ᠳᠥᠷᠪᠡᠳ ᠬᠤᠰᠢᠭᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠥᠪ ᠤᠨ ᠦᠶᠯᠡᠴᠢᠯᠡᠭᠡᠨ ᠤ ᠴᠣᠩᠬᠤᠪᠴᠢ ᠪᠠᠶᠠᠷ ᠤᠨ ᠡᠳᠦᠷ ᠤᠨ ᠳᠠᠷᠠᠭ᠎ᠠ ᠪᠦᠬᠦᠨ ᠢᠶᠠᠷ ᠥᠨᠳᠥᠷ ᠪᠦᠲᠦᠮᠵᠢᠲᠡᠢ ᠠᠵᠢᠯᠯᠠᠵᠤ ᠪᠣᠢ
ᠨᠡᠶᠢᠲᠡᠯᠡᠭᠰᠡᠨ ᠴᠠᠭ᠄
2022/2/16
     ᠵᠢᠯ ᠤᠨ ᠠᠵᠢᠯ ᠬᠠᠪᠤᠷ ᠲᠠᠭᠠᠨ᠃ ᠴᠠᠭᠠᠨ ᠰᠠᠷ᠎ᠠ ᠥᠩᠭᠡᠷᠡᠭᠰᠡᠨ ᠤ ᠳᠠᠷᠠᠭ᠎ᠠ᠂ ᠳᠥᠷᠪᠡᠳ ᠬᠤᠰᠢᠭᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠥᠪ ᠤᠨ ᠡᠯ᠎ᠡ ᠴᠣᠩᠬᠤᠪᠴᠢ ᠪᠥᠬᠦ ᠲᠠᠯ᠎ᠠ ᠪᠠᠷ ᠨᠡᠭᠡᠭᠡᠭᠳᠡᠵᠦ᠂ ᠡᠯ᠎ᠡ ᠨᠢᠭᠡᠴᠢ ᠶᠢᠨ ᠠᠵᠢᠯᠲᠠᠳ ᠰᠡᠳᠬᠢᠯ ᠰᠠᠨᠠᠭ᠎ᠠ ᠪᠠᠨ ᠬᠤᠷᠢᠶᠠᠵᠤ᠂ ᠴᠤᠭ ᠵᠢᠪᠬᠤᠭ᠎ᠠ ᠲᠡᠭᠦᠯᠳᠡᠷ ᠢᠶᠠᠷ ᠠᠵᠢᠯ ᠢᠶᠠᠨ ᠡᠬᠢᠯᠡᠭᠦᠯᠪᠡ᠃      ᠰᠢᠨ᠎ᠡ ᠵᠢᠯ ᠤᠨ ᠰᠢᠨ᠎ᠡ ᠡᠬᠢᠯᠡᠯᠲᠡ ᠳᠤ ᠲᠦᠮᠡᠨ ᠪᠣᠳᠠᠰ ᠰᠡᠷᠭᠦᠨ ᠰᠢᠨᠡᠳᠪᠡ᠃ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠥᠪ ᠤᠨ ᠶᠡᠭᠡ ᠲᠢᠩᠬᠢᠮ ᠴᠡᠪᠡᠷ ᠴᠡᠮᠴᠡᠭᠡᠷ᠂ ᠡᠯ᠎ᠡ ᠴᠣᠩᠬᠤᠪᠴᠢ ᠨᠢ ᠲᠤᠬᠠᠶᠢᠯᠠᠭᠰᠠᠨ ᠠᠵᠢᠯ ᠤᠨ ᠬᠡᠪ ᠤᠨ ᠭᠦᠶᠴᠡᠳᠬᠡᠯ ᠢ ᠪᠥᠬᠦ ᠲᠠᠯ᠎ᠠ ᠪᠠᠷ ᠰᠡᠷᠭᠦᠭᠡᠵᠦ᠂ ᠠᠯᠢᠪᠠ ᠪᠦᠬᠦᠨ ᠡᠮᠬᠢ ᠳᠢᠭᠯᠢᠮ ᠲᠠᠢ ᠪᠣᠯᠪᠠ᠃ ᠤᠴᠢᠷ ᠶᠠᠪᠤᠳᠠᠯ ᠰᠢᠶᠳᠪᠦᠷᠢᠯᠡᠬᠦ ᠪᠠᠷ ᠢᠷᠡᠭᠰᠡᠨ ᠤᠯᠠᠨ ᠲᠦᠮᠡᠨ ᠬᠡᠳᠦ᠋ᠢᠪᠡᠷ ᠤᠷᠬᠢᠯ ᠤᠨ ᠦᠶ᠎ᠡ ᠶᠢᠨ ᠬᠢ ᠠᠴᠠ ᠠᠷᠪᠢᠨ ᠪᠢᠰᠢ ᠪᠣᠯᠪᠠᠴᠤ᠂ ᠪᠦᠬᠦ᠋ᠢᠯᠡ ᠶᠡᠭᠡ ᠲᠢᠩᠬᠢᠮ ᠨᠢ ᠮᠥᠨ ᠯᠡ ᠶᠠᠭᠠᠷᠠᠯᠲᠠᠢ ᠪᠠᠶᠢᠳᠠᠯ ᠲᠠᠢ ᠪᠠᠶᠢᠯ᠎ᠠ᠃ ᠠᠵᠢᠯ ᠶᠠᠪᠤᠳᠠᠯ ᠰᠢᠶᠳᠪᠦᠷᠢᠯᠡᠬᠦ ᠣᠯᠠᠨ ᠲᠦᠮᠡᠨ ᠳᠤ ᠴᠢᠨᠠᠷ ᠰᠠᠶᠢᠲᠠᠶ ᠥᠨᠳᠥᠷ ᠪᠦᠲᠦᠮᠵᠢᠲᠡᠶ ᠦᠶᠯᠡᠴᠢᠯᠡᠭᠡ ᠬᠠᠩᠭᠠᠬᠤ ᠶᠢᠨ ᠲᠥᠯᠥᠭᠡ᠂ ᠦᠶᠯᠡᠴᠢᠯᠡᠭᠡᠨ ᠤ ᠴᠣᠩᠬᠤᠪᠴᠢ ᠶᠢᠨ ᠡᠯ᠎ᠡ ᠨᠢᠭᠡᠴᠢ ᠶᠢᠨ ᠠᠵᠢᠯᠲᠠᠳ ᠴᠥᠮ ᠤᠷᠢᠳᠴᠢᠯᠠᠨ ᠠᠵᠢᠯ ᠤᠨ ᠪᠠᠶᠢᠷᠢ ᠳᠠᠭᠠᠨ ᠭᠠᠷᠴᠤ᠂ ︽ᠠᠮᠠᠷᠠᠯᠲᠠ ᠶᠢᠨ ᠬᠤᠭᠤᠴᠠᠭᠠᠨ ᠤ ᠵᠠᠭᠪᠤᠷ︾ ᠠᠴᠠ ︽ᠠᠵᠢᠯ ᠤᠨ ᠵᠠᠭᠪᠤᠷ︾ ᠳᠤ ᠲᠦᠷᠭᠡᠨ ᠰᠢᠯᠵᠢᠨ ᠣᠷᠣᠵᠤ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠠᠵᠢᠯ ᠳᠠᠭᠠᠨ ᠣᠷᠣᠯᠴᠠᠨ᠂ ᠪᠠᠷᠰ ᠵᠢᠯ ᠳᠤ ᠰᠠᠶᠢᠨ ᠡᠬᠢᠯᠡᠯᠲᠡ ᠲᠠᠢ ᠪᠣᠯᠬᠤ ᠶᠢ ᠬᠦᠰᠡᠨ᠂ ᠣᠯᠠᠨ ᠲᠦᠮᠡᠨ ᠢ ︽ᠳᠤᠲᠠᠭᠤ ᠭᠦᠶᠦᠯᠭᠡᠵᠦ᠂ ᠠᠵᠢᠯ ᠶᠠᠪᠤᠳᠠᠯ ᠢ ᠰᠢᠶᠳᠪᠦᠷᠢᠯᠡᠵᠤ︾ ᠴᠢᠳᠠᠬᠤ ᠶᠢ ᠴᠢᠷᠮᠠᠶᠢᠨ ᠪᠡᠶᠡᠯᠡᠭᠦᠯᠦᠨ᠎ᠡ᠃      ᠬᠠᠯᠠᠭᠤᠨ ᠳᠣᠲᠣᠨᠣ ᠥᠨᠳᠥᠷ ᠪᠦᠲᠦᠮᠵᠢᠲᠡᠶ ᠦᠢᠯᠡᠴᠢᠯᠡᠭᠡ ᠨᠢ ᠠᠵᠢᠯ ᠶᠠᠪᠤᠳᠠᠯ ᠰᠢᠢᠳᠪᠦᠷᠢᠯᠡᠬᠦ ᠣᠯᠠᠨ ᠲᠦᠮᠡᠨ ᠳᠤ ᠲᠦᠢᠯ ᠤᠨ ᠳᠣᠲᠣᠨᠣ ᠰᠠᠨᠠᠭᠳᠠᠭᠤᠯᠤᠨ᠎ᠠ᠃ ᠤᠯᠠᠭᠠᠨᠬᠤᠸᠠ ᠪᠠᠯᠭᠠᠰᠤᠨ ᠤ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠯᠢ ᠯᠢᠶᠠᠨ ᠵᠦ᠄ ︽ᠪᠢ ᠠᠳᠡ ᠡᠮᠴᠢᠯᠡᠭᠡᠨ ᠤ ᠳᠠᠭᠠᠳᠬᠠᠯ ᠮᠡᠳᠡᠭᠦᠯᠬᠦ ᠪᠠᠷ ᠢᠷᠡᠭᠰᠡᠨ ᠶᠤᠮ᠂ ᠠᠯᠢᠪᠠ ᠶᠠᠪᠤᠴᠠ ᠶᠢ ᠪᠦᠷ ᠠᠵᠢᠯᠲᠠᠳ ᠵᠢᠯᠣᠭᠤᠳᠴᠤ᠂ ᠠᠵᠢᠯᠲᠠᠳ ᠤᠨ ᠦᠢᠯᠡᠴᠢᠯᠡᠬᠦ ᠣᠪᠣᠷ ᠮᠠᠰᠢ ᠰᠠᠶᠢᠢᠨ᠂ ᠠᠵᠢᠯ ᠶᠠᠪᠤᠳᠠᠯ ᠰᠢᠢᠳᠪᠦᠷᠢᠯᠡᠬᠦ ᠬᠤᠷᠳᠤᠴᠠ ᠲᠦᠷᠭᠡᠨ ᠪᠠᠶᠢᠨ᠎ᠠ᠂ ᠪᠢ ᠮᠠᠰᠢ ᠬᠠᠨᠤᠮᠵᠢᠲᠠᠢ ᠪᠠᠶᠢᠨ᠎ᠠ︾ ᠭᠡᠵᠦ ᠰᠡᠳᠬᠢᠯ ᠳᠣᠭᠳᠣᠯᠤᠨ ᠬᠡᠯᠡᠪᠡ᠃      ︽ᠰᠢᠨ᠎ᠡ ᠵᠢᠯ ᠰᠢᠨ᠎ᠡ ᠠᠭᠤᠷ ᠠᠮᠢᠰᠬᠤᠯ᠂ ᠰᠢᠨ᠎ᠡ ᠨᠢᠭᠡ ᠵᠢᠯ ᠳᠤ᠂ ᠪᠢᠳᠡ ᠦᠷᠭᠦᠯᠵᠢᠯᠡᠨ ᠡᠷᠴᠢ ᠵᠣᠷᠢᠭ ᠢᠶᠠᠨ ᠬᠥᠪᠴᠢᠯᠡᠵᠦ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠠᠵᠢᠯ ᠶᠠᠪᠤᠳᠠᠯ ᠰᠢᠶᠳᠪᠦᠷᠢᠯᠡᠬᠦ ᠪᠠᠷ ᠢᠷᠡᠭᠰᠡᠨ ᠤᠯᠠᠨ ᠲᠦᠮᠡᠨ ᠳᠤ ᠨᠡᠩ ᠲᠦᠷᠭᠡᠨ ᠦᠢᠯᠡᠴᠢᠯᠡᠭᠡ ᠬᠦᠷᠲᠡᠭᠡᠬᠦ ᠶᠢ ᠪᠠᠲᠤᠯᠠᠵᠤ᠂ ᠤᠯᠠᠨ ᠲᠦᠮᠡᠨ ᠢ ᠨᠡᠩ ᠬᠠᠨᠤᠮᠵᠢᠲᠠᠢ ᠪᠣᠯᠭᠠᠵᠤ᠂ ᠰᠢᠨ᠎ᠡ ᠨᠢᠭᠡ ᠵᠢᠯ ᠤᠨ ᠰᠠᠶᠢᠨ ᠠᠮᠵᠢᠯᠲᠠ ᠶᠢ ᠴᠢᠷᠮᠠᠶᠢᠨ ᠡᠭᠦᠳᠬᠦ ᠶᠢᠨ ᠲᠥᠯᠥᠭᠡ ᠰᠠᠶᠢᠨ ᠰᠠᠶᠢᠬᠠᠨ ᠲᠥᠯᠥᠪᠯᠡᠵᠦ᠂ ᠰᠠᠶᠢᠨ ᠰᠠᠶᠢᠬᠠᠨ ᠡᠬᠢᠯᠡᠯᠲᠡ ᠲᠠᠢ ᠪᠣᠯᠭᠠᠵᠤ᠂ ᠠᠩᠬᠠᠨ ᠤ ᠠᠯᠬᠤᠮ ᠢᠶᠠᠨ ᠰᠠᠶᠢᠬᠠᠨ ᠶᠠᠪᠤᠨ᠎ᠠ︾ ᠭᠡᠵᠦ ᠳᠥᠷᠪᠡᠳ ᠬᠤᠰᠢᠭᠤᠨ ᠤ ᠡᠮᠴᠢᠯᠡᠭᠡᠨ ᠤ ᠳᠠᠭᠠᠳᠬᠠᠯ ᠤᠨ ᠲᠣᠪᠴᠢᠶᠠᠨ ᠤ ᠠᠵᠢᠯᠲᠠᠨ ᠭᠡᠭᠡᠨᠰᠣᠨᠳᠤᠷ ᠬᠡᠯᠡᠪᠡ᠃      ᠴᠠᠭᠠᠨ ᠰᠠᠷ᠎ᠠ ᠶᠢᠨ ᠬᠤᠭᠤᠴᠠᠭᠠᠨ ᠳᠤ ᠠᠵᠢᠯᠯᠠᠭᠰᠠᠨ ᠠᠴᠠ ᠨᠠᠰᠢ᠂ ᠳᠥᠷᠪᠡᠳ ᠬᠤᠰᠢᠭᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠥᠪ ᠤᠨ ᠲᠢᠩᠬᠢᠮ ᠳᠤ ᠰᠠᠭᠤᠭ᠎ᠠ 26 ᠨᠢᠭᠡᠴᠢ ᠨᠡᠶᠢᠲᠡ 73 ᠴᠣᠩᠬᠤᠪᠴᠢ ᠲᠣᠬᠢᠷᠠᠭᠤᠯᠪᠠ᠃ ᠣᠲᠣ ᠪᠣᠯᠲᠠᠯ᠎ᠠ᠂ ᠡᠯ᠎ᠡ ᠲᠥᠷᠥᠯ ᠤᠨ ᠬᠡᠷᠡᠭ ᠶᠠᠪᠤᠳᠠᠯ ᠢ ᠨᠡᠶᠢᠲᠡ 460 ᠭᠠᠷᠤᠶ ᠰᠢᠶᠳᠪᠦᠷᠢᠯᠡᠭᠰᠡᠨ ᠪᠠᠶᠢᠨ᠎ᠠ᠃                                      ᠣᠷᠴᠢᠭᠤᠯᠤᠭᠴᠢ᠄ ᠤᠳᠠ                                      ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2