠨ ᠢ ᠦᠷᠭᠦᠯᠵᠢᠯᠡᠨ ᠡᠮᠨᠡᠨ ᠵᠠᠰᠠᠬᠤ ᠶᠢ ᠣᠨᠴᠠᠭᠠᠶᠢᠯᠠᠨ ᠠᠩᠬᠠᠷᠬᠤ ᠬᠡᠷᠡᠭᠲᠡᠢ᠃ | ᠡᠮ ᠤᠨ ᠵᠦᠢᠯ ᠢ ᠬᠠᠳᠠᠭᠠᠯᠠᠬᠤ ᠪᠠ ᠪᠤᠯᠢᠶᠠᠯᠳᠤᠨ ᠬᠤᠳᠠᠯᠳᠤᠵᠤ ᠠᠪᠬᠤ ᠴᠢᠬᠤᠯᠠ ᠦᠭᠡᠢ | ᠪᠢᠳᠡ ᠨᠢᠭᠡᠨᠲᠡ ᠰᠢᠶᠠᠨ ᠤ ᠱᠠᠲᠤᠨ ᠠᠴᠠ ᠳᠡᠭᠡᠭᠰᠢᠬᠢ ᠡᠮᠴᠢᠯᠡᠭᠡᠨ ᠤ ᠪᠠᠶᠢᠭᠤᠯᠤᠮᠵᠢ ᠶᠢ ᠬᠢᠲᠠᠳ ᠡᠮ᠂ | ᠡᠸᠦ᠋ᠷᠦᠫᠡ ᠡᠮ ᠵᠡᠷᠭᠡ ᠡᠮ ᠤᠨ ᠵᠦᠢᠯ᠂ ᠠᠨᠲ᠋ᠢᠭ᠍ᠸᠡ ᠤ ᠤᠷᠪᠠᠯᠵᠢ ᠶᠢ ᠪᠠᠭᠲᠠᠭᠠᠭᠰᠠᠨ ᠡᠳᠡᠭᠡᠷ ᠡᠪᠡᠳᠴᠢᠨ ᠳᠤ ᠨᠢ | ᠲᠠᠭᠠᠷᠠᠭᠤᠯᠵᠤ ᠡᠮᠨᠡᠨ ᠵᠠᠰᠠᠬᠤ ᠡᠮ ᠵᠢᠴᠢ ᠸᠢᠷᠦ᠋ᠰ ᠢ ᠡᠰᠡᠷᠭᠦᠴᠡᠬᠦ ᠡᠮ ᠵᠡᠷᠭᠡ ᠶᠢ ᠪᠡᠯᠡᠳᠬᠡᠬᠦ ᠶᠢ ᠴᠢᠩᠭᠠᠳᠬᠠᠵᠤ᠂ | ᠵᠣᠬᠢᠬᠤ ᠬᠡᠮᠵᠢᠶᠡᠨ ᠤ ᠪᠡᠯᠡᠳᠬᠡᠯ ᠬᠢᠬᠦ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃ ᠡᠭᠦᠨ ᠤ ᠬᠠᠮᠲᠤ᠂ ᠱᠠᠲᠤ | ᠲᠥᠷᠥᠯ ᠬᠤᠪᠢᠶᠠᠵᠤ ᠡᠮᠨᠡᠨ ᠵᠠᠰᠠᠬᠤ ᠪᠠᠷ ᠳᠡᠮᠵᠢᠨ᠂ ᠮᠠᠰᠢ ᠣᠯᠠᠨ ᠬᠠᠯᠳᠠᠪᠤᠷᠢᠯᠠᠭᠰᠠᠳ ᠭᠡᠷ ᠲᠤ ᠪᠠᠨ ᠰᠠᠭᠤᠵᠤ | ᠡᠮᠨᠡᠨ ᠵᠠᠰᠠᠬᠤ ᠠᠷᠭ᠎ᠠ ᠮᠠᠶ᠋ᠢᠭ ᠢ ᠰᠣᠩᠭᠤᠬᠤ ᠪᠣᠯᠣᠨ᠎ᠠ᠃ ᠡᠶᠢᠮᠦ ᠠᠴᠠ ᠦᠨᠳᠦᠰᠦᠨ ᠱᠠᠲᠤᠨ ᠤ ᠡᠮᠴᠢᠯᠡᠭᠡᠨ ᠤ | ᠪᠠᠶᠢᠭᠤᠯᠤᠮᠵᠢ᠂ ᠡᠮ ᠤᠨ ᠵᠢᠵᠢᠭᠯᠡᠨ ᠬᠤᠳᠠᠯᠳᠤᠬᠤ ᠲᠣᠣᠷ ᠴᠡᠭ ᠵᠡᠷᠭᠡ ᠴᠦ ᠵᠣᠬᠢᠬᠤ ᠪᠡᠯᠡᠳᠬᠡᠯ ᠬᠢᠵᠦ᠂ ᠡᠮ ᠤᠨ | ᠵᠦᠢᠯ ᠤᠨ ᠪᠣᠯᠣᠮᠵᠢᠲᠤ ᠴᠢᠨᠠᠷ ᠢ ᠪᠠᠲᠤᠯᠠᠬᠤ ᠬᠡᠷᠡᠭᠲᠡᠢ᠃ ᠪᠢᠳᠡ ᠪᠠᠰᠠ ᠣᠯᠠᠨ ᠵᠦᠢᠯ ᠤᠨ ᠠᠷᠭ᠎ᠠ ᠪᠠᠷ ᠡᠳᠡᠭᠡᠷ | ᠡᠮ ᠢ ᠬᠡᠷᠬᠢᠨ ᠬᠡᠷᠡᠭᠯᠡᠬᠦ᠂ ᠵᠢᠴᠢ ᠠᠨᠲ᠋ᠢᠭ᠍ᠸᠡ ᠤ ᠤᠷᠪᠠᠯᠵᠢ ᠶᠢ ᠬᠡᠷᠬᠢᠨ ᠬᠡᠷᠡᠭᠯᠡᠬᠦ ᠶᠢ ᠣᠯᠠᠨ ᠳᠤ ᠮᠡᠳᠡᠭᠦᠯᠵᠦ᠂ ᠡᠮ | ᠬᠡᠷᠡᠭᠯᠡᠬᠦ ᠠᠶᠤᠯ ᠦᠭᠡᠢ ᠪᠠᠶᠢᠬᠤ ᠶᠢ ᠪᠠᠲᠤᠯᠠᠨ᠎ᠠ᠃ | ᠡᠮ ᠤᠨ ᠵᠦᠢᠯ ᠢ ᠬᠤᠷᠠᠮᠳᠤᠭᠤᠯᠤᠨ ᠬᠠᠳᠠᠭᠠᠯᠠᠬᠤ ᠪᠠ ᠪᠤᠯᠢᠶᠠᠯᠳᠤᠨ ᠬᠤᠳᠠᠯᠳᠤᠵᠤ ᠠᠪᠬᠤ ᠴᠢᠬᠤᠯᠠ ᠦᠭᠡᠢ᠃ | ᠪᠦᠬᠦ᠋ᠢᠯᠡ ᠠᠵᠢᠯ ᠤᠨ ᠪᠠᠶᠢᠷᠢᠯᠠᠭᠤᠯᠤᠯᠲᠠ ᠶᠢ ᠳᠠᠭᠠᠯᠳᠤᠨ᠂ ᠡᠮ ᠤᠨ ᠵᠦᠢᠯ ᠤᠨ ᠪᠣᠷᠤᠯᠠᠭᠤᠯᠭ᠎ᠠ ᠶᠢᠨ ᠲᠣᠣᠷ | ᠴᠡᠭ ᠲᠤ ᠭᠡᠰᠡᠨ ᠦᠭᠡᠢ᠂ ᠡᠮᠴᠢᠯᠡᠭᠡᠨ ᠤ ᠪᠠᠶᠢᠭᠤᠯᠤᠮᠵᠢ ᠳᠤ ᠭᠡᠰᠡᠨ ᠦᠭᠡᠢ᠂ ᠡᠲᠡᠭᠡᠷ ᠡᠮ ᠤᠨ ᠵᠦᠢᠯ ᠭᠦᠢᠴᠡᠳ | ᠪᠠᠶᠢᠨ᠎ᠠ᠃ | ᠬᠠᠯᠠᠭᠤᠷᠠᠯ ᠤᠨ ᠡᠭᠦᠳᠡᠨ ᠡᠮᠨᠡᠯᠭᠡ ᠶᠢᠨ ᠡᠮᠴᠢᠯᠡᠭᠡ ᠶᠢ ᠭᠥᠯᠢᠶᠡᠨ ᠠᠪᠬᠤ ᠠᠯᠬᠤᠮ ᠳᠠᠷᠠᠭ᠎ᠠ ᠨᠢ ᠶᠠᠮᠠᠷ ᠪᠣᠢ︖ | | ᠡᠪᠡᠳᠴᠢᠲᠡᠨ ᠬᠠᠯᠠᠭᠤᠷᠠᠯ ᠤᠨ ᠡᠭᠦᠳᠡᠨ ᠡᠮᠨᠡᠯᠭᠡ ᠳᠤ ᠣᠴᠢᠵᠤ ᠡᠮᠨᠡᠭᠦᠯᠬᠦ ᠳᠤ ᠬᠦᠷᠪᠡᠯ᠂ ᠡᠮᠴᠢ ᠠᠴᠠ | ᠡᠪᠡᠳᠴᠢᠨ ᠤ ᠲᠡᠦᠬᠡ᠂ ᠣᠨᠴᠠᠭᠠᠶᠢᠯᠠᠨ ᠡᠪᠡᠳᠴᠢᠨ ᠤ ᠪᠠᠶᠢᠳᠠᠯ᠂ ᠡᠪᠡᠳᠴᠢᠨ ᠤ ᠶᠠᠪᠤᠴᠠ ᠶᠢ ᠠᠰᠠᠭᠤᠬᠤ ᠶᠢᠨ | ᠬᠠᠮᠲᠤ ᠴᠢᠰᠤᠨ ᠤ ᠪᠠᠶᠢᠴᠠᠭᠠᠯᠲᠠ᠂ ᠡᠪᠡᠳᠴᠢᠨ ᠡᠭᠦᠰᠬᠡᠭᠴᠢ ᠶᠢᠨ ᠤᠬᠠᠭᠠᠨ ᠤ ᠪᠠᠶᠢᠴᠠᠭᠠᠯᠲᠠ ᠵᠡᠷᠭᠡ ᠶᠢ | ᠪᠠᠭᠲᠠᠭᠠᠭᠰᠠᠨ ᠠᠨᠠᠭᠠᠬᠤ ᠤᠬᠠᠭᠠᠨ ᠤ ᠪᠠᠶᠢᠴᠠᠭᠠᠯᠲᠠ ᠬᠢᠨ᠎ᠡ᠃ ᠡᠳᠡᠭᠡᠷ ᠪᠠᠶᠢᠴᠠᠭᠠᠯᠲᠠ ᠪᠠᠷ ᠳᠠᠮᠵᠢᠨ ᠡᠮᠴᠢ ᠠᠴᠠ | ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠭᠰᠠᠳ ᠶᠤᠮ ᠦᠦ ᠡᠰᠡᠬᠦᠯ᠎ᠡ ᠪᠤᠰᠤᠳ ᠡᠪᠡᠳᠴᠢᠨ ᠶᠤᠮ ᠦᠦ | ᠭᠡᠳᠡᠭ ᠢ ᠮᠠᠭᠠᠳᠯᠠᠨ ᠣᠨᠣᠰᠢᠯᠠᠨ᠎ᠠ᠃ | ᠡᠭᠦᠨ ᠤ ᠬᠠᠮᠲᠤ᠂ ᠬᠠᠯᠠᠭᠤᠷᠠᠯ ᠤᠨ ᠡᠭᠦᠳᠡᠨ ᠡᠮᠨᠡᠯᠭᠡ ᠳᠤ ᠠᠩᠬᠠᠨ ᠤ ᠡᠮᠴᠢᠯᠡᠭᠡᠨ ᠤ ᠡᠮᠴᠢ ᠶᠢᠨ | ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠬᠦ ᠶᠢ ᠱᠠᠭᠠᠷᠳᠠᠨ᠎ᠠ᠃ ᠡᠶᠢᠮᠦ ᠠᠴᠠ ᠡᠪᠡᠳᠴᠢᠲᠡᠨ ᠢ ᠰᠢᠯᠵᠢᠭᠦᠯᠦᠨ | ᠡᠮᠨᠡᠭᠦᠯᠬᠦ᠂ ᠠᠯᠢ ᠠᠯᠢ ᠰᠠᠯᠠᠭ᠎ᠠ ᠲᠠᠰᠤᠭ ᠲᠤ ᠰᠢᠯᠵᠢᠭᠦᠯᠬᠦ᠂ ᠠᠯᠢ ᠠᠯᠢ ᠭᠠᠵᠠᠷ ᠲᠤ ᠤᠯᠠᠮ ᠨᠢᠭᠡ ᠠᠯᠬᠤᠮ | ᠡᠮᠨᠡᠭᠦᠯᠬᠦ ᠳᠤ ᠪᠦᠷ ᠠᠯᠢ ᠣᠯᠠᠨ ᠲᠣᠬᠢᠷᠠᠭᠤᠯᠤᠯᠲᠠ ᠲᠠᠢ ᠪᠠᠶᠢᠳᠠᠭ᠃ | ᠡᠭᠦᠨ ᠤ ᠬᠠᠮᠲᠤ᠂ ᠡᠪᠡᠳᠴᠢᠲᠡᠨ ᠬᠠᠯᠠᠭᠤᠷᠠᠯ ᠤᠨ ᠡᠭᠦᠳᠡᠨ ᠡᠮᠨᠡᠯᠭᠡ ᠳᠤ ᠣᠴᠢᠵᠤ ᠡᠮᠨᠡᠭᠦᠯᠬᠦ | ᠶᠠᠪᠤᠴᠠ ᠳᠤ ᠪᠠᠨ ᠠᠮᠠᠪᠴᠢ ᠪᠠᠨ ᠰᠠᠶᠢᠲᠤᠷ ᠵᠡᠭᠦᠵᠦ᠂ ᠡᠮᠨᠡᠯᠭᠡ ᠶᠢᠨ ᠬᠤᠷᠢᠶᠠᠨ ᠤ ᠠᠵᠢᠯ ᠤᠨ ᠠᠯᠬᠤᠮ ᠳᠠᠷᠠᠭ᠎ᠠ ᠪᠠᠷ | ᠡᠪᠡᠳᠴᠢᠨ ᠢᠶᠠᠨ ᠦᠵᠡᠭᠦᠯᠵᠦ ᠡᠮᠨᠡᠭᠦᠯᠬᠦ ᠬᠡᠷᠡᠭᠲᠡᠢ᠃ ᠪᠠᠰᠠ ᠬᠠᠯᠠᠭᠤᠷᠠᠯ ᠤᠨ ᠡᠭᠦᠳᠡᠨ ᠡᠮᠨᠡᠯᠭᠡ ᠳᠤ ᠪᠤᠰᠤᠳ | ᠬᠥᠮᠥᠨ ᠲᠠᠢ ᠴᠤᠭᠯᠠᠷᠠᠬᠤ ᠪᠠ ᠣᠶᠢᠷᠠᠳᠬᠤ ᠠᠴᠠ ᠵᠠᠶᠢᠯᠠᠰᠬᠢᠵᠦ᠂ ᠰᠣᠯᠪᠢᠴᠠᠨ ᠬᠠᠯᠳᠠᠪᠤᠷᠢᠯᠠᠬᠤ ᠲᠦᠭᠰᠢᠭᠦᠷᠢ ᠶᠢ | ᠪᠠᠭᠠᠰᠬᠠᠬᠤ ᠬᠡᠷᠡᠭᠲᠡᠢ᠃ | ᠳᠤᠮᠳᠠᠳᠤ ᠤᠯᠤᠰ ᠤᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠲᠦᠢᠯ ᠤᠨ ᠠᠮᠤᠷ ᠲᠦᠪᠰᠢᠨ ᠪᠠᠶᠢᠵᠤ᠂ | ᠲᠠᠷᠢᠯᠭ᠎ᠠ ᠬᠢᠭᠰᠡᠨ ᠤ ᠳᠠᠷᠠᠭ᠎ᠠ ᠣᠯᠬᠤ ᠠᠰᠢᠭ ᠲᠤᠰᠠ ᠨᠢ ᠠᠶᠤᠯ ᠲᠦᠭᠰᠢᠭᠦᠷᠢ ᠠᠴᠠ ᠬᠤᠯᠠ ᠶᠡᠭᠡ ᠪᠠᠶᠢᠳᠠᠭ | ᠳᠤᠮᠳᠠᠳᠤ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠠᠴᠠ ᠮᠠᠨ ᠤ ᠤᠯᠤᠰ ᠤᠨ | ᠨᠢᠭᠡᠨᠲᠡ ᠳᠠᠷᠢᠭᠰᠠᠨ 34 ᠳ᠋ᠦᠩᠰᠢᠭᠤᠷ ᠭᠠᠷᠤᠢ ᠲᠠᠷᠢᠯᠭ᠎ᠠ᠂ 13 ᠳ᠋ᠦᠩᠰᠢᠭᠤᠷ ᠭᠠᠷᠤᠢ ᠬᠥᠮᠥᠨ ᠤ ᠡᠷᠡᠭᠦᠯ ᠪᠤᠰᠤ | ᠲᠤᠰᠬᠠᠯ ᠤᠨ ᠬᠢᠨᠠᠨ ᠰᠢᠨᠵᠢᠯᠡᠯᠲᠡ ᠬᠢᠭᠡᠳ ᠢᠯᠡᠷᠡᠭᠦᠯᠦᠭᠰᠡᠨ ᠢᠶᠠᠷ᠂ ᠮᠠᠨ ᠤ ᠤᠯᠤᠰ ᠤᠨ ᠰᠢᠨ᠎ᠡ ᠲᠢᠲᠢᠮᠯᠢᠭ | ᠸᠢᠷᠦ᠋ᠰ ᠤᠨ ᠸᠠᠺᠼᠢᠨ ᠤ ᠡᠷᠡᠭᠦᠯ ᠪᠤᠰᠤ ᠲᠤᠰᠬᠠᠯ ᠤᠨ ᠡᠭᠦᠰᠬᠦ ᠨᠣᠷᠮ᠎ᠠ ᠨᠢ ᠮᠠᠨ ᠤ ᠵᠢᠯ ᠲᠤᠷᠰᠢ ᠳᠠᠷᠢᠳᠠᠭ | ᠪᠤᠰᠤᠳ ᠵᠠᠷᠢᠮ ᠸᠠᠺᠼᠢᠨ ᠤ ᠬᠢ ᠲᠠᠢ ᠠᠳᠠᠯᠢ ᠪᠥᠭᠡᠳ ᠨᠠᠰᠤᠲᠠᠶᠢᠴᠤᠳ ᠤᠨ ᠡᠷᠡᠭᠦᠯ ᠪᠤᠰᠤ ᠲᠤᠰᠬᠠᠯ ᠤᠨ ᠡᠭᠦᠰᠬᠦ | ᠨᠣᠷᠮ᠎ᠠ ᠨᠢ ᠵᠠᠯᠠᠭᠤ ᠬᠥᠮᠥᠰ ᠤᠨ ᠬᠢ ᠠᠴᠠ ᠵᠢᠭᠠᠬᠠᠨ ᠳᠣᠣᠷ᠎ᠠ ᠪᠠᠶᠢᠳᠠᠭ᠃ ᠣᠳᠣᠬᠠᠨ ᠳᠤ᠂ ᠮᠠᠨ ᠤ ᠤᠯᠤᠰ | ᠨᠢᠭᠡᠨᠲᠡ ᠪᠥᠬᠦ ᠳᠡᠯᠡᠬᠡᠢ ᠶᠢᠨ 120 ᠭᠠᠷᠤᠢ ᠤᠯᠤᠰ ᠪᠠ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠳᠤ | ᠨᠡᠶᠢᠲᠡ 22 ᠳ᠋ᠦᠩᠰᠢᠭᠤᠷ ᠭᠠᠷᠤᠢ ᠲᠠᠷᠢᠯᠭ᠎ᠠ ᠶᠢᠨ ᠸᠠᠺᠼᠢᠨ ᠢ ᠬᠠᠩᠭᠠᠭᠰᠠᠨ ᠪᠠᠶᠢᠨ᠎ᠠ᠃ ᠮᠡᠳᠡᠭᠡᠯᠡᠯ ᠠᠴᠠ ᠦᠵᠡᠪᠡᠯ | ᠂ 30 ᠭᠠᠷᠤᠢ ᠤᠯᠤᠰ ᠤᠨ ᠲᠡᠷᠢᠭᠦᠨ᠂ ᠵᠠᠰᠠᠭ ᠤᠨ ᠣᠷᠳᠣᠨ ᠤ ᠲᠡᠷᠢᠭᠦᠨ᠂ ᠵᠠᠰᠠᠭ ᠤᠨ ᠣᠷᠳᠣᠨ ᠤ ᠲᠤᠰᠢᠶᠠᠯᠲᠠᠨ | ᠲᠦᠷᠦᠭᠦᠯᠡᠨ ᠳᠤᠮᠳᠠᠳᠤ ᠤᠯᠤᠰ ᠤᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢ ᠬᠢᠪᠡ᠃ ᠮᠠᠨ ᠤ | ᠪᠦᠷᠢᠨ ᠪᠤᠰᠤ ᠪᠦᠷᠢᠳᠬᠡᠯ ᠠᠴᠠ ᠦᠵᠡᠪᠡᠯ᠂ ᠪᠥᠬᠦ ᠳᠡᠯᠡᠬᠡᠢ ᠳᠤ ᠣᠲᠣ ᠪᠣᠯᠲᠠᠯ᠎ᠠ᠂ 60 ᠨᠠᠰᠤᠨ ᠠᠴᠠ ᠳᠡᠭᠡᠭᠰᠢᠬᠢ | ᠨᠠᠰᠤᠲᠠᠶᠢᠴᠤᠳ ᠳᠤᠮᠳᠠᠳᠤ ᠤᠯᠤᠰ ᠤᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠳᠠᠷᠢᠭᠰᠠᠨ ᠨᠢ | ᠨᠢᠭᠡᠨᠲᠡ 10 ᠳ᠋ᠦᠩᠰᠢᠭᠤᠷ ᠢ ᠳᠠᠪᠠᠵᠤ᠂ ᠴᠥᠮ ᠲᠦᠢᠯ ᠤᠨ ᠠᠮᠤᠷ ᠲᠦᠪᠰᠢᠨ ᠪᠠᠶᠢᠳᠠᠭ᠃ ᠨᠠᠮ ᠪᠣᠯᠣᠨ | ᠲᠥᠷᠥ ᠶᠢᠨ ᠣᠳᠣ ᠶᠢᠨ ᠲᠤᠰᠢᠶᠠᠯ ᠳᠤ ᠪᠠᠶᠢᠭ᠎ᠠ ᠤᠳᠤᠷᠢᠳᠬᠤ ᠬᠥᠮᠥᠰ ᠴᠥᠮ ᠰᠢᠨ᠎ᠡ ᠲᠢᠲᠢᠮᠯᠢᠭ ᠸᠢᠷᠦ᠋ᠰ ᠤᠨ | ᠸᠠᠺᠼᠢᠨ ᠢ ᠳᠠᠷᠢᠭᠰᠠᠨ ᠪᠥᠭᠡᠳ ᠡᠩ ᠤᠨ ᠠᠷᠠᠳ ᠢᠷᠭᠡᠳ ᠲᠠᠢ ᠠᠳᠠᠯᠢᠬᠠᠨ ᠤᠯᠤᠰ ᠲᠤ ᠪᠠᠨ ᠦᠢᠯᠡᠳᠪᠦᠷᠢᠯᠡᠭᠰᠡᠨ | ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠳᠠᠷᠢᠭᠰᠠᠨ ᠪᠠᠶᠢᠨ᠎ᠠ᠃ | ᠤᠳᠠᠭᠠᠨ ᠴᠢᠨᠠᠷᠲᠠᠢ ᠡᠪᠡᠳᠴᠢᠨ ᠪᠣᠯ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠬᠦ ᠶᠢᠨ | ᠲᠠᠰᠤ ᠴᠡᠭᠡᠷᠯᠡᠯ ᠪᠢᠰᠢ | ᠵᠠᠷᠢᠮ ᠨᠠᠰᠤᠲᠠᠶᠢᠴᠤᠳ ᠰᠢᠬᠢᠷ ᠰᠢᠵᠢᠩ ᠡᠪᠡᠳᠴᠢᠨ᠂ ᠴᠢᠰᠤᠨ ᠳᠠᠷᠤᠯᠲᠠ ᠥᠨᠳᠥᠷ ᠡᠪᠡᠳᠴᠢᠨ ᠵᠡᠷᠭᠡ | ᠤᠳᠠᠭᠠᠨ ᠴᠢᠨᠠᠷᠲᠠᠢ ᠡᠪᠡᠳᠴᠢᠨ ᠳᠤ ᠨᠡᠷᠪᠡᠭᠳᠡᠵᠦ᠂ ᠵᠠᠷᠢᠮ ᠲᠠᠯ᠎ᠠ ᠪᠠᠷ ᠰᠠᠨᠠᠭᠠᠰᠢᠷᠠᠵᠤ ᠪᠠᠶᠢᠨ᠎ᠠ᠃ ᠡᠲᠡᠭᠡᠷ ᠤᠳᠠᠭᠠᠨ | ᠴᠢᠨᠠᠷᠲᠠᠢ ᠡᠪᠡᠳᠴᠢᠨ ᠪᠣᠯ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠬᠦ ᠶᠢᠨ ᠲᠠᠰᠤ ᠴᠡᠭᠡᠷᠯᠡᠯ | ᠪᠢᠰᠢ᠂ ᠡᠲᠡᠭᠡᠷ ᠤᠳᠠᠭᠠᠨ ᠴᠢᠨᠠᠷᠲᠠᠢ ᠡᠪᠡᠳᠴᠢᠨ ᠢ ᠰᠠᠶᠢᠲᠤᠷ ᠡᠵᠡᠮᠳᠡᠵᠦ᠂ ᠲᠣᠭᠲᠠᠭᠤᠨ ᠪᠠᠶᠢᠳᠠᠯ ᠳᠤ ᠪᠠᠶᠢᠯᠭᠠᠳᠠᠭ | ᠯᠠ ᠶᠤᠮ ᠪᠣᠯ ᠴᠥᠮ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠵᠦ ᠪᠣᠯᠣᠨ᠎ᠠ ᠭᠡᠳᠡᠭ ᠢ ᠣᠯᠠᠨ ᠳᠤ | ᠲᠣᠳᠣᠷᠬᠠᠢ ᠬᠡᠯᠡᠵᠦ ᠪᠣᠯᠣᠨ᠎ᠠ᠃ ᠣᠳᠣᠬᠠᠨ ᠳᠤ ᠲᠠᠷᠢᠯᠭ᠎ᠠ ᠲᠠᠷᠢᠵᠤ ᠪᠣᠯᠬᠤ ᠦᠭᠡᠢ ᠪᠤᠶᠤ ᠲᠦᠷ ᠬᠤᠶᠢᠰᠢᠯᠠᠭᠤᠯᠬᠤ | 4 ᠵᠦᠢᠯ ᠤᠨ ᠪᠠᠶᠢᠳᠠᠯ ᠢ ᠲᠣᠭᠲᠠᠭᠠᠪᠠ᠃ | ᠨᠢᠭᠡᠳᠦᠭᠡᠷ ᠲᠤ᠂ ᠨᠠᠰᠤᠲᠠᠶᠢᠴᠤᠳ ᠥᠩᠭᠡᠷᠡᠭᠰᠡᠨ ᠳᠤ ᠸᠠᠺᠼᠢᠨ ᠤ ᠲᠠᠷᠢᠯᠭ᠎ᠠ ᠳᠤ ᠬᠦᠨᠳᠦ ᠨᠣᠴᠢᠲᠠᠢ | ᠬᠠᠷᠰᠢᠮᠠᠲᠠᠭᠠᠢ ᠤᠷᠪᠠᠯ ᠭᠠᠷᠴᠤ ᠥᠩᠭᠡᠷᠡᠭᠰᠡᠨ ᠦᠶ᠎ᠡ ᠳᠤ᠂ ᠵᠢᠱᠢᠶᠡᠯᠡᠪᠡᠯ ᠬᠠᠷᠰᠢᠮᠠᠲᠠᠭᠠᠢ ᠴᠢᠨᠠᠷᠲᠠᠢ ᠱᠣᠺ᠂ | ᠲᠥᠪᠥᠩᠬᠡᠢ ᠶᠢᠨ ᠤᠰᠤᠨ ᠬᠠᠪᠤᠩ ᠵᠡᠷᠭᠡ ᠪᠠᠶᠢᠳᠠᠯ ᠭᠠᠷᠴᠤ ᠥᠩᠭᠡᠷᠡᠭᠰᠡᠨ ᠪᠠᠶᠢᠪᠠᠯ᠂ ᠰᠢᠨ᠎ᠡ ᠲᠢᠲᠢᠮᠯᠢᠭ | ᠸᠢᠷᠦ᠋ᠰ ᠤᠨ ᠸᠠᠺᠼᠢᠨ ᠢ ᠳᠠᠷᠢᠵᠤ ᠪᠣᠯᠬᠤ ᠦᠭᠡᠢ᠃ | ᠬᠤᠶᠠᠳᠤᠭᠠᠷ ᠲᠤ᠂ ᠬᠠᠯᠳᠠᠪᠤᠷᠢᠯᠠᠯ ᠤᠨ ᠴᠢᠨᠠᠷᠲᠠᠢ ᠡᠪᠡᠳᠴᠢᠨ ᠠᠴᠠ ᠪᠣᠯᠵᠤ ᠲᠦᠷᠭᠡᠨ ᠴᠢᠨᠠᠷᠲᠠᠢ | ᠬᠠᠯᠠᠭᠤᠷᠠᠯ ᠤᠨ ᠬᠤᠭᠤᠴᠠᠭᠠᠨ ᠳᠤ ᠪᠠᠨ ᠪᠠᠶᠢᠬᠤ ᠦᠶ᠎ᠡ ᠳᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ | ᠬᠢᠬᠦ ᠶᠢ ᠲᠦᠷ ᠬᠤᠶᠢᠰᠢᠯᠠᠭᠤᠯᠵᠤ᠂ ᠡᠵᠡᠮᠳᠡᠭᠰᠡᠨ ᠤ ᠳᠠᠷᠠᠭ᠎ᠠ ᠳᠠᠭᠢᠵᠤ ᠲᠠᠷᠢᠯᠭ᠎ᠠ ᠬᠢᠬᠦ ᠶᠢ ᠰᠠᠨᠠᠭᠤᠯᠵᠤ | ᠪᠠᠶᠢᠨ᠎ᠠ᠃ | ᠭᠤᠷᠪᠠᠳᠤᠭᠠᠷ ᠲᠤ᠂ ᠤᠳᠠᠭᠠᠨ ᠴᠢᠨᠠᠷᠲᠠᠢ ᠡᠪᠡᠳᠴᠢᠨ ᠤ ᠲᠦᠷᠭᠡᠨ ᠴᠢᠨᠠᠷᠲᠠᠢ ᠬᠥᠳᠡᠯᠬᠦ ᠬᠤᠭᠤᠴᠠᠭᠠᠨ ᠳᠤ | ᠪᠠᠶᠢᠪᠠᠯ᠂ ᠵᠢᠱᠢᠶᠡᠯᠡᠪᠡᠯ ᠬᠠᠪᠤᠳᠠᠷ ᠤᠨ ᠡᠪᠡᠳᠴᠢᠲᠡᠨ ᠬᠢᠮᠢ ᠶᠢᠨ ᠵᠠᠰᠠᠯᠭ᠎ᠠ ᠶᠢᠨ ᠬᠤᠭᠤᠴᠠᠭᠠᠨ ᠳᠤ ᠪᠠᠶᠢᠬᠤ ᠪᠤᠶᠤ | ᠴᠢᠰᠤᠨ ᠳᠠᠷᠤᠯᠲᠠ ᠥᠨᠳᠥᠷ ᠡᠪᠡᠳᠴᠢᠲᠡᠨ ᠴᠢᠰᠤᠨ ᠳᠠᠷᠤᠯᠲᠠ ᠥᠨᠳᠥᠷ ᠡᠪᠡᠳᠴᠢᠨ ᠤ ᠲᠦᠭᠰᠢᠭᠦᠷᠢᠲᠦ | ᠪᠠᠶᠢᠳᠠᠯ ᠳᠤ ᠪᠠᠶᠢᠬᠤ᠂ ᠵᠢᠷᠦᠬᠡᠨ ᠲᠢᠲᠢᠮ ᠤᠨ ᠡᠪᠡᠳᠴᠢᠲᠡᠨ ᠵᠢᠷᠦᠬᠡᠨ ᠪᠤᠯᠴᠢᠩ ᠤᠨ ᠲᠦᠭᠵᠢᠷᠡᠯ ᠬᠥᠳᠡᠯᠬᠦ | ᠬᠤᠭᠤᠴᠠᠭᠠᠨ ᠳᠤ ᠪᠠᠶᠢᠬᠤ᠂ ᠵᠠᠷᠢᠮ ᠮᠡᠳᠡᠷᠡᠯ ᠤᠨ ᠴᠢᠨᠠᠷᠲᠠᠢ ᠡᠪᠡᠳᠴᠢᠨ ᠲᠠᠢ ᠡᠪᠡᠳᠴᠢᠲᠡᠨ ᠡᠪᠡᠳᠴᠢᠨ ᠤ | ᠬᠥᠭᠵᠢᠯᠲᠡ ᠶᠢᠨ ᠬᠤᠭᠤᠴᠠᠭᠠᠨ ᠳᠤ ᠪᠠᠶᠢᠬᠤ᠂ ᠪᠠᠰᠠ ᠤᠨᠠᠳᠠᠭ ᠡᠪᠡᠳᠴᠢᠨ ᠨᠢ ᠲᠦᠷᠭᠡᠨ ᠴᠢᠨᠠᠷᠲᠠᠢ ᠬᠥᠳᠡᠯᠬᠦ | ᠬᠤᠭᠤᠴᠠᠭᠠᠨ ᠳᠤ ᠪᠠᠨ ᠪᠠᠶᠢᠬᠤ ᠮᠡᠲᠦ ᠶᠢᠨ ᠡᠪᠡᠳᠴᠢᠲᠡᠨ ᠳᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ | ᠲᠠᠷᠢᠯᠭ᠎ᠠ ᠬᠢᠬᠦ ᠶᠢ ᠲᠦᠷ ᠬᠤᠶᠢᠰᠢᠯᠠᠭᠤᠯᠬᠤ ᠶᠢ ᠰᠠᠨᠠᠭᠤᠯᠤᠶ᠎ᠠ᠂ ᠡᠪᠡᠳᠴᠢᠨ ᠤ ᠪᠠᠶᠢᠳᠠᠯ ᠨᠢ ᠲᠣᠭᠲᠠᠭᠤᠨ | ᠪᠣᠯᠤᠭᠰᠠᠨ ᠤ ᠳᠠᠷᠠᠭ᠎ᠠ ᠳᠠᠬᠢᠨ ᠲᠠᠷᠢᠯᠭ᠎ᠠ ᠬᠢᠵᠦ ᠪᠣᠯᠣᠨ᠎ᠠ᠃ | ᠳᠥᠷᠪᠡᠳᠦᠭᠡᠷ ᠲᠤ᠂ ᠬᠦᠨᠳᠦ ᠡᠪᠡᠳᠴᠢᠨ ᠪᠤᠶᠤ ᠤᠳᠠᠭᠠᠨ ᠴᠢᠨᠠᠷᠲᠠᠢ ᠡᠪᠡᠳᠴᠢᠨ ᠨᠢ ᠨᠢᠭᠡᠨᠲᠡ ᠠᠮᠢ | ᠨᠠᠰᠤᠨ ᠤ ᠡᠴᠦᠰ ᠤᠨ ᠬᠤᠭᠤᠴᠠᠭᠠᠨ ᠳᠤ ᠣᠷᠣᠭᠰᠠᠨ ᠪᠣᠯ ᠸᠠᠺᠼᠢᠨ ᠤ ᠲᠠᠷᠢᠯᠭ᠎ᠠ ᠬᠢᠬᠦ ᠶᠢ ᠪᠢᠳᠡ ᠰᠠᠨᠠᠭᠠᠴᠢᠯᠠᠬᠤ | ᠦᠭᠡᠢ᠃ | ᠳᠠᠬᠢᠨᠲᠠ ᠴᠢᠬᠤᠯᠠᠴᠢᠯᠠᠬᠤ ᠨᠢ᠂ ᠨᠠᠰᠤᠲᠠᠶᠢᠴᠤᠳ ᠲᠤ ᠠᠪᠴᠤ ᠬᠡᠯᠡᠪᠡᠯ᠂ ᠨᠥᠬᠦᠴᠡᠯ ᠳᠤ ᠨᠡᠶᠢᠴᠡᠳᠡᠭ ᠯᠡ | ᠶᠤᠮ ᠪᠣᠯ ᠵᠠᠪᠠᠯ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠬᠦ ᠶᠢ ᠲᠦᠷᠭᠡᠳᠬᠡᠵᠦ᠂ ᠲᠠᠷᠢᠬᠤ | ᠶᠣᠰᠣᠲᠠᠢ ᠪᠣᠯ ᠴᠥᠮ ᠲᠠᠷᠢᠬᠤ ᠬᠡᠷᠡᠭᠲᠡᠢ᠂ ᠢᠩᠭᠢᠪᠡᠯ ᠰᠠᠶ᠋ᠢ ᠥᠪᠡᠷ ᠤᠨ ᠪᠡᠶ᠎ᠡ ᠶᠢᠨ ᠡᠷᠡᠭᠦᠯ ᠮᠡᠨᠳᠦ ᠪᠠ ᠠᠮᠢ | ᠨᠠᠰᠤᠨ ᠤ ᠠᠮᠤᠷ ᠲᠦᠪᠰᠢᠨ ᠢᠶᠠᠨ ᠨᠠᠩ ᠰᠠᠶᠢᠲᠤᠷ ᠬᠠᠮᠠᠭᠠᠯᠠᠵᠤ ᠴᠢᠳᠠᠨ᠎ᠠ᠃ | ᠲᠥᠷᠥ ᠶᠢᠨ ᠪᠣᠳᠣᠯᠭ᠎ᠠ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠵᠣᠯᠭᠠᠭᠤᠯᠬᠤ ᠶᠢ ᠰᠠᠶᠢᠲᠤᠷ ᠬᠢᠬᠦ | ᠬᠡᠷᠡᠭᠲᠡᠢ | ᠲᠥᠷᠥ ᠶᠢᠨ ᠪᠣᠳᠣᠯᠭ᠎ᠠ ᠶᠢ ᠲᠣᠭᠲᠠᠭᠤᠨ ᠪᠥᠭᠡᠳ ᠡᠮᠬᠢ ᠵᠢᠷᠤᠮ ᠲᠠᠢ ᠵᠣᠯᠭᠠᠭᠤᠯᠬᠤ ᠶᠢ ᠰᠠᠶᠢᠲᠤᠷ ᠬᠢᠬᠦ | ᠬᠡᠷᠡᠭᠲᠡᠢ᠃ ᠵᠢᠱᠢᠶᠡᠯᠡᠪᠡᠯ᠂ ᠵᠠᠰᠠᠭ ᠵᠠᠬᠢᠷᠭᠠᠨ ᠤ ᠣᠷᠣᠨ ᠤ ᠬᠡᠪᠴᠢᠶ᠎ᠡ ᠪᠠᠷ ᠪᠥᠬᠦ ᠬᠥᠮᠥᠰ ᠤᠨ ᠪᠥᠭᠡᠮ ᠬᠦᠴᠢᠯ ᠤᠨ | ᠪᠠᠶᠢᠴᠠᠭ᠋ᠯᠲᠡ ᠶᠢ ᠥᠷᠨᠢᠭᠦᠯᠬᠦ ᠦᠭᠡᠢ ᠪᠠᠶᠢᠬᠤ ᠶᠢ ᠱᠠᠭᠠᠷᠳᠠᠨ᠎ᠠ᠂ ᠭᠡᠪᠡᠴᠦ ᠪᠢᠳᠡ ᠪᠠᠶᠢᠴᠠᠭᠠᠨ ᠰᠢᠯᠭᠠᠬᠤ | ᠱᠠᠭᠠᠷᠳᠠᠯᠭ᠎ᠠ ᠲᠠᠢ ᠬᠥᠮᠥᠰ ᠢ ᠰᠠᠶᠢᠲᠤᠷ ᠪᠠᠲᠤᠯᠠᠬᠤ ᠬᠡᠷᠡᠭᠲᠡᠢ︔ ᠪᠠᠰᠠ ᠵᠢᠱᠢᠶᠡᠯᠡᠪᠡᠯ ᠠᠷᠭ᠎ᠠ ᠴᠢᠨᠠᠷᠲᠠᠢ | ᠬᠠᠯᠳᠠᠪᠤᠷᠢᠯᠠᠭᠰᠠᠳ ᠢ ᠭᠡᠷ ᠲᠤ ᠨᠢ ᠲᠤᠰᠠᠭᠠᠷᠯᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠰᠠᠶᠢᠲᠤᠷ | ᠬᠢᠵᠦ᠂ ᠨᠡᠶᠢᠭᠡᠮ ᠤᠨ ᠲᠠᠯ᠎ᠠ ᠶᠢᠨ ᠰᠢᠨ᠎ᠡ ᠬᠠᠯᠳᠠᠪᠤᠷᠢᠯᠠᠯ ᠡᠭᠦᠰᠬᠦ ᠠᠴᠠ ᠵᠠᠶᠢᠯᠠᠰᠬᠢᠬᠦ ᠬᠡᠷᠡᠭᠲᠡᠢ᠃ ᠡᠮ ᠡᠮᠨᠡᠯᠭᠡ ᠶᠢᠨ | ᠡᠬᠢ ᠪᠠᠶᠠᠯᠢᠭ ᠢ ᠪᠡᠯᠡᠳᠬᠡᠬᠦ ᠪᠠ ᠨᠥᠭᠡᠴᠡᠯᠡᠬᠦ ᠠᠵᠢᠯ ᠢ ᠰᠠᠶᠢᠲᠤᠷ ᠬᠢᠵᠦ᠂ ᠰᠡᠷᠭᠡᠶᠢᠯᠡᠨ ᠡᠵᠡᠮᠳᠡᠬᠦ ᠡᠬᠢ ᠪᠠᠶᠠᠯᠢᠭ ᠢ | ᠭᠤᠣᠯᠳᠠᠯᠭ᠎ᠠ ᠲᠠᠢ ᠬᠥᠮᠥᠰ ᠲᠤ ᠨᠡᠩ ᠢᠯᠡᠭᠦᠦ ᠬᠦᠷᠲᠡᠭᠡᠵᠦ᠂ ᠲᠡᠳᠡᠨ ᠤ ᠡᠷᠡᠭᠦᠯ ᠴᠢᠭᠢᠷᠠᠭ ᠤᠨ ᠪᠠᠶᠢᠳᠠᠯ ᠢ | ᠣᠶᠢᠯᠠᠭᠠᠵᠤ᠂ ᠪᠠᠶᠢᠳᠠᠯ ᠢ ᠣᠶᠢᠯᠠᠭᠠᠨ ᠳᠠᠩᠰᠠ ᠡᠪᠬᠡᠮᠡᠯ ᠪᠠᠶᠢᠭᠤᠯᠬᠤ ᠪᠠ ᠱᠠᠲᠤ ᠬᠤᠪᠢᠶᠠᠨ ᠲᠦᠷᠦᠯ ᠬᠤᠪᠢᠶᠠᠨ | ᠬᠠᠮᠢᠶᠠᠷᠬᠤ ᠠᠵᠢᠯ ᠢ ᠰᠠᠶᠢᠲᠤᠷ ᠬᠢᠵᠦ᠂ ᠠᠵᠢᠯ ᠢᠶᠠᠨ ᠨᠡᠩ ᠪᠣᠳᠠᠲᠠᠢ᠂ ᠨᠡᠩ ᠨᠠᠷᠢᠯᠢᠭ ᠪᠥᠭᠡᠳ ᠨᠡᠩ ᠬᠠᠯᠠᠭᠤᠮᠰᠤᠭ | ᠬᠢᠬᠦ ᠬᠡᠷᠡᠭᠲᠡᠢ᠃ | ᠱᠠᠲᠤ ᠱᠠᠲᠤ ᠪᠠᠷ ᠱᠠᠭᠠᠷᠳᠠᠯᠭ᠎ᠠ ᠨᠡᠮᠡᠬᠦ ᠠᠴᠠ ᠡᠷᠡᠰ ᠵᠠᠶᠢᠯᠠᠰᠬᠢᠬᠦ ᠬᠡᠷᠡᠭᠲᠡᠢ | ᠠᠰᠠᠷ᠂ ᠣᠷᠣᠴᠠ᠂ ᠳᠠᠪᠬᠤᠷᠭ᠎ᠠ᠂ ᠰᠠᠭᠤᠭᠠᠯᠢ ᠡᠷᠤᠭᠡ ᠪᠠᠷ ᠲᠦᠭᠰᠢᠭᠦᠷᠢᠲᠦ ᠣᠷᠣᠨ ᠢ ᠵᠠᠭᠠᠭᠯᠠᠨ | ᠲᠣᠭᠲᠠᠭᠠᠬᠤ ᠬᠡᠷᠡᠭᠲᠡᠢ᠂ ᠳᠤᠷ᠎ᠠ ᠪᠠᠷ ᠥᠷᠭᠡᠳᠬᠡᠵᠦ ᠪᠣᠯᠬᠤ ᠦᠭᠡᠢ᠃ ᠵᠠᠰᠠᠭ ᠵᠠᠬᠢᠷᠭᠠᠨ ᠤ ᠣᠷᠣᠨ ᠬᠡᠪᠴᠢᠶ᠎ᠡ | ᠶᠣᠰᠣᠭᠠᠷ ᠪᠥᠬᠦ ᠬᠥᠮᠥᠰ ᠤᠨ ᠪᠥᠭᠡᠮ ᠬᠦᠴᠢᠯ ᠤᠨ ᠪᠠᠶᠢᠴᠠᠭ᠋ᠯᠲᠡ ᠶᠢ ᠥᠷᠨᠢᠭᠦᠯᠵᠦ ᠪᠣᠯᠬᠤ ᠦᠭᠡᠢ᠃ | ᠣᠨᠴᠠᠭᠠᠶ ᠲᠠᠯᠠᠪᠤᠷ ᠭᠠᠵᠠᠷ ᠠᠴᠠ ᠭᠠᠳᠠᠨ᠎ᠠ ᠪᠥᠭᠡᠮ ᠬᠦᠴᠢᠯ ᠤᠨ ᠪᠠᠶᠢᠴᠠᠭᠠᠯᠲᠠ ᠶᠢᠨ ᠭᠡᠷᠡᠴᠢ ᠬᠠᠩᠭᠠᠬᠤ ᠶᠢ | ᠳᠠᠭᠢᠵᠤ ᠱᠠᠭᠠᠷᠳᠠᠬᠤ ᠦᠭᠡᠢ᠂ ᠡᠷᠡᠭᠦᠯ ᠮᠡᠨᠳᠦ ᠶᠢᠨ ᠺᠣᠳ᠋ ᠪᠠ ᠠᠶᠠᠯᠠᠯ ᠤᠨ ᠺᠣᠳ᠋ ᠢ ᠪᠠᠶᠢᠴᠠᠭᠠᠨ ᠰᠢᠯᠭᠠᠬᠤ ᠦᠭᠡᠢ᠃ | ᠭᠠᠵᠠᠷ ᠣᠷᠣᠨ ᠠᠯᠤᠰᠯᠠᠭᠰᠠᠨ ᠨᠡᠭᠦᠳᠡᠯ ᠬᠥᠮᠥᠰ ᠤᠨ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ | ᠭᠡᠷᠡᠴᠢ ᠶᠢ ᠳᠠᠭᠢᠵᠤ ᠪᠠᠶᠢᠴᠠᠭᠠᠨ ᠰᠢᠯᠭᠠᠬᠤ ᠦᠭᠡᠢ᠂ ᠡᠷᠡᠭᠦᠯ ᠮᠡᠨᠳᠦ ᠶᠢᠨ ᠺᠣᠳ᠋ ᠪᠠ ᠠᠶᠠᠯᠠᠯ ᠤᠨ ᠺᠣᠳ᠋ ᠢ ᠳᠠᠭᠢᠵᠤ | ᠪᠠᠶᠢᠴᠠᠭᠠᠨ ᠰᠢᠯᠭᠠᠬᠤ ᠦᠭᠡᠢ᠂ ᠪᠠᠰᠠ ᠳᠠᠭᠢᠵᠤ ᠬᠦᠷᠬᠦ ᠭᠠᠵᠠᠷ ᠲᠤ ᠨᠢ ᠪᠥᠭᠡᠮ ᠬᠦᠴᠢᠯ ᠤᠨ ᠪᠠᠶᠢᠴᠠᠭᠠᠯᠲᠠ ᠬᠢᠬᠦ | ᠦᠭᠡᠢ ᠪᠠᠶᠢᠵᠤ᠂ ᠬᠢᠵᠢᠭ ᠤᠨ ᠪᠠᠶᠢᠳᠠᠯ ᠠᠴᠠ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠬᠦ ᠨᠥᠯᠥᠭᠡ ᠶᠢ | ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠎ᠠ᠃ | ᠡᠮᠴᠢᠯᠡᠭᠡᠨ ᠤ ᠡᠬᠢ ᠪᠠᠶᠠᠯᠢᠭ ᠬᠤᠭᠤᠰᠤᠷᠠᠨ ᠲᠠᠰᠤᠯᠳᠠᠬᠤ ᠦᠵᠡᠭᠳᠡᠯ ᠭᠠᠷᠬᠤ ᠠᠴᠠ ᠴᠢᠩᠭ᠎ᠠ ᠰᠡᠷᠭᠡᠶᠢᠯᠡᠨ᠎ᠡ | ᠣᠳᠣᠬᠠᠨ ᠳᠤ᠂ ᠰᠢᠨ᠎ᠡ ᠲᠢᠲᠢᠮᠯᠢᠭ ᠸᠢᠷᠦ᠋ᠰ ᠤᠨ ᠣᠨᠳᠣᠣᠰᠢᠯ ᠤᠨ ᠪᠠᠶᠢᠳᠠᠯ ᠢ ᠨᠢᠭᠲᠠ ᠠᠩᠬᠠᠷᠴᠤ᠂ ᠡᠯ᠎ᠡ | ᠭᠠᠵᠠᠷ ᠤᠨ ᠬᠢᠨ ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠰᠠᠨ ᠤ ᠳᠠᠷᠠᠭᠠᠬᠢ ᠬᠦᠨᠳᠦ ᠡᠪᠡᠳᠴᠢᠨ᠂ | ᠦᠬᠦᠯ ᠤᠨ ᠪᠠᠶᠢᠳᠠᠯ ᠵᠢᠴᠢ ᠡᠮᠴᠢᠯᠡᠭᠡᠨ ᠤ ᠡᠬᠢ ᠪᠠᠶᠠᠯᠢᠭ ᠢ ᠡᠵᠡᠯᠡᠨ ᠬᠡᠷᠡᠭᠯᠡᠭᠰᠡᠨ ᠪᠠᠶᠢᠳᠠᠯ ᠢ ᠮᠡᠳᠡᠭᠦᠯᠵᠦ᠂ | ᠡᠮᠴᠢᠯᠡᠭᠡᠨ ᠤ ᠡᠬᠢ ᠪᠠᠶᠠᠯᠢᠭ ᠬᠤᠭᠤᠰᠤᠷᠠᠨ ᠲᠠᠰᠤᠯᠳᠠᠬᠤ ᠪᠠᠶᠢᠳᠠᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ | ᠨᠢᠭᠡ ᠳᠤ᠂ ᠸᠠᠺᠼᠢᠨ᠂ ᠡᠮ ᠤᠨ ᠵᠦᠢᠯ ᠢ ᠰᠤᠳᠤᠯᠤᠨ ᠨᠡᠭᠡᠭᠡᠵᠦ᠂ ᠸᠠᠺᠼᠢᠨ ᠤ ᠲᠠᠷᠢᠯᠭ᠎ᠠ ᠪᠠ ᠡᠮ ᠤᠨ | ᠵᠦᠢᠯ ᠢ ᠨᠥᠭᠡᠴᠡᠯᠡᠨ᠎ᠡ᠃ ᠸᠠᠺᠼᠢᠨ ᠤ ᠲᠠᠷᠢᠯᠭ᠎ᠠ ᠶᠢᠨ ᠲᠠᠯ᠎ᠠ ᠪᠠᠷ ᠨᠢᠭᠡᠨᠲᠡ ᠢᠳᠡᠪᠬᠢᠲᠡᠢ ᠠᠬᠢᠴᠠ ᠲᠠᠢ ᠪᠣᠯᠵᠤ᠂ | ᠪᠥᠬᠦ ᠬᠥᠮᠥᠰ ᠤᠨ ᠸᠠᠺᠼᠢᠨ ᠤ ᠲᠠᠷᠢᠯᠭ᠎ᠠ ᠶᠢ ᠪᠦᠷᠢᠨ ᠳᠠᠷᠢᠭᠰᠠᠨ ᠨᠣᠷᠮ᠎ᠠ ᠨᠢ 90% ᠶᠢ ᠳᠠᠪᠠᠵᠠᠢ᠃ ᠣᠶᠢᠷ᠎ᠠ ᠳᠤ | ᠂ ᠨᠠᠰᠤᠲᠠᠶᠢᠴᠤᠳ ᠤᠨ ᠸᠠᠺᠼᠢᠨ ᠤ ᠲᠠᠷᠢᠯᠭ᠎ᠠ ᠶᠢ ᠠᠬᠢᠭᠤᠯᠬᠤ ᠠᠵᠢᠯ ᠳᠤ ᠴᠢᠭᠯᠡᠭᠦᠯᠦᠨ ᠭᠤᠣᠯᠳᠠᠯᠭ᠎ᠠ ᠲᠠᠢ | ᠪᠠᠶᠢᠷᠢᠯᠠᠭᠤᠯᠤᠯᠲᠠ ᠬᠢᠵᠦ᠂ ᠡᠮ ᠤᠨ ᠵᠦᠢᠯ ᠢ ᠰᠤᠳᠤᠯᠤᠨ ᠨᠡᠭᠡᠭᠡᠬᠦ᠂ ᠦᠢᠯᠡᠳᠪᠦᠷᠢᠯᠡᠬᠦ ᠪᠠ ᠨᠥᠭᠡᠴᠡᠯᠡᠬᠦ ᠶᠢ | ᠴᠢᠩᠭᠠᠳᠬᠠᠵᠤ᠂ ᠰᠢᠨ᠎ᠡ ᠲᠢᠲᠢᠮᠯᠢᠭ ᠸᠢᠷᠦ᠋ᠰ ᠢ ᠡᠰᠡᠷᠭᠦᠴᠡᠬᠦ ᠡᠮ᠂ ᠬᠢᠲᠠᠳ ᠡᠮ ᠵᠢᠴᠢ ᠬᠡᠦᠬᠡᠳ | ᠨᠠᠰᠤᠲᠠᠶᠢᠴᠤᠳ ᠢ ᠡᠮᠨᠡᠨ ᠵᠠᠰᠠᠬᠤ ᠡᠮ ᠪᠠ ᠡᠩ ᠤᠨ ᠡᠮ ᠢ ᠭᠤᠣᠯᠳᠠᠯᠭ᠎ᠠ ᠲᠠᠢ ᠨᠥᠭᠡᠴᠡᠯᠡᠨ᠎ᠡ᠃ | ᠬᠤᠶᠠᠷ ᠲᠤ᠂ ᠡᠮᠴᠢᠯᠡᠭᠡᠨ ᠤ ᠠᠪᠤᠷᠠᠨ ᠵᠠᠰᠠᠬᠤ ᠡᠬᠢ ᠪᠠᠶᠠᠯᠢᠭ ᠤᠨ ᠪᠡᠯᠡᠳᠬᠡᠯ ᠢ ᠴᠢᠩᠭᠠᠳᠬᠠᠨ᠎ᠠ᠃ ᠱᠠᠲᠤ | ᠬᠤᠪᠢᠶᠠᠨ ᠣᠨᠣᠰᠢᠯᠠᠨ ᠡᠮᠨᠡᠵᠦ ᠠᠪᠤᠷᠠᠨ ᠵᠠᠰᠠᠬᠤ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠴᠡᠭ ᠲᠣᠭᠲᠠᠭᠠᠭᠰᠠᠨ | ᠡᠮᠨᠡᠯᠭᠡ ᠶᠢᠨ ᠬᠤᠷᠢᠶ᠎ᠠ ᠶᠢᠨ ᠬᠦᠨᠳᠦ ᠡᠪᠡᠳᠴᠢᠲᠡᠨ ᠤ ᠣᠷᠣ᠂ ICU ᠵᠢᠴᠢ ᠬᠠᠮᠢᠶ᠎ᠠ ᠪᠦᠬᠦᠢ ᠠᠪᠤᠷᠠᠨ ᠵᠠᠰᠠᠬᠤ | ᠲᠥᠬᠦᠭᠡᠷᠦᠮᠵᠢ ᠬᠢᠭᠡᠳ ᠡᠳ᠋ ᠪᠣᠳᠠᠰ ᠢ ᠨᠡᠮᠡᠭᠳᠡᠭᠦᠯᠦᠨ᠎ᠡ᠃ ᠰᠢᠨ᠎ᠡ ᠪᠠᠷ ᠬᠠᠯᠳᠠᠪᠤᠷᠢᠯᠠᠭᠰᠠᠳ ᠢ ᠠᠪᠤᠷᠠᠨ ᠵᠠᠰᠠᠬᠤ ᠪᠠ | ᠡᠳᠦᠷ ᠲᠤᠲᠤᠮ ᠤᠨ ᠡᠮᠴᠢᠯᠡᠭᠡᠨ ᠤ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠨᠢᠭᠡᠳᠦᠯᠲᠡᠢ ᠲᠥᠯᠥᠪᠯᠡᠵᠦ᠂ ᠠᠯᠢ | ᠴᠢᠳᠠᠬᠤ ᠪᠠᠷ ᠬᠡᠪ ᠤᠨ ᠡᠮᠴᠢᠯᠡᠭᠡᠨ ᠤ ᠦᠢᠯᠡᠴᠢᠯᠡᠭᠡ ᠶᠢ ᠨᠥᠯᠥᠭᠡᠯᠡᠬᠦ ᠦᠭᠡᠢ ᠪᠠᠶᠢᠵᠤ᠂ ᠪᠤᠰᠤᠳ ᠡᠮᠴᠢᠯᠡᠭᠡᠨ ᠤ | ᠪᠠᠶᠢᠭᠤᠯᠤᠮᠵᠢ ᠶᠢᠨ ᠠᠷᠠᠳ ᠣᠯᠠᠨ ᠤ ᠡᠪᠡᠳᠴᠢᠨ ᠦᠵᠡᠭᠦᠯᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢ | ᠪᠠᠲᠤᠯᠠᠨ᠎ᠠ᠃ | ᠦᠨᠳᠦᠰᠦᠨ ᠱᠠᠲᠤᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ | ᠰᠡᠷᠭᠡᠶᠢᠯᠡᠨ ᠡᠵᠡᠮᠳᠡᠬᠦ ᠴᠢᠳᠠᠪᠤᠷᠢ ᠪᠠ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠂ ︽ | ᠡᠭᠦᠳᠡ ᠰᠠᠬᠢᠭᠴᠢ︾ ᠶᠢᠨ ᠦᠢᠯᠡᠳᠦᠯ ᠢ ᠰᠠᠶᠢᠲᠤᠷ ᠪᠠᠳᠠᠷᠠᠭᠤᠯᠤᠨ᠎ᠠ᠃ | ᠭᠤᠷᠪᠠ ᠳᠤ᠂ ᠸᠢᠷᠦ᠋ᠰ ᠤᠨ ᠣᠨᠳᠣᠣᠰᠢᠯ᠂ ᠡᠪᠡᠳᠴᠢᠨ ᠡᠮᠭᠡᠭ ᠤᠨ ᠬᠦᠨᠳᠦ ᠨᠣᠴᠢᠲᠠᠢ ᠴᠢᠨᠠᠷ᠂ | ᠡᠮᠴᠢᠯᠡᠭᠡᠨ ᠤ ᠡᠬᠢ ᠪᠠᠶᠠᠯᠢᠭ ᠤᠨ ᠬᠡᠷᠡᠭᠯᠡᠯᠲᠡ ᠶᠢᠨ ᠪᠠᠶᠢᠳᠠᠯ ᠤᠨ ᠬᠢᠨᠠᠨ ᠰᠢᠨᠵᠢᠯᠡᠯᠲᠡ ᠶᠢ ᠴᠢᠩᠭᠠᠳᠬᠠᠨ᠎ᠠ᠃ | ᠨᠠᠰᠤᠲᠠᠨ ᠢ ᠠᠰᠠᠷᠠᠬᠤ ᠬᠦᠷᠢᠶᠡᠯᠡᠩ᠂ ᠠᠰᠠᠷᠠᠮᠵᠢ ᠶᠢᠨ ᠬᠦᠷᠢᠶᠡᠯᠡᠩ᠂ ᠡᠮᠴᠢᠯᠡᠭᠡᠨ ᠤ ᠪᠠᠶᠢᠭᠤᠯᠤᠮᠵᠢ᠂ ᠬᠡᠦᠬᠡᠳ | ᠠᠰᠠᠷᠠᠬᠤ ᠪᠠᠶᠢᠭᠤᠯᠤᠮᠵᠢ᠂ ᠳᠤᠮᠳᠠᠳᠤ ᠪᠠᠭ᠎ᠠ ᠰᠤᠷᠭᠠᠭᠤᠯᠢ ᠵᠡᠷᠭᠡ ᠣᠨᠴᠠᠭᠠᠢ ᠲᠠᠯᠠᠪᠤᠷ ᠭᠠᠵᠠᠷ ᠤᠨ ᠬᠢᠵᠢᠭ ᠤᠨ | ᠪᠠᠶᠢᠳᠠᠯ ᠤᠨ ᠰᠡᠷᠭᠡᠶᠢᠯᠡᠯᠲᠡ ᠡᠵᠡᠮᠳᠡᠯ ᠢ ᠴᠢᠩᠭᠠᠷᠠᠭᠤᠯᠵᠤ᠂ ᠨᠡᠶᠢᠭᠡᠮ ᠤᠨ ᠬᠡᠪ ᠤᠨ ᠠᠵᠢᠯᠯᠠᠭᠠᠨ ᠢ ᠪᠠᠲᠤᠯᠠᠨ᠂ | ᠬᠡᠪ ᠤᠨ ᠦᠢᠯᠡᠳᠪᠦᠷᠢᠯᠡᠯ ᠠᠵᠢᠯ ᠤᠨ ᠡᠮᠬᠢ ᠳᠢᠭᠯᠢᠮ ᠢ ᠴᠢᠳᠠᠬᠤ ᠶᠢᠨ ᠬᠢᠷᠢ ᠪᠠᠷ ᠬᠠᠮᠠᠭᠠᠯᠠᠵᠤ᠂ ᠣᠯᠠᠨ ᠲᠦᠮᠡᠨ ᠤ | ᠲᠤᠰᠬᠠᠭᠰᠠᠨ ᠪᠠᠴᠢᠮᠳᠠᠬᠤ ᠬᠦᠴᠢᠷᠳᠡᠬᠦ ᠵᠣᠪᠠᠨᠢᠬᠤ ᠠᠰᠠᠭᠤᠳᠠᠯ ᠢ ᠴᠠᠭ ᠲᠤᠬᠠᠢ ᠳᠤ ᠨᠢ ᠰᠢᠢᠳᠪᠦᠷᠢᠯᠡᠨ᠎ᠡ᠃ | ᠳᠥᠷᠪᠡ ᠳᠤ᠂ ᠨᠡᠶᠢᠭᠡᠮ ᠤᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠨ᠎ᠠ᠃ ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠶᠢ ᠰᠢᠯᠢᠳᠡᠭᠵᠢᠭᠦᠯᠬᠦ ᠲᠤᠬᠠᠢ ᠣᠯᠠᠨ ᠲᠦᠮᠡᠨ ᠳᠡᠮᠵᠢᠬᠦ ᠪᠠ ᠪᠠᠶᠠᠷᠯᠠᠨ ᠤᠭᠲᠤᠵᠤ ᠪᠠᠶᠢᠨ᠎ᠠ︔ ᠡᠷᠡᠭᠦᠯ | ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢ ᠴᠢᠩᠭᠠᠳᠬᠠᠵᠤ᠂ ᠣᠯᠠᠨ ᠲᠦᠮᠡᠨ ᠤ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠲᠤᠬᠠᠢ ᠲᠠᠨᠢᠯᠲᠠ ᠶᠢ ᠨᠠᠩ ᠣᠶᠤᠨᠴᠢ ᠪᠣᠯᠭᠠᠵᠤ᠂ ᠬᠤᠪᠢ ᠬᠥᠮᠥᠨ ᠤ ᠡᠷᠡᠭᠦᠯ ᠮᠡᠨᠳᠦ ᠶᠢᠨ | ᠤᠬᠠᠮᠰᠠᠷ ᠢ ᠢᠯᠡᠳᠲᠡ ᠳᠡᠭᠡᠭᠰᠢᠯᠡᠭᠦᠯᠦᠨ᠎ᠡ᠃ | ᠶᠠᠭᠤᠨ ᠤ ᠤᠴᠢᠷ ᠠᠴᠠ ᠨᠠᠰᠤᠲᠠᠶᠢᠴᠤᠳ ᠤᠨ ᠦᠨᠳᠦᠰᠦᠨ ᠡᠭᠡᠯᠢᠯᠡᠭᠡ ᠶᠢ ᠪᠡᠶᠡᠯᠡᠭᠦᠯᠦᠭᠰᠡᠨ ᠤ ᠳᠠᠷᠠᠭ᠎ᠠ | ᠨᠢᠭᠡᠳᠦᠭᠡᠷ ᠤᠳᠠᠭ᠎ᠠ ᠶᠢᠨ ᠴᠢᠩᠭᠠᠳᠬᠠᠬᠤ ᠲᠠᠶᠢᠯᠭ᠎ᠠ ᠬᠢᠬᠦ ᠴᠠᠭ ᠢ 6 ᠰᠠᠷ᠎ᠠ ᠠᠴᠠ 3 ᠰᠠᠷ᠎ᠠ ᠪᠣᠯᠭᠠᠨ | ᠬᠤᠪᠢᠷᠠᠭᠤᠯᠤᠭᠰᠠᠨ ᠪᠤᠶ︖ | ᠡᠩ ᠲᠡᠷᠢᠭᠦᠨ ᠳᠤ᠂ ᠪᠦᠬᠦ ᠳᠡᠯᠡᠬᠡᠢ ᠶᠢᠨ ᠣᠳᠣᠬᠠᠨ ᠤ ᠪᠤᠢ ᠪᠦᠬᠦᠢ ᠤᠯᠤᠰ ᠤᠳ ᠬᠠᠮᠤᠭ ᠤᠨ ᠠᠩᠬᠠᠨ ᠤ | ᠴᠢᠩᠭᠠᠳᠬᠠᠬᠤ ᠲᠠᠷᠢᠯᠭ᠎ᠠ ᠬᠢᠬᠦ ᠴᠠᠭ ᠢ 6 ᠰᠠᠷ᠎ᠠ ᠶᠢᠨ ᠰᠠᠭᠤᠷᠢᠨ ᠳᠡᠭᠡᠷ᠎ᠡ ᠴᠥᠮ ᠲᠣᠬᠢᠷᠠᠭᠤᠯᠤᠯᠲᠠ ᠬᠢᠭᠰᠡᠨ | ᠪᠠᠶᠢᠨ᠎ᠠ᠃ ᠣᠳᠣᠬᠠᠨ ᠳᠤ ᠪᠥᠬᠦ ᠳᠡᠯᠡᠬᠡᠢ ᠶᠢᠨ ᠪᠣᠶ ᠪᠦᠬᠦᠢ ᠬᠠᠮᠤᠭ ᠤᠨ ᠠᠩᠬᠠᠨ ᠤ ᠴᠢᠩᠭᠠᠳᠬᠠᠬᠤ ᠲᠠᠷᠢᠯᠭ᠎ᠠ ᠶᠢᠨ | ᠴᠠᠭ ᠢ ᠣᠯᠠᠩᠬᠢ ᠤᠯᠤᠰ ᠴᠥᠮ 3 — 6 ᠰᠠᠷ᠎ᠠ ᠪᠣᠯᠭᠠᠨ ᠲᠣᠬᠢᠷᠠᠭᠤᠯᠵᠠᠢ᠃ | ᠬᠤᠶᠠᠷ ᠲᠤ᠂ ᠦᠨᠳᠦᠰᠦᠨ ᠡᠭᠡᠯᠢᠯᠡᠭᠡ ᠶᠢᠨ ᠳᠠᠷᠠᠭᠠᠬᠢ 3 ᠰᠠᠷ᠎ᠠ ᠶᠢᠨ ᠳᠣᠲᠣᠷ᠎ᠠ ᠨᠢᠭᠡᠳᠦᠭᠡᠷ ᠤᠳᠠᠭᠠᠨ ᠤ | ᠴᠢᠩᠭᠠᠳᠬᠠᠬᠤ ᠲᠠᠷᠢᠯᠭ᠎ᠠ ᠬᠢᠬᠦ ᠪᠠ 6 ᠰᠠᠷ᠎ᠠ ᠶᠢᠨ ᠳᠣᠲᠣᠷ᠎ᠠ ᠨᠢᠭᠡᠳᠦᠭᠡᠷ ᠤᠳᠠᠭᠠᠨ ᠤ ᠴᠢᠩᠭᠠᠳᠭᠠᠬᠤ ᠲᠠᠷᠢᠯᠭ᠎ᠠ | ᠬᠢᠪᠡᠯ᠂ ᠡᠭᠡᠯᠢᠯᠡᠭᠡ ᠶᠢᠨ ᠦᠷ᠎ᠡ ᠪᠦᠲᠦᠮᠵᠢ ᠨᠢ ᠪᠠᠲᠤᠯᠠᠭ᠎ᠠ ᠲᠠᠢ ᠪᠠᠶᠢᠳᠠᠭ᠃ ᠮᠠᠨ ᠤ ᠰᠤᠳᠤᠯᠤᠨ ᠨᠡᠭᠡᠭᠡᠬᠦ | ᠨᠢᠭᠡᠴᠢ ᠨᠦᠭᠦᠳ 18 ᠨᠠᠰᠤᠨ ᠠᠴᠠ ᠳᠡᠭᠡᠭᠰᠢᠬᠢ ᠬᠥᠮᠥᠰ ᠪᠠ ᠨᠠᠰᠤᠲᠠᠶᠢᠴᠤᠳ ᠢ ᠪᠠᠭᠲᠠᠭᠠᠭᠰᠠᠨ ᠬᠥᠮᠥᠰ ᠲᠤ | ᠡᠮᠴᠢᠯᠡᠭᠡᠨ ᠤ ᠰᠤᠳᠤᠯᠭᠠᠨ ᠪᠠ ᠦᠨᠡᠨ ᠪᠣᠳᠠᠲᠤ ᠴᠢᠨᠠᠷ ᠤᠨ ᠰᠤᠳᠤᠯᠭᠠᠨ ᠬᠢᠭᠡᠳ ᠢᠯᠡᠷᠡᠭᠦᠯᠦᠭᠰᠡᠨ ᠢᠶᠠᠷ᠂ | ᠦᠨᠳᠦᠰᠦᠨ ᠡᠭᠡᠯᠢᠯᠡᠭᠡ ᠶᠢ ᠪᠡᠶᠡᠯᠡᠭᠦᠯᠦᠭᠰᠡᠨ ᠤ ᠳᠠᠷᠠᠭᠠᠬᠢ 3 ᠰᠠᠷ᠎ᠠ ᠶᠢᠨ ᠳᠣᠲᠣᠷ᠎ᠠ ᠨᠢᠭᠡᠳᠦᠭᠡᠷ ᠤᠳᠠᠭ᠎ᠠ ᠶᠢᠨ | ᠴᠢᠩᠭᠠᠳᠬᠠᠬᠤ ᠲᠠᠷᠢᠯᠭ᠎ᠠ ᠬᠢᠵᠦ᠂ ᠡᠭᠦᠰᠬᠦ ᠰᠠᠭᠠᠷᠮᠠᠭᠵᠢᠭᠤᠯᠬᠤ ᠴᠠᠷᠤᠭᠴᠢ ᠨᠢ 3 ᠰᠠᠷ᠎ᠠ ᠶᠢᠨ ᠳᠠᠷᠠᠭᠠᠬᠢ ᠠᠴᠠ | ᠥᠨᠳᠥᠷ ᠪᠢᠰᠢ᠂ ᠭᠡᠪᠡᠴᠦ ᠦᠨᠳᠦᠰᠦᠨ ᠡᠭᠡᠯᠢᠯᠡᠭᠡ ᠶᠢ ᠪᠡᠶᠡᠯᠡᠭᠦᠯᠦᠭᠰᠡᠨ ᠤ ᠳᠠᠷᠠᠭᠠᠬᠢ 3 ᠰᠠᠷ᠎ᠠ ᠶᠢᠨ ᠳᠣᠲᠣᠷ᠎ᠠ | ᠡᠭᠡᠯᠢᠯᠡᠭᠡ ᠶᠢ ᠴᠢᠩᠭᠠᠳᠬᠠᠬᠤ ᠪᠠ ᠰᠠᠭᠤᠷᠢ ᠡᠭᠡᠯᠢᠯᠡᠭᠡ ᠶᠢ ᠪᠡᠶᠡᠯᠡᠭᠦᠯᠦᠭᠰᠡᠨ ᠤ ᠳᠠᠷᠠᠭᠠᠬᠢ 6 ᠰᠠᠷ᠎ᠠ ᠶᠢᠨ ᠳᠣᠲᠣᠷ᠎ᠠ | ᠡᠭᠡᠯᠢᠯᠡᠭᠡ ᠶᠢ ᠴᠢᠩᠭᠠᠳᠬᠠᠬᠤ ᠨᠢ ᠰᠠᠭᠠᠷᠮᠠᠭᠵᠢᠭᠤᠯᠬᠤ ᠴᠠᠷᠤᠭᠴᠢ ᠶᠢᠨ ᠬᠢᠷᠢ ᠬᠡᠮᠵᠢᠶ᠎ᠡ ᠨᠢ ᠦᠨᠳᠦᠰᠦᠨ ᠳᠤ ᠪᠠᠨ | ᠠᠳᠠᠯᠢ ᠪᠠᠶᠢᠳᠠᠭ᠃ ᠡᠶᠢᠮᠦ ᠠᠴᠠ ᠦᠨᠳᠦᠰᠦᠨ ᠡᠭᠡᠯᠢᠯᠡᠭᠡ ᠶᠢ ᠪᠡᠶᠡᠯᠡᠭᠦᠯᠦᠭᠰᠡᠨ ᠤ ᠳᠠᠷᠠᠭᠠᠬᠢ 3 ᠰᠠᠷ᠎ᠠ ᠪᠠ 6 | ᠰᠠᠷ᠎ᠠ ᠳᠤ ᠡᠭᠡᠯᠢᠯᠡᠭᠡ ᠶᠢᠨ ᠬᠠᠮᠠᠭᠠᠯᠠᠯᠲᠠ ᠶᠢᠨ ᠦᠷ᠎ᠡ ᠳ᠋ᠦᠩ ᠨᠢ ᠠᠳᠠᠯᠢᠪᠲᠤᠷ ᠪᠠᠶᠢᠳᠠᠭ᠃ | ᠭᠤᠷᠪᠠ ᠳᠤ᠂ ᠰᠤᠳᠤᠯᠭᠠᠨ ᠢᠶᠠᠷ ᠢᠯᠡᠷᠡᠭᠦᠯᠦᠭᠰᠡᠨ ᠨᠢ᠂ ᠦᠨᠳᠦᠰᠦᠨ ᠡᠭᠡᠯᠢᠯᠡᠭᠡ ᠶᠢᠨ ᠳᠠᠷᠠᠭᠠᠬᠢ 3 | ᠰᠠᠷ᠎ᠠ ᠶᠢᠨ ᠳᠣᠲᠣᠷ᠎ᠠ ᠴᠢᠩᠭᠠᠳᠬᠠᠬᠤ ᠲᠠᠷᠢᠯᠭ᠎ᠠ ᠬᠢᠭᠰᠡᠨ ᠴᠤ ᠲᠡᠷᠡ᠂ 6 ᠰᠠᠷ᠎ᠠ ᠶᠢᠨ ᠳᠣᠲᠣᠷ᠎ᠠ ᠴᠢᠩᠭᠠᠳᠬᠠᠬᠤ | ᠲᠠᠷᠢᠯᠭ᠎ᠠ ᠬᠢᠭᠰᠡᠨ ᠴᠤ ᠲᠡᠷᠡ᠂ ᠴᠥᠮ ᠲᠦᠢᠯ ᠤᠨ ᠠᠮᠤᠷ ᠲᠦᠪᠰᠢᠨ ᠪᠠᠶᠢᠳᠠᠭ᠃ | ᠳᠥᠷᠪᠡ ᠳᠤ᠂ ᠡᠶᠢᠮᠦᠷᠬᠦ ᠲᠣᠬᠢᠷᠠᠭᠤᠯᠤᠯᠲᠠ ᠨᠢ ᠪᠠᠰᠠ ᠮᠠᠨ ᠤ ᠤᠯᠤᠰ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠶᠢᠨ ᠬᠡᠷᠡᠭᠴᠡᠭᠡ ᠮᠥᠨ᠃ ᠡᠶᠢᠮᠦᠷᠬᠦ ᠲᠣᠬᠢᠷᠠᠭᠤᠯᠤᠯᠲᠠ ᠨᠢ ᠪᠢᠳᠡᠨ ᠤ ᠨᠠᠰᠤᠲᠠᠶᠢᠴᠤᠳ ᠲᠤ | ᠢᠯᠠᠩᠭᠤᠶ᠎ᠠ ᠨᠠᠰᠤᠲᠠᠶᠢᠴᠤᠳ ᠤᠨ ᠲᠠᠷᠢᠯᠭ᠎ᠠ ᠶᠢᠨ ᠪᠦᠷᠬᠦᠴᠡ ᠶᠢ ᠴᠢᠩᠭᠠᠳᠬᠠᠬᠤ ᠲᠠᠯ᠎ᠠ ᠪᠠᠷ ᠣᠳᠣᠬᠠᠨ ᠤ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠡᠷᠡᠭᠴᠡᠭᠡ ᠶᠢ ᠬᠠᠩᠭᠠᠬᠤ ᠳᠤ ᠠᠰᠢᠭᠲᠠᠢ ᠶᠤᠮ᠃ | ᠡᠪᠡᠳᠴᠢᠲᠡᠨ ᠢ ᠠᠪᠤᠷᠠᠨ ᠵᠠᠰᠠᠬᠤ ᠳᠤ ᠪᠥᠭᠡᠮ ᠬᠦᠴᠢᠯ ᠤᠨ ᠪᠠᠶᠢᠴᠠᠭᠠᠯᠲᠠ ᠶᠢᠨ ᠦᠷ᠎ᠡ ᠳ᠋ᠦᠩ ᠪᠠᠶᠢᠬᠤ | ᠡᠰᠡᠬᠦ ᠪᠠᠷ ᠤᠷᠢᠲᠠᠯ ᠨᠥᠬᠦᠴᠡᠯ ᠪᠣᠯᠭᠠᠵᠤ ᠶᠠᠭᠠᠬᠢᠭᠰᠠᠨ ᠴᠤ ᠪᠣᠯᠬᠤ ᠦᠭᠡᠢ | ᠨᠢᠭᠡ ᠳᠤ᠂ ᠦᠬᠦᠯ ᠠᠴᠠ ᠠᠪᠤᠷᠠᠨ ᠰᠢᠷᠬᠠᠲᠤᠭᠰᠠᠳ ᠢ ᠲᠡᠩᠬᠡᠷᠡᠭᠦᠯᠬᠦ ᠪᠣᠯ ᠮᠠᠨ ᠤ ᠡᠮᠴᠢᠯᠡᠭᠡᠨ ᠤ | ᠪᠠᠶᠢᠭᠤᠯᠤᠮᠵᠢ ᠪᠣᠯᠣᠨ ᠡᠮᠨᠡᠯᠭᠡ ᠶᠢᠨ ᠠᠵᠢᠯᠲᠠᠳ ᠤᠨ ᠠᠷᠢᠭᠤᠨ ᠳᠠᠷᠬᠠᠨ ᠡᠭᠦᠷᠭᠡ ᠬᠠᠷᠢᠭᠤᠴᠠᠯᠭ᠎ᠠ ᠮᠥᠨ᠂ ᠪᠤᠶ | ᠪᠦᠬᠦᠢ ᠡᠮᠴᠢᠯᠡᠭᠡᠨ ᠤ ᠪᠠᠶᠢᠭᠤᠯᠤᠮᠵᠢ ᠴᠥᠮ ᠶᠠᠮᠠᠷ ᠴᠤ ᠰᠢᠯᠲᠠᠭ ᠢᠶᠠᠷ ᠡᠪᠡᠳᠴᠢᠲᠡᠨ ᠢ ᠡᠮᠨᠡᠭᠦᠯᠬᠦ ᠠᠴᠠ | ᠲᠠᠲᠠᠭᠠᠯᠵᠠᠵᠤ ᠪᠣᠯᠬᠤ ᠦᠭᠡᠢ᠂ ᠢᠯᠠᠩᠭᠤᠶ᠎ᠠ ᠪᠥᠭᠡᠮ ᠬᠦᠴᠢᠯ ᠤᠨ ᠦᠷ᠎ᠡ ᠳ᠋ᠦᠩ ᠦᠭᠡᠢ ᠪᠠᠴᠢᠮ | ᠡᠮᠴᠢᠯᠡᠭᠦᠯᠦᠭᠴᠢ ᠳᠤ ᠠᠪᠴᠤ ᠬᠡᠯᠡᠪᠡᠯ᠂ ᠣᠯᠠᠩᠬᠢ ᠨᠢ ᠪᠠᠴᠢᠮ ᠲᠦᠭᠰᠢᠭᠦᠷᠢᠲᠡᠢ ᠬᠦᠨᠳᠦ ᠡᠪᠡᠳᠴᠢᠨ ᠪᠠᠶᠢᠵᠤ᠂ | ᠡᠮᠴᠢᠯᠡᠭᠡ ᠶᠢ ᠠᠮᠠᠷᠬᠠᠨ ᠰᠠᠭᠠᠲᠠᠭᠠᠬᠤ ᠪᠠᠶᠢᠳᠠᠯ ᠭᠠᠷᠴᠤ ᠮᠡᠳᠡᠨ᠎ᠡ᠃ ᠡᠶᠢᠮᠦ ᠠᠴᠠ ᠴᠠᠭ ᠲᠤᠬᠠᠢ ᠳᠤ ᠨᠢ ᠡᠳᠡᠭᠡᠷ | ᠡᠪᠡᠳᠴᠢᠲᠡᠨ ᠳᠤ ᠪᠠᠴᠢᠮ ᠲᠦᠷᠭᠡᠨ ᠡᠮᠴᠢᠯᠡᠭᠡᠨ ᠤ ᠦᠢᠯᠡᠴᠢᠯᠡᠭᠡ ᠬᠠᠩᠭᠠᠵᠤ᠂ ᠪᠣᠢ ᠪᠦᠬᠦᠢ ᠡᠮᠴᠢᠯᠡᠭᠡᠨ ᠤ | ᠪᠠᠶᠢᠭᠤᠯᠤᠮᠵᠢ ᠠᠴᠠ ᠠᠩᠬ᠎ᠠ ᠣᠨᠣᠰᠢᠯᠠᠬᠤ ᠬᠠᠷᠢᠭᠤᠴᠠᠯᠭ᠎ᠠ ᠶᠢᠨ ᠳᠦᠷᠢᠮ ᠪᠠ ᠪᠠᠴᠢᠮ ᠲᠦᠭᠰᠢᠭᠦᠷᠢᠲᠡᠢ ᠬᠦᠨᠳᠦ | ᠡᠪᠡᠳᠴᠢᠨ ᠢ ᠲᠦᠷᠭᠡᠨ ᠠᠪᠤᠷᠠᠨ ᠵᠠᠰᠠᠬᠤ ᠳᠦᠷᠢᠮ ᠢ ᠨᠠᠶᠢᠳᠠᠪᠤᠷᠢᠵᠢᠭᠤᠯᠬᠤ ᠶᠢ ᠱᠠᠭᠠᠷᠳᠠᠵᠤ᠂ ᠪᠠᠴᠢᠮ ᠪᠠᠶᠢᠳᠠᠯ ᠢ | ᠠᠷᠭᠠᠴᠠᠭᠠᠬᠤ ᠲᠣᠬᠢᠷᠠᠯᠴᠠᠭᠰᠠᠨ ᠲᠥᠰᠥᠯ ᠢ ᠲᠣᠭᠲᠠᠭᠠᠨ ᠲᠡᠭᠦᠯᠳᠡᠷᠵᠢᠭᠦᠯᠬᠦ ᠶᠢᠨ ᠬᠠᠮᠲᠤ ᠴᠢᠩᠭ᠎ᠠ ᠬᠡᠷᠡᠭᠵᠢᠭᠦᠯᠬᠦ | ᠬᠡᠷᠡᠭᠲᠡᠢ᠃ ᠡᠪᠡᠳᠴᠢᠲᠡᠨ ᠢ ᠠᠪᠤᠷᠠᠨ ᠵᠠᠰᠠᠬᠤ ᠳᠤ ᠪᠥᠭᠡᠮ ᠬᠦᠴᠢᠯ ᠤᠨ ᠪᠠᠶᠢᠴᠠᠭᠠᠯᠲᠠ ᠶᠢᠨ ᠦᠷ᠎ᠡ ᠳ᠋ᠦᠩ ᠪᠠᠶᠢᠬᠤ | ᠡᠰᠡᠬᠦ ᠪᠠᠷ ᠤᠷᠢᠲᠠᠯ ᠨᠥᠬᠦᠴᠡᠯ ᠪᠣᠯᠭᠠᠵᠤ ᠶᠠᠭᠠᠬᠢᠭᠰᠠᠨ ᠴᠤ ᠪᠣᠯᠬᠤ ᠦᠭᠡᠢ᠃ | ᠬᠤᠶᠠᠷ ᠲᠤ᠂ ᠲᠦᠷᠭᠡᠨ ᠡᠮᠨᠡᠯᠭᠡ ᠳᠤ ᠡᠮᠨᠡᠭᠦᠯᠬᠦ ᠡᠪᠡᠳᠴᠢᠲᠡᠨ ᠬᠡᠷᠪᠡ ᠪᠥᠭᠡᠮ ᠬᠦᠴᠢᠯ ᠤᠨ | ᠪᠠᠶᠢᠴᠠᠭᠠᠯᠲᠠ ᠶᠢᠨ ᠦᠷ᠎ᠡ ᠳ᠋ᠦᠩ ᠦᠭᠡᠢ ᠪᠣᠯ᠂ ᠪᠢᠳᠡ ᠡᠮᠴᠢᠯᠡᠭᠡᠨ ᠤ ᠪᠠᠶᠢᠭᠤᠯᠤᠮᠵᠢ ᠶᠢ ᠲᠦᠷᠭᠡᠨ ᠡᠮᠨᠡᠯᠭᠡ ᠶᠢᠨ | ᠣᠷᠣᠨ ᠳᠤ ᠬᠠᠷᠢᠴᠠᠩᠭᠤᠢ ᠪᠡᠶ᠎ᠡ ᠪᠠᠨ ᠳᠠᠭᠠᠭᠠᠭᠰᠠᠨ ᠨᠠᠮᠳᠠᠭᠠᠬᠤ ᠲᠣᠭᠤᠷᠢᠭ ᠪᠠᠶᠢᠭᠤᠯᠵᠤ᠂ ᠡᠮᠨᠡᠯᠭᠡ ᠶᠢᠨ ᠠᠵᠢᠯᠲᠠᠨ | ᠴᠤ ᠬᠤᠪᠢ ᠬᠥᠮᠥᠨ ᠤ ᠬᠠᠮᠠᠭᠠᠯᠠᠯᠲᠠ ᠪᠠᠨ ᠰᠠᠶᠢᠲᠤᠷ ᠬᠢᠬᠦ ᠶᠢ ᠱᠠᠭᠠᠷᠳᠠᠨ᠎ᠠ᠃ ᠪᠥᠭᠡᠮ ᠬᠦᠴᠢᠯ ᠤᠨ ᠦᠷ᠎ᠡ ᠳ᠋ᠦᠩ | ᠦᠭᠡᠢ ᠵᠠᠷᠢᠮ ᠪᠠᠴᠢᠮ ᠲᠦᠭᠰᠢᠭᠦᠷᠢᠲᠡᠢ ᠬᠦᠨᠳᠦ ᠡᠪᠡᠳᠴᠢᠲᠡᠨ ᠢ ᠰᠢᠭᠤᠳ ᠨᠠᠮᠳᠠᠭᠠᠬᠤ ᠲᠣᠭᠤᠷᠢᠭ ᠲᠤ | ᠣᠷᠣᠭᠤᠯᠵᠤ ᠪᠠᠴᠢᠮ ᠠᠪᠤᠷᠠᠯᠲᠠ ᠬᠢᠯᠭᠡᠨ᠎ᠡ᠃ ᠡᠭᠦᠨ ᠤ ᠬᠠᠮᠲᠤ ᠡᠮᠨᠡᠯᠭᠡ ᠶᠢᠨ ᠬᠤᠷᠢᠶ᠎ᠠ ᠠᠴᠠ ᠪᠠᠰᠠ ᠠᠨᠲ᠋ᠢᠭ᠍ᠸᠡ | ᠪᠤᠶᠤ ᠪᠥᠭᠡᠮ ᠬᠦᠴᠢᠯ ᠤᠨ ᠪᠠᠶᠢᠴᠠᠭᠠᠯᠲᠠ ᠶᠢ ᠲᠡᠭᠦᠯᠳᠡᠷᠵᠢᠭᠦᠯᠵᠦ᠂ ᠡᠪᠡᠳᠴᠢᠲᠡᠨ ᠤ ᠪᠠᠴᠢᠮ ᠡᠮᠴᠢᠯᠡᠭᠡᠨ ᠤ | ᠱᠠᠭᠠᠷᠳᠠᠯᠭ᠎ᠠ ᠶᠢ ᠡᠩ ᠲᠡᠷᠢᠭᠦᠨ ᠳᠤ ᠬᠠᠩᠭᠠᠬᠤ ᠶᠢ ᠪᠠᠲᠤᠯᠠᠨ᠎ᠠ᠃ | ᠡᠭᠦᠨ ᠠᠴᠠ ᠭᠠᠳᠠᠨ᠎ᠠ᠂ ᠪᠢᠳᠡ ᠪᠠᠰᠠ ᠪᠤᠶ ᠪᠦᠬᠦᠢ ᠡᠮᠴᠢᠯᠡᠭᠡᠨ ᠤ ᠪᠠᠶᠢᠭᠤᠯᠤᠮᠵᠢ ᠶᠢᠨ ᠲᠦᠷᠭᠡᠨ ᠡᠮᠨᠡᠬᠦ | ᠲᠠᠰᠤᠭ᠂ ᠮᠡᠰᠡ ᠵᠠᠰᠠᠯ ᠤᠨ ᠲᠠᠰᠤᠭ᠂ ᠴᠢᠰᠤ ᠨᠡᠪᠲᠡᠷᠡᠭᠦᠯᠦᠨ ᠵᠠᠳᠠᠷᠠᠭᠤᠯᠬᠤ ᠣᠷᠣᠨ᠂ ᠡᠪᠡᠳᠴᠢᠲᠡᠨ ᠤ ᠦᠷᠦᠭᠡ᠂ | ᠡᠪᠡᠳᠴᠢᠲᠡᠨ ᠤ ᠣᠷᠣᠨ ᠳᠤ ᠴᠥᠮ ᠨᠠᠮᠳᠠᠭᠠᠬᠤ ᠲᠣᠭᠤᠷᠢᠭ ᠪᠠᠶᠢᠭᠤᠯᠵᠤ᠂ ᠪᠤᠰᠤᠳ ᠣᠨᠣᠰᠢᠯᠠᠨ ᠡᠮᠨᠡᠬᠦ | ᠣᠷᠣᠨ ᠠᠴᠠ ᠬᠠᠷᠢᠴᠠᠩᠭᠤᠢ ᠪᠠᠷ ᠰᠠᠯᠭᠠᠨ᠂ ᠰᠠᠶᠢᠲᠤᠷ ᠪᠡᠯᠡᠳᠬᠡᠯ ᠬᠢᠵᠦ᠂ ᠡᠪᠡᠳᠴᠢᠲᠡᠨ ᠤ ᠵᠠᠷᠢᠮ ᠰᠠᠭᠤᠷᠢ | ᠴᠢᠨᠠᠷᠲᠠᠢ ᠡᠪᠡᠳᠴᠢᠨ ᠲᠠᠢ ᠪᠠᠶᠢᠬᠤ ᠶᠢ ᠣᠯᠵᠤ ᠮᠡᠳᠡᠬᠦ ᠶᠢᠨ ᠬᠠᠮᠲᠤ ᠰᠢᠨ᠎ᠡ ᠲᠢᠲᠢᠮᠯᠢᠭ ᠸᠢᠷᠦ᠋ᠰ ᠢ ᠪᠠᠶᠢᠴᠠᠭᠠᠨ | ᠰᠢᠯᠭᠠᠭᠰᠠᠨ ᠨᠢ ᠠᠷᠭ᠎ᠠ ᠴᠢᠨᠠᠷ ᠲᠠᠢ ᠪᠠᠶᠢᠪᠠᠯ᠂ ᠡᠨᠡ ᠬᠡᠰᠡᠭ ᠡᠪᠡᠳᠴᠢᠲᠡᠨ ᠢ ᠪᠢᠳᠡ ᠴᠠᠭ ᠲᠤᠬᠠᠢ ᠳᠤ ᠨᠢ | ᠨᠠᠮᠳᠠᠭᠠᠬᠤ ᠣᠷᠣᠨ ᠳᠤ ᠡᠮᠨᠡᠨ ᠵᠠᠰᠠᠨ᠎ᠠ᠃ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠲᠠᠢ ᠡᠪᠡᠳᠴᠢᠲᠡᠨ ᠢ ᠬᠡᠷᠬᠢᠨ ᠱᠠᠲᠤ ᠬᠤᠪᠢᠶᠠᠨ ᠲᠥᠷᠥᠯ | ᠬᠤᠪᠢᠶᠠᠨ ᠡᠮᠨᠡᠨ ᠵᠠᠰᠠᠬᠤ ᠪᠣᠶ︖ | ᠡᠩ ᠲᠡᠷᠢᠭᠦᠨ ᠳᠤ᠂ ᠡᠪᠡᠳᠴᠢᠨ ᠤ ᠪᠠᠶᠢᠳᠠᠯ ᠨᠢ ᠬᠥᠩᠭᠡᠨ ᠡᠪᠡᠳᠴᠢᠲᠡᠨ ᠪᠤᠶᠤ ᠡᠪᠡᠳᠴᠢᠨ ᠤ ᠢᠯᠡᠷᠡᠯ | ᠦᠭᠡᠢ ᠬᠠᠯᠳᠠᠪᠤᠷᠢᠯᠠᠭᠰᠠᠳ ᠭᠡᠷ ᠲᠤ ᠪᠠᠨ ᠰᠠᠭᠤᠵᠤ ᠥᠪᠡᠷ ᠢ ᠪᠠᠨ ᠬᠠᠷᠠᠭᠠᠯᠵᠠᠵᠤ ᠪᠣᠯᠣᠨ᠎ᠠ᠃ ᠰᠠᠭᠤᠷᠢ ᠴᠢᠨᠠᠷᠲᠠᠢ | ᠡᠪᠡᠳᠴᠢᠨ ᠨᠢ ᠨᠡᠯᠢᠶᠡᠳ ᠲᠣᠭᠲᠠᠪᠤᠷᠢᠲᠠᠢ ᠪᠠᠶᠢᠪᠠᠯ᠂ ᠪᠠᠰᠠ ᠭᠡᠷ ᠲᠤ ᠪᠠᠨ ᠰᠠᠭᠤᠵᠤ ᠡᠮᠨᠡᠭᠦᠯᠵᠦ ᠪᠣᠯᠣᠨ᠎ᠠ᠃ | ᠥᠨᠳᠥᠷ ᠨᠠᠰᠤᠲᠠᠢ᠂ ᠬᠥᠳᠡᠯᠵᠦ ᠪᠠᠷᠢᠬᠤ ᠳᠤ ᠳᠥᠭᠦᠮ ᠦᠭᠡᠢ ᠬᠠᠯᠳᠠᠪᠤᠷᠢᠯᠠᠭᠰᠠᠳ ᠢ ᠪᠢᠳᠡ ᠪᠠᠰᠠ ᠭᠡᠷ ᠲᠤ ᠨᠢ | ᠰᠠᠭᠤᠯᠭᠠᠬᠤ ᠶᠢ ᠰᠠᠨᠠᠭᠤᠯᠵᠤ ᠪᠠᠶᠢᠨ᠎ᠠ᠃ ᠡᠮᠨᠡᠯᠭᠡ ᠶᠢᠨ ᠬᠤᠷᠢᠶ᠎ᠠ ᠠᠴᠠ ᠢᠨᠲ᠋ᠧᠷ ᠰᠦᠯᠵᠢᠶᠡᠨ ᠤ ᠡᠮᠴᠢᠯᠡᠭᠡᠨ ᠤ | ᠠᠷᠭ᠎ᠠ ᠮᠠᠶ᠋ᠢᠭ ᠢᠶᠠᠷ ᠳᠠᠮᠵᠢᠭᠤᠯᠤᠨ ᠰᠦᠯᠵᠢᠶᠡᠨ ᠳᠡᠭᠡᠷᠡᠬᠢ ᠦᠢᠯᠡᠴᠢᠯᠡᠭᠡ ᠬᠢᠵᠦ ᠪᠣᠯᠣᠨ᠎ᠠ᠃ ᠡᠭᠦᠨ ᠤ ᠵᠡᠷᠭᠡ ᠳᠤ | ᠡᠮᠨᠡᠯᠭᠡ ᠶᠢᠨ ᠠᠵᠢᠯᠲᠠᠨ ᠢᠯᠠᠩᠭᠤᠶ᠎ᠠ ᠮᠠᠨ ᠤ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠴᠤ | ᠭᠡᠷ ᠲᠤ ᠨᠢ ᠬᠦᠷᠴᠦ ᠦᠢᠯᠡᠴᠢᠯᠡᠭᠡ ᠬᠠᠩᠭᠠᠵᠤ ᠪᠣᠯᠣᠨ᠎ᠠ᠂ ᠳᠠᠭᠢᠵᠤ ᠰᠢᠯᠵᠢᠭᠦᠯᠦᠨ ᠭᠠᠷᠭᠠᠵᠤ ᠲᠥᠪᠯᠡᠷᠡᠭᠦᠯᠦᠨ | ᠲᠤᠰᠠᠭᠠᠷᠯᠠᠵᠤ ᠪᠠᠶᠢᠭᠠᠳ ᠠᠪᠤᠷᠠᠨ ᠵᠠᠰᠠᠬᠤ ᠦᠭᠡᠢ ᠪᠠᠶᠢᠬᠤ ᠶᠢ ᠱᠠᠭᠠᠷᠳᠠᠨ᠎ᠠ᠃ | ᠬᠤᠶᠠᠷ ᠲᠤ᠂ ᠬᠦᠨᠳᠦ ᠡᠪᠡᠳᠴᠢᠨ ᠤ ᠲᠦᠭᠰᠢᠭᠦᠷᠢ ᠶᠡᠬᠡᠲᠡᠢ ᠡᠪᠡᠳᠴᠢᠲᠡᠨ ᠢ ᠮᠥᠨ ᠯᠡ ᠴᠡᠭ | ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠠᠴᠠ ᠭᠥᠯᠢᠶᠡᠨ ᠠᠪᠴᠤ ᠡᠮᠨᠡᠨ ᠵᠠᠰᠠᠵᠤ᠂ ᠬᠦᠨᠳᠦ ᠡᠪᠡᠳᠴᠢᠨ ᠪᠠ ᠬᠦᠨᠳᠦ | ᠡᠪᠡᠳᠴᠢᠨ ᠤ ᠲᠦᠭᠰᠢᠭᠦᠷᠢ ᠶᠡᠬᠡᠲᠡᠢ ᠡᠪᠡᠳᠴᠢᠲᠡᠨ ᠢ ᠴᠠᠭ ᠲᠤᠬᠠᠢ ᠳᠤ ᠨᠢ ᠡᠮᠨᠡᠨ ᠵᠠᠰᠠᠬᠤ ᠶᠢ ᠪᠠᠲᠤᠯᠠᠨ᠎ᠠ᠃ ᠪᠢᠳᠡ | ᠶᠡᠷᠦᠩᠬᠡᠶᠢᠯᠡᠭᠰᠡᠨ ᠴᠢᠳᠠᠪᠤᠷᠢ ᠪᠠᠷ ᠴᠢᠩᠭ᠎ᠠ᠂ ᠠᠪᠤᠷᠠᠨ ᠵᠠᠰᠠᠬᠤ ᠬᠢᠷᠢ ᠲᠦᠪᠰᠢᠨ ᠪᠠᠷ ᠥᠨᠳᠥᠷ ᠡᠮᠨᠡᠯᠭᠡ ᠶᠢᠨ | ᠬᠤᠷᠢᠶ᠎ᠠ ᠶᠢ ᠰᠣᠩᠭᠤᠨ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠪᠣᠯᠭᠠᠬᠤ ᠶᠢᠨ ᠬᠠᠮᠲᠤ ᠴᠡᠭ ᠲᠣᠭᠲᠠᠭᠠᠭᠰᠠᠨ | ᠡᠮᠨᠡᠯᠭᠡ ᠶᠢᠨ ᠬᠤᠷᠢᠶ᠎ᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠡᠮᠴᠢᠯᠡᠭᠡᠨ ᠤ ᠠᠪᠤᠷᠠᠨ ᠵᠠᠰᠠᠬᠤ | ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ | ᠭᠤᠷᠪᠠ ᠳᠤ᠂ ᠪᠠᠰᠠ ᠵᠠᠷᠢᠮ ᠡᠪᠡᠳᠴᠢᠲᠡᠨ ᠰᠠᠭᠤᠷᠢ ᠴᠢᠨᠠᠷᠲᠠᠢ ᠡᠪᠡᠳᠴᠢᠨ ᠪᠤᠶᠤ ᠪᠤᠰᠤᠳ ᠡᠪᠡᠳᠴᠢᠨ ᠲᠠᠢ | ᠪᠣᠯ᠂ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠪᠤᠶᠤ ᠲᠤᠰᠬᠠᠢ ᠡᠮᠨᠡᠯᠭᠡ ᠶᠢᠨ ᠬᠤᠷᠢᠶ᠎ᠠ ᠳᠤ ᠣᠴᠢᠵᠤ | ᠡᠮᠨᠡᠭᠦᠯᠬᠦ ᠶᠢᠨ ᠬᠠᠮᠲᠤ ᠡᠮᠨᠡᠭᠦᠯᠬᠦ ᠶᠠᠪᠤᠴᠠ ᠳᠤ ᠲᠡᠭᠦᠨ ᠤ ᠰᠢᠨ᠎ᠡ ᠲᠢᠲᠢᠮᠯᠢᠭ ᠸᠢᠷᠦ᠋ᠰ ᠤᠨ ᠠᠷᠭ᠎ᠠ ᠴᠢᠨᠠᠷᠲᠠᠢ | ᠬᠠᠯᠳᠠᠪᠤᠷᠢᠯᠠᠭᠴᠢ ᠪᠣᠯᠬᠤ ᠶᠢ ᠣᠯᠵᠤ ᠮᠡᠳᠡᠬᠦ ᠪᠣᠯᠣᠯᠴᠠᠭ᠎ᠠ ᠲᠠᠢ᠃ ᠡᠳᠡᠭᠡᠷ ᠡᠪᠡᠳᠴᠢᠲᠡᠨ ᠳᠤ ᠠᠪᠴᠤ ᠬᠡᠯᠡᠪᠡᠯ᠂ | ᠵᠠᠷᠢᠮ ᠰᠠᠭᠤᠷᠢ ᠴᠢᠨᠠᠷᠲᠠᠢ ᠡᠪᠡᠳᠴᠢᠨ ᠨᠢ ᠪᠠᠰᠠ ᠨᠡᠯᠢᠶᠡᠳ ᠬᠦᠨᠳᠦ ᠨᠣᠴᠢᠲᠠᠢ ᠪᠠᠶᠢᠪᠠᠯ ᠪᠢᠳᠡ ᠪᠣᠢ ᠪᠦᠬᠦᠢ | ᠡᠮᠴᠢᠯᠡᠭᠡᠨ ᠤ ᠪᠠᠶᠢᠭᠤᠯᠤᠮᠵᠢ ᠶᠢ ᠴᠥᠮ ᠰᠠᠶᠢᠲᠤᠷ ᠪᠡᠯᠡᠳᠬᠡᠯ ᠬᠢᠬᠦ ᠶᠢ ᠱᠠᠭᠠᠷᠳᠠᠬᠤ ᠬᠡᠷᠡᠭᠲᠡᠢ᠃ ᠤᠴᠢᠷ ᠨᠢ ᠡᠨᠡ | ᠲᠥᠷᠥᠯ ᠤᠨ ᠡᠪᠡᠳᠴᠢᠲᠡᠨ ᠤ ᠡᠪᠡᠳᠴᠢᠨ ᠢ ᠲᠤᠰᠬᠠᠢ ᠰᠠᠯᠠᠭᠠᠨ ᠤ ᠡᠪᠡᠳᠴᠢᠨ ᠢᠶᠠᠷ ᠡᠮᠨᠡᠨ ᠵᠠᠰᠠᠪᠠᠯ ᠰᠠᠶ᠋ᠢ | ᠡᠪᠡᠳᠴᠢᠲᠡᠨ ᠤ ᠡᠷᠡᠭᠦᠯ ᠮᠡᠨᠳᠦ ᠳᠤ ᠬᠠᠮᠤᠭ ᠤᠨ ᠶᠡᠭᠡ ᠪᠠᠷ ᠠᠰᠢᠭ ᠬᠦᠷᠲᠡᠭᠡᠵᠦ ᠴᠢᠳᠠᠨ᠎ᠠ᠃ ᠡᠶᠢᠮᠦ ᠠᠴᠠ ᠪᠢᠳᠡ | ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠪᠠ ᠲᠤᠰᠬᠠᠢ ᠡᠮᠨᠡᠯᠭᠡ ᠶᠢᠨ ᠬᠤᠷᠢᠶ᠎ᠠ ᠶᠢ ᠴᠥᠮ ᠣᠨᠣᠰᠢᠯᠠᠨ ᠡᠮᠨᠡᠬᠦ | ᠶᠠᠪᠤᠴᠠ ᠪᠠᠨ ᠰᠢᠯᠢᠳᠡᠭᠵᠢᠭᠦᠯᠬᠦ ᠶᠢᠨ ᠬᠠᠮᠲᠤ ᠨᠠᠮᠳᠠᠭᠠᠬᠤ ᠲᠣᠭᠤᠷᠢᠭ ᠭᠠᠷᠭᠠᠵᠤ᠂ ᠡᠨᠡ ᠬᠡᠰᠡᠭ ᠡᠪᠡᠳᠴᠢᠲᠡᠨ ᠢ | ᠴᠠᠭ ᠲᠤᠬᠠᠢ ᠳᠤ ᠨᠢ ᠡᠮᠨᠡᠨ ᠵᠠᠰᠠᠬᠤ ᠶᠢ ᠪᠠᠲᠤᠯᠠᠵᠤ᠂ ᠲᠡᠳᠡᠨ ᠤ ᠡᠮᠨᠡᠨ ᠵᠠᠰᠠᠬᠤ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠶᠢ ᠱᠠᠭᠠᠷᠳᠠᠵᠤ ᠪᠠᠶᠢᠨ᠎ᠠ᠃ | ᠸᠠᠺᠼᠢᠨ ᠤ ᠲᠠᠷᠢᠯᠭ᠎ᠠ ᠬᠢᠬᠦ ᠲᠤᠬᠠᠢ ᠵᠠᠷᠯᠢᠭ ᠭᠠᠷᠭᠠᠬᠤ ᠦᠦ︖ | ᠵᠠᠷᠢᠮ ᠤᠯᠤᠰ ᠸᠠᠺᠼᠢᠨ ᠤ ᠲᠠᠷᠢᠯᠭ᠎ᠠ ᠶᠢᠨ ᠵᠠᠷᠯᠢᠭ ᠭᠠᠷᠭᠠᠭᠰᠠᠨ ᠪᠠᠶᠢᠨ᠎ᠠ᠂ ᠡᠨᠡ ᠨᠢ ᠡᠲᠡᠭᠡᠷ ᠤᠯᠤᠰ ᠤᠨ | ᠸᠠᠺᠼᠢᠨ ᠤ ᠲᠠᠷᠢᠯᠭ᠎ᠠ ᠶᠢᠨ ᠨᠣᠷᠮ᠎ᠠ ᠶᠢ ᠳᠡᠭᠡᠭᠰᠢᠯᠡᠭᠦᠯᠬᠦ ᠳᠤ ᠦᠨᠡᠨ ᠬᠦ ᠲᠤᠰᠠᠲᠠᠢ ᠶᠤᠮ᠃ ᠣᠳᠣᠬᠠᠨ ᠳᠤ ᠮᠠᠨ ᠤ | ᠤᠯᠤᠰ ᠤᠨ 3 -17 ᠨᠠᠰᠤᠨ ᠤ ᠬᠥᠮᠥᠰ ᠤᠨ ᠸᠠᠺᠼᠢᠨ ᠤ ᠲᠠᠷᠢᠯᠭ᠎ᠠ ᠶᠢᠨ ᠨᠣᠷᠮ᠎ᠠ ᠨᠢ | ᠨᠢᠭᠡᠨᠲᠡ 97.5% ᠳᠤ ᠬᠦᠷᠴᠦ᠂ 18 - 59 ᠨᠠᠰᠤᠨ ᠤ ᠬᠥᠮᠥᠰ ᠤᠨ ᠸᠠᠺᠼᠢᠨ ᠤ ᠲᠠᠷᠢᠯᠭ᠎ᠠ ᠶᠢᠨ ᠨᠣᠷᠮ᠎ᠠ ᠨᠢ | ᠨᠢᠭᠡᠨᠲᠡ 95% ᠳᠤ ᠬᠦᠷᠴᠦ᠂ ᠪᠥᠬᠦ ᠬᠥᠮᠥᠰ ᠤᠨ ᠸᠠᠺᠼᠢᠨ ᠤ ᠲᠠᠷᠢᠯᠭ᠎ᠠ ᠶᠢᠨ ᠨᠣᠷᠮ᠎ᠠ ᠨᠢ ᠨᠢᠭᠡᠨᠲᠡ ᠮᠠᠰᠢ | ᠥᠨᠳᠥᠷ ᠪᠣᠯᠵᠤ᠂ ᠪᠥᠬᠦ ᠳᠡᠯᠡᠬᠡᠢ ᠳᠤ ᠠᠪᠴᠤ ᠬᠡᠯᠡᠭᠰᠡᠨ ᠴᠦ ᠨᠡᠯᠢᠶᠡᠳ ᠥᠨᠳᠥᠷ ᠲᠦᠪᠰᠢᠨ ᠳᠤ ᠭᠦᠷᠦᠭᠰᠡᠨ | ᠪᠠᠶᠢᠨ᠎ᠠ᠃ ᠣᠳᠣᠬᠠᠨ ᠳᠤ ᠪᠢᠳᠡ ᠶᠠᠭᠤᠨ ᠳᠤ ᠨᠠᠰᠤᠲᠠᠶᠢᠴᠤᠳ ᠤᠨ ᠸᠠᠺᠼᠢᠨ ᠤ ᠲᠠᠷᠢᠯᠭ᠎ᠠ ᠶᠢᠨ ᠲᠥᠰᠥᠯ ᠢ | ᠲᠣᠭᠲᠠᠭᠠᠭᠰᠠᠨ ᠪᠣᠶ︖ | ᠭᠡᠪᠡᠯ ᠮᠠᠨ ᠤ ᠥᠨᠳᠥᠷ ᠨᠠᠰᠤᠲᠠᠢ ᠨᠠᠰᠤᠲᠠᠶᠢᠴᠤᠳ ᠤᠨ ᠸᠠᠺᠼᠢᠨ ᠤ ᠲᠠᠷᠢᠯᠭ᠎ᠠ ᠶᠢᠨ ᠨᠣᠷᠮ᠎ᠠ ᠬᠠᠷᠢᠴᠠᠩᠭᠤᠢ | ᠳᠣᠣᠷ᠎ᠠ ᠰᠢᠭ᠋ ᠪᠠᠶᠢᠨ᠎ᠠ᠃ ᠭᠡᠪᠡᠴᠦ ᠡᠨᠡ ᠤᠳᠠᠭᠠᠨ ᠤ ᠲᠥᠰᠥᠯ ᠢᠶᠠᠷ ᠳᠠᠮᠵᠢᠭᠠᠳ ᠣᠶᠢᠷ᠎ᠠ ᠶᠢᠨ ᠬᠤᠭᠤᠴᠠᠭᠠᠨ ᠳᠤ | ᠡᠨᠡ ᠠᠵᠢᠯ ᠢ ᠪᠠᠰᠠ ᠮᠠᠰᠢ ᠰᠠᠶᠢᠨ ᠠᠬᠢᠭᠤᠯᠤᠭᠰᠠᠨ ᠢ ᠪᠢᠳᠠ ᠣᠯᠵᠤ ᠮᠡᠳᠡᠯ᠎ᠡ᠃ | ᠡᠨᠡ ᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠳᠤ ᠡᠷᠬᠡᠪᠰᠢ ᠤᠯᠤᠰ ᠤᠨ ᠬᠠᠤᠯᠢ ᠴᠠᠭᠠᠵᠠ ᠬᠠᠤᠯᠢ | ᠲᠣᠭᠲᠠᠭᠠᠯ ᠢ ᠵᠢᠷᠤᠮᠯᠠᠬᠤ ᠬᠡᠷᠡᠭᠲᠡᠢ᠂ ᠸᠠᠺᠼᠢᠨ ᠤ ᠲᠠᠷᠢᠯᠭ᠎ᠠ ᠶᠢᠨ ᠵᠠᠷᠯᠢᠭ ᠢ ᠠᠯᠪᠠᠳᠠᠯᠭ᠎ᠠ ᠪᠠᠷ ᠨᠡᠶᠢᠲᠡᠯᠡᠵᠦ ᠪᠣᠯᠬᠤ | ᠦᠭᠡᠢ᠃ ᠡᠨᠡ ᠲᠠᠯ᠎ᠠ ᠪᠠᠷ ᠪᠢᠳᠡ ᠪᠠᠰᠠ ᠡᠷᠬᠡᠪᠰᠢ ᠮᠠᠨ ᠤ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ | ᠶᠣᠰᠣᠭᠠᠷ ᠰᠣᠩᠭᠤᠯᠲᠠ ᠬᠢᠬᠦ ᠬᠡᠷᠡᠭᠲᠡᠢ᠃ | |