ᠵᠦᠸᠧᠽᠢ ᠰᠢᠶᠠᠨ ᠤ ᠬᠢᠨ ᠡᠪᠦᠯ ᠤᠨ ᠤᠯᠠᠷᠢᠯ ᠤᠨ ᠣᠯᠢᠮᠫᠢᠺ ᠤᠨ ᠴᠤᠭᠯᠠᠭᠠᠨ ᠵᠢᠴᠢ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠮᠤᠷ ᠲᠣᠭᠲᠠᠭᠤᠨ ᠢ ᠬᠠᠮᠠᠭᠠᠯᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠪᠡ
ᠨᠡᠶᠢᠲᠡᠯᠡᠭᠰᠡᠨ ᠴᠠᠭ᠄
2022/2/14
     ᠨᠢᠭᠡ ᠳᠤ᠂  ᠠᠶᠤᠯ ᠲᠦᠭᠰᠢᠭᠦᠷᠢ ᠶᠢ ᠠᠷᠢᠯᠭᠠᠬᠤ ᠠᠵᠢᠯ ᠢ ᠡᠷᠡᠰ ᠰᠠᠶᠢᠲᠤᠷ ᠬᠢᠵᠦ᠂ ᠨᠡᠶᠢᠭᠡᠮ ᠤᠨ ᠠᠮᠤᠷ ᠲᠣᠭᠲᠠᠭᠤᠨ ᠢ ᠪᠦᠬᠦ ᠬᠦᠴᠦᠨ ᠢᠶᠠᠷ ᠬᠠᠮᠠᠭᠠᠯᠠᠪᠠ᠃ ︽ᠭᠤᠷᠪᠠ ᠶᠢ ᠪᠠᠶᠢᠴᠠᠭᠠᠵᠤ ᠨᠢᠭᠡ ᠶᠢ ᠡᠵᠡᠮᠳᠡᠬᠦ︾ ᠲᠤᠰᠬᠠᠶ ᠠᠵᠢᠯ ᠢᠶᠠᠷ ᠭᠠᠷᠳᠠᠴᠠ ᠪᠣᠯᠭᠠᠵᠤ᠂ ᠭᠤᠤᠯᠳᠠᠯᠭ᠎ᠠ ᠲᠠᠢ ᠬᠥᠮᠦᠰ ᠢ ᠬᠠᠮᠢᠶᠠᠷᠤᠨ ᠡᠵᠡᠮᠳᠡᠬᠦ ᠪᠠ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠪᠡ᠃ ᠮᠡᠳᠡᠭᠡ ᠵᠠᠩᠭᠢ ᠶᠢᠨ ᠠᠵᠢᠯ ᠢ ᠴᠢᠩᠭᠠᠳᠬᠠᠵᠤ᠂ ᠭᠤᠤᠯᠳᠠᠯᠭ᠎ᠠ ᠲᠠᠢ ᠬᠠᠮᠲᠤᠯᠢᠭ᠂ ᠭᠤᠤᠯᠳᠠᠯᠭ᠎ᠠ ᠲᠠᠢ ᠬᠥᠮᠦᠰ ᠤᠨ ᠬᠥᠳᠡᠯᠦᠯ ᠪᠠᠶᠢᠳᠠᠯ ᠢ ᠨᠢᠭᠲᠠ ᠠᠩᠬᠠᠷᠴᠤ᠂ ᠰᠤᠷᠪᠤᠯᠵᠢᠯᠠᠬᠤ ᠬᠥᠮᠦᠵᠢᠯ᠂ ᠦᠵᠡᠯ ᠰᠠᠨᠠᠭᠠᠨ ᠤ ᠵᠢᠯᠣᠭᠤᠳᠣᠯᠭ᠎ᠠ ᠪᠠ ᠬᠦᠴᠢᠷᠳᠡᠯ ᠢ ᠬᠠᠪᠰᠤᠷᠤᠨ ᠲᠡᠳᠬᠦᠬᠦ ᠵᠡᠷᠭᠡ ᠠᠵᠢᠯ ᠢ ᠰᠠᠶᠢᠲᠤᠷ ᠬᠢᠵᠦ᠂ ᠣᠲᠣ ᠪᠣᠯᠲᠠᠯ᠎ᠠ᠂ ᠪᠥᠬᠦ ᠰᠢᠶᠠᠨ ᠳᠤ ᠣᠲᠣ ᠪᠠᠶᠢᠭ᠎ᠠ 43 ᠲᠠᠪᠤᠨ ᠲᠥᠷᠥᠯ ᠤᠨ ᠭᠤᠤᠯᠳᠠᠯᠭ᠎ᠠ ᠲᠠᠢ ᠬᠥᠮᠦᠰ ᠳᠤ ᠡᠪᠦᠯ ᠤᠨ ᠤᠯᠠᠷᠢᠯ ᠤᠨ ᠣᠯᠢᠮᠫᠢᠺ ᠤᠨ ᠴᠤᠭᠯᠠᠭᠠᠨ ᠵᠢᠴᠢ ᠴᠠᠭᠠᠨ ᠰᠠᠷ᠎ᠠ ᠶᠢᠨ ᠬᠤᠭᠤᠴᠠᠭᠠᠨ ᠳᠤ ᠲᠣᠮᠢᠯᠠᠭᠰᠠᠨ ᠰᠠᠯᠪᠤᠷᠢ ᠶᠢ ᠳᠣᠭᠢᠷᠠᠭᠤᠯᠤᠨ ᠡᠯ᠎ᠡ ᠰᠢᠶᠠᠩ ᠪᠠᠯᠭᠠᠰᠤ ᠲᠠᠢ ᠬᠠᠮᠲᠤᠷᠠᠨ ᠬᠤᠶᠠᠷ ᠢ ᠲᠣᠭᠲᠠᠪᠤᠷᠢᠵᠢᠭᠤᠯᠬᠤ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ︽ᠡᠳᠦᠷ ᠪᠦᠷᠢ ᠠᠭᠤᠯᠵᠠᠬᠤ︾᠂ ︽ᠡᠳᠦᠷ ᠪᠦᠷᠢ ᠳᠣᠭᠢᠷᠠᠭᠤᠯᠬᠤ︾ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠣᠭᠲᠠᠭᠤᠨ ᠪᠠᠶᠢᠳᠠᠯ ᠳᠤ ᠬᠤᠯᠪᠣᠭᠳᠠᠭᠰᠠᠨ ᠭᠤᠤᠯᠳᠠᠯᠭ᠎ᠠ ᠲᠠᠢ ᠬᠥᠮᠦᠰ ᠤᠨ ᠬᠠᠮᠢᠶᠠᠷᠤᠯᠲᠠ ᠠᠴᠠ ᠮᠤᠯᠲᠤᠷᠠᠵᠤ ᠡᠵᠡᠮᠳᠡᠯ ᠢᠶᠠᠨ ᠠᠯᠳᠠᠬᠤ ᠶᠢ ᠴᠢᠩᠭ᠎ᠠ ᠰᠡᠷᠭᠡᠶᠢᠯᠡᠨ᠎ᠡ᠃      ᠬᠤᠶᠠᠷ ᠲᠤ᠂ ᠪᠡᠭᠡᠵᠢᠩ ᠳᠤ ᠣᠷᠣᠵᠤ ᠾᠧᠪᠸᠢ ᠳᠤ ᠬᠦᠷᠬᠦ ᠵᠠᠮ ᠢ ᠰᠠᠶᠢᠲᠤᠷ ᠰᠠᠬᠢᠵᠤ᠂ ᠡᠯ᠎ᠡ ᠵᠦᠢᠯ ᠤᠨ ᠠᠶᠤᠯ ᠲᠦᠭᠰᠢᠭᠦᠷᠢ ᠪᠠ ᠲᠣᠭᠲᠠᠭᠤᠨ ᠪᠤᠰᠤ ᠬᠦᠴᠦᠨ ᠵᠦᠢᠯ ᠤᠨ ᠵᠦᠸᠧᠽᠢ ᠠᠴᠠ ᠪᠡᠭᠡᠵᠢᠩ ᠳᠤ ᠣᠷᠣᠬᠤ ᠶᠢ ᠡᠷᠡᠰ ᠰᠡᠷᠭᠡᠶᠢᠯᠡᠪᠡ᠃ ᠵᠦᠸᠧᠽᠢ ᠵᠡᠭᠦᠨ ᠦᠷᠳᠡᠭᠡ᠂ G6 ᠬᠤᠷᠳᠤᠨ ᠤ ᠵᠠᠮ ᠤᠨ ᠵᠦᠸᠧᠽᠢ ᠣᠷᠣᠬᠤ ᠡᠭᠦᠳᠡ ᠵᠡᠷᠭᠡ ᠪᠡᠭᠡᠵᠢᠩ ᠳᠤ ᠣᠷᠣᠵᠤ ᠡᡁᠧᠪᠸᠢ ᠳᠤ ᠬᠦᠷᠬᠦ ᠵᠠᠮ ᠳᠤ ᠲᠤᠰᠬᠠᠢ ᠪᠠᠶᠢᠴᠠᠭᠠᠨ ᠡᠵᠡᠮᠳᠡᠬᠦ ᠬᠦᠴᠦᠨ ᠢ ᠲᠤᠬᠢᠷᠠᠭᠤᠯᠵᠤ᠂ ᠪᠠᠶᠢᠴᠠᠭᠠᠨ ᠡᠵᠡᠮᠳᠡᠬᠦ  ᠠᠵᠢᠯ ᠢ ᠡᠬᠢᠯᠡᠭᠦᠯᠵᠦ᠂ ᠪᠡᠭᠡᠵᠢᠩ ᠬᠦᠷᠬᠦ ᠴᠢᠭᠯᠡᠯ ᠤᠨ ᠪᠤᠢ ᠪᠦᠬᠦᠢ ᠲᠡᠷᠭᠡ ᠪᠣᠯᠤᠨ ᠬᠥᠮᠦᠰ ᠢ ᠪᠦᠬᠦ ᠲᠠᠯ᠎ᠠ ᠪᠠᠷ ᠪᠠᠶᠢᠴᠠᠭᠠᠨ ᠡᠵᠡᠮᠳᠡᠵᠦ᠂ ᠠᠯᠢᠪᠠ ᠰᠡᠵᠢᠭᠯᠡᠯᠲᠡᠢ ᠬᠥᠮᠦᠰ ᠵᠢᠴᠢ ᠠᠶᠤᠯᠲᠠᠢ ᠪᠣᠳᠠᠰ ᠢ ᠪᠠᠶᠢᠴᠠᠭᠠᠬᠤ ᠦᠷᠳᠡᠭᠡ ᠪᠠᠷ ᠳᠠᠮᠵᠢᠨ ᠨᠡᠶᠢᠰᠯᠡᠯ ᠪᠡᠭᠡᠵᠢᠩ ᠳᠤ ᠣᠷᠣᠬᠤ ᠶᠢ ᠡᠷᠡᠰ ᠬᠤᠷᠢᠭᠯᠠᠪᠠ ᠃ ᠲᠡᠮᠦᠷ ᠵᠠᠮ ᠤᠨ ᠲᠣᠮᠢᠯᠠᠭᠰᠠᠨ ᠰᠠᠯᠪᠤᠷᠢ ᠶᠢ ᠢᠳᠡᠪᠬᠢᠲᠡᠶ ᠵᠣᠬᠢᠴᠠᠭᠤᠯᠵᠤ᠂ ᠪᠡᠭᠡᠵᠢᠩ ᠢᠶᠠᠷ ᠭᠤᠤᠯ ᠪᠣᠯᠭᠠᠭᠰᠠᠨ ᠴᠢᠭᠯᠡᠯᠲᠡ ᠶᠢᠨ ᠴᠢᠨᠠᠷᠲᠠᠶ ᠬᠠᠮᠢᠶᠠᠷᠤᠯᠲᠠ ᠡᠵᠡᠮᠳᠡᠯ ᠢ ᠴᠢᠩᠭᠠᠳᠬᠠᠨ᠂ ᠡᠬᠢ ᠡᠭᠦᠰᠦᠯ ᠤᠨ ᠠᠮᠤᠷ ᠲᠦᠪᠰᠢᠨ ᠤ ᠪᠠᠶᠢᠴᠠᠭᠠᠯᠲᠠ ᠪᠠ ᠦᠨᠡᠨ ᠨᠡᠷ᠎ᠡ ᠶᠢᠨ ᠲᠦᠷᠢᠮ ᠤᠨ ᠬᠠᠮᠢᠶᠠᠷᠤᠯᠲᠠ ᠶᠢᠨ ᠠᠵᠢᠯ ᠤᠨ ᠲᠣᠭᠲᠠᠴᠠ ᠶᠢ ᠬᠡᠷᠡᠭᠵᠢᠭᠦᠯᠵᠦ᠂ ᠪᠡᠭᠡᠵᠢᠩ ᠳᠤ ᠣᠷᠣᠬᠤ ᠭᠠᠯᠲᠤ ᠲᠡᠷᠭᠡ᠂ ᠬᠥᠮᠦᠨ᠂ ᠡᠳ᠋ ᠪᠣᠳᠠᠰ ᠤᠨ ᠠᠮᠤᠷ ᠲᠦᠪᠰᠢᠨ ᠤ ᠪᠠᠶᠢᠴᠠᠭᠠᠨ ᠡᠵᠡᠮᠳᠡᠬᠦ ᠠᠵᠢᠯ ᠢ ᠪᠥᠬᠦ ᠲᠠᠯ᠎ᠠ ᠪᠠᠷ ᠴᠢᠩᠭᠠᠳᠬᠠᠨ᠂ ᠠᠶᠤᠯᠲᠠᠶ ᠡᠳ᠋ ᠪᠣᠳᠠᠰ ᠪᠠ ᠭᠤᠤᠯᠳᠠᠯᠭ᠎ᠠ ᠲᠠᠢ ᠬᠥᠮᠦᠰ ᠤᠨ ᠥᠷᠲᠡᠭᠡᠨ ᠳᠤ ᠣᠷᠣᠵᠤ ᠲᠡᠷᠭᠡᠨ ᠳᠤ ᠭᠠᠷᠬᠤ᠂ ᠪᠡᠭᠡᠵᠢᠩ ᠳᠤ ᠣᠷᠣᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠰᠡᠷᠭᠡᠶᠢᠯᠡᠪᠡ᠃ ᠣᠲᠣ ᠪᠣᠯᠲᠠᠯ᠎ᠠ᠂ ᠨᠠᠰᠢ ᠴᠠᠰᠢ ᠶᠠᠪᠤᠬᠤ 2600 ᠭᠠᠷᠤᠶ ᠲᠡᠷᠭᠡ ᠶᠢ ᠪᠠᠶᠢᠴᠠᠭᠠᠵᠤ᠂ 3300 ᠭᠠᠷᠤᠶ ᠬᠥᠮᠥᠨ ᠢ ᠪᠠᠶᠢᠴᠠᠭᠠᠵᠠᠢ︔ 2 ᠬᠢᠲᠤᠭ᠎ᠠ ︵ᠪᠣᠣᠳᠤᠤ 2︶ ᠶᠢ ᠬᠤᠷᠢᠶᠠᠨ ᠠᠪᠴᠤ᠂ ᠪᠥᠬᠦ ᠰᠢᠶᠠᠨ ᠤ 5 ᠠᠮᠤᠷ ᠢ ᠬᠠᠮᠠᠭᠠᠯᠠᠬᠤ ᠪᠠᠶᠢᠴᠠᠭᠠᠬᠤ ᠥᠷᠲᠡᠭᠡ ᠣᠲᠣ ᠶᠠᠭ ᠪᠥᠬᠦ ᠬᠦᠴᠦᠨ ᠢᠶᠠᠷ ᠢᠶᠠᠨ ᠡᠮᠬᠢ ᠵᠢᠷᠤᠮ ᠲᠠᠢ ᠪᠠᠷ ᠪᠠᠶᠢᠴᠠᠭᠠᠨ ᠡᠵᠡᠮᠳᠡᠬᠦ ᠡᠭᠦᠷᠭᠡ ᠶᠢ ᠥᠷᠨᠢᠭᠦᠯᠵᠦ ᠪᠠᠶᠢᠨ᠎ᠠ᠃      ᠭᠤᠷᠪᠠ ᠳᠤ᠂ ᠨᠡᠶᠢᠭᠡᠮ ᠤᠨ ᠲᠠᠯ᠎ᠠ ᠶᠢᠨ ᠬᠠᠮᠢᠶᠠᠷᠤᠯᠲᠠ ᠡᠵᠡᠮᠳᠡᠯ ᠢ ᠦᠷᠭᠦᠯᠵᠢᠯᠡᠨ ᠴᠢᠩᠭᠠᠳᠬᠠᠪᠠ᠃ ᠳᠣᠲᠣᠭᠠᠳᠤ ᠶᠢ ᠬᠠᠮᠠᠭᠠᠯᠠᠬᠤ ᠴᠠᠭᠳᠠᠭ᠎ᠠ ᠵᠡᠪᠰᠡᠭᠲᠦ ᠴᠠᠭᠳᠠᠭ᠎ᠠ ᠶᠢᠨ ᠬᠠᠮᠲᠤᠷᠠᠭᠰᠠᠨ ᠦᠢᠯᠡᠴᠢᠯᠡᠭᠡᠨ ᠤ ᠵᠡᠪᠰᠡᠭᠲᠦ ᠴᠠᠭᠳᠠᠨ ᠲᠣᠭᠤᠷᠢᠬᠤ ᠲᠣᠭᠲᠠᠴᠠ ᠶᠢ ᠪᠦᠬᠦ ᠲᠠᠯ᠎ᠠ ᠪᠠᠷ ᠡᠬᠢᠯᠡᠭᠦᠯᠵᠦ᠂ ᠴᠠᠭᠳᠠᠨ ᠲᠣᠭᠤᠷᠢᠵᠤ ᠰᠡᠷᠭᠡᠶᠢᠯᠡᠨ ᠡᠵᠡᠮᠳᠡᠬᠦ ᠪᠠ ᠪᠠᠴᠢᠮ ᠪᠠᠶᠢᠳᠠᠯ ᠢ ᠠᠷᠭᠠᠴᠠᠬᠤ ᠶᠢ ᠬᠦᠯᠢᠶᠡᠨ ᠠᠪᠬᠤ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ︽ᠨᠢᠭᠡᠳᠦᠭᠡᠷ ᠰᠡᠷᠭᠡᠶᠢᠯᠡᠯᠲᠡ ᠶᠢᠨ ᠱᠤᠭᠤᠮ︾ ᠢ ᠴᠢᠩᠭ᠎ᠠ ᠪᠠᠬᠢᠵᠢᠭᠦᠯᠪᠡ᠃ ᠵᠡᠭᠡᠯᠢ ᠭᠤᠳᠤᠮᠵᠢ ᠪᠠᠷ ᠲᠣᠭᠤᠷᠢᠨ ᠴᠠᠭᠳᠠᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠡᠪᠦᠯ ᠤᠨ  ᠤᠯᠠᠷᠢᠯ ᠤᠨ ᠣᠯᠢᠮᠫᠢᠺ ᠤᠨ ᠴᠤᠭᠯᠠᠭᠠᠨ ᠵᠢᠴᠢ ᠴᠠᠭᠠᠨ ᠰᠠᠷ᠎ᠠ ᠶᠢᠨ ᠬᠤᠭᠤᠴᠠᠭᠠᠨ ᠳᠤ ᠡᠳᠦᠷ ᠪᠦᠷᠢ ᠴᠠᠭᠳᠠᠭᠠᠨ ᠤ ᠬᠦᠴᠦᠨ ᠢ ᠲᠤᠬᠢᠷᠠᠭᠤᠯᠵᠤ ᠨᠠᠮ ᠵᠠᠰᠠᠭ ᠤᠨ  ᠪᠠᠶᠢᠭᠤᠯᠭ᠎ᠠ᠂ ᠰᠤᠷᠭᠠᠭᠤᠯᠢ᠂ ᠠᠭᠤᠳᠠᠮ ᠲᠠᠯᠠᠪᠠᠢ ᠵᠡᠷᠭᠡ ᠭᠤᠣᠯᠳᠠᠯᠭ᠎ᠠ ᠲᠠᠢ ᠨᠢᠭᠡᠴᠢ᠂ ᠬᠥᠮᠦᠨ ᠬᠠᠷ᠎ᠠ ᠬᠤᠷᠠᠨ ᠴᠤᠭᠯᠠᠷᠠᠭᠰᠠᠨ ᠲᠠᠯᠠᠪᠤᠷ ᠲᠤ ᠰᠡᠷᠭᠡᠶᠢᠯᠡᠨ ᠡᠵᠡᠮᠳᠡᠵᠦ ᠲᠣᠭᠤᠷᠢᠨ ᠴᠠᠭᠳᠠᠬᠤ ᠠᠵᠢᠯᠯᠠᠭ᠎ᠠ ᠶᠠᠪᠤᠭᠳᠠᠭᠤᠯᠵᠤ᠂ ᠡᠯ᠎ᠡ ᠲᠦᠷᠦᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠰᠦᠷᠳᠡᠭᠦᠯᠦᠨ ᠴᠣᠬᠢᠯᠲᠠ ᠥᠭᠴᠦ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠪᠠ᠃      ᠲᠦᠷᠪᠡ ᠳᠤ᠂ ᠡᠯ᠎ᠡ ᠵᠦᠢᠯ ᠤᠨ ᠵᠢᠵᠢᠭᠦᠷᠯᠡᠨ ᠰᠠᠬᠢᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠪᠠ᠃ ᠪᠠᠶᠢᠴᠠᠭᠠᠬᠤ᠂ ᠰᠢᠯᠭᠠᠨ ᠪᠠᠶᠢᠴᠠᠭᠠᠬᠤ᠂ ᠬᠠᠷᠭᠤᠭᠤᠯᠤᠨ ᠪᠠᠶᠢᠴᠠᠭᠠᠬᠤ ᠡᠷᠴᠢᠮ ᠢ ᠪᠦᠬᠦ ᠲᠠᠯ᠎ᠠ ᠪᠠᠷ ᠴᠢᠩᠭᠠᠷᠠᠭᠤᠯᠬᠤ ᠶᠢᠨ ᠬᠠᠮᠲᠤ ᠪᠠᠶᠢᠴᠠᠭᠠᠵᠤ ᠳᠠᠩᠰᠠᠯᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠦᠬᠦ ᠡᠳᠦᠷ 24 ᠴᠠᠭ ᠤᠨ ᠵᠠᠮ ᠬᠠᠰᠢᠵᠤ ᠪᠠᠶᠢᠴᠠᠭᠠᠨ ᠪᠠᠷᠢᠪᠴᠢᠯᠠᠬᠤ ᠠᠵᠢᠯ ᠢ ᠪᠦᠬᠦ ᠲᠠᠯ᠎ᠠ ᠪᠠᠷ ᠬᠡᠷᠡᠭᠵᠢᠭᠦᠯᠪᠡ᠃ ᠡᠭᠦᠷᠭᠡ ᠭᠦᠶᠴᠡᠳᠬᠡᠵᠦ ᠬᠠᠤᠯᠢ ᠬᠡᠷᠡᠭᠵᠢᠭᠦᠯᠬᠦ ᠶᠠᠪᠤᠴᠠ ᠳᠤ ᠴᠠᠭᠳᠠᠭᠠᠨ ᠤ ᠳᠦᠷᠢ ᠲᠥᠷᠬᠦ ᠲᠥᠪ ᠴᠢᠩᠭ᠎ᠠ᠂ ᠪᠣᠯᠪᠠᠰᠤᠨ ᠵᠢᠷᠤᠮᠵᠢᠯ ᠲᠠᠢ ᠪᠠᠶᠢᠬᠤ ᠶᠢ ᠱᠠᠭᠠᠷᠳᠠᠵᠤ᠂ ᠱᠠᠭᠠᠷᠳᠠᠯᠭ᠎ᠠ ᠶᠣᠰᠣᠭᠠᠷ ᠬᠠᠤᠯᠢ ᠬᠡᠷᠡᠭᠵᠢᠭᠦᠯᠬᠦ ᠲᠡᠮᠳᠡᠭᠯᠡᠭᠦᠷ ᠪᠠ ᠭᠠᠭᠴᠠ ᠴᠠᠭᠳᠠᠭᠠᠨ ᠤ ᠲᠣᠨᠣᠭᠯᠠᠯ ᠢᠶᠠᠨ ᠵᠡᠭᠦᠵᠦ᠂ ᠫᠤᠤ ᠡᠵᠡᠮᠰᠢᠬᠦ ᠬᠢᠷᠢ ᠬᠡᠮ ᠲᠠᠢ ᠠᠷᠠᠳ ᠤᠨ ᠴᠠᠭᠳᠠᠭ᠎ᠠ ᠫᠤᠤ ᠵᠡᠪᠰᠡᠭ ᠠᠪᠬᠤ ᠪᠠᠷ ᠲᠤᠰᠬᠠᠶᠢᠯᠠᠨ ᠭᠤᠶᠤᠴᠢᠯᠠᠵᠤ᠂ ᠪᠠᠴᠢᠮ ᠪᠠᠶᠢᠳᠠᠯ ᠢ ᠠᠷᠭᠠᠴᠠᠬᠤ ᠭᠡᠨᠡᠳᠲᠡ ᠶᠢᠨ ᠬᠡᠷᠡᠭ ᠢ ᠰᠢᠶᠳᠪᠦᠷᠢᠯᠡᠬᠦ ᠪᠡᠯᠡᠳᠬᠡᠯ ᠢ ᠪᠥᠬᠦ ᠲᠠᠯ᠎ᠠ ᠪᠠᠷ ᠰᠠᠶᠢᠲᠤᠷ ᠬᠢᠪᠡ᠃      ᠲᠠᠪᠤ ᠳᠤ᠂ ᠫᠤᠤᠵᠢᠩ ᠬᠤᠳᠠᠯᠳᠤᠬᠤ᠂ ᠲᠠᠯᠪᠢᠬᠤ ᠶᠢ ᠴᠠᠭᠠᠵᠠᠯᠠᠬᠤ ᠤᠬᠠᠭᠤᠯᠭ᠎ᠠ ᠬᠠᠮᠢᠶᠠᠷᠤᠯᠲᠠ ᠶᠢᠨ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠪᠡ᠃ ᠡᠪᠦᠯ ᠤᠨ  ᠤᠯᠠᠷᠢᠯ ᠤᠨ ᠣᠯᠢᠮᠫᠢᠺ ᠤᠨ ᠴᠤᠭᠯᠠᠭᠠᠨ ᠵᠢᠴᠢ ᠴᠠᠭᠠᠨ ᠰᠠᠷ᠎ᠠ ᠶᠢᠨ ᠬᠤᠭᠤᠴᠠᠭᠠᠨ ᠳᠤ ᠫᠤᠤᠵᠢᠩ ᠲᠠᠯᠪᠢᠬᠤ ᠪᠠ ᠭᠠᠯ ᠨᠣᠴᠣᠭᠠᠬᠤ ᠶᠢ ᠴᠠᠭᠠᠵᠠᠯᠠᠬᠤ ᠶᠢ ᠨᠡᠶᠢᠭᠡᠮ ᠤᠨ ᠵᠠᠰᠠᠯᠲᠠ ᠶᠢᠨ ᠭᠤᠤᠯᠳᠠᠯᠭ᠎ᠠ ᠲᠠᠢ ᠠᠵᠢᠯ ᠳᠤ ᠣᠷᠣᠭᠤᠯᠵᠤ᠂ ᠫᠤᠤ ᠵᠡᠪᠰᠡᠭ᠂ ᠳᠡᠯᠪᠡᠷᠡᠯᠲᠡ ᠳᠤ ᠬᠤᠯᠪᠣᠭᠳᠠᠬᠤ ᠵᠡᠷᠭᠡ ᠠᠶᠤᠯᠲᠠᠶ ᠪᠣᠳᠠᠰ ᠲᠠᠢ ᠤᠶᠠᠯᠳᠤᠭᠤᠯᠤᠨ ᠠᠵᠢᠯ ᠡᠷᠭᠢᠯᠡᠬᠦ ᠨᠢᠭᠡᠴᠢ ᠳᠤ ᠠᠮᠤᠷ ᠲᠦᠪᠰᠢᠨ ᠤ ᠶᠡᠭᠡ ᠪᠠᠶᠢᠴᠠᠭᠠᠯᠲᠠ ᠬᠢᠪᠡ᠃ ᠣᠳᠣᠬᠠᠨ ᠪᠣᠯᠲᠠᠯ᠎ᠠ᠂ ᠴᠠᠭᠳᠠᠭᠠᠨ ᠤ ᠬᠦᠴᠦᠨ ᠢ ᠨᠡᠶᠢᠲᠡ 290 ᠬᠥᠮᠦᠨ ᠤᠳᠠᠭ᠎ᠠ᠂ 68  ᠴᠠᠭᠳᠠᠭᠠᠨ ᠤ ᠲᠡᠷᠭᠡ ᠭᠠᠷᠭᠠᠵᠤ᠂ 8 ᠨᠡᠶᠢᠭᠡᠮ ᠲᠣᠭᠤᠷᠢᠭ᠂ 14 ᠵᠠᠰᠠᠭ ᠵᠠᠬᠢᠷᠭᠠᠨ ᠤ ᠲᠣᠰᠬᠤᠨ ᠳᠤ ᠭᠦᠨᠵᠡᠭᠡᠶᠢᠷᠡᠨ ᠫᠤᠤᠵᠢᠩ ᠲᠠᠯᠪᠢᠬᠤ ᠶᠢ ᠴᠠᠭᠠᠵᠠᠯᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠤᠬᠠᠭᠤᠯᠭ᠎ᠠ ᠶᠢᠨ ᠵᠠᠷᠯᠠᠯ᠂ ᠠᠯᠪᠠᠨ ᠵᠠᠷ ᠵᠡᠷᠭᠡ ᠶᠢ 230 ᠭᠠᠷᠤᠶ ᠬᠤᠪᠢ ᠨᠠᠭᠠᠵᠤ᠂ ᠡᠯ᠎ᠡ ᠲᠥᠷᠥᠯ ᠤᠨ ᠤᠬᠠᠭᠤᠯᠭ᠎ᠠ ᠶᠢᠨ ᠮᠠᠲ᠋ᠧᠷᠢᠶᠠᠯ ᠢ 4550 ᠭᠠᠷᠤᠶ ᠬᠤᠪᠢ ᠲᠠᠷᠬᠠᠭᠠᠵᠤ᠂ ᠴᠢᠩᠭ᠎ᠠ ᠬᠠᠮᠢᠶᠠᠷᠤᠨ ᠡᠵᠡᠮᠳᠡᠬᠦ ᠪᠠᠷ ᠳᠠᠮᠵᠢᠭᠤᠯᠤᠨ᠂ ᠫᠤᠤᠵᠢᠩ ᠬᠤᠳᠠᠯᠳᠤᠬᠤ ᠪᠠ ᠲᠠᠯᠪᠢᠬᠤ ᠶᠢ ᠴᠠᠭᠠᠵᠠᠯᠠᠬᠤ ᠠᠵᠢᠯ ᠢ ᠪᠦᠷᠢᠨ ᠪᠦᠷᠬᠦᠭᠦᠯᠵᠦ᠂ ᠣᠷᠬᠢᠭᠳᠠᠭᠤᠯᠬᠤ ᠥᠬᠡᠶ ᠪᠠᠶᠢᠬᠤ ᠶᠢ ᠡᠷᠡᠰ ᠪᠠᠲᠤᠯᠠᠪᠠ᠃                                         ᠣᠷᠴᠢᠭᠤᠯᠤᠭᠴᠢ᠄ ᠤᠳᠠ                                         ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2