ᠰᠦᠶ ᠸᠧᠶ ᠵᠢᠶᠦ᠋ᠨ ᠵᠡᠷᠭᠡ ᠬᠤᠲᠠ ᠶᠢᠨ ᠤᠳᠤᠷᠢᠳᠤᠯᠭ᠎ᠠ ︽ᠬᠤᠶᠠᠷ ᠬᠤᠷᠠᠯ︾ ᠤᠨ ᠮᠡᠳᠡᠭᠡᠯᠡᠯ ᠳᠤ ᠣᠷᠣᠯᠴᠠᠭᠰᠠᠨ ᠵᠠᠭᠤᠴᠢᠯᠠᠭᠤᠷ ᠤᠨ ᠰᠤᠷᠪᠤᠯᠵᠢᠯᠠᠭᠴᠢ ᠶᠢ ᠪᠣᠯᠭᠤᠭᠠᠨ ᠲᠣᠬᠤᠨᠢᠭᠤᠯᠪᠠ
ᠨᠡᠶᠢᠲᠡᠯᠡᠭᠰᠡᠨ ᠴᠠᠭ᠄
2022/2/15
    2 ᠰᠠᠷ᠎ᠠ ᠶᠢᠨ 14 ᠤ ᠡᠳᠦᠷ᠂ ᠬᠤᠲᠠ ᠶᠢᠨ ᠤᠳᠤᠷᠢᠳᠤᠯᠭ᠎ᠠ ᠰᠦᠶ ᠸᠧᠶ ᠵᠢᠶᠦ᠋ᠨ᠂ ᠴᠢ ᠹᠸᠢ ᠶᠦᠨ᠂ ᠱᠢ ᠯᠢᠶᠠᠩ᠂ ᠪᠠᠶ ᠬᠤᠤ᠂ ᠶᠤᠸᠠᠢ ᠶᠠᠨ ᠮᠧᠶ᠂ ᠯᠢᠦ ᠭᠦᠸᠧ ᠭᠠᠩ ᠨᠠᠷ ︽ᠬᠤᠶᠠᠷ ᠬᠤᠷᠠᠯ︾ ᠤᠨ ᠰᠣᠨᠢᠨ ᠮᠡᠳᠡᠭᠡᠨ ᠤ ᠲᠥᠪ ᠲᠤ ᠬᠦᠷᠴᠦ᠂ ︽ᠬᠤᠶᠠᠷ ᠬᠤᠷᠠᠯ︾ ᠤᠨ ᠮᠡᠳᠡᠭᠡᠯᠡᠯ ᠳᠤ ᠣᠷᠣᠯᠴᠠᠭᠰᠠᠨ ᠵᠠᠭᠤᠴᠢᠯᠠᠭᠤᠷ ᠤᠨ ᠰᠣᠷᠪᠣᠯᠵᠢᠯᠠᠭᠴᠢᠳ ᠢ ᠳᠣᠲᠣᠨᠣ ᠪᠠᠷ ᠪᠣᠯᠭᠤᠭᠠᠨ ᠲᠣᠬᠤᠨᠢᠭᠤᠯᠵᠤ᠂ ᠣᠯᠠᠨ ᠤ ᠰᠢᠷᠭᠠᠭᠤ ᠬᠠᠲᠠᠭᠤᠵᠢᠯᠲᠠᠶ ᠠᠵᠢᠯᠯᠠᠭᠰᠠᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃     ᠰᠦᠢ ᠸᠧᠶ ᠵᠢᠶᠦ᠋ᠨ᠂ ᠣᠶᠢᠷ᠎ᠠ ᠶᠢᠨ ᠡᠳᠦᠷ ᠤᠳ ᠲᠤ᠂ ᠡᠯ᠎ᠡ ᠵᠠᠭᠤᠴᠢᠯᠠᠭᠤᠷ ᠤᠨ ᠬᠢᠨ ︽ᠬᠤᠶᠠᠷ ᠬᠤᠷᠠᠯ︾ ᠳᠤ ᠠᠩᠬᠠᠷᠤᠯ ᠢᠶᠠᠨ ᠲᠥᠪᠯᠡᠷᠡᠭᠦᠯᠵᠦ᠂ ᠤᠷᠢᠳᠴᠢᠯᠠᠨ ᠨᠠᠷᠢᠯᠢᠭ ᠲᠥᠰᠥᠪᠯᠡᠵᠦ᠂ ᠮᠡᠳᠡᠭᠡᠯᠡᠬᠦ ᠬᠡᠯᠪᠡᠷᠢ ᠶᠢᠨ ᠰᠢᠨ᠎ᠡ ᠶᠢ ᠡᠭᠦᠳᠴᠦ᠂ ᠮᠡᠳᠡᠭᠡᠯᠡᠬᠦ ᠠᠭᠤᠯᠭ᠎ᠠ ᠶᠢ ᠪᠠᠶᠠᠯᠢᠭᠵᠢᠭᠤᠯᠤᠨ᠂ ᠴᠠᠭ ᠲᠤᠬᠠᠶ ᠳᠤᠨᠢ ᠲᠦᠷᠭᠡᠨ ᠤᠯᠠᠮᠵᠢᠯᠠᠵᠤ᠂ ᠭᠤᠤᠯ ᠵᠠᠭᠤᠴᠢᠯᠠᠭᠤᠷ ᠤᠨ ᠤᠬᠠᠭᠤᠯᠵᠤ ᠬᠥᠲᠥᠯᠦᠨ ᠵᠢᠯᠣᠭᠤᠳᠬᠤ  ᠦᠢᠯᠡᠳᠦᠯ ᠢ ᠭᠦᠢᠴᠡᠳ ᠪᠠᠳᠠᠷᠠᠭᠤᠯᠵᠤ᠂ ᠢᠯᠠᠩᠭᠤᠶ᠎ᠠ ᠰᠢᠨ᠎ᠡ ᠵᠠᠭᠤᠴᠢᠯᠠᠭᠤᠷ ᠤᠨ ᠦᠢᠯᠡᠳᠬᠦᠨ ᠤ ᠭᠤᠤᠯ ᠰᠡᠳᠦᠪ ᠨᠢ ᠢᠯᠡ ᠲᠣᠳᠣ᠂ ᠬᠡᠯᠪᠡᠷᠢ ᠨᠢ ᠰᠢᠨ᠎ᠡ ᠰᠣᠷᠭᠤᠭ ᠪᠠᠶᠢᠵᠤ᠂ ᠥᠷᠭᠡᠨ ᠢᠶᠠᠷ ᠤᠩᠰᠢᠭᠳᠠᠨ᠂ ᠮᠠᠰᠢ ᠰᠠᠶᠢᠨ ᠤᠬᠠᠭᠤᠯᠬᠤ ᠦᠷ᠎ᠡ ᠪᠦᠲᠦᠮᠵᠢ ᠣᠯᠵᠤ᠂ ᠬᠤᠷᠠᠯ ᠤᠨ ᠲᠠᠯᠠᠪᠠᠶ ᠶᠢᠨ ᠳᠣᠲᠣᠨ᠎ᠠ ᠭᠠᠳᠠᠨᠠᠬᠢ ︽ᠬᠤᠶᠠᠷ ᠬᠤᠷᠠᠯ︾ ᠢ ᠬᠠᠯᠠᠮᠵᠢᠯᠠᠨ ᠠᠩᠬᠠᠷᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠭᠰᠠᠨ ᠪᠠᠶᠢᠨ᠎ᠠ᠃ ᠤᠯᠠᠨ ᠢᠶᠠᠷ ᠢᠶᠠᠨ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠤᠯᠠᠨ ᠬᠠᠷᠠᠭᠠᠰᠤ᠂ ᠭᠦᠨ ᠳᠠᠪᠬᠤᠷᠭ᠎ᠠ᠂ ᠪᠦᠬᠦ ᠲᠠᠯ᠎ᠠ ᠪᠠᠷ ᠤᠬᠠᠭᠤᠯᠤᠨ ᠮᠡᠳᠡᠭᠡᠯᠡᠬᠦ ᠠᠵᠢᠯ ᠢ ᠰᠠᠶᠢᠲᠤᠷ ᠬᠢᠵᠦ᠂ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠦᠨᠡᠨᠬᠦ ᠰᠠᠶᠢᠲᠤᠷ ᠤᠬᠠᠭᠤᠯᠤᠨ  ᠲᠤᠭᠤᠰᠢᠯᠠᠭᠤᠯᠵᠤ᠂ ︽ᠬᠤᠶᠠᠷ ᠬᠤᠷᠠᠯ︾ ᠤᠨ ᠳᠠᠭᠤᠨ ᠢ ᠰᠠᠶᠢᠲᠤᠷ ᠳᠠᠮᠵᠢᠭᠤᠯᠵᠤ᠂ ᠤᠯᠠᠭᠠᠨᠴᠠᠪ ᠤᠨ ᠬᠥᠭᠵᠢᠯᠲᠡ ᠶᠢᠨ ᠦᠯᠢᠭᠡᠷ ᠢ ᠰᠠᠶᠢᠲᠤᠷ ᠶᠠᠷᠢᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃     ᠰᠦᠢ ᠸᠧᠢ ᠵᠢᠶᠦ᠋ᠨ᠂ ᠣᠳᠣᠬᠠᠨ ᠳᠤ᠂ ᠤᠯᠠᠭᠠᠨᠴᠠᠪ ᠤᠨ ᠬᠥᠭᠵᠢᠯᠲᠡ ᠳᠤ ᠶᠡᠭᠡ ᠰᠠᠶᠢᠨ ᠠᠵᠠ ᠲᠣᠬᠢᠶᠠᠯ ᠲᠤᠯᠭᠠᠷᠠᠵᠤ ᠪᠠᠶᠢᠬᠤ ᠪᠥᠭᠡᠳ ᠪᠠᠰᠠ ᠬᠦᠴᠢᠷᠳᠡᠯ ᠪᠠ ᠥᠷᠢᠰᠥᠯᠳᠦᠭᠡᠨ ᠲᠤᠯᠭᠠᠷᠠᠵᠤ ᠪᠠᠶᠢᠨ᠎ᠠ᠂ ᠡᠯ᠎ᠡ ᠱᠠᠲᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠬᠢᠨ ᠲᠡᠷᠢᠭᠦᠨ ᠤ ᠬᠢ ᠶᠢ ᠲᠡᠮᠡᠴᠡᠨ ᠰᠢᠯᠢᠳᠡᠭ ᠢ ᠡᠭᠦᠳᠬᠦ᠂ ᠣᠷᠣᠨ ᠲᠠᠪᠰᠢᠨ ᠲᠡᠰ ᠳᠡᠪᠰᠢᠬᠦ ᠤᠬᠠᠮᠰᠠᠷ ᠢ ᠪᠤᠢ ᠪᠣᠯᠭᠠᠵᠤ᠂ ᠥᠷᠭᠡᠨ ᠤᠯᠠᠨ ᠺᠠᠳ᠋ᠷ ᠤᠯᠠᠨ ᠲᠦᠮᠡᠨ ᠢ ᠳᠠᠭᠠᠭᠤᠯᠤᠨ ᠲᠡᠰᠪᠦᠷᠢ ᠬᠠᠲᠠᠭᠤᠵᠢᠯᠲᠠᠢ ᠲᠡᠮᠡᠴᠡᠵᠦ᠂ ᠡᠷᠡᠯᠬᠡᠭᠯᠡᠨ ᠤᠷᠤᠭᠰᠢᠯᠠᠵᠤ᠂ ᠤᠯᠠᠭᠠᠨᠴᠠᠪ ᠤᠨ ᠡᠯ᠎ᠡ ᠵᠦᠢᠯ ᠤᠨ ᠦᠢᠯᠡᠰ ᠤᠨ ᠬᠥᠭᠵᠢᠯᠲᠡ ᠳᠤ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠴᠢᠬᠤᠯᠠᠲᠠᠢ ᠪᠠᠶᠢᠨ᠎ᠠ᠃ ᠰᠣᠨᠢᠨ ᠮᠡᠳᠡᠭᠡᠨ ᠤ ᠵᠠᠭᠤᠴᠢᠯᠠᠭᠤᠷ ᠤᠨ ᠬᠢᠨ ᠢᠳᠡᠪᠬᠢᠲᠡᠢ ᠪᠠᠷ ᠵᠢᠳᠬᠦᠯ ᠴᠢᠷᠮᠠᠶᠢᠯᠭ᠎ᠠ ᠭᠠᠷᠭᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠤᠬᠠᠭᠤᠯᠭ᠎ᠠ ᠶᠢᠨ ᠤᠳᠤᠷᠢᠳᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠦᠵᠡᠯ ᠰᠠᠨᠠᠭ᠎ᠠ ᠲᠠᠢ᠂ ᠰᠡᠳᠬᠢᠯᠬᠡ ᠲᠠᠢ᠂ ᠴᠢᠨᠠᠷ ᠴᠢᠨᠰᠠᠭ᠎ᠠ ᠲᠠᠢ ᠰᠣᠨᠢᠨ ᠮᠡᠳᠡᠭᠡᠨ ᠤ ᠪᠦᠲᠦᠭᠡᠯ ᠭᠠᠷᠭᠠᠵᠤ᠂ ᠮᠡᠳᠡᠭᠡᠯᠡᠯ ᠤᠨ ᠲᠠᠲᠠᠬᠤ ᠬᠦᠴᠦᠨ ᠪᠠ ᠨᠥᠯᠥᠭᠡᠯᠡᠬᠦ ᠬᠦᠴᠦᠨ ᠢ ᠨᠡᠮᠡᠭᠳᠡᠭᠦᠯᠵᠦ᠂ ᠤᠯᠠᠭᠠᠨᠴᠠᠪ ᠤᠨ ᠴᠢᠨᠠᠷ ᠰᠠᠶᠢᠲᠠᠢ ᠬᠥᠭᠵᠢᠯᠲᠡ ᠳᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠬᠦᠴᠦᠨ ᠴᠢᠳᠠᠯ ᠢ ᠬᠤᠷᠠᠮᠳᠤᠭᠤᠯᠵᠤ᠂ ᠥᠷᠭᠡᠨ ᠤᠯᠠᠨ ᠺᠠᠳ᠋ᠷ ᠤᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠣᠳᠣᠬᠢᠴᠢᠯᠠᠭᠰᠠᠨ ᠤᠯᠠᠭᠠᠨᠴᠠᠪ ᠢ ᠪᠦᠳᠦᠭᠡᠨ ᠪᠠᠶᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2