ᠵᠢᠨᠢᠩ ᠲᠣᠭᠤᠷᠢᠭ ᠤᠨ 2022 ᠣᠨ ᠤ 1 ᠰᠠᠷ᠎ᠠ ᠶᠢᠨ ᠡᠳ᠋ ᠤᠨ ᠵᠠᠰᠠᠭ ᠤᠨ ᠨᠥᠬᠦᠪᠥᠷᠢ ᠶᠢᠨ ᠪᠠᠯᠠ ᠮᠥᠩᠭᠦ ᠶᠢᠨ ︽ᠪᠦᠷᠢᠨ ᠴᠢᠳᠠᠮᠵᠢᠲᠤ ᠺᠠᠷᠲ︾ ᠲᠤ ᠲᠠᠷᠬᠠᠭᠠᠭᠰᠠᠨ ᠠᠵᠢᠯ ᠤᠨ ᠪᠠᠶᠢᠳᠠᠯ
ᠨᠡᠶᠢᠲᠡᠯᠡᠭᠰᠡᠨ ᠴᠠᠭ᠄
2022/2/16
     ᠨᠥᠬᠦᠪᠥᠷᠢ ᠶᠢᠨ ᠪᠠᠯᠠ ᠮᠥᠩᠭᠦ ᠶᠢᠨ ᠲᠠᠷᠬᠠᠭᠠᠯᠲᠠ ᠶᠢ ᠢᠯᠡ᠂ ᠲᠥᠪ ᠭᠤᠤᠯᠴᠢ᠂ ᠵᠢᠷᠤᠮᠵᠢᠯ ᠲᠠᠢ ᠪᠠᠶᠢᠯᠭᠠᠬᠤ ᠶᠢ ᠦᠨᠡᠨᠬᠦ ᠪᠠᠲᠤᠯᠠᠵᠤ᠂ ᠠᠷᠠᠳ ᠣᠯᠠᠨ ᠤ ᠲᠣᠰ ᠪᠡᠶ᠎ᠡ ᠶᠢᠨ ᠠᠰᠢᠭ ᠲᠤᠰᠠ ᠶᠢ ᠦᠨᠡᠨᠬᠦ ᠬᠠᠮᠠᠭᠠᠯᠠᠬᠤ ᠶᠢᠨ ᠲᠤᠰᠠᠳᠠ᠂ ᠵᠢᠨᠢᠩ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠣᠯᠠᠨ ᠵᠦᠶᠯ ᠤᠨ ᠠᠷᠭ᠎ᠠ ᠬᠡᠮᠵᠢᠶ᠎ᠡ ᠠᠪᠴᠤ ᠪᠠᠶᠢᠭᠠᠳ 2022 ᠣᠨ ᠤ ᠲᠠᠷᠢᠶᠠᠯᠠᠩ ᠢ ᠬᠦᠴᠦᠷᠬᠡᠭᠵᠢᠭᠦᠯᠵᠦ ᠲᠠᠷᠢᠶᠠᠴᠢᠳ ᠲᠤ ᠠᠰᠢᠭ ᠬᠦᠷᠲᠡᠭᠡᠬᠦ ᠪᠠᠯᠠ ᠮᠥᠩᠭᠦ ᠶᠢᠨ ᠲᠠᠷᠬᠠᠭᠠᠯᠲᠠ ᠶᠢᠨ ᠬᠠᠮᠢᠶᠠᠷᠤᠯᠲᠠ ᠶᠢᠨ ᠠᠵᠢᠯ ᠢ ᠬᠢᠨᠠᠮᠠᠭᠠᠶ ᠰᠠᠶᠢᠲᠤᠷ ᠬᠢᠪᠠ᠃ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠢᠳᠡᠪᠬᠢᠲᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠯᠭᠤᠬᠤ ᠵᠠᠷᠴᠢᠮ ᠶᠣᠰᠣᠭᠠᠷ ᠡᠳ᠋ ᠤᠨ ᠵᠠᠰᠠᠭ ᠤᠨ ᠨᠥᠬᠦᠪᠥᠷᠢ ᠶᠢᠨ ᠪᠠᠯᠠ ᠮᠥᠩᠭᠦ ᠶᠢ ︽ᠪᠦᠷᠢᠨ ᠴᠢᠳᠠᠮᠵᠢᠲᠤ ᠺᠠᠷᠲ︾ ᠢᠶᠠᠷ ᠳᠠᠮᠵᠢᠭᠤᠯᠤᠨ ᠪᠣᠳᠠᠲᠠᠶᠢᠵᠢᠭᠤᠯᠤᠨ᠎ᠠ᠃      ᠡᠳ᠋ ᠤᠨ ᠵᠠᠰᠠᠭ ᠤᠨ ᠨᠥᠬᠦᠪᠥᠷᠢ ᠪᠡᠯᠡ ᠮᠥᠩᠭᠦ ᠶᠢᠨ ᠬᠠᠮᠢᠶᠠᠷᠤᠯᠲᠠ ᠶᠢᠨ ᠰᠢᠰᠲ᠋ᠧᠮ ᠤᠨ ᠲᠤᠭ᠎ᠠ ᠪᠠᠷᠢᠮᠲᠠ ᠶᠢᠨ ᠪᠦᠷᠢᠳᠬᠡᠯ ᠠᠴᠠ ᠦᠵᠡᠪᠡᠯ 2022 ᠣᠨ ᠤ 1 ᠰᠠᠷ᠎ᠠ ᠶᠢᠨ ᠰᠡᠭᠦᠯᠴᠢ ᠪᠣᠯᠲᠠᠯ᠎ᠠ᠂ ᠵᠢᠨᠢᠩ ᠲᠣᠭᠤᠷᠢᠭ ᠤᠨ ᠬᠢᠨ ᠠᠷᠠᠳ ᠲᠤ ᠠᠰᠢᠭ ᠬᠦᠷᠲᠡᠭᠡᠬᠦ ᠨᠥᠬᠦᠪᠥᠷᠢ ᠶᠢᠨ ᠪᠡᠯᠡ ᠮᠥᠩᠭᠦ ᠶᠢ ᠨᠡᠶᠢᠲᠡ 2368.17 ᠲᠦᠮᠡᠨ ᠲᠥᠭᠦᠷᠢᠭ ᠲᠠᠷᠬᠠᠭᠠᠵᠤ᠂ ᠨᠡᠶᠢᠲᠡ 92620 ᠬᠥᠮᠦᠨ ᠤᠳᠠᠭ᠎ᠠ ᠳᠤ ᠨᠥᠬᠦᠪᠥᠷᠢ ᠥᠭᠴᠦ᠂ ᠲᠠᠷᠢᠶᠠᠯᠠᠩ ᠤᠨ ᠲᠥᠷᠥᠯ ᠤᠨ ᠨᠥᠬᠦᠪᠥᠷᠢ ︵ᠡᠷᠳᠡᠨᠢ ᠰᠢᠰᠢ ᠶᠢᠨ ᠦᠢᠯᠡᠳᠪᠦᠷᠢᠯᠡᠭᠴᠢ ᠶᠢᠨ ᠨᠥᠬᠦᠪᠥᠷᠢ᠂ ᠰᠢᠷ᠎ᠠ ᠪᠤᠷᠴᠠᠭ ᠤᠨ ᠦᠢᠯᠡᠳᠪᠦᠷᠢᠯᠡᠭᠴᠢ ᠤᠨ ᠨᠥᠬᠦᠪᠥᠷᠢ᠂ ᠲᠥᠮᠥᠰᠥ ᠦᠢᠯᠡᠳᠪᠦᠷᠢᠯᠡᠭᠴᠢ ᠤᠨ ᠨᠥᠬᠦᠪᠥᠷᠢ᠂ ᠲᠠᠷᠢᠶᠠᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ᠂ ᠠᠮᠤ ᠪᠤᠳᠠᠭ᠎ᠠ ᠪᠣᠳᠠᠲᠠᠶ ᠲᠠᠷᠢᠭᠰᠠᠨ ᠲᠠᠷᠢᠶᠠᠴᠢᠨ ᠤ ᠨᠢᠭᠡ ᠯᠡ ᠤᠳᠠᠭ᠎ᠠ ᠶᠢᠨ ᠴᠢᠨᠠᠷᠲᠠᠶ ᠨᠥᠬᠦᠪᠥᠷᠢ ᠪᠠᠭᠲᠠᠨ᠎ᠠ︶᠂ ᠲᠥᠯᠥᠪᠯᠡᠭᠡᠲᠦ ᠦᠷᠡᠵᠢᠯ ᠤᠨ ᠨᠥᠬᠦᠪᠥᠷᠢ ︵ᠱᠠᠩᠨᠠᠵᠤ ᠲᠡᠳᠬᠦᠬᠦ ᠵᠠᠷᠤᠳᠠᠯ ᠪᠠᠭᠲᠠᠨ᠎ᠠ︶᠂ ᠨᠡᠶᠢᠭᠡᠮ ᠤᠨ ᠪᠠᠲᠤᠯᠠᠭ᠎ᠠ ᠶᠢᠨ ᠲᠥᠷᠥᠯ ︵ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠨᠥᠬᠦᠪᠥᠷᠢ᠂ ᠬᠤᠲᠠ ᠶᠢᠨ ᠰᠠᠭᠤᠭᠠᠯᠢ ᠠᠷᠠᠳ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠨᠥᠬᠦᠪᠥᠷᠢ᠂ ᠲᠠᠪᠤᠨ ᠪᠠᠲᠤᠯᠠᠭ᠎ᠠ ᠲᠠᠢ ᠪᠠᠷ ᠠᠰᠠᠷᠠᠨ ᠲᠡᠵᠢᠭᠡᠬᠦ ᠨᠥᠬᠦᠪᠥᠷᠢ᠂ ︽ᠭᠤᠷᠪᠠ ᠥᠬᠡᠶ︾ ᠬᠥᠮᠦᠰ ᠢ ᠠᠰᠠᠷᠠᠨ ᠲᠡᠵᠢᠭᠡᠬᠦ ᠨᠥᠬᠦᠪᠥᠷᠢ᠂ ᠠᠵᠢᠯ ᠠᠴᠠ ᠪᠠᠨ ᠪᠠᠭᠤᠭᠰᠠᠨ ᠬᠥᠭᠰᠢᠨ ᠪᠠᠭᠤᠷᠠᠶ ᠵᠡᠮᠳᠡᠭ ᠠᠵᠢᠯᠲᠠᠨ ᠠᠵᠢᠯᠴᠢᠨ ᠤ ᠲᠡᠳᠬᠦᠮᠵᠢ ᠶᠢᠨ ᠮᠥᠩᠭᠦ᠂ ︽ᠭᠤᠷᠪᠠᠨ ᠠᠷᠠᠳ︾ ᠤᠨ ᠲᠣᠭᠲᠠᠮᠠᠯ ᠬᠤᠭᠤᠴᠠᠭ᠎ᠠ ᠲᠠᠢ ᠲᠣᠭᠲᠠᠭᠰᠠᠨ ᠬᠡᠮᠵᠢᠶ᠎ᠡ ᠲᠠᠢ ᠨᠥᠬᠦᠪᠥᠷᠢ᠂ ᠥᠨᠥᠴᠢᠨ ᠬᠡᠤᠬᠡᠳ ᠢ ᠠᠰᠠᠷᠠᠨ ᠲᠡᠵᠢᠭᠡᠬᠦ ᠨᠥᠬᠦᠪᠥᠷᠢ᠂ ᠵᠡᠮᠳᠡᠭᠴᠦᠳ ᠤᠨ ᠨᠥᠬᠦᠪᠥᠷᠢ᠂ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ ᠬᠡᠤᠬᠡᠳ ᠤᠨ ᠠᠮᠢᠳᠤᠷᠠᠯ ᠤᠨ ᠪᠠᠲᠤᠯᠠᠭ᠎ᠠ ᠶᠢᠨ ᠨᠥᠬᠦᠪᠥᠷᠢ᠂ ᠣᠷᠳᠣ ᠨᠠᠰᠤᠯᠠᠭᠰᠠᠨ ᠨᠥᠬᠦᠪᠥᠷᠢ᠂ ᠬᠤᠲᠠ ᠬᠥᠳᠡᠭᠡ ᠶᠢᠨ ᠣᠨᠴᠠ ᠬᠦᠴᠢᠷᠳᠡᠯᠲᠡᠶ ᠬᠥᠮᠦᠰ ᠢ ᠠᠰᠠᠷᠠᠨ ᠰᠤᠪᠢᠯᠠᠬᠤ ᠨᠥᠬᠦᠪᠥᠷᠢ᠂ ᠠᠰᠠᠷᠠᠮᠵᠢ ᠶᠢᠨ ᠨᠥᠬᠦᠪᠥᠷᠢ︶ ᠵᠡᠷᠭᠡ ᠭᠤᠷᠪᠠᠨ ᠲᠥᠷᠥᠯ ᠤᠨ ᠬᠦᠷᠢᠶᠡᠨ ᠳᠤ ᠬᠤᠯᠪᠣᠭᠳᠠᠨ᠎ᠠ᠃ ᠡᠭᠦᠨ ᠳᠤ᠄ ᠨᠢᠭᠡ ᠰᠢᠶᠠᠩ ᠨᠢᠭᠡ ᠪᠠᠯᠭᠠᠰᠤ ᠨᠡᠶᠢᠲᠡ 1090.03 ᠲᠦᠮᠡᠨ ᠲᠥᠭᠦᠷᠢᠭ ᠤᠨ ᠪᠠᠯᠠ ᠮᠥᠩᠭᠦ ᠲᠠᠷᠬᠠᠭᠠᠵᠤ᠂ 8 ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠡᠶᠢᠲᠡ 1278.14 ᠲᠦᠮᠡᠨ ᠲᠥᠭᠦᠷᠢᠭ ᠤᠨ ᠪᠠᠯᠠ ᠮᠥᠩᠭᠦ ᠲᠠᠷᠬᠠᠭᠠᠵᠠᠶ᠃                                       ᠣᠷᠴᠢᠭᠤᠯᠤᠭᠴᠢ᠄ ᠤᠳᠠ                                       ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
1
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2