ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠬᠢᠪᠡ
ᠨᠡᠶᠢᠲᠡᠯᠡᠭᠰᠡᠨ ᠴᠠᠭ᠄
2022/12/9
    ᠣᠶᠢᠷ᠎ᠠ ᠳᠤ᠂ ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠶᠠᠪᠤᠭᠤᠯᠵᠤ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠬᠤᠷᠠᠯ ᠡᠷᠭᠢᠯᠡᠵᠦ ᠶᠠᠷᠢᠶ᠎ᠠ ᠲᠠᠯᠪᠢᠪᠠ᠃     ᠬᠤᠷᠠᠯ ᠠᠴᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠤᠬᠠᠭᠤᠯᠭ᠎ᠠ ᠬᠥᠮᠦᠵᠢᠯ ᠪᠣᠯᠣᠨ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ︽ᠭᠤᠷᠪᠠᠨ ᠰᠠᠯᠵᠤ ᠴᠢᠳᠠᠬᠤ ᠦᠭᠡᠢ︾᠂ ︽ᠲᠠᠪᠤᠨ ᠮᠡᠳᠡᠷᠡᠮᠵᠢ︾᠂ ︽ᠳᠥᠷᠪᠡ ᠶᠢ ᠬᠠᠮᠲᠤᠳᠬᠠᠬᠤ︾ ᠶᠢ ᠬᠥᠮᠥᠰ ᠤᠨ ᠰᠡᠳᠬᠢᠯ ᠳᠤ ᠨᠡᠩ ᠭᠦᠨ ᠬᠠᠳᠠᠩᠰᠢᠭᠤᠯᠵᠤ᠂ ᠨᠠᠮ ᠤᠨ ᠦᠨᠳᠦᠰᠦᠲᠡᠨ ᠤ ᠠᠵᠢᠯ ᠢ ᠦᠨᠡᠨᠬᠦ ᠴᠢᠩᠭᠠᠳᠬᠠᠨ ᠰᠠᠶᠢᠵᠢᠷᠠᠭᠤᠯᠵᠤ᠂ ᠦᠨᠳᠦᠰᠦᠲᠡᠨ ᠤ ᠪᠦᠯᠬᠦᠮᠳᠡᠯ ᠤᠨ ᠶᠡᠭᠡ ᠲᠠᠯ᠎ᠠ ᠶᠢ ᠲᠠᠰᠤᠷᠠᠯᠳᠡ ᠦᠭᠡᠢ ᠪᠠᠬᠢᠵᠢᠭᠦᠯᠦᠨ ᠬᠥᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠳᠤᠭᠤᠰᠢᠯᠠᠭᠤᠯᠵᠤ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠡᠪᠡᠰᠦ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠪᠣᠬᠢᠷᠳᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠨᠡᠮᠡᠭᠳᠡᠯ ᠢ ᠬᠠᠮᠵᠢᠯᠴᠠᠨ ᠠᠬᠢᠭᠤᠯᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠠᠷᠪᠢᠲᠠᠢ ᠡᠷᠴᠢᠮᠯᠢᠭ᠂ ᠪᠣᠬᠢᠷᠳᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ︵ᠵᠤᠬᠢᠶᠠᠭᠴᠢ ᠱᠤᠤ ᠮᠢᠨ ᠯᠢ︶                          ᠤᠷᠴᠢᠭᠤᠯᠤᠭᠴᠢ᠄ ᠬᠦᠰᠡᠯ                          ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2