ᠴᠢ ᠹᠸᠢ ᠶᠦᠨ ᠰᠢᠩ ᠡᡁᠧ ᠰᠢᠶᠠᠨ ᠪᠣᠯᠤᠨ ᠵᠢᠨᠢᠩ ᠲᠣᠭᠤᠷᠢᠭ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ ᠴᠢᠬᠤᠯᠠᠴᠢᠯᠠᠭᠰᠠᠨ ᠨᠢ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ ᠨᠠᠶᠢᠳᠠᠪᠤᠷᠢᠵᠢᠭᠤᠯᠤᠯᠲᠠ ᠶᠢ ᠠᠳᠬᠤᠵᠤ ᠦᠷᠭᠦᠯᠵᠢᠯᠡᠨ ᠲᠡᠮᠡᠴᠡᠵᠦ ᠰᠢᠨ᠎ᠡ ᠬᠠᠭᠤᠳᠠᠰᠤ ᠶᠢ ᠰᠦᠪᠡᠭᠴᠢᠯᠡᠵᠦ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠬᠤ ᠬᠡᠷᠡᠭᠲᠡᠢ
ᠨᠡᠶᠢᠲᠡᠯᠡᠭᠰᠡᠨ ᠴᠠᠭ᠄
2022/2/14
    2 ᠰᠠᠷ᠎ᠠ ᠶᠢᠨ 12 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠸᠢ ᠶᠦᠨ ᠤᠷᠢᠳ ᠬᠤᠵᠢᠳ ᠰᠢᠩ ᠾᠧ ᠰᠢᠶᠠᠨ᠂ ᠵᠢᠨᠢᠩ ᠲᠣᠭᠤᠷᠢᠭ ᠤᠨ ᠲᠥᠯᠥᠭᠡᠯᠡᠭᠴᠢᠳ ᠤᠨ ᠪᠦᠯᠬᠦᠮ ᠳᠤ ᠬᠦᠷᠴᠦ᠂ ᠲᠥᠯᠥᠭᠡᠯᠡᠭᠴᠢᠳ ᠲᠠᠢ ᠬᠠᠮᠲᠤ ᠪᠠᠷ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠬᠢᠨᠠᠨ ᠵᠥᠪᠯᠡᠪᠡ᠃     ᠬᠢᠨᠠᠨ ᠵᠥᠪᠯᠡᠬᠦ ᠶᠠᠪᠤᠴᠠ ᠳᠤ᠂ ᠲᠥᠯᠥᠭᠡᠯᠡᠭᠴᠢᠳ ᠢᠯᠡᠳᠬᠡᠯ ᠤᠨ ᠲᠣᠭᠤᠷᠢᠨ ᠳᠤ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠢᠳᠡᠪᠬᠢᠲᠡᠢ ᠪᠠᠷ ᠶᠠᠷᠢᠶ᠎ᠠ ᠲᠠᠯᠪᠢᠵᠤ᠂ ᠢᠯᠡᠳᠬᠡᠯ ᠨᠢ ᠦᠷ᠎ᠡ ᠪᠦᠲᠦᠮᠵᠢ ᠶᠢ ᠳ᠋ᠦᠩᠨᠡᠬᠦ ᠳᠡᠭᠡᠨ ᠪᠤᠰᠤᠳᠴᠢ ᠪᠣᠳᠠᠲᠠᠢ᠂ ᠬᠠᠷᠠᠯᠲᠠ ᠪᠠᠨ ᠲᠣᠭᠲᠠᠭᠠᠬᠤ ᠳᠠᠭᠠᠨ ᠰᠢᠨᠵᠢᠯᠡᠬᠦ ᠤᠬᠠᠭᠠᠨᠴᠢ ᠣᠨᠣᠪᠴᠢᠲᠠᠢ ᠂ ᠠᠵᠢᠯ ᠢᠶᠠᠨ ᠪᠠᠶᠢᠷᠢᠯᠠᠭᠤᠯᠬᠤ ᠳᠠᠭᠠᠨ ᠪᠣᠳᠠᠲᠠᠢ ᠶᠢ ᠡᠷᠬᠢᠮᠯᠡᠨ ᠰᠢᠨ᠎ᠡ ᠶᠢ  ᠡᠭᠦᠳᠴᠦ᠂ ᠴᠠᠭ ᠤᠨ ᠪᠠᠶᠢᠳᠠᠯ ᠳᠤ ᠲᠤᠬᠢᠷᠠᠭᠰᠠᠠ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠨᠢᠭᠲᠠᠷᠠᠭᠤᠯᠤᠭᠰᠠᠨ ᠴᠢᠨᠠᠷ ᠰᠠᠶᠢᠲᠠᠢ ᠢᠯᠡᠳᠬᠡᠯ ᠪᠣᠯᠤᠨ᠎ᠠ ᠭᠡᠵᠦ ᠰᠠᠨᠠᠯ ᠨᠢᠭᠡᠲᠡᠢ ᠦᠵᠡᠪᠡ᠃ ᠴᠢ ᠹᠸᠢ ᠶᠦᠨ ᠰᠣᠨᠣᠰᠬᠤ ᠶᠢᠨ ᠳᠠᠭᠠᠤ ᠲᠡᠮᠳᠡᠭᠯᠡᠵᠦ᠂ ᠤᠯᠠᠨ ᠲᠠᠢ ᠰᠠᠨᠠᠯ ᠢᠶᠠᠨ ᠰᠣᠯᠢᠯᠴᠠᠪᠠ᠃ ᠲᠡᠷᠡ ᠬᠡᠯᠡᠬᠦ ᠳᠡᠭᠡᠨ  ᠂ 2021 ᠣᠨ ᠳᠤ᠂ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠶᠢᠳᠠᠯ ᠪᠣᠯᠤᠨ ᠬᠦᠨᠳᠦ ᠬᠡᠴᠡᠭᠦᠦ ᠡᠭᠦᠷᠭᠡ ᠶᠢᠨ ᠡᠮᠦᠨ᠎ᠡ᠂ ᠪᠦᠬᠦ ᠬᠤᠲᠠ ᠶᠢᠨ ᠺᠠᠳ᠋ᠷ ᠣᠯᠠᠨ ᠲᠦᠮᠡᠨ ᠥᠷᠯᠥᠭᠡ ᠦᠳᠡᠰᠢ ᠶᠢ ᠲᠡᠮᠡᠴᠡᠨ ᠠᠵᠢᠯᠯᠠᠵᠤ᠂ ᠬᠦᠴᠦᠯᠡᠨ ᠴᠢᠷᠮᠠᠶᠢᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠰᠠᠶᠢᠨ ᠡᠬᠢᠯᠡᠯᠲᠡ ᠶᠢ ᠪᠡᠶᠡᠯᠡᠭᠦᠯᠬᠦ ᠳᠤ ᠬᠢᠯᠪᠠᠷ ᠪᠤᠰᠤ ᠠᠮᠵᠢᠯᠲᠠ ᠪᠦᠲᠦᠮᠵᠢ ᠣᠯᠤᠭᠰᠠᠨ ᠶᠤᠮ᠂ ᠡᠭᠦᠨ ᠳᠤ ᠣᠯᠠᠨ ᠤ ᠬᠦᠴᠦ ᠬᠥᠯᠥᠰᠥ ᠰᠢᠩᠭᠡᠵᠦ ᠪᠠᠶᠢᠳᠠᠭ ᠭᠡᠵᠡᠢ᠃    ᠴᠢ ᠹᠸᠢ ᠶᠦᠨ᠂ ᠰᠢᠩ ᠾᠧ ᠰᠢᠶᠠᠨ ᠨᠢ ᠮᠠᠨ ᠤ ᠬᠤᠲᠠ ᠶᠢᠨ ᠪᠡᠭᠡᠵᠢᠩ ᠠᠴᠠ ᠬᠠᠮᠤᠭ ᠤᠨ ᠣᠶᠢᠷ᠎ᠠ ᠬᠤᠰᠢᠭᠤ ᠰᠢᠶᠠᠨ ᠪᠣᠯᠤᠭᠰᠠᠨ ᠤ ᠬᠤᠪᠢ ᠳᠤ᠂ ᠣᠷᠣᠨ ᠪᠠᠶᠢᠷᠢ ᠶᠢᠨ ᠵᠠᠮ ᠬᠠᠷᠢᠯᠴᠠᠭᠠᠨ ᠤ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠪᠣᠬᠢᠷᠲᠤᠯ ᠥᠬᠡᠶ ᠣᠷᠭᠠᠨᠢᠭ ᠲᠠᠷᠢᠶᠠᠯᠠᠩ ᠮᠠᠯ ᠠᠵᠤ ᠠᠬᠤᠶ ᠶᠢ ᠶᠡᠬᠡᠪᠡᠷ ᠬᠥᠭᠵᠢᠭᠦᠯᠵᠦ ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠰᠢᠰᠲ᠋ᠧᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ᠪᠡᠭᠡᠵᠢᠩ ᠤᠨ ︽ᠬᠤᠯᠢᠰᠢᠨ ᠢᠳᠡᠭᠡ︾ ᠶᠢ ᠪᠠᠶᠠᠯᠢᠭᠵᠢᠭᠤᠯᠬᠤ ᠬᠡᠷᠡᠭᠲᠡᠶ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠡᠷᠴᠢᠮ ᠢᠶᠠᠨ ᠴᠢᠩᠭᠠᠷᠠᠭᠤᠯᠵᠤ᠂ ᠪᠠᠯ ᠴᠢᠯᠠᠭᠤᠨ ︵ᠠᠯᠺᠸᠠ︶ ᠤ ᠰᠢᠨ᠎ᠡ ᠮᠠᠲ᠋ᠧᠷᠢᠶᠠᠯ ᠤᠨ ᠰᠢᠨ᠎ᠡ ᠶᠢ ᠡᠭᠦᠳᠬᠦ ᠲᠥᠪ ᠤᠨ ᠪᠥᠲᠥᠭᠡᠨ ᠪᠠᠶᠢᠭᠤᠯᠤᠯᠲᠠ ᠶᠢ ᠳᠡᠮᠵᠢᠬᠦ ᠬᠡᠷᠡᠭᠲᠡᠶ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠵᠦ᠂ ᠡᠯ᠎ᠡ ᠲᠦᠷᠦᠯ ᠤᠨ ᠴᠢᠳᠠᠪᠤᠷᠢᠲᠠᠨ ᠤ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠰᠢᠯᠵᠢᠬᠦ ᠶᠢ ᠬᠦᠳᠦᠯᠦᠨ ᠵᠢᠯᠣᠭᠤᠳᠴᠤ᠂ ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠵᠠᠰᠠᠯᠲᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠬᠥᠳᠡᠭᠡ ᠲᠣᠰᠬᠤᠨ ᠤ ᠡᠪᠳᠡᠷᠬᠡᠢ ᠬᠡᠷᠡᠮ ᠬᠠᠨ᠎ᠠ ᠪᠠ ᠡᠪᠳᠡᠷᠬᠡᠢ ᠬᠠᠭᠤᠴᠢᠨ  ᠬᠦᠷᠢᠶ᠎ᠡ ᠶᠢ ᠪᠦᠬᠦ ᠲᠠᠯ᠎ᠠ ᠪᠠᠷ ᠴᠡᠪᠡᠷᠯᠡᠵᠦ᠂ ᠬᠥᠳᠡᠭᠡ ᠲᠣᠰᠬᠤᠨ ᠤ ᠨᠣᠭᠤᠭᠠᠷᠠᠭᠤᠯᠤᠯᠲᠠ ᠭᠤᠶᠤᠵᠢᠭᠤᠯᠤᠯᠲᠠ ᠶᠢ ᠠᠬᠢᠭᠤᠯᠬᠤ ᠬᠡᠷᠡᠭᠲᠡᠢ᠃ ᠬᠤᠳᠠ ᠪᠠᠯᠭᠠᠰᠤᠨ ᠤ ᠬᠠᠮᠢᠶᠠᠷᠤᠯᠲᠠ ᠶᠢ ᠴᠢᠩᠭᠠᠳᠬᠠᠵᠤ᠂ ᠲᠥᠬᠦᠭᠡᠷᠦᠮᠵᠢ ᠶᠢᠨ ᠴᠢᠳᠠᠮᠵᠢ ᠶᠢ ᠰᠢᠯᠢᠳᠡᠭᠵᠢᠭᠦᠯᠵᠦ᠂ ᠤᠯᠠᠨ ᠲᠦᠮᠡᠨ ᠤ ᠨᠡᠩ ᠬᠠᠨᠤᠮᠵᠢᠲᠠᠢ᠂ ᠠᠮᠢᠳᠤᠷᠠᠬᠤ ᠳᠤ ᠨᠡᠩ ᠲᠣᠬᠢᠷᠠᠮᠵᠢᠲᠠᠢ ᠰᠠᠶᠢᠨ ᠰᠠᠶᠢᠬᠠᠨ ᠣᠷᠴᠢᠨ ᠲᠣᠭᠤᠷᠢᠨ ᠢ ᠳᠠᠰᠤᠷᠠᠯᠳᠠ ᠦᠭᠡᠢ ᠪᠤᠢ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠴᠢ ᠹᠸᠢ ᠶᠦᠨ᠂ ᠵᠢᠨᠢᠩ ᠲᠣᠭᠤᠷᠢᠭ ᠨᠢ ᠭᠤᠣᠯ ᠬᠤᠳᠠ ᠶᠢᠨ ᠲᠣᠭᠤᠷᠢᠭ ᠪᠣᠯᠤᠭᠰᠠᠨ ᠤ ᠬᠤᠪᠢ ᠳᠤ᠂ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠪᠦᠬᠦ ᠬᠤᠳᠠ ᠶᠢᠨ ᠣᠳᠣᠬᠢᠴᠢᠯᠠᠯᠲᠠ ᠶᠢᠨ ᠪᠦᠳᠦᠬᠡᠨ ᠪᠠᠶᠢᠭᠤᠯᠤᠯᠲᠠ ᠳᠤ ᠬᠦᠳᠦᠯᠦᠨ ᠳᠠᠭᠠᠭᠤᠯᠵᠤ ᠵᠢᠱᠢᠶ᠎ᠡ ᠦᠵᠡᠭᠦᠯᠬᠦ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠬᠤ ᠬᠡᠷᠡᠭᠲᠡᠢ᠃ ᠠᠵᠤ ᠦᠢᠯᠡᠰ ᠤᠨ ᠬᠡᠯᠬᠢᠶ᠎ᠡ ᠲᠠᠢ ᠨᠢᠭᠲᠠ ᠤᠶᠠᠯᠳᠤᠭᠤᠯᠤᠨ ᠰᠢᠨ᠎ᠡ ᠶᠢ ᠡᠭᠦᠳᠬᠦ  ᠬᠡᠯᠬᠢᠶ᠎ᠡ ᠶᠢ ᠪᠠᠶᠢᠷᠢᠯᠠᠭᠤᠯᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠲᠤᠮᠤ ᠳ᠋ᠠᠶᠢᠲ᠋ᠠ᠂ ᠤᠳᠤ ᠦᠶ᠎ᠡ ᠶᠢᠨ ᠪᠠᠷᠠᠭᠠᠨ ᠤ ᠭᠦᠢᠯᠭᠡᠭᠡ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠵᠡᠷᠭᠡ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠴᠢᠩᠭᠠᠳᠬᠠᠬᠤ ᠶᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ︽ᠪᠤᠬ᠎ᠠ ᠲᠡᠷᠭᠡ︾ ᠪᠣᠯᠬᠤ ᠬᠡᠷᠡᠭᠲᠡᠢ᠃ ᠲᠡᠷᠢᠭᠦᠨ ᠵᠡᠷᠭᠡ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠥᠷᠢ ᠥᠭᠴᠡᠭᠡ ᠪᠠ ᠬᠡᠷ ᠪᠠᠶᠢᠰᠢᠩ ᠭᠠᠵᠠᠷ ᠬᠥᠷᠥᠩᠭᠡ ᠶᠢᠨ ︽ᠭᠤᠷᠪᠠᠨ ᠬᠦᠴᠢᠷ︾ ᠠᠰᠠᠭᠤᠳᠠᠯ ᠢ ᠰᠢᠢᠳᠪᠦᠷᠢᠯᠡᠬᠦ ᠠᠵᠢᠯ ᠢ ᠬᠦᠴᠦᠯᠡᠨ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠴᠦᠬᠡᠨ ᠴᠦ ᠰᠤᠯᠠᠷᠠᠭᠤᠯᠤᠯ ᠥᠬᠡᠶ ᠰᠠᠶᠢᠲᠤᠷ ᠠᠳᠬᠤᠵᠤ᠂ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠨᠥᠬᠦᠴᠡᠯ ᠢ ᠢᠳᠡᠪᠬᠢᠲᠡᠶ ᠪᠣᠶ ᠪᠣᠯᠭᠠᠵᠤ᠂ ᠥᠨᠳᠥᠷ ᠪᠦᠲᠦᠮᠵᠢᠲᠡᠶ ᠵᠠᠰᠠᠯᠲᠠ ᠶᠢ ᠪᠡᠶᠡᠯᠡᠭᠦᠯᠬᠦ ᠶᠢᠨ ︽ᠪᠤᠬ᠎ᠠ ᠲᠡᠷᠭᠡ︾ ᠪᠣᠯᠬᠤ ᠬᠡᠷᠡᠭᠲᠡᠶ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠬᠤᠳᠠ ᠶᠢᠨ ᠴᠢᠨᠠᠷ ᠳᠡᠰ ᠢ ᠦᠷᠭᠦᠯᠵᠢᠯᠡᠨ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠲᠠᠰᠤᠷᠠᠯᠲᠠ ᠦᠭᠡᠢ ᠨᠡᠮᠡᠭᠳᠡᠭᠦᠯᠵᠦ ᠂ ᠤᠯᠠᠨ ᠲᠦᠮᠡᠨ ᠳᠤ ᠨᠡᠩ ᠤᠯᠠᠨ ᠨᠢᠳᠤᠨ ᠳᠤ ᠦᠵᠡᠭᠳᠡᠮ᠎ᠡ᠂ ᠭᠠᠷ ᠲᠤ ᠪᠠᠷᠢᠭᠳᠠᠮ᠎ᠠ ᠪᠣᠳᠠᠲᠤ ᠠᠰᠢᠭ ᠬᠦᠷᠲᠡᠭᠡᠵᠦ᠂ ᠥᠨᠳᠥᠷ ᠶᠠᠰᠤ ᠴᠢᠨᠠᠷ ᠲᠠᠢ ᠠᠮᠢᠳᠤᠷᠠᠯ ᠢ ᠴᠣᠭᠴᠠᠯᠠᠬᠤ ︽ᠪᠤᠬ᠎ᠠ ᠲᠡᠷᠭᠡ︾ ᠪᠣᠯᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2