ᠬᠦᠢᠲᠡᠨ ᠰᠢᠯᠢ ᠶᠢᠨ ᠲᠠᠯ᠎ᠠ ᠨᠤᠲᠤᠭ ᠲᠤ ᠡᠷᠡᠭᠦᠯᠵᠢᠯ ᠰᠤᠪᠢᠯᠠᠯᠲᠠ ᠵᠤᠭᠠᠴᠠᠯ ᠤᠨ ᠬᠥᠭᠵᠢᠶᠡᠨᠲᠡᠢ ᠤᠯᠠᠷᠢᠯ ᠢ ᠤᠭᠲᠤᠨ ᠠᠪᠴᠢᠷᠠᠯ᠎ᠠ
ᠨᠡᠶᠢᠲᠡᠯᠡᠭᠰᠡᠨ ᠴᠠᠭ᠄
2022/12/7
   ᠳᠣᠯᠣᠳᠤᠭᠠᠷ ᠰᠠᠷ᠎ᠠ ᠶᠢᠨ ᠬᠦᠢᠲᠡᠨ ᠰᠢᠯᠢ ᠶᠢᠨ ᠲᠠᠯ᠎ᠠ ᠨᠤᠲᠤᠭ ᠤᠨ ᠤᠰᠤ ᠲᠤᠩᠭᠠᠯᠠᠭ᠂ ᠣᠭᠲᠠᠷᠭᠤᠢ ᠴᠡᠯᠮᠡᠭ ᠂ ᠡᠭᠦᠯᠡᠰ ᠳᠠᠪᠠᠯᠭᠠᠯᠠᠵᠤ᠂  ᠬᠥᠬᠡᠮᠳᠦᠭ ᠨᠣᠭᠤᠭᠠᠨ ᠦᠩᠭᠡ ᠪᠠᠷ ᠪᠢᠯᠬᠠᠨ᠎ᠠ᠂ ᠠᠳᠡᠬᠢ ᠦᠵᠡᠰᠬᠦᠯᠡᠩᠲᠦ ᠰᠠᠶᠢᠬᠠᠨ ᠦᠩᠭᠡ ᠦᠵᠡᠮᠵᠢ ᠪᠠ ᠲᠠᠭᠠᠯᠠᠮᠵᠢᠲᠠᠢ ᠠᠭᠤᠷ ᠠᠮᠢᠰᠬᠤᠯ ᠨᠢ ᠡᠯ᠎ᠡ ᠭᠠᠵᠠᠷ ᠤᠨ ᠵᠤᠭᠠᠴᠠᠭᠰᠠᠳ ᠤᠨ ᠤᠯᠠᠭᠠᠨᠴᠠᠪ ᠲᠤ ᠢᠷᠡᠵᠤ ᠵᠤᠭᠠᠴᠠᠬᠤ ᠲᠡᠷᠢᠭᠦᠨ ᠰᠣᠩᠭᠤᠯᠲᠠ ᠶᠢᠨ ᠭᠠᠵᠠᠷ ᠪᠣᠯᠤᠭᠰᠠᠨ ᠪᠠᠶᠢᠨ᠎ᠠ᠃ ᠣᠳᠣᠬᠠᠨ ᠳᠤ᠂ ᠨᠢᠭᠡ ᠵᠢᠯ ᠤᠨ ᠳᠣᠲᠣᠷᠠᠬᠢ ᠵᠢᠭᠤᠯᠴᠢᠯᠠᠯ ᠤᠨ ᠡᠷᠡᠭᠦᠯᠵᠢᠯ ᠰᠤᠪᠢᠯᠠᠯᠲᠠ ᠪᠠ ᠵᠤᠰᠠᠯᠠᠩ ᠤᠨ ᠬᠠᠮᠤᠭ ᠤᠨ ᠰᠠᠶᠢᠨ ᠤᠯᠠᠷᠢᠯ ᠢ ᠤᠭᠲᠤᠨ ᠠᠪᠴᠢᠷᠠᠯ᠎ᠠ᠃    ︽7 ᠰᠠᠷ᠎ᠠ ᠪᠣᠯᠬᠤ ᠳᠤ᠂ ᠮᠠᠨ ᠤ ᠬᠦᠢᠲᠡᠨ ᠰᠢᠯᠢ ᠶᠢᠨ ᠲᠠᠯ᠎ᠠ ᠨᠤᠲᠤᠭ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠠᠭᠠᠵᠢᠮ ᠢᠶᠠᠷ ᠵᠢᠭᠤᠯᠴᠢᠯᠠᠯ ᠤᠨ ᠣᠷᠭᠢᠯ ᠤᠨ ᠦᠶ᠎ᠡ ᠳᠡᠭᠡᠨ ᠣᠷᠣᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠶᠢᠨ ᠬᠠᠮᠲᠤ᠂ ᠲᠣᠮᠣ ᠬᠡᠯᠪᠡᠷᠢ ᠶᠢᠨ ᠰᠣᠶᠣᠯ ᠤᠨ ᠪᠣᠳᠠᠲᠤ ᠦᠵᠡᠮᠵᠢ ᠶᠢᠨ ᠵᠦᠴᠦᠭᠡ ︿ᠣᠪᠣᠭᠠᠨ ᠳᠠᠬᠢ ᠠᠭᠤᠯᠵᠠᠯᠲᠠ﹀ ᠶᠢ ᠭᠠᠷᠭᠠᠵᠤ᠂ ᠬᠤᠩᠬᠤᠷ ᠤᠨ ᠭᠤᠤ ᠶᠢᠨ ᠲᠠᠯ᠎ᠠ ᠨᠤᠲᠤᠭ ᠤᠨ ᠬᠤᠸᠠᠷ ᠫᠤᠤᠵᠢᠩ ᠤᠨ ᠨᠠᠶᠢᠷ ᠵᠡᠷᠭᠡ ᠰᠢᠷᠢᠰ ᠭᠤᠣᠯ ᠰᠡᠳᠦᠪᠲᠦ ᠠᠵᠢᠯᠯᠠᠭ᠎ᠠ ᠨᠢ ᠲᠡᠭᠦᠰᠬᠦ ᠤᠯᠠᠷᠢᠯ ᠤᠨ ᠰᠤᠷᠤᠭᠴᠢᠳ ᠲᠤ ᠴᠢᠭᠯᠡᠭᠦᠯᠦᠨ ᠲᠡᠭᠦᠰᠬᠦ ᠤᠯᠠᠷᠢᠯ ᠤᠨ ᠭᠤᠣᠯ ᠰᠡᠳᠦᠪᠲᠦ ᠣᠨᠴᠠ ᠬᠠᠷᠠᠭᠠᠯᠵᠠᠯ ᠤᠨ ᠠᠵᠢᠯᠯᠠᠭ᠎ᠠ ᠥᠷᠨᠢᠭᠦᠯᠵᠦ᠂ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠦᠨᠡᠮᠯᠡᠯ ᠵᠡᠷᠭᠡ ᠬᠦᠴᠦᠨ ᠪᠦᠬᠦᠢ ᠦᠨᠡᠮᠯᠡᠯ ᠲᠠᠢ ᠰᠤᠷᠤᠭᠴᠢᠳ ᠲᠤ ᠴᠥᠮ 50 ᠠᠴᠠ 100 ᠲᠥᠭᠦᠷᠢᠭ ᠤᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠬᠦᠷᠲᠡᠭᠡᠵᠦ᠂ ᠨᠡᠩ ᠤᠯᠠᠨ ᠬᠥᠮᠦᠰ ᠢ ᠬᠦᠢᠲᠡᠨ ᠰᠢᠯᠢ ᠶᠢᠨ ᠲᠠᠯ᠎ᠠ ᠨᠤᠲᠤᠭ ᠢᠶᠠᠷ ᠵᠤᠭᠠᠴᠠᠭᠤᠯᠵᠤ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠤᠭᠠᠴᠠᠯ ᠤᠨ ᠵᠠᠬ᠎ᠠ ᠳᠡᠯᠭᠡᠭᠦᠷ ᠤᠨ ᠬᠥᠭᠵᠢᠯᠲᠡ ᠳᠤ ᠤᠯᠠᠮ ᠴᠢᠨᠠᠭᠰᠢᠳᠠ ᠰᠡᠳᠡᠯᠲᠡ ᠥᠭᠬᠦ ᠶᠢᠨ ᠲᠥᠯᠥᠭᠡ ᠶᠤᠮ︾ ᠭᠡᠵᠦ ᠬᠦᠢᠲᠡᠨ ᠰᠢᠯᠢ ᠶᠢᠨ ᠵᠤᠭᠠᠴᠠᠯ ᠤᠨ ᠰᠣᠶᠣᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠲᠠᠨᠢᠯᠴᠠᠭᠤᠯᠪᠠ᠃    ᠣᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠠᠴᠠ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ︽ᠳᠥᠷᠪᠡᠨ ᠶᠡᠭᠡ ᠪᠠᠶᠢᠯᠳᠤᠬᠤ ᠪᠣᠳᠣᠯᠭ᠎ᠠ︾᠂ ︽ᠲᠠᠪᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ︾ ᠶᠢᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠲᠡᠮᠡᠴᠡᠬᠦ ᠬᠠᠷᠠᠯᠲᠠ ᠪᠠᠨ ᠪᠣᠯᠭᠠᠵᠤ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠠᠷ ᠭᠤᠣᠯ ᠰᠢᠵᠢᠮ ᠪᠣᠯᠭᠠᠵᠤ᠂ ᠵᠤᠭᠠᠴᠠᠯ ᠤᠨ ᠰᠠᠭᠤᠷᠢ ᠲᠥᠬᠦᠭᠡᠷᠦᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠵᠤᠭᠠᠴᠠᠯ ᠤᠨ ᠦᠢᠯᠡᠰ ᠤᠨ ᠪᠠᠶᠢᠳᠠᠯ ᠢ ᠪᠠᠶᠠᠯᠢᠭᠵᠢᠭᠤᠯᠵᠤ᠂ ᠠᠷᠠᠳ ᠤᠨ ᠵᠠᠩ ᠦᠢᠯᠡ ᠶᠢᠨ ᠰᠣᠶᠣᠯ ᠢ ᠭᠦᠨᠵᠡᠭᠡᠢ ᠠᠭᠤᠳᠠᠯᠵᠤ᠂ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠡᠭᠦᠳᠴᠦ᠂ ᠵᠤᠭᠠᠴᠠᠯ ᠤᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠵᠤᠭᠠᠴᠠᠯ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠤᠶᠤᠨᠴᠢᠯᠠᠭᠰᠠᠨ ᠬᠥᠭᠵᠢᠯᠲᠡ ᠶᠢ ᠠᠬᠢᠭᠤᠯᠬᠤ ᠬᠡᠷᠡᠭᠲᠡᠢ᠃ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠢ ︽ᠪᠦᠳᠦᠭᠦᠯᠢᠭ ᠬᠡᠯᠪᠡᠷᠢ︾ ᠠᠴᠠ ︽ᠨᠠᠷᠢᠯᠢᠭ ᠣᠨᠣᠴᠠᠲᠠᠶ ᠪᠣᠯᠭᠠᠬᠤ︾ ᠳᠠᠰᠢ ᠬᠤᠪᠢᠷᠠᠭᠤᠯᠬᠤ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠰᠡᠯᠡᠭᠦᠴᠡᠨ ᠠᠮᠠᠷᠠᠬᠤ᠂ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠢᠶᠠᠷ ᠲᠤᠯᠭᠠᠭᠤᠷᠢᠯᠠᠭᠤᠯᠤᠭᠰᠠᠨ ᠡᠷᠡᠭᠦᠯᠵᠢᠯ ᠰᠤᠪᠢᠯᠠᠯᠲᠠ ᠶᠢᠨ ᠵᠤᠰᠠᠯᠠᠩ ᠤᠨ ᠵᠢᠭᠤᠯᠴᠢᠯᠠᠯ ᠤᠨ ᠦᠵᠡᠮᠵᠢᠲᠦ ᠣᠷᠣᠨ ᠢ ᠪᠠᠶᠢᠭᠤᠯᠤᠨ᠎ᠠ᠃ ᠣᠳᠣᠬᠠᠨ ᠳᠤ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ  ᠬᠦᠢᠲᠡᠨ ᠰᠢᠯᠢ ᠶᠢᠨ ᠲᠠᠯ᠎ᠠ ᠨᠤᠲᠤᠭ ᠤᠨ ᠬᠤᠩᠬᠤᠷ ᠤᠨ ᠭᠤᠤ ᠶᠢᠨ ᠦᠵᠡᠮᠵᠢ ᠶᠢᠨ ᠣᠷᠣᠨ ᠤᠯᠤᠰ ᠤᠨ 5A ᠳᠡᠰ ᠤᠨ ᠦᠵᠡᠮᠵᠢ ᠶᠢᠨ ᠣᠷᠣᠨ ᠲᠡᠰᠢ ᠤᠷᠤᠭᠰᠢᠯᠠᠵᠤ ᠪᠤᠢ᠃                                                   ᠣᠷᠴᠢᠭᠤᠯᠤᠭᠴᠢ᠄ ᠭᠤᠸ᠎ᠠ                                                   ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2