ᠬᠤᠲᠠ ᠶᠢᠨ ᠲᠣᠭᠠᠴᠢᠯᠠᠭᠰᠠᠨ ᠠᠵᠤ ᠠᠬᠤᠶ ᠶᠢᠨ ᠬᠥᠭᠵᠢᠯᠲᠡ ᠶᠢᠨ ᠨᠡᠶᠢᠭᠡᠮᠯᠢᠭ ᠪᠠᠶᠢᠭᠤᠯᠤᠭᠳᠠᠬᠤ ᠶᠡᠭᠡ ᠬᠤᠷᠠᠯ ᠵᠢᠴᠢ ᠲᠣᠭᠠᠴᠢᠯᠠᠭᠰᠠᠨ ᠠᠵᠤ ᠠᠬᠤᠶ ᠶᠢᠨ ᠪᠣᠯᠪᠠᠰᠤᠷᠠᠭᠤᠯᠤᠯ ᠤᠨ ᠬᠤᠷᠠᠯ ᠶᠠᠪᠤᠭᠳᠠᠪᠠ
ᠨᠡᠶᠢᠲᠡᠯᠡᠭᠰᠡᠨ ᠴᠠᠭ᠄
2022/12/7
    7 ᠳ᠋ᠤᠭᠠᠷ ᠰᠠᠷ᠎ᠠ ᠶᠢᠨ 21 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠰᠦᠯᠵᠢᠶᠡᠨ ᠤ ᠮᠡᠳᠡᠭᠡ ᠵᠠᠩᠭᠢᠵᠢᠯᠲᠠ ᠶᠢᠨ ᠠᠯᠪᠠᠨ ᠬᠡᠷ ︵ᠬᠤᠲᠠ ᠶᠢᠨ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ︶ ᠠᠴᠠ ᠭᠤᠤᠯᠯᠠᠨ ᠡᠷᠭᠢᠯᠡᠭᠰᠡᠨ ᠤᠯᠠᠭᠠᠨᠴᠠᠪ ᠬᠤᠲᠠ ᠶᠢᠨ ᠲᠣᠭᠠᠴᠢᠯᠠᠭᠰᠠᠨ ᠠᠵᠤ ᠠᠬᠤᠶ ᠶᠢᠨ ᠬᠥᠭᠵᠢᠯᠲᠡ ᠶᠢᠨ ᠨᠡᠶᠢᠭᠡᠮᠯᠢᠭ ᠪᠠᠶᠢᠭᠤᠯᠤᠭᠳᠠᠬᠤ ᠶᠡᠭᠡ ᠬᠤᠷᠠᠯ ᠵᠢᠴᠢ ᠲᠣᠭᠠᠴᠢᠯᠠᠭᠰᠠᠨ ᠠᠵᠤ ᠠᠬᠤᠶ ᠶᠢᠨ ᠪᠣᠯᠪᠠᠰᠤᠷᠠᠭᠤᠯᠤᠯ ᠤᠨ ᠬᠤᠷᠠᠯ ᠬᠤᠷᠠᠯᠳᠤᠪᠠ᠃     ᠬᠤᠲᠠ ᠶᠢᠨ ᠳᠡᠳ᠋ ᠳᠠᠷᠤᠭ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠴᠠᠢ ᠶᠤᠸᠠᠢ᠂ ᠳᠤᠮᠳᠠᠳᠤ ᠤᠯᠤᠰ ᠤᠨ ᠦᠢᠯᠡᠴᠢᠯᠡᠭᠡᠨ ᠤ ᠠᠷᠠᠯᠵᠢᠶ᠎ᠠ ᠶᠢᠨ ᠨᠡᠶᠢᠭᠡᠮᠯᠢᠭ ᠤᠨ ᠳᠡᠳ᠋ ᠳᠠᠷᠤᠭ᠎ᠠ᠂ ᠳᠤᠮᠳᠠᠳᠤ ᠤᠯᠤᠰ ᠤᠨ ᠦᠢᠯᠡᠴᠢᠯᠡᠭᠡᠨ ᠤ ᠰᠢᠨ᠎ᠡ ᠠᠵᠤ ᠦᠢᠯᠡᠰ ᠢ ᠠᠬᠢᠭᠤᠯᠬᠤ ᠠᠯᠪᠠᠨ ᠭᠡᠷ ᠤᠨ ᠨᠠᠷᠢᠨ ᠪᠢᠴᠢᠭ ᠤᠨ ᠳᠠᠷᠤᠭ᠎ᠠ ᠯᠢ ᠨᠢᠶᠠᠨ ᠹᠦ᠋᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠪᠠ ᠮᠡᠳᠡᠭᠡ ᠵᠠᠩᠭᠢᠵᠢᠯᠲᠠ ᠶᠢᠨ ᠵᠥᠪᠯᠡᠯ ᠤᠨ ᠤᠤᠯ ᠤᠨ ᠲᠢᠩᠬᠢᠮ ᠤᠨ ᠲᠠᠰ ᠤᠨ ᠲᠣᠭᠤᠷᠢᠨ ᠪᠠᠶᠢᠴᠠᠭᠠᠭᠴᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠭᠡ ᠵᠠᠩᠭᠢᠵᠢᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠤᠤᠯ ᠤᠨ ᠡᠷᠬᠢᠯᠡᠭᠴᠢ᠂ ᠫᠷᠤᠹᠧᠰᠰᠤᠷ ᠤᠨ ᠲᠠᠰ ᠤᠨ ᠳᠡᠭᠡᠳᠦ ᠵᠡᠷᠭᠡ ᠶᠢᠨ ᠢᠨᠵᠧᠨᠧᠷ᠂ ᠥᠪᠥᠷ ᠮᠣᠩᠭᠤᠯ ᠤᠨ ᠳ᠋ᠠᠶᠢᠲ᠋ᠠ ᠶᠢᠨ ᠰᠢᠨᠵᠢᠯᠡᠬᠦ ᠤᠬᠠᠭᠠᠨ ᠬᠢᠭᠡᠳ ᠲᠣᠮᠣ ᠳ᠋ᠠᠶᠢᠲ᠋ᠠ ᠶᠢᠨ ᠰᠤᠳᠤᠯᠭᠠᠨ ᠤ ᠨᠡᠶᠢᠭᠡᠮᠯᠢᠭ ᠤᠨ ᠳᠠᠷᠤᠭ᠎ᠠ ᠯᠠᠨ ᠬᠤᠶ ᠬᠤᠷᠠᠯ ᠳᠤ ᠣᠷᠣᠯᠴᠠᠪᠠ᠃     ᠬᠤᠷᠠᠯ ᠠᠴᠠ ᠬᠤᠳᠠ ᠶᠢᠨ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠨᠡᠶᠢᠭᠡᠮᠯᠢᠭ ᠤᠨ ᠠᠩᠬᠠᠳᠤᠭᠠᠷ ᠬᠤᠭᠤᠴᠠᠭᠠᠨ ᠤ ᠬᠡᠷᠡᠭ ᠡᠷᠬᠢᠯᠡᠭᠴᠢ᠂ ᠬᠢᠨᠠᠭᠴᠢ ᠶᠢ ᠰᠣᠩᠭᠤᠨ ᠭᠠᠷᠭᠠᠵᠤ᠂ ︽ᠤᠯᠠᠭᠠᠨᠴᠠᠪ ᠬᠤᠳᠠ ᠶᠢᠨ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠨᠡᠶᠢᠭᠡᠮᠯᠢᠭ ᠤᠨ ᠲᠦᠷᠢᠮ︾ ᠢ ᠪᠠᠲᠤᠯᠠᠵᠤ᠂ ᠬᠤᠳᠠ ᠶᠢᠨ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠨᠡᠶᠢᠭᠡᠮᠯᠢᠭ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠰᠢᠢᠳᠪᠦᠷᠢ ᠶᠢᠨ ᠪᠢᠴᠢᠭ ᠢ ᠤᠩᠰᠢᠨ ᠨᠡᠶᠢᠲᠡᠯᠡᠪᠡ᠃     ᠬᠤᠳᠠ ᠶᠢᠨ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠨᠡᠶᠢᠭᠡᠮᠯᠢᠭ ᠪᠣᠯ ᠮᠠᠨ ᠤ ᠤᠯᠤᠰ ᠤᠨ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠱᠠᠳᠤ ᠦᠶ᠎ᠡ᠂ ᠰᠢᠨ᠎ᠡ ᠤᠢᠢᠯᠠᠭᠠᠭᠳᠠᠬᠤᠨ᠂ ᠰᠢᠨ᠎ᠡ ᠪᠠᠶᠢᠷᠢᠰᠢᠯ ᠢ ᠳᠠᠭᠠᠯᠳᠤᠨ ᠪᠤᠢ ᠪᠣᠯᠤᠭᠰᠠᠨ ᠰᠢᠨ᠎ᠡ ᠨᠡᠶᠢᠭᠡᠮᠯᠢᠭ ᠪᠣᠯᠤᠨ᠎ᠠ᠃ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠢᠭᠠᠪᠤᠷᠢ ᠶᠣᠰᠣᠭᠠᠷ᠂ ᠬᠤᠲᠠ ᠶᠢᠨ ᠨᠠᠮ ᠤᠨ ᠬᠤᠷᠢᠶ᠎ᠠ ᠶᠢᠨ ᠢᠨᠲ᠋ᠧᠷ ᠰᠦᠯᠵᠢᠶᠡᠨ ᠤ ᠮᠡᠳᠡᠭᠡ ᠵᠠᠩᠭᠢᠵᠢᠯᠲᠠ ᠶᠢᠨ ᠠᠯᠪᠠᠨ ᠬᠡᠷ ᠠᠴᠠ ᠲᠦᠷᠦᠭᠦᠯᠡᠨ᠂ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠨᠢᠭᠡᠴᠢ ᠪᠣᠯᠤᠨ ᠮᠠᠨ ᠤ ᠬᠤᠲᠠ ᠶᠢᠨ ᠡᠯ᠎ᠡ ᠬᠦᠷᠢᠶᠡᠨ ᠳᠠᠬᠢ ᠲᠥᠯᠥᠭᠡᠯᠡᠬᠦ ᠴᠢᠨᠠᠷᠲᠠᠶ ᠠᠵᠤ ᠠᠬᠤᠶᠢᠯᠠᠯ ᠤᠨ ᠬᠠᠮᠲᠤ ᠪᠠᠷ ᠡᠭᠦᠰᠭᠡᠨ ᠪᠠᠶᠢᠭᠤᠯᠤᠭᠰᠠᠨ ᠠᠰᠢᠭ ᠬᠤᠨᠵᠢᠪᠣᠷᠢ ᠶᠢᠨ ᠪᠤᠰᠤ ᠴᠢᠨᠠᠷᠲᠠᠶ ᠨᠡᠶᠢᠭᠡᠮ ᠤᠨ ᠪᠦᠯᠬᠦᠮ ᠪᠣᠯᠤᠨ᠎ᠠ᠂ ᠨᠡᠶᠢᠲᠡ 81 ᠨᠢᠭᠡᠴᠢ ᠶᠢᠨ ᠭᠡᠰᠢᠭᠦᠨ ᠵᠢᠴᠢ 14 ᠬᠤᠪᠢ ᠬᠥᠮᠦᠨ ᠤ ᠭᠡᠰᠢᠭᠦᠨ ᠪᠣᠯᠤᠨ᠎ᠠ᠃ ᠨᠡᠶᠢᠭᠡᠮᠯᠢᠭ ᠤᠨ ᠪᠠᠶᠢᠭᠤᠯᠤᠭᠳᠠᠭᠰᠠᠨ ᠨᠢ ᠮᠠᠨ ᠤ ᠬᠤᠲᠠ ᠶᠢᠨ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠶ ᠪᠠᠷ ᠠᠭᠤᠰᠤᠯᠴᠠᠨ᠂ ᠲᠣᠭᠠᠴᠢᠯᠠᠭᠰᠠᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠬᠦ ᠴᠢᠬᠤᠯᠠ ᠠᠷᠭ᠎ᠠ ᠬᠡᠮᠵᠢᠶ᠎ᠡ ᠮᠥᠨ᠂ ᠡᠨᠡ ᠨᠢ ᠮᠠᠨ ᠤ ᠬᠤᠲᠠ ᠶᠢᠨ ᠲᠣᠭᠠᠴᠢᠯᠠᠭᠰᠠᠨ ᠠᠵᠤ ᠠᠬᠤᠶ ᠶᠢ ᠪᠤᠶᠢᠵᠢᠭᠤᠯᠬᠤ᠂ ᠲᠣᠭᠠᠴᠢᠯᠠᠭᠰᠠᠨ ᠠᠵᠤ ᠠᠬᠤᠶ ᠶᠢᠨ ᠬᠦᠴᠦᠷᠬᠡᠭ ᠬᠤᠲᠠ ᠶᠢ ᠪᠥᠬᠦ ᠬᠦᠴᠦᠨ ᠢᠶᠠᠷ ᠢᠶᠠᠨ ᠪᠥᠲᠥᠭᠡᠨ ᠪᠠᠶᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃     ᠬᠤᠲᠠ ᠶᠢᠨ ᠲᠣᠭᠠᠴᠢᠯᠠᠭᠰᠠᠨ ᠠᠵᠤ ᠠᠬᠤᠶ ᠶᠢᠨ ᠬᠥᠭᠵᠢᠯᠲᠡ ᠶᠢᠨ ᠨᠡᠶᠢᠭᠡᠮᠯᠢᠭ ᠢᠯᠡᠷᠬᠡᠶᠢᠯᠡᠬᠦ ᠳᠡᠭᠡᠨ᠂ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠳᠡᠭᠡᠳᠦ ᠲᠠᠰ ᠳᠠᠪᠬᠤᠷᠭ᠎ᠠ ᠶᠢᠨ ᠰᠣᠯᠢᠯᠴᠠᠭᠠᠨ ᠤ ᠲᠠᠪᠴᠠᠩ ᠢ ᠪᠠᠶᠢᠭᠤᠯᠵᠤ᠂ ᠵᠠᠰᠠᠭ ᠤᠨ ᠣᠷᠳᠣᠨ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠡᠯ᠎ᠡ ᠲᠠᠯ᠎ᠠ ᠶᠢᠨ ᠬᠦᠴᠦᠨ ᠢ ᠬᠤᠯᠪᠣᠵᠤ᠂ ᠲᠣᠭᠠᠴᠢᠯᠠᠭᠰᠠᠨ ᠠᠵᠤ ᠠᠬᠤᠶ ᠶᠢᠨ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠳᠣᠤᠷᠠᠳᠤ ᠤᠷᠤᠰᠬᠠᠯ ᠤᠨ ᠭᠦᠨᠵᠡᠭᠡᠶ ᠠᠭᠤᠰᠤᠯᠴᠠᠯ ᠢ ᠪᠡᠶᠡᠯᠡᠭᠦᠯᠦᠨ᠂ ᠮᠠᠨ ᠤ ᠬᠤᠲᠠ ᠶᠢᠨ ᠲᠣᠭᠠᠴᠢᠯᠠᠭᠰᠠᠨ ᠠᠵᠤ ᠠᠬᠤᠶ ᠶᠢᠨ ᠠᠵᠤ ᠦᠢᠯᠡᠰᠵᠢᠯ᠂ ᠠᠵᠤ ᠦᠢᠯᠡᠰ ᠤᠨ ᠲᠣᠭᠠᠴᠢᠯᠠᠯᠲᠠ ᠶᠢᠨ ᠠᠬᠢᠴᠠ ᠶᠢ ᠲᠠᠰᠤᠷᠠᠯᠲᠠ ᠥᠬᠡᠶ ᠠᠬᠢᠭᠤᠯᠵᠤ᠂ ᠮᠠᠨ ᠤ ᠬᠤᠲᠠ ᠶᠢᠨ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠳᠤ ᠬᠦᠴᠦᠨ ᠨᠡᠮᠡᠷᠢᠯᠡᠵᠦ᠂ ᠮᠠᠨ ᠤ ᠬᠤᠲᠠ ᠶᠢᠨ ᠲᠣᠭᠠᠴᠢᠯᠠᠭᠰᠠᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠂ ᠡᠭᠦᠯᠡᠨ ᠬᠥᠨᠳᠡᠶ ᠶᠢᠨ ᠤᠯᠠᠭᠠᠨᠴᠠᠪ ᠢ ᠪᠥᠬᠦ ᠬᠦᠴᠦᠨ ᠢᠶᠠᠷ ᠢᠶᠠᠨ ᠪᠥᠲᠥᠭᠡᠨ ᠪᠠᠶᠢᠭᠤᠯᠤᠨ᠎ᠠ᠃     ᠶᠡᠭᠡ ᠬᠤᠷᠠᠯ ᠪᠠᠶᠢᠭᠤᠯᠤᠭᠳᠠᠭᠰᠠᠨ ᠤ ᠲᠠᠷᠠᠭ᠎ᠠ᠂ ᠲᠣᠭᠠᠴᠢᠯᠠᠭᠰᠠᠨ ᠠᠵᠤ ᠠᠬᠤᠢ ᠶᠢᠨ ᠪᠣᠯᠪᠠᠰᠤᠷᠠᠯ ᠤᠨ ᠬᠤᠷᠠᠯ ᠢ ᠡᠷᠬᠢᠯᠡᠵᠦ᠂ ᠯᠠᠨ ᠬᠤᠢ ᠬᠤᠷᠠᠯ ᠳᠤ ᠣᠷᠣᠯᠴᠠᠭᠰᠠᠳ ᠲᠠᠢ ᠬᠠᠮᠲᠤ ᠪᠠᠷ ︽ᠣᠳᠣᠬᠠᠨ ᠤ ᠪᠠᠶᠢᠳᠠᠯ ᠪᠣᠯᠤᠨ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠲᠤᠬᠠᠢ ᠪᠣᠳᠣᠯᠬᠢᠯᠠᠯ︾ ᠢ ᠬᠤᠪᠢᠶᠠᠯᠴᠠᠪᠠ᠃                                                      ᠣᠷᠴᠢᠭᠤᠯᠤᠭᠴᠢ᠄ ᠭᠤᠸ᠎ᠠ                                                      ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2