ᠨᠢᠭᠡ ᠳᠤ᠂ 2018᠂ 2019᠂ 2020 ᠣᠨ ᠤ ᠲᠠᠷᠢᠶᠠᠯᠠᠬᠤ ᠶᠢ ᠵᠣᠭᠰᠣᠭᠠᠵᠤ ᠴᠢᠭᠢᠭᠯᠢᠭ ᠢ ᠰᠡᠷᠭᠦᠭᠡᠬᠦ | ᠲᠦᠷᠦᠯ ᠵᠦᠢᠯ ᠢ ᠦᠷᠭᠦᠯᠵᠢᠯᠡᠨ ᠠᠬᠢᠭᠤᠯᠵᠤ᠂ 2022 ᠣᠨ ᠤ ᠲᠥᠪ ᠤᠨ ᠡᠳ᠋ ᠤᠨ ᠵᠠᠰᠠᠭ ᠤᠨ ᠨᠤᠭᠤ ᠭᠠᠵᠠᠷ ᠢ | ᠬᠠᠮᠠᠭᠠᠯᠠᠬᠤ ᠪᠡᠯᠡ ᠮᠥᠩᠭᠦ ᠶᠢᠨ ᠲᠦᠷᠦᠯ ᠵᠦᠢᠯ ᠢ ᠵᠣᠬᠢᠶᠠᠨ ᠪᠠᠶᠢᠭᠤᠯᠵᠤ ᠭᠤᠶᠤᠴᠢᠯᠠᠨ ᠮᠡᠳᠡᠭᠦᠯᠪᠡ︔ | ᠬᠤᠶᠠᠷ ᠲᠤ᠂ ᠤᠤᠯ ᠤᠨ ᠳᠠᠭ᠎ᠠ ᠶᠢᠨ ᠨᠠᠭᠤᠷ ᠪᠠᠷᠠᠭᠤᠨ ᠬᠡᠰᠡᠭ ᠤᠨ ᠬᠠᠮᠢᠶᠠᠷᠤᠯᠲᠠ ᠶᠢᠨ ᠥᠷᠲᠡᠭᠡ ᠶᠢᠨ | ᠰᠠᠭᠤᠷᠢᠨ ᠳᠡᠭᠡᠷ᠎ᠡ ᠡᠬᠢ ᠪᠠᠶᠠᠯᠢᠭ ᠢ ᠰᠢᠯᠢᠳᠡᠭᠵᠢᠭᠦᠯᠦᠨ ᠨᠡᠶᠢᠳᠬᠡᠵᠦ᠂ ᠬᠡᠭᠡᠷ᠎ᠡ ᠶᠢᠨ ᠠᠮᠢᠲᠠᠨ ᠢ ᠠᠪᠤᠷᠠᠨ | ᠲᠤᠰᠠᠯᠠᠬᠤ ᠥᠷᠲᠡᠭᠡ ᠴᠡᠭ ᠢ ᠪᠠᠶᠢᠭᠤᠯᠪᠡ᠃ | ᠭᠤᠷᠪᠠ ᠳᠤ᠂ ᠳᠠᠭ᠎ᠠ ᠶᠢᠨ ᠨᠠᠭᠤᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠭᠤᠣᠯᠳᠠᠯᠭ᠎ᠠ ᠲᠠᠢ | ᠣᠷᠣᠨ ᠪᠦᠰᠡ ᠶᠢᠨ 26 ᠤᠲᠠᠰᠤ ᠦᠭᠡᠢ ᠺᠠᠮᠧᠷᠠ᠂ 10 ᠨᠡᠷᠡᠨ ᠤ ᠡᠨᠧᠷᠭᠢ ᠶᠢᠨ ᠬᠠᠪᠲᠠᠰᠤ ᠶᠢ ᠲᠠᠰ | ᠳᠡᠪᠰᠢᠭᠦᠯᠦᠨ ᠥᠭᠡᠷᠡᠴᠢᠯᠡᠵᠦ᠂ 24 ᠴᠠᠭ ᠤᠨ ᠰᠢᠯᠵᠢᠮᠡᠯ ᠦᠵᠦᠭᠦᠷ ᠢ ᠲᠣᠭᠤᠷᠢᠨ ᠪᠠᠶᠢᠴᠠᠭᠠᠬᠤ ᠶᠢ ᠪᠡᠶᠡᠯᠡᠭᠦᠯᠪᠡ᠃ | | ᠳᠥᠷᠪᠡ ᠳᠤ᠂ ︽ᠳᠠᠭ᠎ᠠ ᠶᠢᠨ ᠨᠠᠭᠤᠷ ᠤᠨ ᠨᠢᠰᠦᠯᠲᠡ ᠶᠢ ᠬᠠᠮᠠᠭᠠᠯᠠᠬᠤ ᠲᠤᠰᠬᠠᠢ ᠠᠵᠢᠯᠯᠠᠭ᠎ᠠ︾ ᠥᠷᠨᠢᠭᠦᠯᠵᠦ | ᠂ ᠨᠡᠭᠦᠳᠡᠯ ᠤᠨ ᠰᠢᠪᠠᠭᠤᠳ ᠤᠨ ᠳᠠᠭ᠎ᠠ ᠶᠢᠨ ᠨᠠᠭᠤᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ | ᠤᠷᠤᠭᠰᠢᠲᠠᠢ ᠨᠡᠭᠦᠳᠡᠯᠯᠡᠬᠦ ᠶᠢ ᠦᠨᠡᠨ ᠬᠦ ᠪᠠᠲᠤᠯᠠᠪᠡ᠃ | ᠲᠠᠪᠤ ᠳᠤ᠂ ᠨᠡᠭᠦᠳᠡᠯ ᠤᠨ ᠰᠢᠪᠠᠭᠤ ᠶᠢ ᠢᠳᠡᠭᠦᠯᠬᠦ ᠠᠵᠢᠯ ᠢ ᠥᠷᠨᠢᠭᠦᠯᠵᠦ᠂ ᠪᠦᠬᠦ ᠵᠢᠯ ᠳᠤ ᠡᠷᠳᠡᠨᠢ ᠰᠢᠰᠢ ᠶᠢ | 500 ᠺᠢᠯᠣᠭ᠍ᠷᠠᠮ᠂ ᠰᠢᠷ᠎ᠠ ᠪᠤᠷᠴᠠᠭ ᠢ 400 ᠺᠢᠯᠣᠭ᠍ᠷᠠᠮ᠂ ᠰᠢᠰᠢ ᠶᠢ 300 ᠺᠢᠯᠣᠭ᠍ᠷᠠᠮ ᠲᠠᠯᠪᠢᠪᠡ᠃ | ᠵᠢᠷᠭᠤᠭ᠎ᠠ ᠳᠤ᠂ ᠬᠡᠭᠡᠷ᠎ᠡ ᠶᠢᠨ ᠠᠮᠢᠳᠠᠨ ᠢ ᠴᠢᠨᠡᠭᠡ ᠮᠡᠳᠡᠨ ᠠᠪᠤᠷᠠᠵᠤ᠂ ᠬᠡᠭᠡᠷ᠎ᠡ ᠶᠢᠨ ᠠᠮᠢᠳᠠᠨ ᠤᠷᠭᠤᠮᠠᠯ ᠤᠨ | ᠡᠬᠢ ᠪᠠᠶᠠᠯᠢᠭ ᠢ ᠡᠪᠳᠡᠭᠰᠡᠨ ᠠᠯᠢᠪᠠ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠡᠷᠡᠰ ᠴᠣᠬᠢᠯᠲᠠ | ᠥᠭᠴᠦ᠂ 2022 ᠣᠨ ᠳᠤ ᠨᠡᠶᠢᠳᠡ 1 ᠬᠥᠬᠡ ᠳᠡᠭᠡᠯᠡᠢ ᠶᠢ ᠠᠪᠤᠷᠠᠨ ᠲᠤᠰᠠᠯᠠᠪᠠ᠃ | ᠳᠣᠯᠤᠭ᠎ᠠ ᠳᠤ᠂ ︽ᠳᠡᠯᠡᠬᠡᠢ ᠶᠢᠨ ᠴᠢᠭᠢᠭᠯᠢᠭ ᠭᠠᠵᠠᠷ ᠤᠨ ᠡᠳᠦᠷ︾ ︽ᠰᠢᠪᠠᠭᠤ ᠪᠠᠨ ᠬᠠᠶᠢᠷᠠᠯᠠᠬᠤ ᠭᠠᠷᠠᠭ︾ ︽ | ᠬᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠡᠳᠦᠷ︾ ᠵᠡᠷᠭᠡ ᠳᠠᠭ᠎ᠠ ᠶᠢᠨ ᠨᠠᠭᠤᠷ ᠢ ᠬᠠᠮᠠᠭᠠᠯᠠᠬᠤ ᠭᠤᠣᠯ ᠰᠡᠳᠦᠪᠲᠦ | ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ︽ᠯᠢᠶᠡᠩᠴᠧᠩ ᠰᠢᠶᠠᠨ ᠤ ᠠᠷᠠᠳ ᠤᠨ ᠵᠠᠰᠠᠭ ᠤᠨ ᠣᠷᠳᠣᠨ ᠤ | ᠳᠠᠭ᠎ᠠ ᠶᠢᠨ ᠨᠠᠭᠤᠷ ᠤᠨ ᠬᠠᠮᠠᠭᠠᠯᠠᠯᠲᠠ ᠶᠢᠨ ᠣᠷᠣᠨ ᠤ ᠬᠠᠮᠠᠭᠠᠯᠠᠯᠲᠠ ᠬᠠᠮᠢᠶᠠᠷᠤᠯᠲᠠ ᠶᠢ ᠪᠥᠬᠦ ᠲᠠᠯ᠎ᠠ ᠪᠠᠷ | ᠴᠢᠩᠭᠠᠳᠬᠠᠬᠤ ᠲᠤᠬᠠᠢ ᠵᠠᠷᠯᠠᠯ︾ ︽ᠤᠯᠠᠭᠠᠨᠴᠠᠪ ᠬᠤᠲᠠ ᠶᠢᠨ ᠳᠠᠭ᠎ᠠ ᠶᠢᠨ ᠨᠠᠭᠤᠷ ᠬᠢᠬᠢᠷᠢ ᠶᠢᠨ ᠨᠠᠭᠤᠷ ᠤᠨ | ᠬᠠᠮᠠᠭᠠᠯᠠᠯᠲᠠ ᠶᠢᠨ ᠳᠦᠷᠢᠮ︾ ᠵᠡᠷᠭᠡ ᠤᠬᠠᠭᠤᠯᠭ᠎ᠠ ᠶᠢᠨ ᠬᠠᠭᠤᠳᠠᠰᠤ ᠶᠢ ᠨᠡᠶᠢᠲᠡ 10000 ᠭᠠᠷᠤᠢ ᠬᠤᠪᠢ | ᠲᠠᠷᠬᠠᠭᠠᠵᠠᠢ ︔ 200 ᠭᠠᠷᠤᠢ ᠤᠬᠠᠭᠤᠯᠭ᠎ᠠ ᠶᠢᠨ ᠯᠣᠽᠦ᠋ᠩ ᠡᠯᠭᠦᠵᠡᠢ᠃ | ᠨᠠᠢᠮᠠ ᠳᠤ᠂ ᠪᠦᠬᠦ ᠵᠢᠯ ᠳᠤ ᠨᠡᠶᠢᠳᠡ 260 ᠭᠠᠷᠤᠢ ᠡᠳᠦᠷ ᠲᠣᠭᠤᠷᠢᠨ ᠬᠠᠮᠠᠭᠠᠯᠠᠵᠤ᠂ ᠲᠣᠭᠤᠷᠢᠨ | ᠬᠠᠮᠠᠭᠠᠯᠠᠬᠤ ᠵᠠᠮ ᠤᠨ ᠤᠷᠳᠤ ᠨᠢ 50000 ᠭᠠᠷᠤᠢ ᠺᠢᠯᠦᠮᠥᠲᠷ ᠲᠤ ᠬᠦᠷᠴᠡᠢ᠃ ᠬᠠᠮᠢᠶᠠᠷᠤᠨ ᠬᠠᠮᠠᠭᠠᠯᠠᠬᠤ | ᠣᠷᠣᠨ ᠳᠤ ᠪᠡᠯᠴᠢᠭᠡᠷᠯᠡᠭᠦᠯᠬᠦ ᠶᠢ ᠪᠥᠬᠦ ᠲᠠᠯ᠎ᠠ ᠪᠠᠷ ᠴᠠᠭᠠᠵᠠᠯᠠᠬᠤ ᠶᠢ ᠬᠡᠷᠡᠭᠵᠢᠭᠦᠯᠵᠦ᠂ ᠪᠡᠯᠴᠢᠭᠡᠷᠯᠡᠭᠦᠯᠬᠦ ᠶᠢ | ᠴᠠᠭᠠᠵᠠᠯᠠᠬᠤ ᠵᠢᠴᠢ ᠬᠠᠮᠠᠭᠠᠯᠠᠯᠲᠠ ᠶᠢᠨ ᠲᠣᠣᠷ ᠬᠠᠰᠢᠶ᠎ᠠ ᠶᠢᠨ ᠤᠬᠠᠭᠤᠯᠭ᠎ᠠ ᠶᠢᠨ ᠪᠢᠴᠢᠭᠡᠰᠦ ᠶᠢ ᠨᠡᠶᠢᠲᠡ 50 | ᠭᠠᠷᠤᠢ ᠵᠤᠷᠪᠤᠰ ᠨᠠᠭᠠᠵᠤ᠂ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ 5 ᠤᠳᠠᠭ᠎ᠠ ᠴᠠᠭᠳᠠᠭ᠎ᠠ ᠳᠤ | ᠮᠡᠳᠡᠭᠦᠯᠵᠦ ᠰᠢᠢᠳᠪᠦᠷᠢᠯᠡᠪᠡ᠃ ᠠᠯᠢᠪᠠ ᠭᠠᠯ ᠤᠨ ᠡᠬᠢ ᠰᠤᠷᠪᠤᠯᠵᠢ ᠶᠢ ᠬᠠᠮᠠᠭᠠᠯᠠᠯᠲᠠ ᠶᠢᠨ ᠣᠷᠣᠨ ᠳᠤ | ᠣᠷᠣᠭᠤᠯᠬᠤ ᠶᠢ ᠲᠠᠰᠤ ᠬᠤᠷᠢᠭᠯᠠᠵᠤ᠂ ᠭᠠᠯ ᠰᠡᠷᠭᠡᠶᠢᠯᠡᠬᠦ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨᠬᠦ | ᠪᠠᠲᠤᠯᠠᠪᠡ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |