ᠹᠧᠩᠵᠧᠨ ᠬᠤᠲᠠ 2022 ᠣᠨ ᠤ 1 ᠰᠠᠷ᠎ᠠ ᠳᠤ ︽ᠪᠦᠷᠢᠨ ᠴᠢᠳᠠᠮᠵᠢᠲᠤ ᠺᠠᠷᠲ︾ ᠢᠶᠠᠷ ᠳᠠᠮᠵᠢᠭᠤᠯᠤᠨ 4030.14 ᠲᠦᠮᠡᠨ ᠲᠥᠭᠦᠷᠢᠭ ᠤᠨ ᠡᠳ᠋ ᠤᠨ ᠵᠠᠰᠠᠭ ᠤᠨ ᠨᠥᠬᠦᠪᠥᠷᠢ ᠶᠢᠨ ᠪᠠᠯᠠ ᠮᠥᠩᠭᠦ ᠲᠠᠷᠬᠠᠭᠠᠪᠠ
ᠨᠡᠶᠢᠲᠡᠯᠡᠭᠰᠡᠨ ᠴᠠᠭ᠄
2022/2/17
     1 ᠳ᠋ᠦ᠋ᠭᠡᠷ ᠰᠠᠷ᠎ᠠ ᠳᠤ᠂ ᠹᠧᠩᠵᠧᠨ ᠬᠤᠲᠠ ︽ᠪᠦᠷᠢᠨ ᠴᠢᠳᠠᠮᠵᠢᠲᠤ ᠺᠠᠷᠲ︾ ᠢᠶᠠᠷ ᠳᠡᠮᠵᠢᠨ ᠨᠡᠶᠢᠲᠡ 4030.14 ᠲᠦᠮᠡᠨ ᠲᠥᠭᠦᠷᠢᠭ ᠤᠨ ᠡᠳ᠋ ᠤᠨ ᠵᠠᠰᠠᠭ ᠤᠨ ᠨᠥᠬᠦᠪᠥᠷᠢ ᠮᠥᠩᠭᠦ ᠲᠠᠷᠬᠠᠭᠠᠵᠤ᠂ ᠨᠥᠬᠦᠪᠥᠷᠢ ᠮᠥᠩᠭᠦ ᠨᠢ 5 ᠬᠦᠷᠢᠶᠡᠨ ᠤ 19 ᠲᠥᠷᠥᠯ ᠤᠨ 25 ᠵᠦᠶᠯ ᠳᠤ ᠬᠤᠯᠪᠣᠭᠳᠠᠵᠤ᠂ ᠬᠤᠲᠠ ᠬᠥᠳᠡᠭᠡ ᠶᠢᠨ 10.7955 ᠲᠦᠮᠡᠨ ᠬᠥᠮᠦᠨ ︵ᠤᠳᠠᠭ᠎ᠠ︶ ᠳᠤ ᠠᠰᠢᠭ ᠬᠦᠷᠲᠡᠭᠡᠪᠡ᠃ ᠡᠭᠦᠨ ᠳᠤ᠄ ᠪᠥᠲᠥᠭᠡᠨ ᠪᠠᠶᠢᠭᠤᠯᠤᠯᠲᠠ ᠶᠢᠨ ᠲᠥᠷᠥᠯ ᠤᠨ ᠨᠥᠬᠦᠪᠥᠷᠢ ᠪᠠᠯᠠ ᠮᠥᠩᠭᠦ 4.68 ᠲᠦᠮᠡᠨ ᠲᠥᠭᠦᠷᠢᠭ︔ ᠨᠡᠶᠢᠭᠡᠮ ᠤᠨ ᠪᠠᠲᠤᠯᠠᠭ᠎ᠠ ᠶᠢᠨ ᠲᠥᠷᠥᠯ ᠤᠨ ᠨᠥᠬᠦᠪᠥᠷᠢ ᠶᠢᠨ ᠪᠠᠯᠠ ᠮᠥᠩᠭᠦ 3895.13 ᠲᠦᠮᠡᠨ ᠲᠥᠭᠦᠷᠢᠭ︔ ᠣᠶ ᠰᠢᠭᠤᠶ ᠶᠢᠨ ᠲᠥᠷᠥᠯ ᠤᠨ ᠨᠥᠬᠦᠪᠥᠷᠢ ᠶᠢᠨ ᠪᠠᠯᠠ ᠮᠥᠩᠭᠦ 122.99 ᠲᠦᠮᠡᠨ ᠲᠥᠭᠦᠷᠢᠭ︔ ᠲᠥᠯᠥᠪᠯᠡᠭᠡᠲᠦ ᠦᠷᠡᠵᠢᠯ ᠤᠨ ᠨᠥᠬᠦᠪᠥᠷᠢ 1.74 ᠲᠦᠮᠡᠨ ᠲᠥᠭᠦᠷᠢᠭ︔ ᠴᠠᠯᠢᠩ ᠤᠨ ᠨᠥᠬᠦᠪᠥᠷᠢ ᠶᠢᠨ ᠲᠥᠷᠥᠯ 5.6 ᠲᠦᠮᠡᠨ ᠲᠥᠭᠦᠷᠢᠭ ᠲᠠᠷᠬᠠᠭᠠᠵᠠᠢ᠃ ᠡᠳ᠋ ᠤᠨ ᠵᠠᠰᠠᠭ ᠤᠨ ︽ᠪᠦᠷᠢᠨ ᠴᠢᠳᠠᠮᠵᠢᠲᠤ ᠺᠠᠷᠲ︾ ᠢ ᠪᠦᠲᠦᠮᠵᠢᠲᠡᠶ ᠪᠠᠷ ᠲᠠᠷᠬᠠᠭᠠᠭᠰᠠᠨ ᠢᠶᠠᠷ ᠠᠷᠠᠳ ᠤᠨ ᠠᠮᠢᠳᠤᠷᠠᠯ ᠤᠨ ᠪᠠᠯᠠ ᠮᠥᠩᠭᠦ ᠶᠢᠨ ᠠᠮᠤᠷ ᠲᠦᠪᠰᠢᠨ ᠢ ᠪᠠᠲᠤᠯᠠᠵᠤ᠂ ᠲᠠᠷᠢᠶᠠᠴᠢᠳ ᠲᠤ ᠠᠰᠢᠭ ᠬᠦᠷᠲᠡᠭᠡᠬᠦ ᠡᠯ᠎ᠡ ᠵᠦᠶᠯ ᠤᠨ ᠲᠥᠷᠥ ᠶᠢᠨ ᠪᠣᠳᠣᠯᠭ᠎ᠠ ᠶᠢ ᠨᠠᠩ ᠰᠠᠶᠢᠲᠤᠷ ᠨᠠᠶᠢᠳᠠᠪᠤᠷᠢᠵᠢᠭᠤᠯᠵᠤ᠂ ᠨᠡᠶᠢᠭᠡᠮ ᠵᠢᠷᠤᠮ ᠤᠨ ᠰᠢᠨ᠎ᠡ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠪᠠ᠃                                       ᠣᠷᠴᠢᠭᠤᠯᠤᠭᠴᠢ᠄ ᠤᠳᠠ                                       ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2