11 ᠰᠠᠷ᠎ᠠ ᠶᠢᠨ 30 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠶ ᠵᠢᠶᠦ᠋ᠨ | ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠪᠠ᠃ | ᠬᠤᠷᠠᠯ ᠠᠴᠠ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ | ᠠᠵᠢᠯ ᠢ ᠨᠡᠩ ᠳᠤᠪᠤᠶᠢᠮ᠎ᠠ ᠪᠠᠶᠢᠷᠢᠨ ᠳᠤ ᠲᠠᠯᠪᠢᠵᠤ᠂ ᠤᠷᠢᠵᠤ ᠠᠪᠴᠢᠷᠠᠬᠤ ᠶᠠᠰᠤ ᠴᠢᠨᠠᠷ ᠦᠷ᠎ᠡ ᠠᠰᠢᠭ ᠢ ᠪᠦᠬᠦ | ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠴᠢᠭᠯᠡᠯ ᠢ ᠣᠨᠣᠪᠴᠢᠲᠠᠢ | ᠣᠯᠵᠤ᠂ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠡᠲᠡᠭᠡᠳ ᠲᠤ | ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠪᠦᠯᠦᠭ ᠳᠠᠶᠢᠴᠢᠯᠠᠬᠤ ᠴᠢᠨᠠᠷᠲᠠᠢ᠂ ᠵᠢᠱᠢᠶ᠎ᠡ ᠦᠵᠡᠭᠦᠯᠬᠦ ᠴᠢᠨᠠᠷ ᠢᠶᠠᠷ | ᠴᠢᠩᠭ᠎ᠠ ᠲᠤᠮᠤ ᠲᠦᠷᠦᠯ ᠵᠦᠢᠯ᠂ ᠰᠠᠶᠢᠨ ᠲᠦᠷᠦᠯ ᠵᠦᠢᠯ ᠢ ᠪᠦᠬᠦ ᠬᠦᠴᠦᠨ ᠢᠶᠠᠷ ᠢᠶᠠᠨ ᠳᠠᠳᠠᠨ ᠠᠪᠴᠢᠷᠠᠬᠤ | ᠬᠡᠷᠡᠭᠲᠡᠢ᠃ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠭᠤᠣᠯ | ᠠᠵᠢᠯ ᠤᠨ ᠤᠬᠠᠮᠰᠠᠷ᠂ ᠪᠣᠭᠤᠮᠲᠠ ᠰᠢᠪᠲᠤᠯᠬᠤ ᠤᠬᠠᠮᠰᠠᠷ᠂ ᠠᠩᠬᠠᠷᠬᠤ ᠤᠬᠠᠮᠰᠠᠷ ᠢ ᠪᠤᠢ ᠪᠣᠯᠭᠠᠵᠤ᠂ ︽ᠬᠡᠨ | ᠤᠷᠢᠵᠤ ᠠᠪᠴᠢᠷᠠᠬᠤ︾᠂ ︽ᠶᠠᠭᠠᠬᠢᠵᠤ ᠤᠷᠢᠵᠤ ᠠᠪᠴᠢᠷᠠᠬᠤ︾᠂ ︽ᠤᠷᠢᠵᠤ ᠠᠪᠴᠢᠷᠠᠵᠤ ᠳᠡᠶᠢᠯᠬᠦ︾ | ᠠᠰᠠᠭᠤᠳᠠᠯ ᠢ ᠦᠨᠡᠨᠬᠦ ᠰᠢᠢᠳᠪᠦᠷᠢᠯᠡᠬᠦ ᠬᠡᠷᠡᠭᠲᠡᠢ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠳᠡᠭᠡᠳᠦ ᠳᠤᠤᠷᠠᠳᠤ ᠱᠠᠳᠤ ᠪᠠᠷ ᠢᠶᠠᠨ ᠰᠡᠳᠬᠢᠯ ᠨᠢᠭᠡᠳᠦᠨ ᠡᠯ᠎ᠡ ᠵᠦᠢᠯ ᠤᠨ ᠠᠵᠢᠯ ᠢᠶᠠᠨ | ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠨᠠᠮ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠳᠠᠬᠢ ᠬᠠᠷᠢᠴᠠᠯᠠᠰᠢᠭᠦᠢ | ᠤᠳᠤᠷᠢᠳᠤᠯᠭ᠎ᠠ ᠶᠢ ᠪᠠᠷᠢᠮᠲᠠᠯᠠᠵᠤ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ | ᠴᠡᠭᠴᠡᠯᠡᠯᠲᠡ ᠶᠢᠨ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠤᠯᠤᠰ ᠲᠦᠷᠦ | ᠬᠠᠤᠯᠢ ᠴᠠᠭᠠᠵᠠ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ | ᠡᠯ᠎ᠡ ᠱᠠᠲᠤᠨ ᠤ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠡᠭᠦᠷᠭᠡ ᠬᠠᠷᠢᠭᠤᠴᠠᠯᠭ᠎ᠠ ᠪᠠᠨ ᠨᠠᠷᠢᠨ | ᠬᠢᠨᠠᠮᠠᠭᠠᠢ ᠭᠦᠢᠴᠡᠳᠬᠡᠵᠦ᠂ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠦᠨᠡᠨᠬᠦ ᠰᠠᠶᠢᠲᠤᠷ ᠪᠠᠳᠠᠷᠠᠭᠤᠯᠬᠤ | ᠬᠡᠷᠡᠭᠲᠡᠢ᠃ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠢ ᠬᠡᠷᠡᠭᠵᠢᠭᠦᠯᠬᠦ ᠬᠦᠴᠦᠨ ᠢ ᠲᠠᠰᠤᠷᠠᠯᠲᠠ ᠦᠭᠡᠢ | ᠳᠡᠭᠡᠭᠰᠢᠯᠡᠭᠦᠯᠵᠦ᠂ ᠳᠦᠷᠢᠮ ᠤᠨ ᠳᠠᠪᠠᠭᠤᠯᠢᠭ ᠢ ᠨᠡᠩ ᠰᠠᠶᠢᠲᠤᠷ ᠵᠠᠰᠠᠯᠲᠠ ᠶᠢᠨ ᠦᠷ᠎ᠡ ᠪᠦᠲᠦᠮᠵᠢ ᠪᠣᠯᠭᠠᠨ | ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | | ᠣᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ |