ᠬᠤᠳᠠ ᠶᠢᠨ ᠱᠠᠲᠤᠨ ᠤ ᠤᠳᠤ ᠶᠢᠨ ᠲᠤᠰᠢᠶᠠᠯ ᠲᠠᠢ ᠤᠳᠤᠷᠢᠳᠤᠯᠭ᠎ᠠ ᠪᠣᠯᠣᠨ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠵᠢᠶᠠᠩ ᠽᠧ ᠮᠢᠨ ᠨᠥᠬᠦᠷ ᠤᠨ ᠭᠠᠰᠢᠭᠤᠳᠠᠯ ᠤᠨ ᠶᠡᠭᠡ ᠬᠤᠷᠠᠯ ᠢ ᠭᠥᠯᠢᠶᠡᠨ ᠠᠪᠴᠤ ᠦᠵᠡᠪᠡ
ᠨᠡᠶᠢᠲᠡᠯᠡᠭᠰᠡᠨ ᠴᠠᠭ᠄
2022/12/7
    12 ᠰᠠᠷ᠎ᠠ ᠶᠢᠨ 6 ᠤ ᠡᠳᠦᠷ ᠤᠨ ᠦᠳᠡ ᠶᠢᠨ ᠡᠮᠦᠨ᠎ᠡ᠂ ᠬᠤᠳᠠ ᠶᠢᠨ ᠱᠠᠲᠤᠨ ᠤ ᠤᠳᠤ ᠶᠢᠨ ᠲᠤᠰᠢᠶᠠᠯ ᠳᠤ ᠪᠠᠶᠢᠭ᠎ᠠ ᠤᠳᠤᠷᠢᠳᠤᠯᠭ᠎ᠠ ᠪᠣᠯᠣᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠵᠢᠶᠠᠩ ᠽᠧ ᠮᠢᠨ ᠨᠥᠬᠦᠷ ᠤᠨ ᠭᠠᠰᠢᠭᠤᠳᠠᠯ ᠤᠨ ᠶᠡᠭᠡ ᠬᠤᠷᠠᠯ ᠢ ᠭᠥᠯᠢᠶᠡᠨ ᠠᠪᠴᠤ ᠦᠵᠡᠪᠡ᠃     ᠦᠳᠡ ᠶᠢᠨ ᠡᠮᠦᠨᠡᠬᠢ 10 ᠴᠠᠭ ᠲᠤ᠂ ᠬᠤᠲᠠ ᠶᠢᠨ ᠨᠠᠮ ᠵᠠᠰᠠᠭ ᠤᠨ ᠲᠣᠮᠣ ᠠᠰᠠᠷ ᠤᠨ ᠸᠢᠳᠢᠤ᠋ ᠬᠤᠷᠠᠯ ᠤᠨ ᠲᠠᠯᠠᠪᠠᠶ ᠳᠤ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠪᠠᠢ ᠬᠤᠤ ᠵᠡᠷᠭᠡ ᠬᠤᠳᠠ ᠶᠢᠨ ᠲᠡᠰ ᠤᠨ ᠤᠳᠤ ᠶᠢᠨ ᠲᠤᠰᠢᠶᠠᠯ ᠳᠤ ᠪᠠᠶᠢᠭ᠎ᠠ ᠤᠳᠤᠷᠢᠳᠤᠯᠭ᠎ᠠ ᠬᠡᠬᠦᠳᠡᠭ ᠴᠡᠭᠡᠵᠢᠨ ᠳᠡᠭᠡᠨ ᠴᠠᠭᠠᠨ ᠬᠤᠸᠠᠷ ᠵᠡᠭᠦᠵᠦ᠂ ᠲᠣᠪ ᠳᠤᠭᠤᠢ ᠵᠣᠭᠰᠣᠵᠤ᠂ ᠲᠤᠶᠢᠯ ᠤᠨ ᠡᠮᠭᠡᠨᠢᠯᠲᠡᠢ ᠰᠡᠳᠬᠢᠯᠭᠡ ᠪᠠᠷ ᠵᠢᠶᠠᠩ ᠽᠧ ᠮᠢᠨ ᠨᠥᠬᠦᠷ ᠤᠨ ᠭᠠᠰᠢᠭᠤᠳᠠᠯ ᠤᠨ ᠶᠡᠭᠡ ᠬᠤᠷᠠᠯ ᠢ ᠬᠠᠮᠲᠤ ᠪᠠᠷ ᠰᠣᠨᠢᠷᠬᠠᠵᠤ᠂ ᠶᠡᠷᠦᠩᠬᠡᠢ ᠱᠦᠵᠢ ᠰᠢ ᠶᠢᠨ ᠫᠢᠩ ᠠᠴᠠ ᠬᠢᠭᠰᠡᠨ ᠭᠠᠰᠢᠭᠤᠳᠠᠯ ᠤᠨ ᠦᠭᠡ ᠶᠢ ᠬᠢᠨᠠᠮᠠᠭᠠᠢ ᠰᠣᠨᠣᠰᠴᠤ᠂ ᠵᠢᠶᠠᠩ ᠽᠧ ᠮᠢᠨ ᠨᠥᠬᠦᠷ ᠤᠨ ᠭᠡᠷᠡᠯ ᠰᠠᠴᠤᠷᠠᠩᠭᠤᠢ ᠭᠠᠪᠢᠶ᠎ᠠ ᠵᠢᠳᠬᠦᠯ ᠪᠣᠯᠣᠨ ᠡᠷᠬᠢᠮ ᠳᠡᠭᠡᠳᠦ ᠬᠡᠪ ᠨᠠᠮᠪᠠ ᠶᠢ ᠭᠦᠨ ᠮᠥᠷᠥᠭᠡᠳᠦᠨ ᠰᠠᠨᠠᠭᠠᠯᠵᠠᠵᠤ᠂ ᠡᠨᠡ ᠬᠦ ᠭᠠᠷᠮᠠᠭᠠᠢ ᠤᠳᠤᠷᠢᠳᠤᠭᠴᠢ ᠶᠢ ᠬᠢᠵᠠᠭᠠᠯᠠᠰᠢ ᠦᠭᠡᠢ ᠡᠮᠭᠡᠨᠢᠨ ᠭᠠᠰᠢᠭᠤᠳᠠᠵᠤ ᠪᠠᠶᠢᠬᠤ ᠪᠠᠨ ᠢᠯᠡᠳᠬᠡᠵᠡᠢ᠃                            ᠵᠤᠬᠢᠶᠠᠭᠴᠢ᠄ ᠲᠧᠩ ᠵᠢᠶᠠ   ᠯᠢ ᠵᠢᠩ                           ᠤᠷᠴᠢᠭᠤᠯᠤᠭᠴᠢ᠄ ᠬᠦᠰᠡᠯ                           ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2