ᠴᠢ ᠹᠸᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠬᠦᠷᠭᠡᠨ ᠬᠢᠨᠠᠭᠤᠯᠬᠤ ᠨᠣᠤᠷᠠᠭ︶︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠪᠡ
ᠨᠡᠶᠢᠲᠡᠯᠡᠭᠰᠡᠨ ᠴᠠᠭ᠄
2022/2/14
    1 ᠰᠠᠷ᠎ᠠ ᠶᠢᠨ 26 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠸᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠬᠦᠷᠭᠡᠨ ᠬᠢᠨᠠᠭᠤᠯᠬᠤ ᠨᠣᠤᠷᠠᠭ︶︾ ︽ᠤᠯᠠᠭᠠᠨᠴᠠᠪ ᠬᠤᠲᠠ ᠶᠢᠨ 2021 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2022 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠦᠯ ᠤᠨ ᠲᠤᠬᠠᠶ ᠮᠡᠳᠡᠭᠦᠯᠦᠯᠲᠡ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠪᠡ᠃     ᠬᠤᠷᠠᠯ ᠠᠴᠠ᠂ 2021 ᠣᠨ ᠳᠤ᠂ ᠪᠦᠬᠦ ᠬᠤᠳᠠ ᠪᠠᠷ ᠢᠶᠠᠨ ᠠᠵᠤ ᠠᠬᠤᠢ ᠶᠢᠨ ᠪᠠᠭᠤᠷᠠᠯᠲᠠ ᠶᠢᠨ ᠳᠠᠷᠤᠯᠲᠠ ᠶᠢ ᠲᠠᠭᠠᠭᠠᠨ ᠲᠤᠯᠵᠤ᠂ ᠬᠢᠵᠢᠭ ᠤᠨ ᠪᠠᠶᠢᠳᠠᠯ ᠤᠨ ᠲᠠᠭᠠᠷᠢᠯᠲᠠ ᠶᠢᠨ ᠰᠢᠯᠭᠠᠯᠲᠠ ᠶᠢ ᠳᠠᠭᠠᠭᠠᠵᠤ᠂ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠡᠭᠦᠷᠭᠡᠯᠡᠵᠦ᠂ ᠠᠵᠤ ᠠᠬᠤᠢ ᠶᠢ ᠲᠣᠭᠲᠠᠭᠤᠨ ᠢᠶᠠᠷ ᠠᠵᠢᠯᠯᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠵᠡᠢ᠃ 2022 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠢ ᠬᠤᠷᠠᠯᠳᠤᠭᠤᠯᠬᠤ ᠵᠢᠯ ᠪᠣᠯᠤᠨ᠎ᠠ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠲᠣᠭᠲᠠᠭᠤᠨ ᠤ ᠳᠤᠮᠳᠠ ᠤᠷᠤᠭᠰᠢᠯᠠᠬᠤ᠂ ᠲᠡᠷᠢᠭᠦᠨ ᠳᠤ ᠣᠷᠣᠬᠤ ᠪᠠᠷ ᠴᠢᠷᠮᠠᠶᠢᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ ᠲᠥᠯᠥᠪᠵᠢᠭᠦᠯᠵᠦ᠂ ᠨᠠᠷᠢᠨ ᠨᠢᠮᠪᠠᠢ ᠲᠦᠯᠦᠪᠯᠡᠨ᠂ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠪᠣᠯᠤᠨ ᠲᠡᠦᠬᠡ ᠶᠢᠨ ᠬᠦᠯᠢᠴᠡᠩᠭᠦᠢ ᠪᠠᠷ ᠰᠢᠨ᠎ᠡ ᠠᠵᠠ ᠲᠣᠬᠢᠶᠠᠯ ᠢ ᠠᠮᠵᠢᠵᠤ᠂ ᠰᠢᠨ᠎ᠡ ᠪᠠᠶᠢᠳᠠᠯ ᠢ ᠡᠭᠦᠳᠴᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃     ᠬᠤᠷᠠᠯ ᠠᠴᠠ᠂ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠪᠣᠯ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠬᠥᠲᠥᠯᠪᠦᠷᠢ ᠶᠢᠨ ᠴᠢᠨᠠᠷᠲᠠᠢ ᠪᠢᠴᠢᠭ ᠮᠠᠲ᠋ᠧᠷᠢᠶᠠᠯ ᠮᠥᠨ᠂ ᠪᠦᠬᠦ ᠬᠤᠳᠠ ᠶᠢᠨ ᠠᠷᠠᠳ ᠲᠦᠮᠡᠨ ᠳᠤ ᠬᠢᠭᠰᠡᠨ ᠲᠥᠪ ᠴᠢᠩᠭ᠎ᠠ ᠠᠮᠠᠯᠠᠯᠲᠠ ᠮᠥᠨ᠃ ᠲᠤᠭᠤᠷᠪᠢᠨ ᠪᠢᠴᠢᠬᠦ ᠳᠤᠭᠤᠶᠢᠯᠠᠩ ᠤᠨ ᠬᠢᠨ ᠡᠯ᠎ᠡ ᠲᠠᠯ᠎ᠠ ᠶᠢᠨ ᠬᠢᠨ ᠤ ᠰᠠᠨᠠᠯ ᠪᠠ ᠰᠠᠨᠠᠭᠤᠯᠭ᠎ᠠ ᠶᠢ ᠭᠦᠢᠴᠡᠳ ᠰᠢᠩᠭᠡᠭᠡᠨ ᠠᠪᠴᠤ᠂ ᠭᠤᠣᠯ ᠠᠭᠤᠯᠭ᠎ᠠ ᠶᠢ ᠲᠠᠬᠢᠨ ᠡᠮᠬᠢᠯᠡᠨ ᠲᠠᠬᠢᠨ ᠬᠢᠨᠠᠨ ᠬᠠᠷᠭᠤᠭᠤᠯᠵᠤ᠂ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠪᠠ ᠤᠯᠤᠰ ᠠᠷᠠᠳ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠵᠣᠷᠢᠭ ᠰᠠᠨᠠᠭ᠎ᠠ ᠪᠠ ᠬᠤᠳᠠ ᠶᠢᠨ ᠨᠠᠮ ᠤᠨ ᠬᠤᠷᠢᠶᠠᠨ ᠤ ᠶᠡᠷᠦᠩᠬᠡᠶ ᠱᠠᠭᠠᠷᠳᠠᠯᠭ᠎ᠠ ᠳᠤ ᠨᠡᠶᠢᠴᠡᠭᠦᠯᠬᠦ ᠶᠢ ᠦᠨᠡᠨ ᠬᠦ ᠪᠠᠲᠤᠯᠠᠵᠤ᠂ ᠮᠠᠨ ᠤ ᠬᠤᠳᠠ ᠶᠢᠨ ᠬᠥᠭᠵᠢᠯᠲᠡ ᠶᠢᠨ ᠪᠣᠳᠠᠲᠤ ᠪᠠᠶᠢᠳᠠᠯ ᠪᠠ ᠠᠷᠠᠳ ᠤᠨ ᠠᠮᠢᠳᠤᠷᠠᠯ ᠤᠨ ᠬᠡᠷᠡᠭᠴᠡᠭᠡ ᠳᠤ ᠨᠡᠶᠢᠴᠡᠭᠦᠯᠬᠦ ᠬᠡᠷᠡᠭᠲᠡᠶ ᠬᠡᠵᠤ ᠴᠢᠬᠤᠯᠠᠴᠢᠯᠠᠪᠠ᠃     ᠬᠤᠷᠠᠯ ᠠᠴᠠ᠂ ᠲᠥᠰᠦᠪ ᠢ ᠨᠠᠶᠢᠷᠠᠭᠤᠯᠤᠨ ᠵᠣᠬᠢᠶᠠᠬᠤ ᠳᠤ ᠰᠢᠨᠵᠢᠯᠡᠬᠦ ᠤᠬᠠᠭᠠᠨᠴᠢᠯᠠᠭᠰᠠᠨ᠂ ᠵᠢᠷᠤᠮᠵᠢᠭᠤᠯᠤᠭᠰᠠᠨ᠂ ᠨᠠᠷᠢᠯᠢᠭᠵᠢᠭᠤᠯᠤᠭᠰᠠᠨ ᠵᠠᠷᠴᠢᠮ ᠢ ᠪᠠᠷᠢᠮᠲᠠᠯᠠᠵᠤ᠂ ︽ᠠᠷᠪᠢᠴᠢ ᠭᠠᠮᠲᠠᠢ ᠠᠮᠢᠳᠤᠷᠠᠬᠤ︾ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠬᠢᠵᠠᠭᠠᠷ ᠲᠠᠢ ᠪᠡᠯᠡ ᠮᠥᠩᠭᠦ ᠶᠢ ᠲᠣᠭᠲᠠᠭᠤᠨ ᠢᠶᠠᠷ ᠨᠡᠮᠡᠭᠳᠡᠭᠦᠯᠬᠦ᠂ ᠠᠷᠠᠳ ᠤᠨ ᠠᠮᠢᠳᠤᠷᠠᠯ ᠢ ᠪᠠᠲᠤᠯᠠᠬᠤ ᠳᠡᠭᠡᠷ᠎ᠡ ᠬᠡᠷᠡᠭᠯᠡᠬᠦ ᠶᠢᠨ ᠬᠠᠮᠲᠤ ᠥᠪᠡᠷᠲᠡᠭᠡᠨ ᠵᠠᠰᠠᠬᠤ ᠣᠷᠣᠨ ᠲᠠᠢ ᠢᠳᠡᠪᠬᠢᠲᠡᠢ ᠵᠣᠯᠭᠠᠭᠤᠯᠵᠤ᠂ ᠪᠡᠯᠡ ᠮᠥᠩᠭᠦ ᠪᠣᠯᠤᠨ ᠲᠦᠷᠦᠯ ᠵᠦᠢᠯ ᠢ ᠲᠡᠮᠡᠴᠡᠨ ᠤᠯᠬᠤ ᠡᠷᠴᠢᠮ ᠢᠶᠠᠨ ᠴᠢᠩᠭᠠᠷᠠᠭᠤᠯᠵᠤ᠂ ᠴᠢᠨᠠᠷ ᠰᠠᠶᠢᠲᠠᠢ ᠬᠥᠭᠵᠢᠯᠲᠡ ᠳᠤ ᠠᠮᠢᠵᠢᠷᠠᠯ ᠤᠨ ᠬᠦᠴᠦᠨ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2