ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠥᠬᠦ ᠬᠤᠲᠠ ᠶᠢᠨ ᠵᠢᠭᠤᠯᠴᠢᠯᠠᠯ ᠡᠷᠡᠭᠦᠯᠵᠢᠯ ᠰᠤᠪᠢᠯᠠᠯᠲᠠ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠤᠨ ᠲᠤᠬᠠᠶ ᠲᠤᠰᠬᠠᠶ ᠰᠡᠳᠦᠪᠲᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/12/7
   7 ᠰᠠᠷ᠎ᠠ ᠶᠢᠨ 28 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠥᠬᠦ ᠬᠤᠲᠠ ᠶᠢᠨ ᠵᠢᠭᠤᠯᠴᠢᠯᠠᠯ ᠡᠷᠡᠭᠦᠯᠵᠢᠯ ᠰᠤᠪᠢᠯᠠᠯᠲᠠ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠤᠨ ᠲᠤᠬᠠᠶ ᠲᠤᠰᠬᠠᠶ ᠰᠡᠳᠦᠪᠲᠦ ᠪᠠᠶᠢᠴᠠᠭᠠᠨ ᠰᠤᠳᠤᠯᠬᠤ ᠬᠤᠷᠠᠯ ᠬᠤᠷᠠᠯᠳᠤᠭᠤᠯᠪᠠ᠃    ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠱᠢ ᠹᠠᠩ᠂ ᠬᠤᠲᠠ ᠶᠢᠨ ᠳᠡᠳ᠋ ᠳᠠᠷᠤᠭ᠎ᠠ ᠹᠠᠩ ᠽᠧ ᠬᠤᠷᠠᠯ ᠳᠤ ᠣᠷᠣᠯᠴᠠᠪᠠ᠃    ᠬᠤᠷᠠᠯ ᠠᠴᠠ ᠪᠦᠬᠦ ᠬᠤᠲᠠ ᠶᠢᠨ ᠵᠢᠭᠤᠯᠴᠢᠯᠠᠯ ᠡᠷᠡᠭᠦᠯ ᠮᠡᠨᠳᠦ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠲᠣᠪᠴᠢᠶ᠎ᠠ ᠵᠡᠷᠭᠡ ᠰᠠᠯᠠᠭ᠎ᠠ ᠮᠥᠴᠢᠷ ᠪᠦᠬᠦ ᠬᠤᠲᠠ ᠶᠢᠨ ᠵᠢᠭᠤᠯᠴᠢᠯᠠᠯ ᠡᠷᠡᠭᠦᠯᠵᠢᠯ ᠰᠤᠪᠢᠯᠠᠯᠲᠠ ᠶᠢᠨ ᠠᠵᠤ ᠦᠢᠯᠡᠰ ᠤᠨ ᠬᠥᠭᠵᠢᠯᠲᠡ ᠶᠢᠨ ᠲᠣᠭᠤᠷᠢᠨ ᠳᠤ ᠶᠠᠷᠢᠶ᠎ᠠ ᠲᠠᠯᠪᠢᠵᠠᠢ᠃    ᠬᠤᠷᠠᠯ ᠤᠨ ᠲᠤᠬᠢᠷᠠᠭᠤᠯᠭ᠎ᠠ ᠪᠠᠷ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠤᠨ ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ ᠢ ᠠᠮᠵᠢᠵᠤ᠂ ᠲᠡᠷᠢᠭᠦᠨ ᠤ ᠲᠤᠷᠰᠢᠯᠭ᠎ᠠ ᠶᠢ ᠢᠳᠡᠪᠬᠢᠲᠡᠢ ᠲᠣᠭᠤᠷᠢᠨ ᠦᠵᠡᠵᠦ ᠰᠤᠷᠤᠯᠴᠠᠵᠤ᠂ ᠪᠦᠬᠦ ᠬᠤᠳᠠ ᠶᠢᠨ ᠵᠢᠭᠤᠯᠴᠢᠯᠠᠯ ᠡᠷᠡᠭᠦᠯᠵᠢᠯ ᠰᠤᠪᠢᠯᠠᠯᠲᠠ ᠶᠢᠨ ᠠᠵᠤ ᠦᠢᠯᠡᠰ ᠤᠨ ᠶᠡᠷᠦᠩᠬᠡᠢ ᠲᠥᠯᠥᠪᠵᠢᠭᠦᠯᠭᠡ ᠶᠢ ᠵᠣᠬᠢᠰᠲᠠᠢ ᠪᠠᠶᠢᠷᠢᠰᠢᠭᠤᠯᠵᠤ᠂ ᠵᠢᠭᠤᠯᠴᠢᠯᠠᠯ ᠰᠤᠪᠢᠯᠠᠯᠲᠠ ᠬᠢᠭᠡᠳ ᠵᠤᠭᠠᠴᠠᠯ ᠤᠨ ᠠᠵᠤ ᠦᠢᠯᠡᠰ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠠᠬᠢᠭᠤᠯᠵᠤ᠂ ᠵᠤᠭᠠᠴᠠᠯ ᠤᠨ ᠪᠦᠬᠦ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠵᠢᠭᠤᠯᠴᠢᠯᠠᠯ ᠡᠷᠡᠭᠦᠯᠵᠢᠯ ᠰᠤᠪᠢᠯᠠᠯᠲᠠ ᠶᠢᠨ ᠠᠵᠤ ᠦᠢᠯᠡᠰ ᠤᠨ ᠬᠠᠮᠢᠶᠠᠷᠤᠯᠲᠠ᠂ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠵᠢᠭᠤᠯᠴᠢᠯᠠᠯ ᠡᠷᠡᠭᠦᠯᠵᠢᠯ ᠰᠤᠪᠢᠯᠠᠯᠲᠠ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃                                                     ᠣᠷᠴᠢᠭᠤᠯᠤᠭᠴᠢ᠄ ᠭᠤᠸ᠎ᠠ                                                     ᠬᠢᠨᠠᠭᠴᠢ᠄ ᠠᠷᠢᠭᠤᠨ
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2