ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/12/7
    12 ᠰᠠᠷ᠎ᠠ ᠶᠢᠨ 2 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ︽ᠲᠠᠪᠤᠨ ᠶᠡᠭᠡ ᠡᠭᠦᠷᠭᠡ︾ ᠪᠠ ︽ᠲᠠᠪᠤᠨ ᠬᠥᠮᠥᠨ︾ ᠤ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢ ᠰᠤᠳᠤᠯᠤᠨ ᠪᠠᠶᠢᠷᠢᠯᠠᠭᠤᠯᠪᠠ᠃     ᠬᠤᠷᠠᠯ ᠠᠴᠠ᠂ ᠡᠯ᠎ᠡ ᠱᠠᠲᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠠᠴᠠ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠪᠠᠷᠠᠭᠠᠯᠬᠢᠯᠠᠯ ᠤᠨ ᠴᠢᠨᠠᠷᠲᠠᠢ ᠪᠣᠳᠣᠯᠬᠢᠯᠠᠯ ᠪᠣᠯᠣᠨ ᠪᠦᠬᠦ ᠲᠠᠯ᠎ᠠ ᠶᠢᠨ ᠴᠢᠨᠠᠷᠲᠠᠢ ᠲᠥᠯᠦᠪᠵᠢᠭᠦᠯᠭᠡ ᠶᠢ ᠴᠢᠩᠭᠠᠳᠬᠠᠵᠤ᠂ ᠠᠵᠢᠯ ᠤᠨ ᠰᠡᠳᠬᠢᠴᠡ ᠪᠠᠨ ᠲᠣᠳᠣᠷᠬᠠᠶᠢᠯᠠᠵᠤ᠂ ᠠᠵᠢᠯ ᠤᠨ ᠠᠷᠭ᠎ᠠ ᠵᠠᠮ ᠢᠶᠠᠨ ᠲᠣᠳᠣᠷᠬᠠᠶᠢᠯᠠᠵᠤ᠂ ᠠᠵᠢᠯ ᠤᠨ ᠡᠬᠡ ᠲᠠᠩᠰᠠ ᠶᠢ ᠪᠠᠶᠢᠭᠤᠯᠵᠤ᠂ ︽ᠲᠠᠪᠤᠨ ᠶᠡᠭᠡ ᠡᠭᠦᠷᠭᠡ︾  ᠶᠢ ᠪᠦᠬᠦ ᠬᠦᠴᠦᠨ ᠢᠶᠠᠷ ᠢᠶᠠᠨ ᠰᠠᠶᠢᠲᠤᠷ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ᠂ ᠠᠵᠢᠯ ᠤᠨ ᠪᠠᠶᠢᠷᠢ ᠶᠢᠨ ᠡᠬᠢ ᠪᠠᠶᠠᠯᠢᠭ ᠢ ᠠᠭᠤᠳᠠᠯᠬᠤ᠂ ᠠᠵᠢᠯ ᠣᠯᠭᠤᠯᠲᠠ ᠶᠢᠨ ᠵᠢᠯᠣᠭᠤᠳᠤᠯᠭ᠎ᠠ ᠶᠢᠨ ᠦᠢᠯᠡᠴᠢᠯᠡᠭᠡ᠂ ᠰᠤᠷᠤᠭᠴᠢᠳ ᠤᠨ ᠠᠵᠢᠯ ᠣᠯᠭᠤᠯᠲᠠ ᠶᠢᠨ ᠭᠡᠷ᠎ᠡ ᠲᠣᠭᠲᠠᠬᠤ ᠳᠡᠭᠡᠷ᠎ᠡ ᠦᠷᠭᠦᠯᠵᠢᠯᠡᠨ ᠬᠦᠴᠦ ᠲᠠᠯᠪᠢᠵᠤ᠂ ᠠᠷᠭ᠎ᠠ ᠪᠦᠬᠦᠨ ᠢ ᠰᠦᠪᠡᠭᠴᠢᠯᠡᠨ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠰᠤᠷᠤᠭᠴᠢᠳ ᠤᠨ ᠠᠵᠢᠯ ᠣᠯᠭᠤᠯᠲᠠ ᠶᠢ ᠬᠠᠪᠰᠤᠷᠬᠤ ᠬᠡᠷᠡᠭᠲᠡᠢ᠃ ᠪᠡᠭᠡᠵᠢᠩ ᠣᠷᠣᠨ ᠯᠤᠭ᠎ᠠ ᠶᠢᠨ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠯᠤᠭ᠎ᠠ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ ᠂ ᠰᠤᠷᠭᠠᠭᠤᠯᠢ ᠶᠢᠨ ᠵᠠᠬᠢᠷᠤᠯ᠂ ᠪᠠᠭᠰᠢ ᠶᠢ ᠤᠶᠠᠨ ᠬᠠᠲᠠᠨ ᠴᠢᠨᠠᠷᠲᠠᠢ ᠪᠠᠷ ᠣᠷᠣᠭᠤᠯᠤᠨ ᠠᠪᠴᠢᠷᠠᠬᠤ ᠡᠷᠴᠢᠮ ᠢᠶᠠᠨ ᠴᠢᠩᠭᠠᠷᠠᠭᠤᠯᠵᠤ᠂ ᠨᠢᠭᠡ ᠪᠦᠯᠦᠭ ᠴᠢᠨᠠᠷ ᠰᠠᠶᠢᠲᠠᠢ ᠳᠤᠮᠳᠠᠳᠤ ᠪᠠᠭ᠎ᠠ ᠰᠤᠷᠭᠠᠭᠤᠯᠢ ᠶᠢ ᠬᠦᠴᠦᠯᠡᠨ ᠪᠠᠶᠢᠭᠤᠯᠵᠤ᠂ ᠤᠯᠠᠭᠠᠨᠴᠠᠪ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃ ᠪᠡᠭᠡᠵᠢᠩ ᠬᠤᠳᠠ ᠶᠢᠨ ᠨᠡᠷᠡᠳᠦ ᠡᠮᠨᠡᠯᠭᠡ ᠶᠢᠨ ᠬᠤᠷᠢᠶ᠎ᠠ ᠲᠠᠢ ᠤᠷᠳᠤ ᠬᠤᠭᠤᠴᠠᠭᠠᠨ ᠤ ᠲᠣᠭᠲᠠᠭᠤᠨ ᠬᠠᠮᠲᠤᠷᠠᠯᠴᠠᠭᠠᠨ ᠤ ᠬᠠᠷᠢᠴᠠᠭ᠎ᠠ ᠪᠠᠶᠢᠭᠤᠯᠵᠤ᠂ ᠠᠷᠠᠳ ᠤᠯᠠᠨ ᠢ ᠭᠡᠷ ᠤᠨ ᠡᠭᠦᠳᠡᠨ ᠳᠤ ᠡᠪᠡᠳᠴᠢᠨ ᠢᠶᠠᠨ ᠦᠵᠡᠭᠦᠯᠵᠦ ᠳᠡᠶᠢᠯᠬᠦ ᠪᠣᠯᠭᠠᠵᠤ᠂ ᠡᠪᠡᠳᠴᠢᠨ ᠢᠶᠠᠨ ᠰᠠᠶᠢᠨ ᠦᠵᠡᠭᠦᠯᠵᠦ ᠳᠡᠶᠢᠯᠬᠦ ᠪᠣᠯᠭᠠᠬᠤ ᠬᠡᠷᠡᠭᠲᠡᠢ᠃ ᠲᠡᠷᠭᠡ ᠵᠣᠭᠰᠤᠭᠠᠬᠤ ᠡᠬᠢ ᠪᠠᠶᠠᠯᠢᠭ ᠤᠨ ᠬᠠᠩᠭᠠᠯᠭ᠎ᠠ ᠶᠢ ᠳᠡᠭᠡᠭᠰᠢᠯᠡᠭᠦᠯᠵᠦ᠂ ᠰᠢᠨ᠎ᠡ ᠡᠨᠧᠷᠭᠢ ᠶᠢᠨ ᠴᠠᠬᠢᠯᠭᠠᠨ ᠴᠡᠨᠡᠭᠯᠡᠬᠦ ᠪᠠᠭᠠᠨ᠎ᠠ ᠶᠢ ᠨᠡᠮᠡᠨ ᠪᠠᠶᠢᠭᠤᠯᠵᠤ᠂ ᠭᠡᠷ ᠲᠡᠷᠭᠡᠨ ᠤ ᠪᠠᠭᠤᠴᠠ ᠶᠢᠨ ᠤᠰᠤ ᠴᠠᠬᠢᠯᠭᠠᠨ ᠵᠡᠷᠭᠡ ᠢᠵᠢ ᠪᠦᠷᠢᠳᠦᠭᠰᠡᠨ ᠲᠥᠬᠦᠭᠡᠷᠦᠮᠵᠢ ᠶᠢ ᠨᠥᠬᠦᠪᠦᠷᠢᠯᠡᠵᠦ᠂ ᠤᠯᠠᠨ ᠲᠦᠮᠡᠨ ᠤ ᠲᠡᠷᠭᠡ ᠵᠣᠭᠰᠤᠭᠠᠬᠤ ᠳᠤ ᠬᠦᠴᠢᠷ ᠪᠠᠶᠢᠬᠤ ᠠᠰᠠᠭᠤᠳᠠᠯ ᠢ ᠦᠨᠡᠨᠬᠦ ᠰᠢᠢᠳᠪᠦᠷᠢᠯᠡᠬᠦ ᠬᠡᠷᠡᠭᠲᠡᠢ᠃ ᠲᠥᠪ ᠬᠤᠳᠠ ᠶᠢᠨ ᠲᠣᠭᠤᠷᠢᠭ᠂ ᠮᠠᠯᠵᠢᠬᠤ ᠲᠠᠷᠢᠶᠠᠯᠠᠬᠤ ᠣᠷᠣᠨ᠂ ᠵᠠᠮ ᠬᠠᠷᠢᠯᠴᠠᠭ᠎ᠠ ᠳᠠᠭᠠᠤ᠂ ᠵᠤᠭᠠᠴᠠᠯ ᠤᠨ ᠦᠵᠡᠮᠵᠢ ᠶᠢᠨ ᠣᠷᠣᠨ ᠤ ᠵᠣᠷᠯᠣᠩ ᠢ ᠵᠦᠢ ᠵᠣᠬᠢᠰᠲᠠᠢ ᠲᠥᠯᠥᠪᠵᠢᠭᠦᠯᠦᠨ ᠪᠠᠶᠢᠷᠢᠰᠢᠭᠤᠯᠵᠤ᠂ ᠰᠠᠭᠤᠷᠢ ᠲᠥᠬᠦᠭᠡᠷᠦᠮᠵᠢ ᠶᠢᠨ ᠲᠦᠪᠰᠢᠨ ᠢ ᠳᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠤ ᠱᠠᠭᠠᠷᠳᠠᠪᠠ᠃                         ᠵᠣᠬᠢᠶᠠᠭᠴᠢ᠄ ᠱᠣᠸ ᠮᠢᠨ ᠯᠢ                         ᠤᠷᠴᠢᠭᠤᠯᠤᠭᠴᠢ᠄ ᠬᠦᠰᠡᠯ                         ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2