ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠡᠯ᠎ᠡ ᠡᠲᠡᠭᠡᠳ ᠤᠨ ᠬᠢᠨ ᠵᠢᠶᠠᠩ ᠽᠧ ᠮᠢᠨ ᠨᠥᠬᠦᠷ ᠤᠨ ᠭᠠᠰᠢᠭᠤᠳᠠᠯ ᠤᠨ ᠶᠡᠭᠡ ᠬᠤᠷᠠᠯ ᠢ ᠦᠵᠡᠭᠡᠳ ᠡᠮᠭᠡᠨᠢᠨ ᠭᠠᠰᠢᠭᠤᠳᠠᠵᠤ ᠵᠢᠶᠠᠩ ᠽᠧ ᠮᠢᠨ ᠨᠥᠬᠦᠷ ᠢ ᠭᠦᠨ ᠳᠤᠷᠠᠰᠤᠨ ᠰᠠᠨᠠᠭᠠᠯᠵᠠᠪᠠ
ᠨᠡᠶᠢᠲᠡᠯᠡᠭᠰᠡᠨ ᠴᠠᠭ᠄
2022/12/7
    ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠡᠯ᠎ᠡ ᠡᠲᠡᠭᠡᠳ ᠤᠨ ᠬᠢᠨ ᠵᠢᠶᠠᠩ ᠽᠧ ᠮᠢᠨ ᠨᠥᠬᠦᠷ ᠤᠨ ᠭᠠᠰᠢᠭᠤᠳᠠᠯ ᠤᠨ ᠶᠡᠭᠡ ᠬᠤᠷᠠᠯ ᠢ ᠦᠵᠡᠭᠡᠳ ᠡᠮᠭᠡᠨᠢᠨ ᠭᠠᠰᠢᠭᠤᠳᠠᠵᠤ ᠵᠢᠶᠠᠩ ᠽᠧ ᠮᠢᠨ ᠨᠥᠬᠦᠷ ᠢ ᠭᠦᠨ ᠳᠤᠷᠠᠰᠤᠨ ᠰᠠᠨᠠᠭᠠᠯᠵᠠᠪᠠ     12 ᠰᠠᠷ᠎ᠠ ᠶᠢᠨ 6 ᠤ ᠡᠳᠦᠷ ᠤᠨ ᠦᠳᠡ ᠶᠢᠨ ᠡᠮᠦᠨᠡᠬᠢ 10 ᠴᠠᠭ ᠲᠤ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠳᠦᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠨᠠᠮ ᠵᠠᠰᠠᠭ ᠤᠨ ᠳᠣᠯᠣᠳᠤᠭᠠᠷ ᠳᠠᠪᠬᠤᠷᠯᠢᠭ ᠲᠤ ᠵᠢᠶᠠᠩ ᠽᠧ ᠮᠢᠨ ᠨᠥᠬᠦᠷ ᠤᠨ ᠭᠠᠰᠢᠭᠤᠳᠠᠯ ᠤᠨ ᠶᠡᠭᠡ ᠬᠤᠷᠠᠯ ᠢ ᠦᠵᠡᠵᠦ᠂ ᠵᠢᠶᠠᠩ ᠽᠧ ᠮᠢᠨ ᠨᠥᠬᠦᠷ ᠢ ᠭᠦᠨ ᠮᠥᠷᠥᠭᠡᠳᠦᠨ ᠰᠠᠨᠠᠭᠠᠯᠵᠠᠪᠠ᠃ ᠵᠢᠶᠠᠩ ᠽᠧ ᠮᠢᠨ ᠨᠥᠬᠦᠷ ᠨᠠᠮ ᠤᠨ ᠭᠤᠷᠪᠠᠳᠤᠭᠠᠷ ᠦᠶ᠎ᠡ ᠶᠢᠨ ᠲᠥᠪ ᠬᠤᠷᠢᠶᠠᠨ ᠤ ᠤᠳᠤᠷᠢᠳᠬᠤ ᠬᠠᠮᠲᠤ ᠶᠢᠨ ᠭᠤᠣᠯᠯᠠᠭᠴᠢ ᠪᠣᠯᠤᠭᠰᠠᠨ ᠤ ᠬᠤᠪᠢ ᠳᠤ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭᠠᠨ ᠤ ᠭᠤᠣᠯ ᠡᠭᠦᠳᠦᠭᠴᠢ ᠮᠥᠨ᠃ ᠲᠡᠭᠦᠨ ᠤ ᠨᠢᠭᠡ ᠨᠠᠰᠤ ᠪᠣᠯ ᠭᠡᠷᠡᠯ ᠰᠠᠴᠤᠷᠠᠩᠭᠤᠢ ᠲᠡᠮᠡᠴᠡᠯ ᠤᠨ ᠨᠢᠭᠡ ᠨᠠᠰᠤ ᠮᠥᠨ᠃ 70 ᠭᠠᠷᠤᠢ ᠵᠢᠯ ᠤᠨ ᠬᠤᠪᠢᠰᠬᠠᠯ ᠤᠨ ᠠᠮᠢᠳᠤᠷᠠᠯ ᠳᠤᠮᠳᠠ᠂ ᠲᠡᠷᠡ ᠡᠪ ᠬᠠᠮᠲᠤ ᠶᠣᠰᠣᠨ ᠤ ᠬᠦᠰᠡᠯᠡᠩ ᠳᠡᠭᠡᠨ ᠭᠤᠶᠢᠪᠢᠰᠢ ᠦᠭᠡᠢ ᠴᠢᠩ ᠵᠣᠷᠢᠭ ᠲᠠᠢ ᠪᠠᠶᠢᠵᠤ᠂ ᠨᠠᠮ ᠪᠣᠯᠣᠨ ᠠᠷᠠᠳ ᠲᠦᠮᠡᠨ ᠳᠡᠭᠡᠨ ᠬᠢᠵᠠᠭᠠᠯᠠᠰᠢ ᠦᠭᠡᠢ ᠦᠨᠡᠨᠴᠢ ᠰᠢᠳᠤᠷᠭᠤ ᠪᠠᠶᠢᠵᠤ᠂ ᠨᠠᠮ ᠪᠣᠯᠣᠨ ᠠᠷᠠᠳ ᠲᠦᠮᠡᠨ ᠤ ᠦᠢᠯᠡᠰ ᠤᠨ ᠲᠥᠯᠥᠭᠡ ᠭᠤᠶᠢᠪᠢᠰᠢ ᠦᠭᠡᠢ ᠲᠡᠮᠡᠴᠡᠪᠡ᠃
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2