2022 ᠣᠨ ᠤ ᠤᠯᠠᠭᠠᠨᠴᠠᠪ ᠤᠨ ᠰᠣᠶᠣᠯ ᠵᠢᠭᠤᠯᠴᠢᠯᠠᠯ ᠤᠨ ᠲᠠᠨᠢᠯᠴᠠᠭᠤᠯᠭ᠎ᠠ ᠶᠢᠨ ᠬᠤᠷᠠᠯ ᠪᠡᠭᠡᠵᠢᠩ ᠳᠤ ᠶᠠᠪᠤᠭᠳᠠᠪᠠ
ᠨᠡᠶᠢᠲᠡᠯᠡᠭᠰᠡᠨ ᠴᠠᠭ᠄
2022/12/12
   8 ᠳ᠋ᠤᠭᠠᠷ ᠰᠠᠷ᠎ᠠ ᠶᠢᠨ 30 ᠤ ᠡᠳᠦᠷ᠂ ᠬᠤᠲᠠ ᠶᠢᠨ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠵᠦ᠂ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠰᠢᠶᠧ ᠴᠧᠩ ᠪᠦᠯᠦᠭᠯᠡᠯ ᠠᠴᠠ ᠳᠠᠭᠠᠭᠠᠴᠢᠯᠠᠨ ᠡᠷᠭᠢᠯᠡᠭᠰᠡᠨ ︽ᠭᠠᠷᠠᠭ ᠤᠨ ᠰᠡᠭᠦᠯᠴᠢ ᠶᠢᠨ ᠰᠡᠯᠡᠭᠦᠴᠡᠯ ᠵᠢᠭᠤᠯᠴᠢᠯᠠᠯ ᠤᠨ ᠳᠥᠷᠪᠡᠨ ᠤᠯᠠᠷᠢᠯ ᠤᠨ ᠰᠠᠶᠢᠬᠠᠨ ᠭᠠᠵᠠᠷ︾ 2022 ᠣᠨ ᠤ ᠤᠯᠠᠭᠠᠨᠴᠠᠪ ᠤᠨ ᠰᠣᠶᠣᠯ ᠵᠢᠭᠤᠯᠴᠢᠯᠠᠯ ᠤᠨ ᠲᠠᠨᠢᠯᠴᠠᠭᠤᠯᠭ᠎ᠠ ᠶᠢᠨ ᠬᠤᠷᠠᠯ ᠪᠡᠭᠡᠵᠢᠩ ᠳᠤ ᠶᠠᠪᠤᠭᠳᠠᠪᠠ᠃    ᠪᠡᠭᠡᠵᠢᠩ ᠬᠤᠳᠠ ᠶᠢᠨ ᠰᠣᠶᠣᠯ ᠵᠢᠭᠤᠯᠴᠢᠯᠠᠯ ᠤᠨ ᠲᠣᠪᠴᠢᠶ᠎ᠠ ᠶᠢᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠱᠢ ᠠᠨ ᠫᠢᠩ᠂ ᠬᠤᠳᠠ ᠶᠢᠨ ᠳᠡᠳ᠋ ᠳᠠᠷᠤᠭ᠎ᠠ ᠹᠠᠩ ᠽᠧ ᠠᠵᠢᠯᠯᠠᠭ᠎ᠠ ᠳᠤ ᠣᠷᠣᠯᠴᠠᠪᠠ᠃    ᠲᠠᠨᠢᠯᠴᠠᠭᠤᠯᠭ᠎ᠠ ᠶᠢᠨ ᠬᠤᠷᠠᠯ ᠳᠡᠭᠡᠷ᠎ᠡ᠂ ᠤᠯᠠᠭᠠᠨᠴᠠᠪ ᠬᠤᠳᠠ ᠶᠢᠨ ᠠᠷᠪᠠᠨ ᠶᠡᠭᠡ ᠰᠣᠳᠣᠨ ᠵᠤᠭᠠᠴᠠᠯ ᠤᠨ ᠱᠤᠭᠤᠮ ᠢ ᠨᠡᠶᠢᠲᠡᠯᠡᠵᠦ᠂ ᠬᠤᠩᠬᠤᠷ ᠤᠨ ᠭᠤᠤ ᠶᠢᠨ ᠲᠠᠯ᠎ᠠ ᠨᠤᠲᠤᠭ ᠤᠨ ᠵᠤᠭᠠᠴᠠᠯ ᠤᠨ ᠣᠷᠣᠨ᠂ ᠯᠢᠨ ᠬᠤ᠋ ᠶᠢᠨ ᠡᠷᠲᠡᠨ ᠤ ᠴᠠᠶᠢᠵᠠ ᠶᠢᠨ ᠵᠤᠭᠠᠴᠠᠯ ᠤᠨ ᠣᠷᠣᠨ᠂ ᠤᠯᠠᠭᠠᠨᠬᠠᠳᠠ ᠭᠠᠯᠲᠤ ᠠᠭᠤᠯᠠ ᠵᠡᠷᠭᠡ ᠵᠤᠭᠠᠴᠠᠯ ᠤᠨ ᠦᠵᠡᠮᠵᠢ ᠶᠢᠨ ᠣᠷᠣᠨ ᠠᠴᠠ ᠲᠤᠰ ᠲᠤᠰ ᠭᠤᠶᠢᠳᠠ ᠰᠠᠶᠢᠬᠠᠨ ᠦᠵᠡᠮᠵᠢ ᠶᠢᠨ ᠣᠷᠣᠨ ᠤ ᠲᠠᠨᠢᠯᠴᠠᠭᠤᠯᠭ᠎ᠠ ᠬᠢᠵᠡᠢ︔ ᠬᠤᠲᠠ ᠶᠢᠨ ᠵᠠᠰᠠᠭ ᠤᠨ ᠣᠷᠳᠣᠨ ᠪᠣᠯᠤᠨ ᠪᠡᠭᠡᠵᠢᠩ ᠤᠨ ᠷᠠᠳᠢᠣ᠋ ᠲᠧᠯᠸᠢᠰ ᠬᠤᠷᠢᠶ᠎ᠠ᠂ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠪᠣᠯᠤᠨ ᠪᠡᠭᠡᠵᠢᠩ ᠬᠤᠲᠠ ᠶᠢᠨ ᠶᠠᠨᠴᠢᠩ ᠲᠣᠭᠤᠷᠢᠭ ᠤᠨ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠪᠣᠯᠤᠨ ᠪᠡᠭᠡᠵᠢᠩ ᠬᠤᠲᠠ ᠶᠢᠨ ᠶᠠᠨᠴᠢᠩ ᠲᠣᠭᠤᠷᠢᠭ ᠤᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠪᠠ︔ ᠥᠪᠥᠷ ᠮᠣᠩᠭᠤᠯ ᠤᠨ ᠬᠦᠢᠲᠡᠨ ᠰᠢᠯᠢ ᠵᠢᠭᠤᠯᠴᠢᠯᠠᠯ ᠰᠣᠶᠣᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠬᠢᠭᠡᠳ ᠯᠢᠦᠢ ᠶᠢᠦ ᠣᠯᠠᠨ ᠤᠯᠤᠰ ᠤᠨ ᠵᠢᠭᠤᠯᠴᠢᠯᠠᠯ ᠤᠨ ᠺᠣᠮᠫᠠᠨᠢ ︵ᠱᠠᠩᠬᠠᠶ︶ ᠶᠢᠨ ᠬᠢᠵᠠᠭᠠᠷᠲᠤ ᠺᠣᠮᠫᠠᠨᠢ ᠶᠢᠨ ᠪᠡᠭᠡᠵᠢᠩ ᠤᠨ ᠬᠤᠪᠢᠶᠠᠷᠢ ᠺᠣᠮᠫᠠᠨᠢ᠂ ᠥᠪᠥᠷ ᠮᠣᠩᠭᠤᠯ ᠤᠨ ᠤᠯᠠᠭᠠᠨᠴᠠᠪ ᠬᠤᠲᠠ ᠶᠢᠨ ᠲᠠᠯ᠎ᠠ ᠨᠤᠲᠤᠭ ᠤᠨ ᠭᠡᠷᠡᠯᠲᠦ ᠰᠤᠪᠤᠳ ᠵᠢᠭᠤᠯᠴᠢᠯᠠᠯ ᠤᠨ ᠬᠢᠵᠠᠭᠠᠷᠲᠤ ᠺᠣᠮᠫᠠᠨᠢ ᠬᠢᠭᠡᠳ ᠪᠡᠭᠡᠵᠢᠩ ᠤᠨ ᠶᠢᠨ ᠾᠧ ᠵᠢᠭᠤᠯᠴᠢᠯᠠᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠲᠦᠩ ᠶᠤᠸᠠᠢ ᠵᠢᠭᠤᠯᠴᠢᠯᠠᠯ ᠤᠨ ᠬᠢᠵᠠᠭᠠᠷᠲᠤ ᠺᠣᠮᠫᠠᠨᠢ ᠬᠢᠭᠡᠳ ᠪᠡᠭᠡᠵᠢᠩ ᠤᠨ ᠰᠢᠶᠧ ᠽᠢ ᠶᠢᠦ ᠵᠢᠭᠤᠯᠴᠢᠯᠠᠯ ᠤᠨ ᠬᠢᠵᠠᠭᠠᠷᠲᠤ ᠺᠣᠮᠫᠠᠨᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠪᠠ᠃    ᠠᠵᠢᠯᠯᠠᠭ᠎ᠠ ᠵᠢᠨ‌‍ᠲ᠋ᠤᠬᠠᠶ ᠶᠢᠨ ᠲᠠᠯᠠᠪᠠᠶ ᠳᠤ ᠲᠣᠬᠢᠷᠠᠭᠤᠯᠤᠭᠰᠠᠨ ᠤᠯᠠᠭᠠᠨᠴᠠᠪ ᠬᠤᠲᠠ ᠶᠢᠨ ᠰᠣᠶᠣᠯ ᠤᠨ ᠡᠭᠦᠳᠦᠯᠲᠡ ᠶᠢᠨ ᠦᠵᠡᠭᠦᠯᠦᠯᠭᠡ ᠶᠢᠨ ᠲᠣᠭᠤᠷᠢᠭ ᠲᠤ᠂ ᠮᠠᠨ ᠤ ᠬᠤᠲᠠ ᠶᠢᠨ ᠬᠤᠶᠢᠲᠤ ᠬᠤᠰᠢᠭᠤᠨ ᠤ ᠤᠯᠠᠭᠠᠨ ᠲᠥᠮᠥᠰᠥ᠂ ᠵᠦᠸᠧᠽᠢ ᠶᠢᠨ ᠤᠲᠤᠭᠰᠠᠨ ᠲᠠᠬᠢᠶ᠎ᠠ᠂ ᠹᠧᠩᠵᠧᠨ ᠤ ᠶᠧᠪᠡᠩ ᠵᠡᠷᠭᠡ ᠥᠪᠡᠷᠮᠢᠴᠡ ᠣᠨᠴᠠᠯᠢᠭ ᠲᠠᠢ ᠠᠮᠲᠠᠲᠤ ᠢᠳᠡᠭᠡᠨ ᠵᠢᠴᠢ ᠠᠷᠠᠳ ᠤᠨ ᠵᠠᠩ ᠦᠢᠯᠡ ᠶᠢᠨ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠳᠡᠯᠭᠡᠨ ᠦᠵᠡᠭᠦᠯᠵᠦ᠂ ᠣᠯᠠᠨ ᠤ ᠠᠩᠬᠠᠷᠤᠯ ᠢ ᠲᠠᠲᠠᠵᠠᠶ᠃  ᠪᠡᠭᠡᠵᠢᠩ ᠬᠤᠲᠠ ᠶᠢᠨ ᠰᠣᠶᠣᠯ ᠵᠢᠭᠤᠯᠴᠢᠯᠠᠯ ᠤᠨ ᠲᠣᠪᠴᠢᠶ᠎ᠠ ᠶᠢᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠱᠢ ᠠᠨ ᠫᠢᠩ ᠢᠯᠡᠷᠬᠡᠶᠢᠯᠡᠬᠦ ᠳᠡᠭᠡᠨ᠂ ᠣᠯᠠᠨ ᠵᠢᠯ ᠤᠨ ᠲᠤᠷᠰᠢ᠂ ᠪᠡᠭᠡᠵᠢᠩ ᠪᠣᠯᠤᠨ ᠤᠯᠠᠭᠠᠨᠴᠠᠪ ᠢᠮᠠᠭᠲᠠ ᠬᠠᠪᠰᠤᠷᠤᠨ ᠲᠡᠳᠬᠦᠬᠦ ᠬᠠᠮᠵᠢᠯᠴᠠᠭᠠᠨ ᠤ ᠨᠢᠭᠲᠠ ᠬᠠᠷᠢᠴᠠᠭ᠎ᠠ ᠪᠠᠨ ᠪᠠᠷᠢᠮᠲᠠᠯᠠᠵᠤ᠂ ᠰᠣᠶᠣᠯ ᠪᠠ ᠵᠤᠭᠠᠴᠠᠯ ᠤᠨ ᠬᠥᠭᠦᠷᠭᠡ ᠬᠤᠯᠪᠣᠭᠠᠰᠤ ᠶᠢᠨ ᠦᠢᠯᠡᠳᠦᠯ ᠡᠳᠦᠷ ᠢᠷᠡᠬᠦᠶ᠎ᠡ ᠲᠤᠪᠤᠶᠢᠮ᠎ᠠ ᠪᠤᠯᠵᠥ᠂ ᠬᠤᠶᠠᠷ ᠭᠠᠵᠠᠷ ᠤᠨ ᠰᠣᠯᠢᠯᠴᠠᠭ᠎ᠠ ᠤᠯᠠᠮ ᠠᠴᠠ ᠤᠯᠠᠮ ᠨᠢᠭᠲᠠᠷᠠᠵᠤ᠂ ᠬᠠᠮᠲᠤᠷᠠᠯᠴᠠᠭ᠎ᠠ ᠤᠯᠠᠮ ᠠᠴᠠ ᠤᠯᠠᠮ ᠥᠷᠭᠡᠵᠢᠵᠦ᠂ ᠰᠡᠳᠬᠢᠯᠭᠡ ᠤᠯᠠᠮ ᠠᠴᠠ ᠤᠯᠠᠮ ᠭᠦᠨ ᠵᠤᠵᠠᠭᠠᠨ ᠪᠤᠯᠵᠥ ᠪᠠᠶᠢᠨ᠎ᠠ᠂ ᠡᠨᠡ ᠤᠳᠠᠭ᠎ᠠ ᠶᠢᠨ ᠲᠠᠨᠢᠯᠴᠠᠭᠤᠯᠭ᠎ᠠ ᠪᠠᠷ ᠲᠠᠮᠵᠢᠨ ᠪᠡᠭᠡᠵᠢᠩ ᠤᠨ ᠬᠤᠳᠠ ᠶᠢᠨ ᠠᠷᠠᠳ ᠤᠯᠠᠭᠠᠨᠴᠠᠪ ᠢ ᠣᠶᠢᠯᠠᠭᠠᠵᠤ᠂ ᠤᠯᠠᠭᠠᠨᠴᠠᠪ ᠲᠤ ᠬᠦᠷᠴᠦ᠂ ᠤᠯᠠᠭᠠᠨᠴᠠᠪ ᠢ ᠬᠠᠶᠢᠷᠠᠯᠠᠬᠤ ᠪᠣᠯᠬᠤ ᠶᠢ ᠢᠲᠡᠭᠡᠵᠦ ᠪᠠᠶᠢᠨ᠎ᠠ ᠭᠡᠵᠡᠢ᠃    ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂  ᠲᠣᠪᠴᠢᠶᠠᠨ ᠳᠠᠷᠤᠭ᠎ᠠ ᠸᠧᠨ ᠪᠢᠶᠤᠤ ᠢᠯᠡᠷᠬᠡᠶᠢᠯᠡᠬᠦ ᠳᠡᠭᠡᠨ᠂ ᠪᠢᠳᠡ ᠤᠯᠠᠭᠠᠨᠴᠠᠪ ᠢ ᠪᠡᠭᠡᠵᠢᠩ ᠲᠢᠶᠠᠨᠵᠢᠨ ᠾᠧᠪᠧᠢ ᠶᠢᠨ ᠬᠤᠲᠠ ᠶᠢᠨ ᠠᠷᠠᠳ ᠤᠨ ᠭᠠᠷᠠᠭ ᠤᠨ ᠰᠡᠭᠦᠯᠴᠢ ᠶᠢᠨ ᠵᠢᠭᠤᠯᠴᠢᠯᠠᠯ ᠤᠨ ᠴᠢᠬᠤᠯᠠ ᠰᠣᠩᠭᠤᠯᠲᠠ ᠪᠣᠯᠭᠠᠵᠤ᠂ ᠤᠯᠠᠭᠠᠨᠴᠠᠪ ᠤᠨ ᠰᠠᠶᠢᠨ ᠰᠠᠶᠢᠬᠠᠨ ᠵᠢᠭᠤᠯᠴᠢᠯᠠᠯ ᠤᠨ ᠡᠬᠢ ᠪᠠᠶᠠᠯᠢᠭ᠂ ᠭᠦᠨ ᠵᠤᠵᠠᠭᠠᠨ ᠰᠣᠶᠣᠯ ᠤᠨ ᠠᠭᠤᠯᠬᠤᠨ᠂ ᠪᠥᠬᠦ ᠤᠯᠤᠰ ᠲᠤ ᠠᠯᠳᠠᠷᠰᠢᠭᠰᠠᠨ ᠠᠮᠲᠠᠲᠤ ᠢᠳᠡᠭᠡᠨ ᠢ ᠥᠷᠭᠡᠨ ᠣᠯᠠᠨ ᠵᠢᠭᠤᠯᠴᠢᠯᠠᠭᠴᠢᠳ ᠲᠤ ᠲᠠᠨᠢᠯᠴᠠᠭᠤᠯᠵᠤ᠂ ᠨᠠᠩ ᠣᠯᠠᠨ ᠬᠥᠮᠦᠰ ᠲᠤ ︽ᠲᠠᠯ᠎ᠠ ᠨᠤᠲᠤᠭ ᠤᠨ ᠡᠭᠦᠯᠡᠨ ᠬᠥᠨᠳᠡᠶ︾ ᠶᠢᠨ ᠥᠪᠡᠷᠮᠢᠴᠡ ᠷᠢᠳᠢ ᠰᠢᠳᠢ ᠶᠢ ᠲᠠᠨᠢᠭᠤᠯᠤᠨ᠎ᠠ ᠭᠡᠵᠡᠶ᠃    ︽ᠪᠡᠭᠡᠵᠢᠩ ᠠᠴᠠ ᠪᠠᠷᠠᠭᠤᠨᠰᠢ ᠪᠠᠨ ᠨᠢᠭᠡ ᠠᠯᠬᠤᠪᠠᠯ ᠤᠯᠠᠭᠠᠨᠴᠠᠪ ᠪᠣᠯᠤᠨ᠎ᠠ᠂ ᠨᠢᠰᠬᠡᠯ ᠠᠶᠠᠯᠠᠯ ᠨᠡᠪᠲᠡᠷᠡᠬᠦ ᠶᠢ ᠳᠠᠭᠠᠯᠳᠤᠨ᠂ ᠲᠦᠷᠭᠡᠨ ᠤ ᠲᠡᠮᠦᠷ ᠵᠠᠮ ᠲᠡᠷᠭᠡ ᠨᠡᠪᠲᠡᠷᠡᠵᠦ᠂ 40 ᠮᠢᠨᠦ᠋ᠲ ᠤᠨ ᠨᠢᠰᠦᠯᠲᠡ ᠪᠠᠷ᠂ 90 ᠮᠢᠨᠦ᠋ᠲ ᠤᠨ ᠲᠦᠷᠭᠡᠨ ᠤ ᠲᠡᠮᠦᠷ ᠵᠠᠮ᠂ 3 ᠴᠠᠭ ᠤᠨ ᠬᠤᠪᠢ ᠶᠢᠨ ᠮᠠᠰᠢᠨ ᠲᠡᠷᠭᠡ ᠬᠦᠷᠴᠦ ᠢᠷᠡᠨ᠎ᠡ᠂ ᠤᠯᠠᠭᠠᠨᠴᠠᠪ ᠬᠤᠲᠠ ᠨᠢᠭᠡᠨᠲᠡ ᠨᠡᠷ᠎ᠡ ᠨᠢᠳᠡᠷ ᠲᠡᠭᠡᠨ ᠨᠡᠶᠢᠴᠡᠭᠰᠡᠨ ︿ᠨᠡᠶᠢᠰᠯᠡᠯ ᠤᠨ ᠠᠷᠤ ᠶᠢᠨ ᠴᠡᠴᠡᠷᠯᠢᠭ᠂ ᠰᠡᠯᠡᠭᠦᠴᠡᠯ ᠤᠨ ᠭᠠᠵᠠᠷ﹀ ᠪᠣᠯᠤᠭᠰᠠᠨ ᠪᠠᠶᠢᠨ᠎ᠠ᠃︾ ᠪᠡᠭᠡᠵᠢᠩ ᠤᠨ ᠶᠢᠨ ᠾᠧ ᠵᠢᠭᠤᠯᠴᠢᠯᠠᠯ ᠤᠨ ᠬᠢᠵᠠᠭᠠᠷᠲᠤ ᠺᠣᠮᠫᠠᠨᠢ ᠶᠢᠨ ᠵᠠᠬ᠎ᠠ ᠳᠡᠯᠭᠡᠭᠦᠷ ᠤᠨ ᠳᠡᠯᠭᠡᠷᠡᠭᠦᠯᠦᠯᠲᠡ ᠶᠢᠨ ᠳᠠᠭᠠᠭᠠᠮᠠᠯ ᠵᠠᠩ ᠯᠢ ᠢᠯᠡᠷᠬᠡᠶᠢᠯᠡᠬᠦ ᠳᠡᠭᠡᠨ᠂ ᠲᠠᠷᠠᠭᠠᠴᠢ ᠶᠢᠨ ᠠᠯᠬᠤᠮ ᠳᠤ ᠵᠢᠭᠤᠯᠴᠢᠯᠠᠯ ᠤᠨ ᠺᠣᠮᠫᠠᠨᠢ ᠰᠦᠯᠵᠢᠶᠡᠨ ᠳᠡᠭᠡᠷ᠎ᠡ ᠤᠯᠠᠭᠠᠨᠴᠠᠪ ᠤᠨ ᠭᠠᠷᠠᠭ ᠤᠨ ᠰᠡᠭᠦᠯᠴᠢ ᠶᠢᠨ ᠵᠢᠭᠤᠯᠴᠢᠯᠠᠯ ᠢ ᠭᠤᠤᠯᠯᠠᠨ ᠶᠠᠪᠤᠭᠤᠯᠵᠤ᠂ ᠨᠠᠩ ᠣᠯᠠᠨ ᠪᠡᠭᠡᠵᠢᠩ ᠬᠤᠲᠠ ᠶᠢᠨ ᠠᠷᠠᠳ ᠲᠤ ᠤᠯᠠᠭᠠᠨᠴᠠᠪ ᠤᠨ ᠭᠤᠶᠣ ᠰᠠᠶᠢᠬᠠᠨ ᠪᠠ ᠷᠢᠳᠢ ᠰᠢᠳᠢ ᠶᠢ ᠮᠡᠳᠡᠷᠡᠭᠦᠯᠦᠨ᠎ᠡ ᠭᠡᠵᠡᠶ᠃                                                            ᠣᠷᠴᠢᠭᠤᠯᠤᠭᠴᠢ᠄ ᠭᠤᠸ᠎ᠠ                                                            ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2