ᠠ ᠯᠢ ᠡᠭᠦᠯᠡᠨ ᠪᠤᠳᠤᠯᠲᠠ ᠶᠢᠨ ᠤᠯᠠᠭᠠᠨᠴᠠᠪ ᠤᠨ ᠮᠠᠰᠢᠨ ᠲᠡᠷᠭᠡᠨ ᠤ ᠤᠶᠤᠨᠴᠢᠯᠠᠬᠰᠠᠨ ᠶᠠᠷᠢᠶᠠᠨ ᠤ ᠲᠠᠪᠴᠠᠩ ᠮᠠᠨ ᠤ ᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2022/12/9
    8 ᠰᠠᠷ᠎ᠠ ᠶᠢᠨ 2 ᠤᠨ ᠡᠳᠦᠷ᠂ ᠠ ᠯᠢ ᠡᠭᠦᠯᠡᠨ ᠪᠤᠳᠤᠯᠲᠠ ᠶᠢᠨ ᠤᠯᠠᠭᠠᠨᠴᠠᠪ ᠤᠨ ᠮᠠᠰᠢᠨ ᠲᠡᠷᠭᠡᠨ ᠤ ᠤᠶᠤᠨᠴᠢᠯᠠᠬᠰᠠᠨ ᠶᠠᠷᠢᠶᠠᠨ ᠤ ᠲᠠᠪᠴᠠᠩ ᠮᠠᠨ ᠤ ᠬᠤᠲᠠ ᠳᠤ ᠶᠠᠪᠤᠭᠳᠠᠪᠠ᠃     ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠤ ᠤᠤᠯ ᠤᠨ ᠳᠡᠳ᠋ ᠰᠠᠶᠢᠳ ᠦ᠋ ᠵᠦᠩ ᠽᠧ᠂ ᠠ ᠯᠢ ᠡᠭᠦᠯᠡᠨ ᠪᠤᠳᠤᠯᠲᠠ ᠶᠢᠨ ᠤᠶᠤᠨᠲᠤ ᠪᠦᠬᠦ ᠪᠥᠮᠪᠥᠷᠴᠡᠭ ᠤᠨ ᠪᠣᠷᠣᠯᠠᠭᠤᠯᠭ᠎ᠠ ᠶᠢᠨ ᠶᠡᠷᠦᠩᠬᠡᠢ ᠵᠠᠬᠢᠷᠤᠭᠴᠢ ᠼᠠᠢ ᠶᠢᠩ ᠬᠤᠸᠠ᠂ ᠰᠢᠶᠤᠤ ᠫᠧᠩ ᠮᠠᠰᠢᠨ ᠲᠡᠷᠭᠡᠨ ᠤ ᠬᠡᠷᠡᠭ ᠮᠡᠳᠡᠭᠴᠢᠳ ᠤᠨ ᠳᠠᠷᠤᠭ᠎ᠠ ᠾᠧ ᠰᠢᠶᠤᠤ ᠫᠧᠩ ᠵᠢᠴᠢ ᠬᠤᠳᠠ ᠶᠢᠨ ᠤᠳᠤᠷᠢᠳᠤᠯᠭ᠎ᠠ ᠰᠦᠢ ᠸᠧᠢ ᠵᠢᠶᠦ᠋ᠨ᠂ ᠶᠦᠨ ᠫᠧᠩ ᠭᠠᠩ᠂ ᠯᠢᠦ ᠭᠦᠸᠧ ᠭᠠᠩ᠂ ᠴᠠᠢ ᠶᠤᠸᠠᠢ ᠶᠠᠷᠢᠶᠠᠨ ᠤ ᠲᠠᠪᠴᠠᠩ ᠳᠤ ᠣᠷᠣᠯᠴᠠᠪᠠ᠃ ᠬᠤᠷᠠᠯ ᠳᠤ ᠣᠷᠣᠯᠴᠠᠭᠰᠠᠨ ᠬᠦᠨᠳᠦᠲᠦ ᠵᠣᠴᠢᠳ ᠠ ᠯᠢ ᠡᠭᠦᠯᠡᠨ ᠪᠤᠳᠤᠯᠲᠠ ᠶᠢᠨ AI ᠤᠶᠤᠨᠲᠤ ᠪᠤᠳᠤᠯᠭ᠎ᠠ ᠶᠢᠨ ᠲᠥᠪ ᠤᠨ ︽ᠹᠦ᠋ ᠶᠤᠤ︾ ᠶᠢ ᠬᠠᠮᠲᠤᠪᠠᠷ ᠡᠬᠢᠯᠡᠭᠦᠯᠦᠭᠰᠡᠨ ᠤ ᠬᠠᠮᠲᠤ ︽ᠠᠦ᠋ᠲ᠋ᠣ᠋ ᠵᠢᠯᠣᠭᠤᠳᠣᠯᠭ᠎ᠠ ᠶᠢᠨ ᠵᠡᠭᠦᠨ ᠤ ᠲᠤᠭ᠎ᠠ ᠪᠠᠷᠢᠮᠲᠠ ᠶᠢ ᠪᠠᠷᠠᠭᠤᠨ ᠳᠤ ᠰᠢᠢᠳᠪᠦᠷᠢᠯᠡᠬᠦ ᠬᠦᠢᠰᠦ ᠴᠡᠭ ︵ᠤᠯᠠᠭᠠᠨᠴᠠᠪ︶ ︾ ᠤᠨ ᠫᠠᠶᠢᠰᠠ ᠣᠯᠭᠤᠬᠤ ᠶᠣᠰᠣᠯᠠᠯ ᠢ ᠶᠠᠪᠤᠭᠳᠠᠭᠤᠯᠵᠠᠢ᠃     ᠣᠶᠢᠯᠠᠭᠠᠭᠰᠠᠨ ᠢᠶᠠᠷ᠂ ᠠ ᠯᠢ ᠡᠭᠦᠯᠡᠨ ᠪᠤᠳᠤᠯᠲᠠ ᠶᠢᠨ ᠲᠥᠪ ᠢ ᠰᠢᠶᠤᠤ ᠫᠧᠩ ᠮᠠᠰᠢᠨ ᠲᠡᠷᠭᠡ ᠪᠣᠯᠤᠨ ᠠ ᠯᠢ ᠡᠭᠦᠯᠡᠨ ᠪᠤᠳᠤᠯᠲᠠ ᠶᠢᠨ ᠲᠥᠪ ᠲᠠᠢ ᠬᠠᠮᠲᠤᠷᠠᠵᠤ ᠪᠠᠶᠢᠭᠤᠯᠤᠭᠰᠠᠨ ᠶᠤᠮ᠂ ᠡᠨᠡ ᠪᠣᠯ ︽ᠵᠡᠭᠦᠨ ᠤ ᠲᠤᠭ᠎ᠠ ᠪᠠᠷᠢᠮᠲᠠ ᠶᠢ ᠪᠠᠷᠠᠭᠤᠨ ᠳᠤ ᠰᠢᠢᠳᠪᠦᠷᠢᠯᠡᠬᠦ︾ ᠶᠢᠨ ᠥᠪᠥᠷ ᠮᠣᠩᠭᠤᠯ ᠤᠨ ᠬᠦᠢᠰᠦ ᠴᠡᠭ ᠤᠨ ᠠᠩᠬᠠᠳᠠᠭᠴᠢ ᠤᠶᠤᠨᠲᠤ ᠪᠤᠳᠤᠯᠲᠠ ᠶᠢᠨ ᠲᠥᠪ ᠪᠣᠯᠬᠤ ᠪᠥᠭᠡᠳ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠤᠶᠤᠨᠲᠤ ᠪᠤᠳᠤᠯᠲᠠ ᠶᠢᠨ ᠲᠥᠪ ᠪᠣᠯᠤᠨ᠎ᠠ᠂ ᠤᠯᠠᠭᠠᠨᠴᠠᠪ ᠬᠤᠲᠠ ᠶᠢᠨ ᠬᠦᠢᠲᠡᠨ ᠰᠡᠷᠢᠭᠦᠨ ᠠᠭᠤᠷ ᠠᠮᠢᠰᠬᠤᠯ ᠤᠨ ᠨᠥᠬᠦᠴᠡᠯ ᠪᠠ ᠲᠡᠷᠢᠭᠦᠨ ᠤ ᠪᠣᠬᠢᠷᠲᠤᠯ ᠥᠬᠡᠶ ᠮᠡᠷᠭᠡᠵᠢᠯ ᠳᠤ ᠲᠦᠰᠢᠭᠯᠡᠪᠡᠯ᠂ ᠪᠥᠬᠦ ᠵᠢᠯ ᠳᠤ 80% ᠠᠴᠠ ᠳᠡᠭᠡᠭᠰᠢ ᠬᠤᠭᠤᠴᠠᠭᠠᠨ ᠤ ᠪᠥᠬᠦ ᠰᠢᠨ᠎ᠡ ᠠᠵᠢᠯᠯᠠᠭ᠎ᠠ ᠶᠢ ᠪᠡᠶᠡᠯᠡᠭᠦᠯᠵᠦ᠂ ᠵᠢᠯ ᠤᠨ ᠳᠤᠮᠳᠠᠴᠢ PUE ᠨᠢ 1.2 ᠠᠴᠠ ᠪᠠᠭ᠎ᠠ ᠪᠣᠯᠤᠨ᠎ᠠ᠃ ᠡᠨᠡ ᠪᠣᠯ ᠪᠦᠬᠦ ᠤᠯᠤᠰ ᠤᠨ ᠨᠢᠭᠡ ᠴᠤᠬᠴᠠᠵᠢᠭᠤᠯᠤᠬᠰᠠᠨ ᠪᠤᠳᠤᠯᠭ᠎ᠠ ᠶᠢᠨ ᠬᠦᠴᠦᠨ ᠤ ᠰᠦᠯᠵᠢᠶ᠎ᠡ ᠶᠢᠨ ᠤᠯᠤᠰ ᠤᠨ ᠬᠦᠢᠰᠦ ᠴᠡᠭ ᠤᠨ ᠪᠦᠳᠦᠭᠡᠨ ᠪᠠᠶᠢᠭᠤᠯᠤᠯᠲᠠ ᠪᠠᠷ ᠠᠵᠠ ᠲᠣᠬᠢᠶᠠᠯ ᠪᠣᠯᠭᠠᠵᠤ ᠪᠦᠷᠢᠯᠳᠦᠭᠦᠯᠦᠭᠰᠡᠨ ︽ᠵᠡᠭᠦᠨ ᠤ ᠲᠤᠭ᠎ᠠ ᠪᠠᠷᠢᠮᠲᠠ ᠶᠢ ᠪᠠᠷᠠᠭᠤᠨ ᠳᠤ ᠰᠢᠢᠳᠪᠦᠷᠢᠯᠡᠬᠦ︾ ᠶᠢᠨ ᠪᠠᠰᠠ ᠨᠢᠭᠡᠨ ᠨᠡᠶᠢᠲᠡᠯᠢᠭ ᠵᠢᠱᠢᠶ᠎ᠡ ᠦᠵᠡᠭᠦᠯᠬᠦ ᠦᠵᠡᠭᠳᠡᠯ ᠪᠣᠯᠤᠨ᠎ᠠ᠃  
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2