ᠰᠦᠢ ᠸᠧᠢ ᠵᠢᠶᠦ᠋ᠨ ᠯᠢᠶᠠᠩᠴᠧᠩ ᠰᠢᠶᠠᠨ ᠹᠧᠩᠵᠧᠨ ᠬᠤᠳᠠ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ ᠴᠢᠬᠤᠯᠠᠴᠢᠯᠠᠭᠰᠠᠨ ᠨᠢ ᠢᠲᠡᠭᠡᠯ ᠵᠣᠷᠢᠭ ᠢᠶᠠᠨ ᠪᠠᠲᠤᠳᠬᠠᠵᠤ ᠠᠵᠠ ᠲᠣᠬᠢᠶᠠᠯ ᠢ ᠠᠮᠵᠢᠨ ᠠᠵᠤ ᠠᠬᠤᠶ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠶ
ᠨᠡᠶᠢᠲᠡᠯᠡᠭᠰᠡᠨ ᠴᠠᠭ᠄
2022/2/14
    2 ᠰᠠᠷ᠎ᠠ ᠶᠢᠨ 13 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠰᠦᠶ ᠸᠧᠶ ᠵᠢᠶᠦ᠋ᠨ ᠯᠢᠶᠠᠩᠴᠧᠩ ᠰᠢᠶᠠᠨ ᠪᠣᠯᠣᠨ ᠹᠧᠩᠵᠧᠨ ᠬᠤᠲᠠ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ᠂ ᠢᠲᠡᠭᠡᠯ ᠵᠣᠷᠢᠭ ᠢᠶᠠᠨ ᠪᠠᠲᠤᠳᠬᠠᠵᠤ᠂ ᠠᠵᠠ ᠲᠣᠬᠢᠶᠠᠯ ᠢ ᠠᠮᠵᠢᠨ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠥᠬᠡᠶ ᠵᠠᠮᠨᠠᠵᠤ᠂ ᠤᠯᠠᠭᠠᠨᠴᠠᠪ ᠤᠨ ᠠᠵᠤ ᠠᠬᠤᠶ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃     ᠬᠢᠨᠠᠨ ᠵᠥᠪᠯᠡᠬᠦ ᠳᠤᠮᠳᠠ᠂ ᠲᠥᠯᠥᠭᠡᠯᠡᠭᠴᠢᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠤᠳᠠᠯᠳᠤᠭ᠎ᠠ ᠡᠷᠬᠢᠯᠡᠬᠦ ᠣᠷᠴᠢᠨ  ᠨᠦᠬᠦᠴᠡᠯ᠂ ᠰᠣᠶᠣᠯ ᠵᠤᠭᠠᠴᠠᠯ ᠤᠨ ᠠᠵᠤ ᠦᠢᠯᠡᠰ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠲᠠᠯ᠎ᠠ ᠪᠠᠷ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠵᠠᠢ᠃ ᠰᠦᠢ ᠸᠧᠢ ᠵᠢᠶᠦ᠋ᠨ ᠲᠥᠯᠥᠭᠡᠯᠡᠭᠴᠢᠳ ᠤᠨ ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠬᠤ ᠶᠢᠨ ᠬᠠᠮᠲᠤ ᠤᠯᠠᠨ ᠤ ᠠᠩᠬᠠᠷᠴᠤ ᠪᠠᠶᠢᠭ᠎ᠠ ᠶᠠᠷᠢᠶᠠᠨ ᠤ ᠰᠡᠳᠦᠪ ᠤᠨ ᠲᠤᠬᠠᠢ ᠲᠥᠯᠥᠭᠡᠯᠡᠭᠴᠢᠳ ᠲᠠᠢ ᠰᠠᠨᠠᠯ ᠢᠶᠠᠨ ᠰᠣᠯᠢᠯᠴᠠᠪᠠ᠃     ᠯᠢᠶᠠᠩᠴᠧᠩ ᠰᠢᠶᠠᠨ ᠤ ᠲᠥᠯᠥᠭᠡᠯᠡᠭᠴᠢᠳ ᠤᠨ ᠪᠦᠯᠬᠦᠮ ᠳᠤ᠂ ᠰᠦᠢ ᠸᠧᠢ ᠵᠢᠶᠦ᠋ᠨ᠂ ᠯᠢᠶᠠᠩᠴᠧᠩ ᠰᠢᠶᠠᠨ ᠤ ᠬᠢᠨ ᠠᠮᠢ ᠠᠬᠤᠢ ᠶᠢ  ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠳᠠᠭ᠎ᠠ ᠶᠢᠨ ᠨᠠᠭᠤᠷ ᠤᠨ ᠤᠰᠤᠨ ᠤ ᠠᠮᠢ ᠠᠬᠤᠢ ᠶᠢᠨ ᠶᠡᠷᠦᠩᠬᠡᠶᠢᠯᠡᠭᠰᠡᠨ ᠵᠠᠰᠠᠯᠲᠠ ᠶᠢ ᠰᠠᠶᠢᠲᠤᠷ ᠠᠳᠬᠤᠵᠤ᠂ ᠡᠯ᠎ᠡ ᠵᠦᠢᠯ ᠤᠨ ᠵᠠᠰᠠᠯᠲᠠ ᠶᠢᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠠᠬᠢᠭᠤᠯᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠡᠯ᠎ᠡ ᠵᠦᠢᠯ ᠤᠨ ᠠᠵᠢᠯ ᠢ ᠦᠨᠡᠨᠬᠦ ᠰᠠᠶᠢᠲᠤᠷ ᠬᠢᠵᠦ᠂ ︽ᠶᠠᠳᠠᠭᠤ ᠠᠴᠠ ᠠᠩᠭᠢᠵᠢᠷᠠᠭᠰᠠᠨ ᠴᠤ ᠬᠠᠷᠢᠭᠤᠴᠠᠯᠭ᠎ᠠ ᠪᠠᠨ ᠬᠠᠶᠠᠬᠤ ᠦᠭᠡᠢ᠂ ᠶᠠᠳᠠᠭᠤ ᠠᠴᠠ ᠠᠩᠭᠢᠵᠢᠷᠠᠭᠰᠠᠨ ᠴᠤ ᠲᠥᠷᠥ ᠶᠢᠨ ᠪᠣᠳᠣᠯᠭ᠎ᠠ ᠪᠠᠨ ᠲᠠᠰᠤᠯᠳᠠᠭᠤᠯᠬᠤ ᠦᠭᠡᠢ᠂ ᠶᠠᠳᠠᠭᠤ ᠠᠴᠠ ᠠᠩᠭᠢᠵᠢᠷᠠᠭᠰᠠᠨ ᠴᠤ ᠬᠠᠪᠰᠤᠷᠤᠨ ᠲᠡᠳᠬᠦᠬᠦ ᠪᠠᠨ ᠪᠣᠯᠢᠬᠤ ᠦᠭᠡᠢ᠂ ᠶᠠᠳᠠᠭᠤ ᠠᠴᠠ ᠠᠩᠭᠢᠵᠢᠷᠠᠭᠰᠠᠨ ᠴᠤ ᠬᠢᠨᠠᠯᠲᠠ ᠬᠠᠮᠢᠶᠠᠷᠤᠯᠲᠠ ᠪᠠᠨ ᠰᠤᠯᠠᠷᠠᠭᠤᠯᠬᠤ ᠦᠭᠡᠢ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠲᠣᠭᠲᠠᠴᠠ ᠶᠢ ᠳᠠᠰᠤᠷᠠᠯᠳᠠ ᠦᠭᠡᠢ ᠲᠡᠭᠦᠯᠳᠡᠷᠵᠢᠭᠦᠯᠵᠦ᠂ ᠬᠡᠪᠴᠢᠶᠡᠵᠢᠭᠰᠡᠨ ᠴᠢᠨᠠᠷᠲᠠᠢ ᠳᠠᠬᠢᠨ ᠶᠠᠳᠠᠭᠤᠷᠠᠬᠤ ᠦᠬᠡᠢ ᠪᠠᠶᠢᠬᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ︔ 2022 ᠣᠨ ᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠰᠠᠶᠢᠲᠤᠷ ᠠᠳᠬᠤᠵᠤ᠂ ᠬᠠᠪᠤᠷ ᠤᠨ ᠲᠠᠷᠢᠶᠠᠯᠠᠭ᠎ᠠ ᠶᠢᠨ ᠬᠢᠮᠢ ᠶᠢᠨ ᠪᠤᠷᠳᠤᠭᠤᠷ᠂ ᠲᠠᠷᠢᠶᠠᠯᠠᠩ ᠤᠨ ᠰᠦᠯᠢᠶᠣᠣ ᠪᠦᠷᠬᠦᠪᠴᠢ ᠵᠡᠷᠭᠡ ᠦᠢᠯᠡᠳᠪᠦᠷᠢᠯᠡᠯ ᠤᠨ ᠬᠡᠷᠡᠭᠰᠡᠯ ᠢ ᠨᠥᠭᠡᠴᠡᠯᠡᠬᠦ ᠪᠠ ᠬᠤᠪᠢᠶᠠᠷᠢᠯᠠᠬᠤ ᠠᠵᠢᠯ ᠢ ᠰᠠᠶᠢᠲᠤᠷ ᠬᠢᠵᠦ᠂ ᠠᠮᠤ ᠪᠤᠳᠠᠭᠠᠨ ᠤ ᠦᠢᠯᠡᠳᠪᠦᠷᠢᠯᠡᠯ ᠤᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ︔ ᠠᠵᠤ ᠦᠢᠯᠡᠰ ᠤᠨ ᠬᠥᠭᠵᠢᠯᠲᠡ ᠪᠠᠷ ᠰᠠᠭᠤᠷᠢ ᠪᠣᠯᠭᠠᠨ᠂ ︽ᠨᠣᠬᠠᠢ ᠶᠢᠨ ᠬᠤᠰᠢᠭᠤ ᠨᠣᠭᠤᠭ᠎ᠠ ᠲᠥᠮᠥᠰᠥ᠂ ᠠᠯᠠᠰᠢᠨ ᠦᠬᠡᠷ ᠠᠯᠠᠰᠢᠨ ᠬᠤᠨᠢ ᠰᠦ︾ ᠵᠡᠷᠭᠡ ᠵᠢᠷᠭᠤᠭᠠᠨ ᠶᠡᠭᠡ ᠳᠠᠪᠠᠭᠤᠯᠢᠭ ᠠᠵᠤ ᠦᠢᠯᠡᠰ ᠢ ᠲᠦᠷᠭᠡᠨ ᠬᠥᠭᠵᠢᠭᠦᠯᠵᠦ᠂ ᠬᠠᠭᠤᠷᠠᠢ ᠪᠠᠷ ᠲᠠᠷᠢᠬᠤ ᠣᠷᠭᠠᠨᠢᠭ ᠲᠠᠷᠢᠶᠠᠯᠠᠩ᠂ ᠥᠨᠳᠥᠷ ᠦᠷ᠎ᠡ ᠠᠰᠢᠭ ᠲᠠᠢ ᠲᠡᠵᠢᠭᠡᠨ ᠦᠷᠡᠵᠢᠭᠦᠯᠬᠦ ᠦᠢᠯᠡᠰ ᠵᠡᠷᠭᠡ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠤᠨᠴᠠᠯᠢᠭᠳᠤ ᠲᠠᠷᠢᠶᠠᠯᠠᠩ᠂ ᠰᠡᠯᠡᠭᠦᠴᠡᠯ ᠵᠤᠭᠠᠴᠠᠯ ᠡᠷᠡᠭᠦᠯᠵᠢᠯ ᠰᠣᠪᠢᠯᠠᠯᠲᠠ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠬᠥᠭᠵᠢᠯᠲᠡ ᠶᠢ ᠵᠣᠷᠢᠭᠵᠢᠭᠤᠯᠤᠨ ᠳᠡᠮᠵᠢᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ᠃ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠳᠤᠲᠠᠭᠤᠳᠠᠯ ᠢ ᠨᠥᠬᠦᠪᠥᠷᠢᠯᠡᠵᠦ᠂ ᠯᠢᠶᠠᠩᠴᠧᠩ ᠰᠢᠶᠠᠨ ᠤ ᠵᠠᠮ᠂ ᠬᠤᠳᠠ ᠪᠠᠯᠭᠠᠰᠤᠨ ᠤ ᠢᠵᠢ ᠪᠦᠷᠢᠳᠦᠭᠰᠡᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠳᠤᠮᠳᠠᠬᠢ ᠪᠠᠭᠤᠷᠠᠢ ᠭᠤᠭᠴᠤᠭ᠎ᠠ ᠶᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠬᠦ ᠬᠡᠷᠡᠭᠲᠡᠢ᠃ ᠡᠵᠡᠩᠨᠡᠯᠲᠡ ᠶᠢᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠳᠤᠮᠳᠠ ᠪᠠᠭ᠎ᠠ ᠪᠢᠴᠢᠯ ᠠᠵᠤ ᠠᠬᠤᠶᠢᠯᠠᠯ ᠳᠤ ᠰᠠᠶᠢᠨ ᠰᠠᠶᠢᠬᠠᠨ ᠦᠢᠯᠡᠰ ᠪᠤᠰᠬᠠᠬᠤ ᠬᠥᠭᠵᠢᠯᠲᠡ ᠶᠢᠨ ᠣᠷᠴᠢᠨ ᠲᠣᠭᠤᠷᠢᠨ ᠢ ᠪᠤᠢ ᠪᠣᠯᠭᠠᠵᠤ ᠥᠭᠬᠦ ᠬᠡᠷᠡᠭᠲᠡᠢ ᠭᠡᠵᠦ ᠴᠢᠬᠤᠯᠠᠴᠢᠯᠠᠪᠠ  ᠃      ᠹᠧᠩᠵᠧᠨ ᠬᠤᠲᠠ ᠶᠢᠨ ᠲᠥᠯᠥᠭᠡᠯᠡᠭᠴᠢᠳ ᠤᠨ ᠪᠦᠯᠬᠦᠮ ᠳᠤ᠂ ᠰᠦᠶ ᠸᠧᠶ ᠵᠢᠶᠦ᠋ᠨ᠂ ᠹᠧᠩᠵᠧᠨ ᠬᠤᠲᠠ ᠶᠢᠨ ᠬᠢᠨ ᠠᠮᠢ ᠠᠬᠤᠶ ᠶᠢᠨ ᠪᠣᠬᠢᠷᠲᠤᠯ ᠥᠬᠡᠶ ᠪᠠᠶᠢᠬᠤ ᠶᠢ ᠪᠠᠷᠢᠮᠲᠠᠯᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠤ ᠬᠦᠴᠦᠨ ᠢᠶᠠᠨ ᠲᠥᠪᠯᠡᠷᠡᠭᠦᠯᠵᠦ᠂ ︽ᠡᠨᠧᠷᠭᠢ ᠶᠢᠨ ᠬᠤᠷᠣᠭᠳᠠᠯ ᠶᠡᠬᠡᠲᠡᠶ︾ ᠠᠵᠤ ᠠᠬᠤᠶᠢᠯᠠᠯ ᠤᠨ ᠨᠢᠭᠡ ᠪᠦᠯᠦᠭ ᠢ ᠰᠢᠭᠰᠢᠭᠳᠡᠭᠦᠯᠵᠦ ᠭᠠᠷᠭᠠᠬᠤ᠂ ᠨᠢᠭᠡ ᠪᠦᠯᠦᠭ ᠢ ᠮᠡᠷᠭᠡᠵᠢᠯ ᠤᠨ ᠥᠭᠡᠷᠡᠴᠢᠯᠡᠯᠲᠡ ᠬᠢᠵᠦ ᠲᠠᠰ ᠳᠡᠪᠰᠢᠭᠦᠯᠬᠦ᠂ ᠨᠢᠭᠡ ᠪᠦᠯᠦᠭ ᠢ ᠬᠡᠯᠬᠢᠶ᠎ᠡ ᠪᠠᠨ ᠤᠷᠲᠤᠳᠬᠠᠨ ᠴᠢᠩᠭᠠᠷᠠᠭᠤᠯᠬᠤ ᠶᠢ ᠲᠦᠷᠭᠡᠪᠴᠢᠯᠡᠨ ᠠᠬᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠲᠠᠯ᠎ᠠ ᠪᠠᠷ ᠡᠮᠦᠨ᠎ᠡ ᠡᠩᠨᠡᠭᠡᠨ ᠳᠤ ᠶᠠᠪᠤᠵᠤ᠂ ᠠᠵᠤ ᠠᠬᠤᠶ ᠶᠢ ︽ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠲᠣᠭᠲᠠᠭᠤᠨ ᠤ ᠳᠠᠭᠠᠤ ᠤᠷᠤᠭᠰᠢᠯᠠᠬᠤ᠂ ᠤᠷᠤᠭᠰᠢᠯᠠᠬᠤ ᠶᠢᠨ ᠳᠠᠭᠠᠤ ᠰᠢᠯᠢᠳᠡᠭᠵᠢᠭᠦᠯᠬᠦ︾ ᠬᠠᠷᠠᠯᠲᠠ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ᠃ ᠣᠷᠣᠨ ᠪᠠᠶᠢᠷᠢ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠰᠠᠶᠢᠨ ᠲᠠᠢ ᠲᠠᠯ᠎ᠠ ᠪᠠᠨ ᠪᠠᠳᠠᠷᠠᠭᠤᠯᠤᠨ ᠰᠠᠭᠠᠷᠠᠤ ᠲᠠᠯ᠎ᠠ ᠪᠠᠨ ᠲᠡᠪᠴᠢᠵᠦ᠂ ᠭᠠᠳᠠᠭᠠᠳᠤ ᠨᠡᠭᠡᠭᠡᠯᠳᠡ ᠶᠢ ᠥᠷᠭᠡᠳᠬᠡᠬᠦ ᠪᠠ ᠣᠷᠣᠨ ᠪᠦᠰᠡ ᠶᠢᠨ ᠬᠠᠮᠲᠤᠷᠠᠯᠴᠠᠭ᠎ᠠ ᠶᠢ ᠴᠢᠩᠭᠠᠳᠬᠠᠬᠤ ᠲᠠᠯ᠎ᠠ ᠪᠠᠷ ᠡᠮᠦᠨ᠎ᠡ ᠡᠩᠨᠡᠭᠡᠨ ᠳᠤ ᠶᠠᠪᠤᠵᠤ᠂ ︽ᠲᠥᠷᠭᠡᠨ ᠤ ᠲᠡᠮᠤᠷ ᠵᠠᠮ ᠤᠨ ᠠᠵᠤ ᠠᠬᠤᠶ︾ ᠶᠢᠨ ᠲᠥᠷᠭᠡᠨ ᠡᠭᠡᠯᠵᠢ ᠶᠢᠨ ᠲᠡᠷᠭᠡᠨ ᠳᠤ ᠰᠠᠭᠤᠬᠤ ᠪᠠᠷ ᠴᠢᠷᠮᠠᠶᠢᠵᠤ᠂ ᠬᠡᠷᠡᠭᠯᠡᠭᠡᠨ ᠤ ᠭᠠᠳᠠᠭᠰᠢ ᠰᠢᠯᠵᠢᠬᠦ ᠵᠡᠷᠭᠡ ᠠᠰᠠᠭᠤᠳᠠᠯ ᠢ ᠡᠬᠢ ᠡᠭᠦᠰᠦᠯ ᠠᠴᠠ ᠨᠢ ᠰᠢᠢᠳᠪᠦᠷᠢᠯᠡᠵᠦ᠂ ᠣᠷᠣᠨ ᠪᠦᠰᠡ ᠶᠢᠨ ᠠᠵᠤ ᠠᠬᠤᠶ ᠶᠢᠨ ᠠᠭᠤᠰᠤᠯᠳᠤᠨ ᠬᠥᠭᠵᠢᠬᠦ ᠶᠢ ᠲᠦᠯᠬᠢᠨ ᠠᠬᠢᠭᠤᠯᠬᠤ ᠬᠡᠷᠡᠭᠲᠡᠶ᠃ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ᠂ ᠪᠦᠲᠦᠭᠡᠭᠳᠡᠬᠦᠨ ᠤ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠬᠦ ᠶᠢ ᠠᠬᠢᠭᠤᠯᠵᠤ᠂ ᠨᠠᠷᠠᠲᠤ ᠲᠥᠷᠥᠯ ᠲᠡᠮᠳᠡᠭᠲᠦ ᠶᠢ ᠢᠯᠡ ᠲᠣᠳᠣ ᠪᠣᠯᠭᠠᠵᠤ᠂ ᠤᠯᠠᠭᠠᠨᠴᠠᠪ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠳᠤ ᠢᠳᠡᠪᠬᠢᠲᠡᠶ ᠪᠠᠷ ᠠᠭᠤᠰᠤᠯᠴᠠᠨ᠂ ᠪᠣᠬᠢᠷᠲᠤᠯ ᠥᠬᠡᠶ ᠠᠵᠤ ᠠᠬᠤᠶ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠲᠠᠯ᠎ᠠ ᠪᠠᠷ ᠡᠮᠦᠨ᠎ᠡ ᠡᠩᠨᠡᠭᠡᠨ ᠳᠤ ᠶᠠᠪᠤᠬᠤ ᠬᠡᠷᠡᠭᠲᠡᠶ᠃ ᠬᠤᠳᠠ ᠬᠥᠳᠡᠭᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠵᠤ᠂ ᠬᠤᠳᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠶᠡᠬᠡᠪᠡᠷ ᠬᠡᠷᠡᠭᠵᠢᠭᠦᠯᠵᠦ᠂ ᠬᠠᠮᠲᠤᠪᠠᠷ ᠴᠢᠨᠡᠭᠡᠯᠢᠭᠵᠢᠬᠦ ᠶᠢ ᠠᠬᠢᠭᠤᠯᠬᠤ ᠲᠠᠯ᠎ᠠ ᠪᠠᠷ ᠡᠮᠦᠨ᠎ᠡ ᠡᠩᠨᠡᠭᠡᠨ ᠳᠤ ᠶᠠᠪᠤᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2