ᠤᠯᠠᠭᠠᠨᠴᠠᠪ ᠤᠨ ᠲᠠᠷᠢᠶᠠᠯᠠᠩ ᠤᠨ ᠪᠦᠲᠦᠭᠡᠭᠳᠡᠬᠦᠨ ᠤ ᠭᠠᠳᠠᠭᠠᠳᠤ ᠭᠠᠷᠭᠠᠯᠲᠠ ᠶᠢᠨ ᠪᠠᠷᠠᠭᠠᠨ ᠤ ᠥᠷᠲᠡᠭ ᠠᠩᠬ᠎ᠠ ᠤᠳᠠᠭ᠎ᠠ ᠳ᠋ᠦᠩᠰᠢᠭᠤᠷ ᠲᠥᠭᠦᠷᠢᠭ ᠢ ᠳᠠᠪᠠᠪᠠ
ᠨᠡᠶᠢᠲᠡᠯᠡᠭᠰᠡᠨ ᠴᠠᠭ᠄
2022/12/9
    ᠣᠶᠢᠷ᠎ᠠ ᠳᠤ᠂ ᠥᠪᠥᠷ ᠮᠣᠩᠭᠤᠯ ᠤᠨ ᠱᠣ᠋ ᠳ᠋ᠦ᠋ ᠺᠠᠢ ᠳ᠋ᠠ ᠢᠳᠡᠭᠡᠨ ᠤ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠯ ᠤᠨ ᠲᠠᠰᠤᠭ ᠲᠤ᠂ ᠨᠢᠭᠡ ᠪᠦᠯᠦᠭ 19.5 ᠲᠣᠨ ᠤ ᠬᠥᠯᠳᠡᠭᠡᠭᠰᠡᠨ ᠲᠥᠮᠥᠰᠦᠨ ᠬᠡᠷᠴᠢᠮ ᠢ ᠲᠡᠷᠭᠡᠨ ᠳᠤ ᠲᠡᠭᠡᠭᠡᠵᠦ᠂ ᠶᠠᠫᠤᠨ ᠳᠤ ᠶᠠᠪᠤᠭᠤᠯᠬᠤ ᠪᠠᠷ ᠪᠡᠯᠡᠳᠬᠡᠵᠦ ᠪᠠᠶᠢᠨ᠎ᠠ᠃     ︽ᠰᠠᠷ᠎ᠠ ᠭᠠᠷᠤᠢ ᠶᠢᠨ ᠬᠤᠭᠤᠴᠠᠭᠠᠨ ᠳᠤ ᠴᠠᠭ ᠨᠡᠮᠡᠵᠦ ᠠᠵᠢᠯᠯᠠᠬᠤ ᠪᠠᠷ ᠳᠠᠮᠵᠢᠭᠠᠳ᠂ ᠮᠠᠨ ᠤ ᠨᠠᠮᠤᠷ ᠤᠨ ᠲᠥᠮᠥᠰᠥ ᠶᠢᠨ ᠲᠦᠭᠦᠬᠡᠢ ᠮᠠᠲ᠋ᠧᠷᠢᠶᠠᠯ ᠢ ᠦᠨᠳᠦᠰᠦᠨ ᠳᠡᠭᠡᠨ ᠬᠥᠮᠥᠷᠭᠡ ᠳᠤ ᠣᠷᠣᠭᠤᠯᠵᠤ᠂ ᠵᠢᠨᠢᠩ ᠪᠣᠭᠤᠮᠲᠠ ᠶᠢᠨ  ᠬᠢᠨ ᠰᠠᠨᠠᠭᠠᠴᠢᠯᠠᠭ᠎ᠠ ᠠᠴᠠ ᠪᠠᠨ ᠪᠢᠳᠡᠨ ᠠᠴᠠ ᠬᠦᠴᠢᠷᠳᠡᠯ ᠢ ᠣᠶᠢᠯᠠᠭᠠᠵᠤ᠂ ᠪᠢᠳᠡᠨ ᠳᠤ ᠲᠦᠷᠦ ᠶᠢᠨ ᠪᠣᠳᠣᠯᠭ᠎ᠠ᠂ ᠦᠢᠯᠡᠴᠢᠯᠡᠭᠡ ᠬᠦᠷᠭᠡᠵᠦ᠂ ᠭᠠᠷ ᠢᠶᠠᠷ ᠢᠶᠠᠨ ᠵᠢᠭᠠᠨ ᠵᠢᠯᠣᠭᠤᠳᠤᠭᠰᠠᠨ ᠠᠴᠠ ᠪᠢᠳᠡ ᠤᠯᠠᠭᠠᠨᠴᠠᠪ ᠣᠷᠣᠨ ᠤ ᠠᠩᠬᠠᠳᠠᠭᠴᠢ AEO ᠦᠨᠡᠮᠯᠡᠯ ᠢ ᠣᠯᠪᠠ᠂ ᠡᠨᠡᠬᠦ ︿ᠠᠯᠳᠠᠨ ᠫᠠᠶᠢᠰᠠ﹀ ᠨᠢ ᠪᠢᠳᠡᠨ ᠤ ᠭᠠᠳᠠᠭᠠᠳᠤ ᠳᠠᠬᠢ ᠵᠠᠬ᠎ᠠ ᠳᠡᠯᠭᠡᠭᠦᠷ ᠢ ᠨᠡᠭᠡᠭᠡᠬᠦ ᠳᠤ ᠮᠠᠰᠢ ᠶᠡᠭᠡ ᠬᠠᠪᠰᠤᠷᠤᠯᠭ᠎ᠠ ᠦᠵᠡᠭᠦᠯᠵᠡᠢ᠂ ᠡᠨᠡ ᠵᠢᠯ ᠪᠢᠳᠡᠨ ᠤ ᠬᠥᠯᠳᠡᠭᠡᠭᠰᠡᠨ ᠲᠥᠮᠥᠰᠥᠨ ᠬᠡᠷᠴᠢᠮ᠂ ᠬᠥᠯᠳᠡᠭᠡᠭᠰᠡᠨ ᠲᠥᠮᠥᠰᠥᠨ ᠡᠪᠡᠷ ᠵᠡᠷᠭᠡ ᠪᠦᠲᠦᠭᠡᠭᠳᠡᠬᠦᠨ ᠤ ᠭᠠᠳᠠᠭᠠᠳᠤ ᠭᠠᠷᠭᠠᠯᠲᠠ ᠶᠢᠨ ᠬᠡᠮᠵᠢᠶ᠎ᠡ ᠨᠢᠳᠤᠨᠤᠨ ᠤ ᠬᠢ ᠠᠴᠠ 40 ᠭᠠᠷᠤᠢ ᠲᠠᠬᠢᠨ ᠨᠡᠮᠡᠭᠳᠡᠵᠡᠢ︾ ᠭᠡᠵᠦ ᠥᠪᠥᠷ ᠮᠣᠩᠭᠤᠯ ᠤᠨ ᠱᠣ᠋ ᠳ᠋ᠦ᠋ ᠺᠠᠢ ᠳ᠋ᠠ ᠢᠳᠡᠭᠡᠨ ᠤ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠯᠢᠦ ᠴᠠᠩ ᠠᠨ ᠰᠡᠳᠬᠢᠯ ᠳᠣᠭᠳᠣᠯᠤᠨ ᠬᠡᠯᠡᠪᠡ᠃     ᠤᠯᠠᠭᠠᠨᠴᠠᠪ ᠬᠤᠲᠠ ᠶᠢᠨ ᠲᠥᠮᠥᠰᠥ᠂ ᠨᠡᠷᠡᠨ ᠬᠤᠸᠠᠷ ᠤᠨ ᠦᠷ᠎ᠡ᠂ ᠢᠳᠡᠰᠢᠨ ᠨᠣᠭᠤᠭ᠎ᠠ ᠵᠡᠷᠭᠡ ᠣᠨᠴᠠᠯᠢᠭᠲᠤ ᠲᠠᠷᠢᠶᠠᠯᠠᠩ ᠤᠨ ᠢᠳᠡᠭᠡᠨ ᠤ ᠪᠦᠲᠦᠭᠡᠭᠳᠡᠬᠦᠨ ᠤ ᠭᠠᠷᠤᠯᠲᠠ ᠶᠡᠭᠡ᠂ ᠶᠠᠰᠤ ᠴᠢᠨᠠᠷ ᠰᠠᠶᠢᠨ ᠪᠠᠶᠢᠳᠠᠭ᠃ ᠵᠢᠨᠢᠩ ᠪᠣᠭᠤᠮᠲᠠ ᠶᠢᠨ ᠬᠢᠨ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠢᠳᠡᠪᠬᠢᠲᠡᠢ ᠪᠠᠳᠠᠷᠠᠭᠤᠯᠵᠤ᠂ ᠬᠠᠷᠢᠶ᠎ᠠ ᠣᠷᠣᠨ ᠤ ︽ᠲᠤᠰᠬᠠᠢ ᠨᠠᠷᠢᠯᠢᠭ ᠣᠨᠴᠠ ᠰᠢᠨ᠎ᠡ︾ ᠠᠵᠤ ᠠᠬᠤᠶᠢᠯᠠᠯ ᠵᠢᠴᠢ ᠭᠤᠣᠯᠳᠠᠯᠭ᠎ᠠ ᠲᠠᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠤᠨ ᠪᠠᠶᠢᠳᠠᠯ ᠢ ᠪᠦᠬᠦ ᠲᠠᠯ᠎ᠠ ᠪᠠᠷ ᠡᠮᠬᠢᠯᠡᠨ ᠳᠢᠭᠯᠡᠵᠦ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠪᠠ ᠲᠥᠷᠥ ᠶᠢᠨ ᠪᠣᠳᠣᠯᠭ᠎ᠠ ᠪᠠᠷ ᠬᠠᠪᠰᠤᠷᠤᠨ ᠲᠡᠳᠬᠦᠬᠦ ᠠᠵᠢᠯ ᠢ ᠥᠷᠭᠡᠨ ᠳᠡᠯᠭᠡᠷ ᠥᠷᠨᠢᠭᠦᠯᠵᠦ᠂ ᠭᠠᠳᠠᠭᠠᠳᠤ ᠳᠤ ᠭᠠᠷᠭᠠᠬᠤ ᠲᠠᠷᠢᠶᠠᠯᠠᠩ ᠤᠨ ᠢᠳᠡᠭᠡᠨ ᠤ ᠪᠦᠲᠦᠭᠡᠭᠳᠡᠬᠦᠨ ᠳᠤ ᠰᠠᠭᠠᠳ ᠦᠭᠡᠢ ᠨᠡᠪᠲᠡᠷᠡᠬᠦ ᠵᠠᠮ ᠨᠡᠭᠡᠭᠡᠨ ᠥᠭᠴᠦ᠂ ᠲᠠᠷᠢᠶᠠᠯᠠᠩ ᠤᠨ ᠢᠳᠡᠭᠡᠨ ᠤ ᠪᠦᠲᠦᠭᠡᠭᠳᠡᠬᠦᠨ ᠢ ᠭᠠᠳᠠᠭᠠᠳᠤ ᠳᠤ ᠭᠠᠷᠭᠠᠬᠤ ᠶᠢ ᠤᠷᠢᠳᠠᠪᠠᠷ ᠭᠥᠯᠢᠶᠡᠨ ᠠᠪᠴᠤ ᠰᠢᠢᠳᠪᠦᠷᠢᠯᠡᠬᠦ᠂ ᠲᠦᠷᠭᠡᠨ ᠰᠢᠯᠭᠠᠨ ᠲᠠᠯᠪᠢᠵᠤ ᠶᠠᠪᠤᠭᠤᠯᠬᠤ ᠶᠢ ᠬᠡᠷᠡᠭᠵᠢᠭᠦᠯᠦᠨ᠂ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠲᠠᠢ ᠵᠣᠯᠭᠠᠭᠤᠯᠵᠤ᠂ ᠢᠳᠡᠭᠡᠨ ᠤ ᠠᠮᠤᠷ ᠲᠦᠪᠰᠢᠨ ᠤ ᠮᠡᠳᠡᠭᠡ ᠵᠠᠩᠭᠢ ᠶᠢᠨ ᠬᠤᠯᠪᠣᠭᠠᠴᠢᠨ ᠪᠠᠶᠢᠭᠤᠯᠤᠨ ᠂ ︽ᠠᠵᠤ ᠠᠬᠤᠶᠢᠯᠠᠯ ᠢ ᠲᠤᠰᠠᠯᠠᠬᠤ ᠠᠵᠢᠯ ᠤᠨ ᠲᠤᠰᠬᠠᠢ ᠠᠩᠭᠢ︾ ᠪᠠᠶᠢᠭᠤᠯᠵᠤ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ︽ᠨᠢᠭᠡ ᠠᠵᠤ ᠠᠬᠤᠶᠢᠯᠠᠯ ᠳᠤ ᠨᠢᠭᠡ ᠲᠠᠩᠰᠠ︾ ᠪᠠᠶᠢᠭᠤᠯᠵᠤ᠂ ᠠᠵᠤ ᠠᠬᠤᠶᠢᠯᠠᠯ ᠳᠤ ︽ᠵᠠᠬᠢᠶᠠᠯᠠᠨ ᠦᠶᠯᠡᠳᠬᠦ︾ ᠦᠢᠯᠡᠴᠢᠯᠡᠭᠡ ᠬᠠᠩᠭᠠᠵᠤ᠂ ᠬᠠᠷᠢᠶᠠᠲᠤ ᠣᠷᠣᠨ ᠤ ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠪᠣᠭᠤᠮᠲᠠ ᠪᠠᠷ ᠤᠷᠤᠭᠰᠢᠲᠠᠢ ᠥᠩᠭᠡᠷᠡᠬᠦ ᠶᠢ ᠪᠠᠲᠤᠯᠠᠪᠠ᠃     ᠡᠨᠡ ᠵᠢᠯ᠂ ᠤᠯᠠᠭᠠᠨᠴᠠᠪ ᠬᠤᠲᠠ ᠶᠢᠨ ᠲᠠᠷᠢᠶᠠᠯᠠᠩ ᠤᠨ ᠢᠳᠡᠭᠡᠨ ᠤ ᠪᠦᠲᠦᠭᠡᠭᠳᠡᠬᠦᠨ ᠤ ᠭᠠᠳᠠᠭᠠᠳᠤ ᠭᠠᠷᠭᠠᠯᠲᠠ ᠶᠢᠨ ᠨᠡᠮᠡᠭᠳᠡᠯ ᠤᠨ ᠬᠠᠨᠳᠤᠰᠢ ᠢᠯᠡᠷᠬᠡᠢ ᠪᠠᠶᠢᠵᠤ᠂ ᠭᠤᠣᠯᠳᠠᠭᠤ ᠭᠠᠳᠠᠭᠠᠳᠤ ᠳᠤ ᠭᠠᠷᠭᠠᠬᠤ ᠪᠦᠲᠦᠭᠡᠭᠳᠡᠬᠦᠨ ᠳᠤ ᠬᠥᠯᠳᠡᠭᠡᠭᠰᠡᠨ ᠲᠥᠮᠥᠰᠥᠨ ᠭᠡᠷᠴᠢᠮ᠂ ᠬᠥᠯᠳᠡᠭᠡᠭᠰᠡᠨ ᠲᠥᠮᠥᠰᠤᠨ ᠡᠪᠡᠷ᠂ ᠨᠡᠷᠡᠨ ᠬᠤᠸᠠᠷ ᠤᠨ ᠦᠷ᠎ᠡ᠂ ᠳᠠᠪᠤᠰᠤᠯᠠᠭᠰᠠᠨ ᠬᠤᠨᠢᠨ ᠭᠡᠳᠡᠰᠦ ᠵᠡᠷᠭᠡ ᠪᠣᠶ᠂ ᠪᠦᠲᠦᠭᠡᠭᠳᠡᠬᠦᠨ ᠢ ᠭᠤᠣᠯᠳᠠᠭᠤ ᠡᠸᠦ᠋ᠷᠦᠫᠡ ᠶᠢᠨ ᠬᠤᠯᠪᠣᠭ᠎ᠠ᠂ ᠶᠠᠫᠤᠨ᠂ ᠺᠣᠷᠢᠶᠠ᠂ ᠸᠢᠶᠧᠲᠨᠠᠮ᠂ ᠹᠢᠯᠢᠫᠢᠨ᠂ ᠠᠦ᠋ᠰᠲᠷᠠᠯᠢᠶ᠎ᠠ ᠵᠡᠷᠭᠡ ᠤᠯᠤᠰ ᠲᠤ ᠭᠠᠷᠭᠠᠨ᠎ᠠ᠃ ᠵᠢᠨᠢᠩ ᠪᠣᠭᠤᠮᠲᠠ ᠶᠢᠨ ᠪᠦᠷᠢᠳᠬᠡᠯ ᠠᠴᠠ ᠦᠵᠡᠪᠡᠯ᠂ 1 ︱ 10 ᠰᠠᠷ᠎ᠠ ᠳᠤ᠂ ᠲᠠᠷᠢᠶᠠᠯᠠᠩ ᠤᠨ ᠢᠳᠡᠭᠡᠨ ᠤ ᠪᠦᠳᠦᠭᠡᠭᠳᠡᠬᠦᠨ ᠤ ᠭᠠᠳᠠᠭᠠᠳᠤ ᠭᠠᠷᠭᠠᠯᠲᠠ 1.2 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 447% ᠪᠠᠷ ᠨᠡᠮᠡᠭᠳᠡᠨ᠂ ᠪᠠᠷᠠᠭᠠᠨ ᠤ ᠥᠷᠲᠡᠭ 1.09 ᠳ᠋ᠦᠩᠰᠢᠭᠤᠷ ᠲᠥᠭᠦᠷᠢᠭ ᠲᠤ ᠬᠦᠷᠴᠦ᠂ ᠠᠩᠬ᠎ᠠ ᠤᠳᠠᠭ᠎ᠠ ᠳ᠋ᠦᠩᠰᠢᠭᠤᠷ ᠲᠥᠭᠦᠷᠢᠭ ᠢ ᠳᠠᠪᠠᠵᠤ᠂ ᠠᠳᠠᠯᠢ ᠬᠤᠭᠤᠴᠠᠭᠠᠨ ᠤ ᠬᠢ ᠠᠴᠠ 234% ᠪᠠᠷ ᠨᠡᠮᠡᠭᠳᠡᠵᠡᠢ᠃︵ᠥᠪᠥᠷ ᠮᠣᠩᠭᠤᠯ ᠤᠨ ᠡᠳᠦᠷ ᠤᠨ ᠰᠣᠨᠢᠨ · ᠲᠠᠯ᠎ᠠ ᠨᠤᠲᠤᠭ ᠤᠨ ᠬᠠᠮ ᠵᠠᠭᠤᠴᠢᠯᠠᠭᠤᠷ ᠤᠨ ᠰᠤᠷᠪᠤᠯᠵᠢᠯᠠᠭᠴᠢ ᠲᠡᠯᠡᠶ ᠶᠢᠨ ᠴᠡᠷᠢᠭ ᠤᠨ ᠳᠠᠳᠤᠯᠭ᠎ᠠ ᠶᠢᠨ ᠰᠣᠷᠣᠭᠴᠢ ᠵᠣᠣ ᠰᠢᠶᠣᠣ ᠸᠧᠢ︶
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2