ᠤᠯᠠᠭᠠᠨᠴᠠᠪ ᠬᠤᠲᠠ ᠶᠢᠨ ᠠᠩᠬᠠᠳᠠᠭᠴᠢ ᠵᠢᠭᠤᠯᠴᠢᠯᠠᠯ ᠤᠨ ᠲᠦᠷᠭᠡᠨ ᠤ ᠵᠠᠰᠠᠮᠠᠯ ᠵᠠᠮ — ᠵᠢᠨᠢᠩ ᠠᠴᠠ ᠯᠢᠶᠠᠩᠴᠧᠩ ᠬᠥᠷᠬᠦ ᠲᠦᠷᠭᠡᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠪᠡ
ᠨᠡᠶᠢᠲᠡᠯᠡᠭᠰᠡᠨ ᠴᠠᠭ᠄
2022/12/12
   ᠣᠶᠢᠷ᠎ᠠ ᠳᠤ᠂ ᠤᠯᠠᠭᠠᠨᠴᠠᠪ ᠬᠤᠲᠠ ᠶᠢᠨ ᠠᠩᠬᠠᠳᠠᠭᠴᠢ ᠵᠢᠭᠤᠯᠴᠢᠯᠠᠯ ᠤᠨ ᠲᠦᠷᠭᠡᠨ ᠤ ᠵᠠᠰᠠᠮᠠᠯ ᠵᠠᠮ ︵ᠵᠢᠨᠢᠩ ᠠᠴᠠ ᠯᠢᠶᠠᠩᠴᠧᠩ ᠬᠥᠷᠬᠦ ᠲᠦᠷᠭᠡᠨ ᠤ ᠵᠠᠰᠠᠮᠠᠯ ᠵᠠᠮ︶ ᠤᠨ ᠪᠠᠷᠢᠯᠭ᠎ᠠ ᠶᠢᠨ ᠠᠵᠢᠯ ᠢ ᠡᠬᠢᠯᠡᠭᠦᠯᠪᠡ᠃ ᠡᠨᠡ ᠬᠦ ᠵᠢᠭᠤᠯᠴᠢᠯᠠᠯ ᠢᠶᠠᠷ ᠭᠤᠣᠯ ᠪᠣᠯᠭᠠᠭᠰᠠᠨ ᠲᠦᠷᠭᠡᠨ ᠤ ᠵᠠᠰᠠᠮᠠᠯ ᠵᠠᠮ ᠤᠨ ᠡᠬᠢᠯᠡᠯᠲᠡ ᠶᠢᠨ ᠴᠡᠭ ᠨᠢ ᠵᠢᠨᠢᠩ ᠲᠣᠭᠤᠷᠢᠭ ᠲᠤ ᠪᠠᠶᠢᠵᠤ᠂ ᠡᠴᠦᠰ ᠤᠨ ᠴᠡᠭ ᠨᠢ ᠯᠢᠶᠠᠩᠴᠧᠩ ᠰᠢᠶᠠᠨ ᠤ ᠳᠠᠭ᠎ᠠ ᠶᠢᠨ ᠨᠠᠭᠤᠷ ᠤᠨ ᠬᠠᠯᠠᠭᠤᠨ ᠷᠠᠰᠢᠶᠠᠨ ᠤ ᠵᠢᠵᠢᠭ ᠪᠠᠯᠭᠠᠰᠤᠨ ᠳᠤ ᠪᠠᠶᠢᠳᠠᠭ᠃ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 30.3 ᠳ᠋ᠦᠩᠰᠢᠭᠤᠷ ᠲᠥᠭᠦᠷᠢᠭ ᠪᠠᠶᠢᠵᠤ᠂ ᠭᠤᠤᠯ ᠵᠠᠮ ᠱᠤᠭᠤᠮ ᠤᠨ ᠣᠷᠳᠣ ᠨᠢ 48 ᠺᠢᠯᠣᠮᠧᠳ᠋ᠷ ᠪᠠᠶᠢᠵᠤ᠂ ᠬᠤᠤᠰ ᠴᠢᠭᠯᠡᠯ ᠤᠨ 4 ᠲᠡᠷᠭᠡᠨ ᠵᠠᠮ ᠢ ᠵᠢᠷᠤᠵᠤ ᠲᠥᠯᠥᠪᠯᠡᠨ᠂ ᠭᠤᠷᠪᠠᠨ ᠵᠢᠯ ᠤᠨ ᠳᠠᠷᠠᠭ᠎ᠠ ᠵᠠᠰᠠᠵᠤ ᠳᠠᠭᠤᠰᠬᠠᠨ᠎ᠠ᠃ ᠲᠡᠷᠭᠡ ᠨᠡᠪᠲᠡᠷᠡᠭᠰᠡᠨ ᠤ ᠳᠠᠷᠠᠭ᠎ᠠ᠂ ᠵᠢᠨᠢᠩ ᠠᠴᠠ ᠯᠢᠶᠠᠩᠴᠧᠩ ᠰᠢᠶᠠᠨ ᠤ ᠳᠠᠭ᠎ᠠ ᠶᠢᠨ ᠨᠠᠭᠤᠷ ᠤᠨ ᠵᠤᠭᠠᠴᠠᠯ ᠤᠨ ᠣᠷᠣᠨ ᠬᠦᠷᠬᠦ ᠴᠠᠭ ᠨᠢ ᠥᠩᠭᠡᠷᠡᠭᠰᠡᠨ ᠤ 1 ᠴᠠᠭ 10 ᠮᠢᠨᠦ᠋ᠲ ᠠᠴᠠ 30 ᠮᠢᠨᠦ᠋ᠲ ᠪᠤᠯᠵᠤ ᠪᠣᠭᠤᠨᠢᠰᠪᠠ᠃ ᠡᠨᠡ ᠨᠢ ᠪᠡᠭᠡᠵᠢᠩ ᠲᠢᠶᠠᠨᠵᠢᠨ ᠾᠧᠪᠧᠶ ᠶᠢᠨ ᠵᠤᠭᠠᠴᠠᠭᠰᠠᠳ ᠵᠢᠨᠢᠩ ᠢᠶᠠᠷ ᠳᠡᠮᠵᠢᠨ ᠳᠠᠭ᠎ᠠ ᠶᠢᠨ ᠨᠠᠭᠤᠷ ᠤᠨ ᠵᠤᠭᠠᠴᠠᠯ ᠤᠨ ᠣᠷᠣᠨ ᠳᠤ ᠬᠦᠷᠴᠦ᠂ ᠴᠠᠭ ᠨᠢ 40 ᠮᠢᠨᠦ᠋ᠲ ᠪᠣᠭᠤᠨᠢᠰᠴᠤ᠂ ᠵᠢᠨᠢᠩ ᠠᠴᠠ ᠯᠢᠶᠠᠩᠴᠧᠩ ᠬᠥᠷᠬᠦ ᠲᠦᠷᠭᠡᠨ ᠤ ᠵᠠᠰᠠᠮᠠᠯ ᠵᠠᠮ ᠨᠢ G7 ᠲᠦᠷᠭᠡᠨ ᠤ ᠵᠠᠰᠠᠮᠠᠯ ᠵᠠᠮ ᠢ ᠬᠤᠯᠪᠣᠵᠤ ᠪᠣᠯᠤᠨ᠎ᠠ᠂ ᠡᠨᠡ ᠨᠢ ᠪᠡᠭᠡᠵᠢᠩ ᠲᠢᠶᠠᠨᠵᠢᠨ ᠾᠧᠪᠧᠶ ᠣᠷᠣᠨ ᠤ ᠲᠦᠷᠭᠡᠨ ᠤ ᠵᠠᠰᠠᠮᠠᠯ ᠵᠠᠮ ᠤᠨ ᠪᠦᠬᠦᠯᠢ ᠴᠣᠭᠴᠠ ᠶᠢᠨ ᠲᠣᠤᠷ ᠰᠦᠯᠵᠢᠶ᠎ᠡ ᠶᠢᠨ ᠦᠷ᠎ᠡ ᠠᠰᠢᠭ ᠢ ᠭᠦᠢᠴᠡᠳ ᠪᠠᠳᠠᠷᠠᠭᠤᠯᠬᠤ ᠳᠤ ᠠᠰᠢᠭᠲᠠᠶ ᠪᠠᠶᠢᠵᠤ᠂ ᠣᠷᠣᠨ ᠪᠦᠰᠡ ᠶᠢᠨ ᠬᠤᠭᠤᠷᠣᠨᠳᠣᠬᠢ᠂ ᠬᠤᠲᠠ ᠶᠢᠨ ᠬᠤᠭᠤᠷᠣᠨᠳᠣᠬᠢ ᠵᠢᠭᠤᠯᠴᠢᠯᠠᠯ ᠤᠨ ᠡᠬᠢ ᠪᠠᠶᠠᠯᠢᠭ ᠤᠨ ᠣᠷᠣᠨ ᠤ ᠬᠠᠷᠢᠯᠴᠠᠭ᠎ᠠ ᠶᠢ ᠴᠢᠩᠭᠠᠷᠠᠭᠤᠯᠤᠨ᠂ ᠪᠡᠭᠡᠵᠢᠩ ᠲᠢᠶᠠᠨᠵᠢᠨ ᠾᠧᠪᠧᠶ ᠶᠢᠨ ᠬᠤᠲᠠ ᠶᠢᠨ ᠪᠥᠭᠡᠮᠨᠡᠷᠡᠯ ᠵᠢᠴᠢ ᠬᠥᠷᠰᠢ ᠵᠡᠷᠭᠡᠯᠡᠳᠡᠭᠡ ᠠᠶᠢᠮᠠᠭ ᠬᠤᠲᠠ ᠯᠤᠭ᠎ᠠ ᠶᠢᠨ ᠨᠡᠪᠲᠡᠷᠡᠬᠦ ᠵᠠᠮ ᠤᠨ ᠵᠣᠯᠭᠠᠯᠴᠠᠭ᠎ᠠ ᠶᠢ ᠴᠢᠩᠭᠠᠳᠬᠠᠵᠤ᠂ ᠭᠠᠳᠠᠭᠠᠳᠤ ᠲᠡᠭᠡᠭᠡᠪᠦᠷᠢ ᠶᠢᠨ ᠭᠤᠤᠯ ᠨᠡᠪᠲᠡᠷᠡᠬᠦ ᠵᠠᠮ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠡᠨᠡᠬᠦ ᠵᠢᠭᠤᠯᠴᠢᠯᠠᠯ ᠤᠨ ᠲᠦᠷᠭᠡᠨ ᠤ ᠵᠠᠰᠠᠮᠠᠯ ᠵᠠᠮ ᠨᠢ ᠮᠥᠨᠴᠦ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠰᠣᠳᠣᠨ ᠵᠤᠭᠠᠴᠠᠯ ᠤᠨ ᠵᠠᠮ ᠱᠤᠭᠤᠮ ᠪᠣᠯᠤᠨ᠎ᠠ᠂ ᠪᠠᠶᠢᠭᠤᠯᠤᠭᠳᠠᠭᠰᠠᠨ ᠤ ᠳᠠᠷᠠᠭ᠎ᠠ ᠬᠥᠬᠡᠬᠤᠲᠠ᠂ ᠤᠷᠳᠤᠰ᠂ ᠤᠯᠠᠭᠠᠨᠴᠠᠪ ᠭᠤᠷᠪᠠᠨ ᠬᠤᠳᠠ ᠶᠢᠨ ᠲᠦᠷᠭᠡᠨ ᠤ ᠵᠠᠰᠠᠮᠠᠯ ᠵᠠᠮ ᠢ ᠪᠦᠲᠦᠮᠵᠢᠲᠡᠢ ᠵᠣᠯᠭᠠᠭᠤᠯᠵᠤ ᠪᠣᠯᠤᠨ᠎ᠠ᠃
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2