︽ᠤᠯᠠᠭᠠᠨᠴᠠᠪ ᠬᠤᠲᠠ ᠶᠢᠨ ᠲᠠᠪᠤᠳᠤᠭᠠᠷ ᠬᠤᠭᠤᠴᠠᠭᠠᠨ ᠤ ︿ᠠᠷᠠᠳ ᠲᠤ ᠠᠰᠢᠭ ᠬᠦᠷᠲᠡᠭᠡᠵᠦ ᠪᠣᠷᠣᠯᠠᠭᠤᠯᠭ᠎ᠠ ᠶᠢ ᠠᠬᠢᠭᠤᠯᠬᠤ ᠪᠠᠷᠠᠭ᠎ᠠ ᠬᠤᠳᠠᠯᠳᠤᠨ ᠠᠪᠬᠤ ᠪᠠᠶᠠᠷ﹀ ᠤᠨ ᠠᠵᠢᠯᠯᠠᠭ᠎ᠠ ᠶᠢᠨ ᠠᠵᠢᠯ ᠤᠨ ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2022/2/18
ᠤᠯᠠᠭᠠᠨᠴᠠᠪ ᠵᠠᠰᠠᠭ ᠠᠯᠪᠠᠨ ᠦᠰᠦᠭ ﹇2022﹈ 5 ᠳ᠋ᠤᠭᠠᠷ ᠲᠤᠭᠠᠲᠦ      ︽ᠤᠯᠠᠭᠠᠨᠴᠠᠪ ᠬᠤᠲᠠ ᠶᠢᠨ ᠲᠠᠪᠤᠳᠤᠭᠠᠷ ᠬᠤᠭᠤᠴᠠᠭᠠᠨ ᠤ ︿ᠠᠷᠠᠳ ᠲᠤ ᠠᠰᠢᠭ ᠬᠦᠷᠲᠡᠭᠡᠵᠦ ᠪᠣᠷᠣᠯᠠᠭᠤᠯᠭ᠎ᠠ ᠶᠢ ᠠᠬᠢᠭᠤᠯᠬᠤ ᠪᠠᠷᠠᠭ᠎ᠠ ᠬᠤᠳᠠᠯᠳᠤᠨ ᠠᠪᠬᠤ ᠪᠠᠶᠠᠷ﹀ ᠤᠨ ᠠᠵᠢᠯᠯᠠᠭ᠎ᠠ ᠶᠢᠨ ᠠᠵᠢᠯ ᠤᠨ ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ      ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄      ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠰᠤᠳᠤᠯᠤᠨ ᠵᠥᠪᠰᠢᠶᠡᠷᠡᠭᠦᠯᠦᠭᠡᠳ᠂ ᠡᠳᠦᠭᠡ ︽ᠤᠯᠠᠭᠠᠨᠴᠠᠪ ᠬᠤᠲᠠ ᠶᠢᠨ ᠲᠠᠪᠤᠳᠤᠭᠠᠷ ᠬᠤᠭᠤᠴᠠᠭᠠᠨ ᠤ ︿ᠠᠷᠠᠳ ᠲᠤ ᠠᠰᠢᠭ ᠬᠦᠷᠲᠡᠭᠡᠵᠦ ᠪᠣᠷᠣᠯᠠᠭᠤᠯᠭ᠎ᠠ ᠶᠢ ᠠᠬᠢᠭᠤᠯᠬᠤ ᠪᠠᠷᠠᠭ᠎ᠠ ᠬᠤᠳᠠᠯᠳᠤᠨ ᠠᠪᠬᠤ ᠪᠠᠶᠠᠷ﹀ ᠤᠨ ᠠᠵᠢᠯᠯᠠᠭ᠎ᠠ ᠶᠢᠨ ᠠᠵᠢᠯ ᠤᠨ ᠲᠥᠰᠦᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃                                                                                   2022 ᠣᠨ ᠤ 1 ᠰᠠᠷ᠎ᠠ ᠶᠢᠨ 14 ᠤ ᠡᠳᠦᠷ                            ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠪᠡ︶      ᠤᠯᠠᠭᠠᠨᠴᠠᠪ ᠬᠤᠲᠠ ᠶᠢᠨ ᠲᠠᠪᠤᠳᠤᠭᠠᠷ ᠬᠤᠭᠤᠴᠠᠭᠠᠨ ᠤ ︽ᠠᠷᠠᠳ ᠲᠤ ᠠᠰᠢᠭ ᠬᠦᠷᠲᠡᠭᠡᠵᠦ ᠪᠣᠷᠣᠯᠠᠭᠤᠯᠭ᠎ᠠ ᠶᠢ ᠠᠬᠢᠭᠤᠯᠬᠤ ᠪᠠᠷᠠᠭ᠎ᠠ ᠬᠤᠳᠠᠯᠳᠤᠨ ᠠᠪᠬᠤ ᠪᠠᠶᠠᠷ︾ ᠤᠨ ᠠᠵᠢᠯᠯᠠᠭ᠎ᠠ ᠶᠢᠨ ᠠᠵᠢᠯ ᠤᠨ ᠲᠥᠰᠦᠯ      ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ᠂ ᠥᠪᠡᠷᠲᠡᠭᠡᠨ ᠵᠠᠰᠠᠬᠤ ᠣᠷᠣᠨ ᠪᠠ ᠮᠠᠨ ᠤ ᠬᠤᠲᠠ ᠶᠢᠨ ᠬᠡᠷᠡᠭᠯᠡᠭᠡ ᠶᠢ ᠠᠬᠢᠭᠤᠯᠬᠤ ᠬᠤᠯᠪᠣᠭᠳᠠᠯ ᠪᠥᠬᠦᠶ ᠠᠵᠢᠯ ᠤᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ ᠠᠬᠤᠶ ᠶᠢᠨ ᠨᠡᠮᠡᠭᠳᠡᠯ ᠳᠤ ᠦᠵᠡᠭᠦᠯᠬᠦ ᠬᠡᠷᠡᠭᠯᠡᠭᠡ ᠶᠢᠨ ᠳᠠᠶᠢᠴᠢᠯᠠᠬᠤ ᠦᠶᠯᠡᠳᠦᠯ ᠢ ᠪᠠᠳᠠᠷᠠᠭᠤᠯᠤᠨ᠂ ᠠᠷᠠᠯᠵᠢᠶ᠎ᠠ ᠬᠤᠳᠠᠯᠳᠤᠭᠠᠨ ᠤ ᠬᠦᠷᠢᠶᠡᠨ ᠳᠠᠬᠢ ᠬᠡᠷᠡᠭᠯᠡᠭᠡ ᠶᠢᠨ ᠵᠠᠬ᠎ᠠ ᠳᠡᠯᠭᠡᠭᠦᠷ ᠤᠨ ᠳᠠᠯᠳᠠ ᠬᠦᠴᠦᠨ ᠢ ᠬᠥᠭᠵᠢᠭᠡᠵᠦ᠂ ᠬᠡᠷᠡᠭᠯᠡᠭᠡ ᠶᠢᠨ ᠢᠲᠡᠭᠡᠯ ᠢ ᠨᠡᠮᠡᠭᠳᠡᠭᠦᠯᠦᠨ᠂ ᠪᠥᠬᠦ ᠬᠤᠲᠠ ᠶᠢᠨ ᠨᠡᠶᠢᠭᠡᠮ ᠤᠨ ᠬᠡᠷᠡᠭᠯᠡᠭᠡᠨ ᠤ ᠵᠦᠶᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢᠨ ᠲᠣᠭᠲᠠᠭᠤᠨ ᠢᠶᠠᠷ ᠨᠡᠮᠡᠭᠳᠡᠬᠦ ᠶᠢ ᠳᠡᠭᠡᠭᠰᠢᠯᠡᠭᠦᠯᠬᠦ ᠶᠢᠨ ᠲᠤᠰᠠᠳᠠ᠂ ᠡᠳᠦᠭᠡ ᠲᠣᠰ ᠲᠥᠰᠦᠯ ᠢ ᠲᠣᠭᠲᠠᠭᠠᠪᠠ᠃      ᠨᠢᠭᠡ᠂ ᠠᠵᠢᠯᠯᠠᠭᠠᠨ ᠤ ᠵᠣᠷᠢᠯᠭ᠎ᠠ      ᠡᠯᠧᠺᠲᠷᠣᠨ ᠬᠡᠷᠡᠭᠯᠡᠭᠡᠨ ᠤ ᠲᠡᠮᠳᠡᠭᠲᠦ ᠲᠠᠷᠬᠠᠭᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠥᠭᠵᠢᠭᠡᠨ᠂ ᠬᠤᠳᠠᠯᠳᠤᠭᠠᠴᠢᠨ ᠤ ᠬᠥᠭᠵᠢᠯᠲᠡ ᠳᠤ ᠬᠦᠴᠦᠨ ᠨᠡᠮᠡᠷᠢᠯᠡᠵᠦ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠠᠭᠤᠷ ᠠᠮᠢᠰᠬᠤᠯ ᠢ ᠪᠣᠶ ᠪᠣᠯᠭᠠᠨ᠎ᠠ᠃     ᠬᠤᠶᠠᠷ᠂ ᠠᠵᠢᠯᠯᠠᠭ᠎ᠠ ᠶᠢᠨ ᠭᠤᠤᠯ ᠰᠡᠳᠦᠪ      ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠬᠡᠷᠡᠭᠯᠡᠭᠡ ᠶᠢ ᠠᠬᠢᠭᠤᠯᠵᠤ ︽ᠤᠯᠠᠭᠠᠨᠴᠠᠪ ᠤᠨ ᠰᠠᠶᠢᠬᠠᠨ ᠠᠮᠢᠳᠤᠷᠠᠯ᠂ ᠰᠠᠨᠠᠭᠠᠨ ᠲᠠᠪᠠ ᠪᠠᠷ ᠢᠶᠠᠨ ᠬᠤᠳᠠᠯᠳᠤᠨ ᠠᠪᠬᠤ︾ ᠤᠷᠢᠶ᠎ᠠ ᠲᠠᠷᠬᠠᠭᠠᠨ᠎ᠠ᠃      ᠭᠤᠷᠪᠠ᠂ ᠭᠤᠣᠯ ᠠᠭᠤᠯᠭ᠎ᠠ      ︵ᠨᠢᠭᠡ︶ ᠪᠡᠯᠡ ᠮᠥᠩᠭᠦ ᠶᠢᠨ ᠲᠣᠬᠢᠷᠠᠭᠤᠯᠤᠯᠲᠠ      1.ᠪᠡᠯᠡ ᠮᠥᠩᠭᠦ ᠶᠢᠨ ᠴᠤᠭᠯᠠᠭᠤᠯᠤᠯᠲᠠ᠃ ᠡᠯᠧᠺᠲᠷᠣᠨ ᠬᠡᠷᠡᠭᠯᠡᠭᠡᠨ ᠤ ᠲᠡᠮᠳᠡᠭᠲᠦ ᠲᠠᠷᠬᠠᠭᠠᠬᠤ ᠪᠠᠯᠠ ᠮᠥᠩᠭᠦ ᠶᠢᠨ ᠢᠷᠡᠯᠲᠡ ᠨᠢ ᠬᠤᠶᠠᠷ ᠬᠡᠰᠡᠭ ᠠᠴᠠ ᠪᠦᠷᠢᠯᠳᠦᠨ᠎ᠡ᠄ ᠨᠢᠭᠡ ᠳᠤ ᠬᠤᠲᠠ ᠰᠢᠶᠠᠨ ᠬᠤᠶᠠᠷ ᠱᠠᠲᠤᠨ ᠤ ᠡᠳ᠋ ᠤᠨ ᠵᠠᠰᠠᠭ ᠠᠴᠠ ᠨᠡᠶᠢᠲᠡ 1500 ᠲᠦᠮᠡᠨ ᠲᠥᠭᠦᠷᠢᠭ ᠤᠨ ᠪᠠᠯᠠ ᠮᠥᠩᠭᠦ ᠣᠷᠣᠭᠤᠯᠤᠨ᠎ᠠ᠂ ᠡᠭᠦᠨ ᠳᠤ ᠬᠤᠲᠠ ᠶᠢᠨ ᠲᠣᠰ ᠱᠠᠲᠤᠨ ᠤ ᠡᠳ᠋ ᠤᠨ ᠵᠠᠰᠠᠭ ᠤᠨ ᠲᠥᠰᠦᠪ ᠲᠤ 700 ᠲᠦᠮᠡᠨ ᠲᠥᠭᠦᠷᠢᠭ ᠤᠨ ᠪᠠᠯᠠ ᠮᠥᠩᠭᠦ ᠳᠣᠭᠢᠷᠠᠭᠤᠯᠵᠤ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠡᠳ᠋ ᠤᠨ ᠵᠠᠰᠠᠭ ᠤᠨ ᠲᠥᠰᠦᠪ ᠲᠤ 800 ᠲᠦᠮᠡᠨ ᠲᠥᠭᠦᠷᠢᠭ ᠤᠨ ᠪᠠᠯᠠ ᠮᠥᠩᠭᠦ ᠳᠣᠭᠢᠷᠠᠭᠤᠯᠤᠨ᠎ᠠ ︵ᠵᠢᠨᠢᠩ ᠲᠣᠭᠤᠷᠢᠭ 200 ᠲᠦᠮᠡᠨ ᠲᠥᠭᠦᠷᠢᠭ︔ ᠹᠧᠩᠵᠧᠨ ᠬᠤᠲᠠ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ ᠲᠤᠰ ᠪᠦᠷᠢ 100 ᠲᠦᠮᠡᠨ ᠲᠥᠭᠦᠷᠢᠭ︔ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ᠂ ᠳᠥᠷᠪᠡᠳ ᠬᠤᠰᠢᠭᠤ᠂ ᠵᠦᠸᠧᠽᠢ ᠰᠢᠶᠠᠨ᠂ ᠯᠢᠶᠠᠩᠴᠧᠩ ᠰᠢᠶᠠᠨ᠂ ᠰᠢᠩ ᠾᠧ ᠰᠢᠶᠠᠨ᠂ ᠱᠠᠩᠳᠤ ᠰᠢᠶᠠᠨ᠂ ᠬᠤᠸᠠᠳᠧ ᠰᠢᠶᠠᠨ ᠵᠡᠷᠭᠡ 8 ᠬᠤᠰᠢᠭᠤ ᠰᠢᠶᠠᠨ ᠲᠤᠰ ᠪᠦᠷᠢ 50 ᠲᠦᠮᠡᠨ ᠲᠥᠭᠦᠷᠢᠭ︶᠃ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠢᠵᠢ ᠪᠥᠷᠢᠳᠦᠭᠦᠯᠬᠦ ᠪᠠᠯᠠ ᠮᠥᠩᠭᠦ ᠶᠢ ᠬᠤᠲᠠ ᠶᠢᠨ ᠡᠳ᠋ ᠤᠨ ᠵᠠᠰᠠᠭ ᠲᠤ ᠲᠥᠪᠯᠡᠷᠡᠭᠦᠯᠦᠭᠰᠡᠨ ᠤ ᠳᠠᠷᠠᠭ᠎ᠠ ᠨᠢᠭᠡᠳᠦᠯᠲᠡᠶ ᠬᠤᠪᠢᠶᠠᠷᠢᠯᠠᠨ ᠳᠣᠷᠣᠭᠰᠢ ᠪᠠᠭᠤᠯᠭᠠᠨ ᠬᠡᠷᠡᠭᠯᠡᠭᠦᠯᠦᠨ᠎ᠡ᠃ ᠬᠤᠶᠠᠷ ᠲᠤ ᠥᠪᠥᠷ ᠮᠣᠩᠭᠤᠯ ᠤᠨ ᠪᠠᠩᠬᠢ ᠶᠢᠨ ᠬᠤᠯᠪᠣᠭᠠᠨ ᠤ ᠬᠤᠳᠠᠯᠳᠤᠭᠠᠨ ᠤ ᠶᠠᠪᠤᠳᠠᠯ ᠤᠨ ᠪᠠᠯᠠ ᠮᠥᠩᠭᠦ᠂ ᠥᠪᠥᠷ ᠮᠣᠩᠭᠤᠯ ᠤᠨ ᠪᠠᠩᠬᠢ ᠶᠢᠨ ᠬᠤᠯᠪᠣᠭᠠᠨ ᠤ ᠬᠤᠳᠠᠯᠳᠤᠭᠠᠨ ᠤ ᠶᠠᠪᠤᠳᠠᠯ ᠤᠨ ᠲᠣᠬᠢᠷᠠᠭᠤᠯᠤᠯᠲᠠ ᠶᠢᠨ ᠬᠠᠷᠢᠴᠠᠯ ᠤᠨ ᠪᠠᠯᠠ ᠮᠥᠩᠭᠦ ᠶᠢ ᠣᠷᠣᠭᠤᠯᠤᠨ ᠠᠪᠴᠢᠷᠠᠵᠤ᠂ ᠳᠡᠮᠵᠢᠬᠦ ᠠᠷᠭ᠎ᠠ ᠮᠠᠶ᠋ᠢᠭ ᠢ ᠡᠯ᠎ᠡ ᠬᠤᠰᠢᠭᠤ ᠰᠢᠶᠠᠨ ᠬᠤᠲᠠ ᠲᠣᠭᠤᠷᠢᠭ ᠠᠴᠠ ᠪᠣᠳᠠᠲᠠᠶ ᠵᠣᠯᠭᠠᠭᠤᠯᠤᠨ ᠵᠥᠪᠳᠡᠯᠴᠡᠵᠦ᠂ ᠡᠯᠧᠺᠲᠷᠣᠨ ᠬᠡᠷᠡᠭᠯᠡᠭᠡᠨ ᠤ ᠲᠡᠮᠳᠡᠭᠲᠦ ᠲᠠᠷᠬᠠᠭᠠᠬᠤ ᠳᠤ ᠵᠡᠷᠭᠡ ᠪᠠᠷ ᠬᠡᠷᠡᠭᠯᠡᠨ᠎ᠡ᠃      2. ᠪᠡᠯᠡ ᠮᠥᠩᠭᠦ ᠶᠢᠨ ᠬᠤᠪᠢᠶᠠᠷᠢᠯᠠᠯᠲᠠ᠃ 1500 ᠲᠦᠮᠡᠨ ᠲᠥᠭᠦᠷᠢᠭ ᠤᠨ ᠬᠡᠷᠡᠭᠯᠡᠭᠡᠨ ᠤ ᠲᠡᠮᠳᠡᠭᠲᠦ ᠶᠢᠨ ᠳᠣᠲᠣᠷ᠎ᠠ᠂ 1000 ᠲᠦᠮᠡᠨ ᠲᠥᠭᠦᠷᠢᠭ ᠢ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠨ ᠬᠠᠩᠭᠠᠭᠰᠠᠨ ᠪᠠᠶᠢᠩᠭᠤ ᠰᠠᠭᠤᠭ᠎ᠠ ᠬᠥᠮᠦᠨ ᠠᠮᠠ᠂ ᠨᠡᠶᠢᠭᠡᠮ ᠤᠨ ᠬᠡᠷᠡᠭᠯᠡᠭᠡᠨ ᠤ ᠵᠦᠶᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ ᠶᠢᠨ ᠨᠡᠮᠡᠭᠳᠡᠯ ᠤᠨ ᠬᠤᠷᠳᠤᠴᠠ ᠵᠡᠷᠭᠡ ᠶᠢ ᠦᠨᠳᠦᠰᠦᠯᠡᠨ᠂ ᠰᠢᠯᠲᠠᠭᠠᠨ ᠡᠯᠧᠮᠧᠨ᠋ᠲ ᠶᠢᠨ ᠠᠷᠭ᠎ᠠ ᠪᠠᠷ ᠤᠷᠢᠳᠠᠪᠠᠷ ᠬᠤᠰᠢᠭᠤ ᠰᠢᠶᠠᠨ ᠬᠤᠲᠠ ᠲᠣᠭᠤᠷᠢᠭ ᠲᠤ ᠪᠠᠭᠤᠯᠭᠠᠨ ᠥᠭᠴᠦ ᠠᠵᠢᠯᠯᠠᠭ᠎ᠠ ᠶᠢ ᠥᠷᠨᠢᠭᠦᠯᠦᠨ᠎ᠡ᠂ ᠲᠠᠷᠠᠭᠠᠴᠢ ᠶᠢᠨ 500 ᠲᠦᠮᠡᠨ ᠲᠥᠭᠦᠷᠢᠭ ᠢ ᠡᠯ᠎ᠡ ᠭᠠᠵᠠᠷ ᠤᠨ ᠬᠡᠷᠡᠭᠯᠡᠭᠡᠨ ᠤ ᠲᠡᠮᠳᠡᠭᠲᠦ ᠶᠢ ᠲᠠᠷᠬᠠᠭᠠᠭᠰᠠᠨ ᠠᠮᠵᠢᠯᠲᠠ ᠪᠦᠲᠦᠮᠵᠢ ᠶᠢᠨ ᠦᠷ᠎ᠡ ᠪᠦᠲᠦᠭᠡᠯ ᠢ ᠦᠨᠳᠦᠰᠦᠯᠡᠨ ᠱᠠᠩᠨᠠᠯ ᠤᠨ ᠪᠠᠯᠠ ᠮᠥᠩᠭᠦ ᠪᠠᠷ ᠳᠣᠷᠣᠭᠰᠢ ᠪᠠᠭᠤᠯᠭᠠᠬᠤ ᠶᠢᠨ ᠬᠠᠮᠲᠤ ᠡᠯᠧᠺᠲᠷᠣᠨ ᠬᠡᠷᠡᠭᠯᠡᠭᠡᠨ ᠤ ᠲᠡᠮᠳᠡᠭᠲᠦ ᠶᠢ ᠲᠠᠷᠬᠠᠭᠠᠬᠤ ᠳᠤ ᠬᠡᠷᠡᠭᠯᠡᠨ᠎ᠡ᠃      3. ᠵᠦᠶ ᠵᠣᠬᠢᠰᠲᠠᠶ ᠪᠠᠯᠠ ᠮᠥᠩᠭᠦ ᠶᠢᠨ ᠲᠣᠬᠢᠷᠠᠭᠤᠯᠤᠯᠲᠠ ᠶᠢᠨ ᠬᠠᠷᠢᠴᠠᠯ᠃ ᠬᠡᠷᠡᠭᠯᠡᠭᠡᠨ ᠤ ᠲᠡᠮᠳᠡᠭᠲᠦ ᠶᠢᠨ ᠪᠠᠯᠠ ᠮᠥᠩᠭᠦ ᠶᠢᠨ ᠬᠡᠷᠡᠭᠯᠡᠬᠦ ᠬᠡᠪᠴᠢᠶ᠎ᠡ ᠨᠢ ᠮᠠᠰᠢᠨ ᠲᠡᠷᠭᠡᠨ ᠳᠤ ᠬᠡᠷᠡᠭᠯᠡᠬᠦ ᠪᠣᠯᠪᠠᠰᠤᠷᠠᠭᠤᠯᠤᠭᠰᠠᠨ ᠲᠣᠰᠣ᠂ ᠬᠤᠳᠠᠯᠳᠤᠭᠠᠨ ᠤ ᠲᠠᠯᠠᠪᠤᠷ ᠤᠨ ᠪᠦᠷᠢᠨ ᠪᠠᠷᠠᠭ᠎ᠠ᠂ ᠬᠡᠲᠦ ᠳᠡᠯᠭᠡᠭᠦᠷ ᠤᠨ ᠵᠢᠵᠢᠭ ᠬᠤᠳᠠᠯᠳᠤᠭ᠎ᠠ᠂ ᠢᠳᠡᠭᠡᠨ ᠤᠮᠳᠠᠭᠠᠨ ᠵᠡᠷᠭᠡ 4 ᠵᠦᠶᠯ ᠤᠨ ᠡᠵᠡᠩᠨᠡᠯᠲᠡ ᠶᠢᠨ ᠬᠡᠯᠪᠡᠷᠢ ᠲᠠᠢ ᠪᠠᠶᠢᠵᠤ᠂ ᠬᠡᠷᠡᠭᠯᠡᠭᠡᠨ ᠤ ᠬᠡᠮᠵᠢᠶ᠎ᠡ ᠨᠢ ᠨᠡᠯᠢᠶᠡᠳ ᠲᠣᠭᠲᠠᠪᠤᠷᠢᠲᠠᠶ ᠪᠠᠶᠢᠬᠤ ᠮᠠᠰᠢᠨ ᠲᠡᠷᠭᠡᠨ ᠳᠤ ᠬᠡᠷᠡᠭᠯᠡᠬᠦ ᠪᠣᠯᠪᠠᠰᠤᠷᠠᠭᠤᠯᠤᠭᠰᠠᠨ ᠲᠣᠰᠣᠨ ᠤ ᠣᠷᠣᠭᠤᠯᠤᠯᠲᠠ ᠶᠢᠨ ᠪᠠᠯᠠ ᠮᠥᠩᠭᠦ ᠶᠢᠨ ᠬᠠᠷᠢᠴᠠᠯ ᠢ ᠪᠠᠭᠠᠰᠬᠠᠨ᠎ᠡ᠃      ︵ᠬᠤᠶᠠᠷ︶ ᠠᠵᠢᠯ  ᠤᠨ ᠱᠠᠭᠠᠷᠳᠠᠯᠭ᠎ᠠ      1. ᠠᠵᠢᠯᠯᠠᠭ᠎ᠠ ᠶᠢ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠵᠠᠰᠠᠭ ᠤᠨ ᠣᠷᠳᠣᠨ ᠠᠴᠠ ᠥᠪᠡᠰᠦᠪᠡᠨ ᠵᠣᠬᠢᠶᠠᠨ ᠪᠠᠶᠢᠭᠤᠯᠤᠨ ᠥᠷᠨᠢᠭᠦᠯᠵᠦ᠂ ᠠᠩᠬᠠᠨ ᠤ ᠪᠠᠯᠠ ᠮᠥᠩᠭᠦ ᠶᠢᠨ 1000 ᠲᠦᠮᠡᠨ ᠲᠥᠭᠦᠷᠢᠭ ᠢ ᠴᠠᠭᠠᠨ ᠰᠠᠷ᠎ᠠ ᠶᠢᠨ ᠬᠤᠭᠤᠴᠠᠭᠠᠨ ︵2021 ᠣᠨ ᠤ 1ᠰᠠᠷ᠎ᠠ ᠶᠢᠨ ᠰᠡᠭᠦᠯᠴᠢ ᠠᠴᠠ 3 ᠰᠠᠷ᠎ᠠ ᠶᠢᠨ ᠡᠬᠢ ᠪᠣᠯᠲᠠᠯ᠎ᠠ ︶ ᠳᠤ ᠲᠠᠷᠬᠠᠭᠠᠵᠤ᠂ ᠲᠠᠷᠠᠭᠠᠴᠢ ᠶᠢᠨ ᠱᠠᠩᠨᠠᠯ ᠤᠨ ᠪᠠᠯᠠ ᠮᠥᠩᠭᠦ ᠶᠢᠨ 500 ᠲᠦᠮᠡᠨ ᠲᠥᠭᠦᠷᠢᠭ ᠤᠨ ᠬᠡᠷᠡᠭᠯᠡᠭᠡᠨ ᠤ ᠲᠡᠮᠳᠡᠭᠲᠦ ᠶᠢ ᠡᠯ᠎ᠡ ᠭᠠᠵᠠᠷ ᠤᠨ ᠬᠢᠨ ᠥᠪᠡᠰᠦᠪᠡᠨ ᠲᠣᠭᠲᠠᠭᠠᠨ᠎ᠠ᠃      2. ᠡᠯ᠎ᠡ ᠭᠠᠵᠠᠷ ᠤᠨ ᠬᠢᠨ ᠲᠤᠭ᠎ᠠ ᠪᠦᠷᠢᠳᠬᠡᠯ ᠤᠨ ᠲᠠᠪᠴᠠᠩ ᠳᠤ ᠣᠷᠣᠭᠤᠯᠤᠭᠰᠠᠨ ᠮᠠᠰᠢᠨ ᠲᠡᠷᠭᠡᠨ ᠳᠤ ᠬᠡᠷᠡᠭᠯᠡᠬᠦ ᠪᠣᠯᠪᠠᠰᠤᠷᠠᠭᠤᠯᠤᠭᠰᠠᠨ ᠲᠣᠰᠣ᠂ ᠬᠤᠳᠠᠯᠳᠤᠭᠠᠨ ᠤ ᠳᠡᠯᠭᠡᠭᠦᠷ ᠤᠨ ᠬᠡᠲᠦ ᠳᠡᠯᠭᠡᠭᠦᠷ᠂ ᠢᠳᠡᠭᠡᠨ ᠤᠮᠳᠠᠭᠠᠨ ᠤ ᠠᠵᠤ ᠠᠬᠤᠶᠢᠯᠠᠯ ︵ᠡᠩ ᠤᠨ ᠭᠠᠶᠢᠯᠢ ᠲᠤᠰᠢᠶᠠᠭᠴᠢ ᠶᠢᠨ ᠬᠤᠪᠢ ᠶᠢᠨ ᠡᠷᠦᠬᠡ︶ ᠤᠨ ᠠᠵᠢᠯᠯᠠᠭ᠎ᠠ ᠳᠤ ᠣᠷᠣᠯᠴᠠᠬᠤ ᠶᠢ ᠡᠩ ᠲᠡᠷᠢᠭᠦᠨ ᠳᠤ ᠳᠡᠮᠵᠢᠬᠦ ᠶᠢᠨ ᠬᠠᠮᠲᠤ᠂ ᠠᠵᠢᠯᠯᠠᠭ᠎ᠠ ᠳᠤ ᠣᠷᠣᠯᠴᠠᠬᠤ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠤᠨ ᠬᠤᠳᠠᠯᠳᠤᠭᠠᠨ ᠤ ᠡᠷᠦᠬᠡ ᠶᠢ ᠲᠤᠭ᠎ᠠ ᠪᠦᠷᠢᠳᠬᠡᠯ ᠤᠨ ᠲᠠᠪᠴᠠᠩ ᠳᠤ ᠣᠷᠣᠭᠤᠯᠬᠤ ᠶᠢ ᠰᠢᠮᠳᠠᠭᠤᠯᠵᠤ᠂ ᠮᠠᠨ ᠤ ᠬᠤᠲᠠ ᠶᠢᠨ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠠᠵᠤ ᠠᠬᠤᠶᠢᠯᠠᠯ ᠤᠨ ᠲᠤᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠥᠷᠭᠡᠳᠬᠡᠨ᠎ᠡ᠃      3. ᠡᠯ᠎ᠡ ᠭᠠᠵᠠᠷ ᠤᠨ ᠬᠢᠨ ᠠᠵᠤ ᠠᠬᠤᠶᠢᠯᠠᠯ᠂ ᠬᠤᠳᠠᠯᠳᠤᠭᠠᠨ ᠤ ᠡᠷᠦᠬᠡ ᠶᠢᠨ ᠬᠤᠳᠠᠯᠳᠤᠭᠠᠨ ᠤ ᠪᠣᠷᠣᠯᠠᠭᠤᠯᠭ᠎ᠠ ᠶᠢ ᠥᠷᠨᠢᠭᠦᠯᠬᠦ ᠶᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ᠂ ᠵᠠᠰᠠᠭ ᠠᠵᠤ ᠠᠬᠤᠶᠢᠯᠠᠯ ᠬᠤᠯᠪᠣᠭᠠᠯᠠᠨ ᠬᠥᠳᠡᠯᠦᠯᠴᠡᠵᠦ ᠠᠵᠢᠯᠯᠠᠭ᠎ᠠ ᠶᠢᠨ ᠦᠢᠯᠡᠳᠦᠯᠭᠡ ᠶᠢ ᠳᠠᠪᠬᠤᠷᠳᠠᠭᠤᠯᠤᠨ ᠶᠡᠬᠡᠳᠬᠡᠵᠦ᠂ ᠬᠠᠷᠠᠭᠠᠯᠵᠠᠯ ᠦᠵᠡᠭᠦᠯᠬᠦ ᠡᠷᠴᠢᠮ ᠢᠶᠠᠨ ᠴᠢᠩᠭᠠᠷᠠᠭᠤᠯᠤᠨ᠂ ᠬᠡᠷᠡᠭᠯᠡᠭᠴᠢᠳ ᠲᠤ ᠠᠰᠢᠭ ᠬᠦᠷᠲᠡᠭᠡᠨ᠎ᠡ᠃      4.ᠠᠵᠢᠯᠯᠠᠭ᠎ᠠ ᠶᠢᠨ ᠬᠤᠭᠤᠴᠠᠭᠠᠨ ᠳᠤ ᠡᠯ᠎ᠡ ᠱᠠᠲᠤᠨ ᠤ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠨᠤᠭᠤᠳ ᠠᠵᠢᠯᠴᠢᠨ ᠤ ᠡᠪᠯᠡᠯ ᠤᠨ ᠭᠡᠰᠢᠭᠦᠳ ᠤᠨ ᠵᠠᠷᠤᠳᠠᠯ ᠤᠨ ᠠᠰᠠᠷᠠᠮᠵᠢ ᠶᠢ ᠬᠡᠷᠡᠭᠯᠡᠬᠦ ᠲᠣᠭᠲᠠᠭᠠᠯ ᠶᠣᠰᠣᠭᠠᠷ ᠢᠳᠡᠪᠬᠢᠲᠡᠶ ᠣᠷᠣᠯᠴᠠᠵᠤ᠂ ᠲᠤᠰ ᠤᠳᠠᠭᠠᠨ ᠤ ᠠᠵᠢᠯᠯᠠᠭ᠎ᠠ ᠳᠤ ᠬᠦᠴᠦᠨ ᠨᠡᠮᠡᠷᠢᠯᠡᠨ᠎ᠡ᠃      5. ᠡᠯᠧᠺᠲᠷᠣᠨ ᠬᠡᠷᠡᠭᠯᠡᠭᠡᠨ ᠤ ᠲᠡᠮᠳᠡᠭᠲᠦ ᠶᠢ ᠬᠤᠭᠤᠴᠠᠭ᠎ᠠ ᠬᠤᠪᠢᠶᠠᠨ ᠲᠠᠷᠬᠠᠭᠠᠵᠤ᠂ ᠲᠤᠬᠠᠶ ᠶᠢᠨ ᠭᠠᠵᠠᠷ ᠤᠨ ᠰᠠᠭᠤᠭᠠᠯᠢ ᠠᠷᠠᠳ ᠤᠨ ᠡᠳᠦᠷ ᠲᠤᠲᠤᠮ ᠤᠨ  ᠬᠡᠷᠡᠭᠯᠡᠭᠡᠨ ᠤ ᠪᠠᠶᠢᠳᠠᠯ ᠢ ᠦᠨᠳᠦᠰᠦᠯᠡᠨ ᠲᠠᠷᠬᠠᠭᠠᠬᠤ ᠬᠤᠭᠤᠴᠠᠭ᠎ᠠ ᠶᠢ ᠲᠣᠭᠲᠠᠭᠠᠨ᠂ ᠰᠠᠭᠤᠭᠠᠯᠢ ᠠᠷᠠᠳ ᠢ ᠬᠥᠲᠥᠯᠦᠨ ᠵᠢᠯᠣᠭᠤᠳᠴᠤ ᠪᠠᠶᠢᠭᠠᠳ ᠬᠡᠷᠡᠭᠯᠡᠭᠡᠨ ᠤ ᠦᠶᠡᠯᠡᠯ ᠤᠨ ᠬᠤᠭᠤᠴᠠᠭ᠎ᠠ ᠶᠢ ᠪᠣᠭᠤᠨᠢᠰᠬᠠᠵᠤ᠂ ᠬᠡᠷᠡᠭᠯᠡᠭᠡᠨ ᠤ ᠤᠳᠠᠭ᠎ᠠ ᠳᠠᠷᠠᠭ᠎ᠠ ᠶᠢ ᠨᠡᠮᠡᠭᠳᠡᠭᠦᠯᠦᠨ᠂ ᠬᠡᠷᠡᠭᠯᠡᠭᠡᠨ ᠤ ᠳᠠᠯᠳᠠ ᠬᠦᠴᠦᠨ ᠢ ᠦᠷᠭᠦᠯᠵᠢᠯᠡᠨ ᠪᠠᠳᠠᠷᠠᠭᠤᠯᠵᠤ᠂ ᠰᠢᠵᠢᠷ ᠠᠯᠲᠠ᠂ ᠬᠡᠷ ᠤᠨ ᠴᠠᠬᠢᠯᠭᠠᠨ ᠬᠡᠷᠡᠭᠰᠡᠯ᠂ ᠠᠷᠠᠰᠤ ᠰᠢᠷᠢ ᠵᠡᠷᠭᠡ ᠶᠡᠭᠡ ᠲᠣᠭᠠᠨ ᠤ ᠲᠠᠸᠠᠷ ᠤᠨ ᠬᠡᠷᠡᠭᠯᠡᠭᠡ ᠶᠢ ᠳᠡᠮᠵᠢᠨ᠎ᠡ᠃     ︵ᠭᠤᠷᠪᠠ︶ ᠡᠯᠧᠺᠲᠷᠣᠨ ᠬᠡᠷᠡᠭᠯᠡᠭᠡᠨ ᠤ ᠲᠡᠮᠳᠡᠭᠲᠦ ᠶᠢ ᠲᠠᠷᠬᠠᠭᠠᠵᠤ ᠬᠡᠷᠡᠭᠯᠡᠬᠦ      1. ᠡᠯ᠎ᠡ ᠬᠤᠰᠢᠭᠤ ᠰᠢᠶᠠᠨ ᠬᠤᠲᠠ ᠲᠣᠭᠤᠷᠢᠭ ᠨᠢ ᠥᠪᠥᠷ ᠮᠣᠩᠭᠤᠯ ᠤᠨ ᠪᠠᠩᠬᠢ ᠶᠢᠨ ᠬᠤᠯᠪᠣᠭ᠎ᠠ ᠶᠢᠨ ᠬᠤᠳᠠᠯᠳᠤᠭᠠᠨ ᠤ ᠶᠠᠪᠤᠳᠠᠯ ᠤᠨ ᠠᠷᠭ᠎ᠠ ᠵᠠᠮ ᠳᠤ ᠲᠦᠰᠢᠭᠯᠡᠨ ᠲᠠᠷᠬᠠᠭᠠᠨ᠎ᠠ᠃ ᠬᠡᠷᠡᠭᠯᠡᠭᠴᠢᠳ ᠰᠢᠯᠵᠢᠮᠡᠯ ᠬᠤᠯᠪᠣᠭᠠᠨ ᠤ ᠦᠵᠦᠭᠦᠷ ᠤᠨ ᠡᠭᠦᠯᠡᠨ ᠲᠦᠷᠭᠡᠨ ᠲᠥᠯᠥᠪᠦᠷᠢ ᠵᠡᠷᠭᠡ APP ᠪᠠᠷ ᠳᠠᠮᠵᠢᠨ ᠦᠨᠡᠲᠦ ᠲᠡᠮᠳᠡᠭᠲᠦ ᠶᠢ ᠵᠠᠪᠳᠤᠨ ᠠᠪᠴᠤ ᠬᠡᠷᠡᠭᠯᠡᠨ᠎ᠡ᠃ ᠬᠡᠷᠡᠭᠯᠡᠬᠦ ᠬᠡᠪᠴᠢᠶ᠎ᠡ ᠳᠤ ᠬᠤᠳᠠᠯᠳᠤᠭᠠᠨ ᠤ ᠳᠡᠯᠭᠡᠭᠦᠷ ᠤᠨ ᠪᠦᠷᠢᠨ ᠪᠠᠷᠠᠭ᠎ᠠ᠂ ᠬᠡᠲᠦ ᠳᠡᠯᠭᠡᠭᠦᠷ ᠤᠨ ᠵᠢᠵᠢᠭ ᠬᠤᠳᠠᠯᠳᠤᠭ᠎ᠠ᠂ ᠢᠳᠡᠭᠡᠨ ᠤᠮᠳᠠᠭᠠᠨ᠂ ᠲᠣᠰᠣ ᠨᠡᠮᠡᠬᠦ ᠥᠷᠲᠡᠭᠡ ᠪᠠᠭᠲᠠᠨ᠎ᠠ᠃      2. ᠬᠡᠷᠡᠭᠯᠡᠭᠡᠨ ᠤ ᠲᠡᠮᠳᠡᠭᠲᠦ ᠶᠢᠨ ᠨᠢᠭᠤᠷ ᠤᠨ ᠲᠤᠭ᠎ᠠ ᠶᠢ ᠪᠡᠯᠡ ᠮᠥᠩᠭᠦ᠂ ᠬᠡᠷᠡᠭᠯᠡᠭᠡᠨ ᠤ ᠬᠢᠷᠢ ᠬᠡᠮᠵᠢᠶ᠎ᠡ᠂ ᠬᠡᠷᠡᠭᠯᠡᠭᠡᠨ ᠤ ᠲᠦᠷᠦᠯ ᠵᠦᠢᠯ ᠢᠶᠠᠷ ᠨᠢ 10 ᠲᠥᠭᠦᠷᠢᠭ᠂ 30 ᠲᠥᠭᠦᠷᠢᠭ᠂ 50 ᠲᠥᠭᠦᠷᠢᠭ᠂ 100 ᠲᠥᠭᠦᠷᠢᠭ ᠢᠶᠠᠷ ᠲᠣᠭᠲᠠᠭᠠᠵᠤ ᠪᠣᠯᠤᠨ᠎ᠠ︔ ᠰᠢᠵᠢᠷ ᠠᠯᠲᠠ᠂ ᠬᠡᠷ ᠤᠨ ᠴᠠᠬᠢᠯᠭᠠᠨ ᠬᠡᠷᠡᠭᠰᠡᠯ᠂ ᠠᠷᠠᠰᠤ ᠰᠢᠷᠢ ᠵᠡᠷᠭᠡ ᠦᠨᠡᠲᠡᠢ ᠬᠡᠷᠡᠭᠯᠡᠭᠡᠨ ᠤ ᠲᠠᠸᠠᠷ ᠲᠤ 200 ᠲᠥᠭᠦᠷᠢᠭ᠂ 500 ᠲᠥᠭᠦᠷᠢᠭ ᠵᠡᠷᠭᠡ ᠠᠳᠠᠯᠢ ᠪᠤᠰᠤ ᠪᠠᠷ ᠲᠣᠬᠢᠷᠠᠭᠤᠯᠵᠤ ᠪᠣᠯᠤᠨ᠎ᠠ᠃ ᠬᠡᠷᠡᠭᠯᠡᠭᠡᠨ ᠤ ᠲᠡᠮᠳᠡᠭᠲᠦ ᠨᠢ ᠵᠣᠬᠢᠬᠤ ᠬᠡᠷᠡᠭᠯᠡᠭᠡᠨ ᠤ ᠵᠣᠭᠤᠰ ᠤᠨ ᠲᠤᠭ᠎ᠠ ᠶᠢ ᠬᠠᠩᠭᠠᠭᠰᠠᠨ ᠤ ᠳᠠᠷᠠᠭ᠎ᠠ ᠬᠦᠴᠦᠨ ᠲᠠᠢ ᠪᠣᠯᠵᠤ ᠲᠤᠯᠭᠠᠨ ᠰᠠᠭᠤᠯᠭᠠᠨ᠎ᠠ᠃ ᠬᠤᠳᠠᠯᠳᠤᠭᠴᠢ ᠠᠴᠠ ᠬᠠᠷᠠᠭᠠᠯᠵᠠᠯ ᠲᠠᠢ ᠪᠠᠷ ᠠᠰᠢᠭ ᠣᠯᠭᠤᠬᠤ ᠶᠢ ᠵᠡᠷᠭᠡ ᠪᠠᠷ ᠥᠷᠨᠢᠭᠦᠯᠪᠡᠯ᠂ ᠬᠡᠷᠡᠭᠯᠡᠭᠡᠨ ᠤ ᠲᠡᠮᠳᠡᠭᠲᠦ ᠶᠢ ᠬᠤᠳᠠᠯᠳᠤᠭᠴᠢ ᠶᠢᠨ ᠬᠠᠷᠠᠭᠠᠯᠵᠠᠯ ᠤᠨ ᠰᠠᠭᠤᠷᠢᠨ ᠳᠡᠭᠡᠷ᠎ᠡ ᠬᠡᠷᠡᠭᠯᠡᠨ᠎ᠡ᠃      3. ᠬᠡᠷᠡᠭᠯᠡᠭᠡᠨ ᠤ ᠵᠢᠱᠢᠯᠲᠡ ᠶᠢ ᠦᠨᠳᠦᠰᠦᠯᠡᠨ ᠠᠳᠠᠯᠢ ᠪᠤᠰᠤ ᠨᠢᠭᠤᠷ ᠤᠨ ᠲᠤᠭ᠎ᠠ ᠶᠢᠨ ᠬᠡᠷᠡᠭᠯᠡᠭᠡᠨ ᠤ ᠲᠡᠮᠳᠡᠭᠲᠦ ᠶᠢ ᠲᠠᠷᠬᠠᠭᠠᠬᠤ ᠲᠤᠭ᠎ᠠ ᠬᠡᠮᠵᠢᠶ᠎ᠡ᠂ ᠪᠦᠲᠦᠴᠡ ᠶᠢᠨ ᠬᠤᠪᠢ ᠶᠢᠨ ᠵᠢᠩ ᠢ ᠵᠦᠶ ᠵᠣᠬᠢᠰᠲᠠᠶ ᠳᠣᠭᠢᠷᠠᠭᠤᠯᠤᠨ᠎ᠠ᠃ ᠲᠠᠷᠬᠠᠭᠠᠯᠲᠠ ᠶᠢᠨ ᠬᠤᠭᠤᠴᠠᠭᠠᠨ ᠳᠤ ᠬᠥᠳᠡᠯᠦᠩᠭᠦᠶ ᠬᠠᠮᠢᠶᠠᠷᠤᠯᠲᠠ ᠶᠠᠪᠤᠭᠤᠯᠵᠤ᠂ ᠰᠠᠭᠤᠭᠠᠯᠢ ᠠᠷᠠᠳ ᠤᠨ ᠪᠣᠳᠠᠲᠠᠶ ᠠᠪᠴᠤ ᠬᠡᠷᠡᠭᠯᠡᠭᠰᠡᠨ ᠪᠠᠶᠢᠳᠠᠯ ᠢ ᠦᠨᠳᠦᠰᠦᠯᠡᠨ ᠬᠤᠭᠤᠴᠠᠭ᠎ᠠ ᠪᠦᠷᠢ ᠶᠢᠨ ᠨᠢᠭᠤᠷ ᠤᠨ ᠲᠤᠭ᠎ᠠ ᠂ ᠲᠤᠭ᠎ᠠ ᠬᠡᠮᠵᠢᠶ᠎ᠡ ᠶᠢ ᠴᠠᠭ ᠲᠤᠬᠠᠢ ᠳᠤ ᠨᠢ ᠲᠣᠬᠢᠷᠠᠭᠤᠯᠵᠤ᠂ ᠬᠠᠩᠭᠠᠯᠭ᠎ᠠ ᠬᠡᠷᠡᠭᠴᠡᠭᠡᠨ ᠤ ᠬᠠᠷᠢᠴᠠᠭ᠎ᠠ ᠶᠢ ᠵᠦᠢ ᠵᠣᠬᠢᠰᠲᠠᠶ ᠪᠠᠷ ᠲᠣᠬᠢᠷᠠᠭᠤᠯᠤᠨ ᠡᠵᠡᠮᠳᠡᠨ᠎ᠡ᠃      4.ᠲᠤᠬᠠᠶ ᠶᠢᠨ ᠬᠤᠭᠤᠴᠠᠭᠠᠨ ᠳᠤ ᠭᠠᠷᠭᠠᠨ ᠠᠪᠤᠭᠰᠠᠨ ᠬᠡᠷᠡᠭᠯᠡᠭᠡᠨ ᠤ ᠲᠡᠮᠳᠡᠭᠲᠦ ᠶᠢ ᠬᠡᠷᠡᠭᠯᠡᠬᠦ ᠴᠠᠭ ᠬᠤᠭᠤᠴᠠᠭ᠎ᠠ ᠶᠢ ᠬᠢᠵᠠᠭᠠᠷᠯᠠᠨ ᠲᠣᠭᠲᠠᠭᠠᠵᠤ᠂ ᠬᠡᠷᠡᠭᠯᠡᠭᠰᠡᠨ ᠦᠭᠡᠢ ᠪᠠᠶᠢᠪᠠᠯ ᠳᠠᠷᠠᠭ᠎ᠠ ᠪᠠᠷ ᠪᠤᠴᠠᠭᠠᠨ ᠠᠪᠴᠤ ᠡᠷᠭᠢᠯᠳᠦᠭᠦᠯᠦᠨ ᠲᠠᠷᠬᠠᠭᠠᠨ᠎ᠠ︔ ᠲᠤᠰ ᠬᠤᠭᠤᠴᠠᠭᠠᠨ ᠳᠤ ᠳᠠᠩᠰᠠᠨ ᠠᠴᠠ ᠭᠠᠷᠴᠤ ᠬᠡᠷᠡᠭᠯᠡᠭᠳᠡᠭᠰᠡᠨ ᠦᠭᠡᠢ ᠢ ᠨᠢ ᠳᠠᠷᠠᠭ᠎ᠠ ᠬᠤᠭᠤᠴᠠᠭᠠᠨ ᠳᠤ ᠨᠡᠶᠢᠯᠡᠭᠦᠯᠦᠨ ᠲᠠᠷᠬᠠᠭᠠᠵᠤ  ᠂ ᠬᠡᠷᠡᠭᠯᠡᠵᠦ ᠪᠠᠷᠠᠲᠠᠯ᠎ᠠ ᠶᠠᠪᠤᠭᠳᠠᠭᠤᠯᠤᠨ᠎ᠠ᠃     ᠳᠥᠷᠪᠡ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ      ︵ᠨᠢᠭᠡ︶ ᠤᠬᠠᠭᠤᠯᠭ᠎ᠠ ᠶᠢ ᠥᠷᠨᠢᠭᠦᠯᠦᠨ᠎ᠡ᠃ ᠡᠯ᠎ᠡ ᠭᠠᠵᠠᠷ ᠤᠨ ᠬᠢᠨ ᠰᠣᠨᠢᠨ᠂ ᠷᠠᠳᠢᠣ᠋ ᠨᠡᠪᠲᠡᠷᠡᠭᠦᠯᠭᠡ᠂ ᠲᠧᠯᠸᠢᠰ᠂ ᠰᠦᠯᠵᠢᠶᠡᠨ ᠤ ᠵᠠᠭᠤᠴᠢᠯᠠᠭᠤᠷ᠂ ᠬᠤᠪᠢ ᠶᠢᠨ ᠵᠠᠭᠤᠴᠢᠯᠠᠭᠤᠷ ᠵᠡᠷᠭᠡ ᠶᠢᠨ ᠤᠬᠠᠭᠤᠯᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠬᠠᠭᠤᠯᠭ᠎ᠠ ᠶᠢᠨ ᠡᠷᠴᠢᠮ ᠢᠶᠠᠨ ᠤᠯᠠᠮ ᠴᠢᠨᠠᠭᠰᠢᠳᠠ ᠴᠢᠩᠭᠠᠷᠠᠭᠤᠯᠵᠤ᠂ ᠨᠡᠩ ᠤᠯᠠᠨ ᠬᠡᠷᠡᠭᠯᠡᠭᠴᠢᠳ ᠢ ᠠᠵᠢᠯᠯᠠᠭ᠎ᠠ ᠳᠤ ᠣᠷᠣᠯᠴᠠᠭᠤᠯᠤᠨ᠎ᠠ᠃     ︵ᠬᠤᠶᠠᠷ︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠣᠷᠣᠯᠴᠠᠭᠰᠠᠨ ᠠᠵᠤ ᠠᠬᠤᠶᠢᠯᠠᠯ ᠤᠳ ᠦᠨᠡᠨᠴᠢ ᠢᠲᠡᠭᠡᠮᠵᠢᠲᠡᠶ ᠪᠠᠷ ᠡᠵᠡᠩᠨᠡᠬᠦ ᠣᠨᠣᠯᠵᠢᠬᠤᠨ ᠢ ᠪᠠᠷᠢᠮᠲᠠᠯᠠᠨ᠂ ᠲᠠᠸᠠᠷ ᠤᠨ ᠶᠠᠰᠤ ᠴᠢᠨᠠᠷ ᠢ ᠪᠠᠲᠤᠯᠠᠵᠤ᠂ ᠬᠡᠷᠡᠭᠯᠡᠭᠡᠨ ᠤ ᠠᠮᠠᠯᠠᠯᠲᠠ ᠪᠠᠨ ᠪᠡᠶᠡᠯᠡᠭᠦᠯᠵᠦ᠂ ᠬᠤᠳᠠᠯᠳᠤᠭᠠᠯᠠᠬᠤ᠂ ᠪᠡᠯᠡᠨ ᠵᠣᠭᠤᠰ ᠰᠣᠯᠢᠬᠤ  ᠵᠡᠷᠭᠡ ᠦᠶᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ ᠬᠠᠮᠢᠶ᠎ᠠ ᠪᠥᠬᠦᠶ ᠬᠢᠨᠠᠨ ᠬᠠᠮᠢᠶᠠᠷᠬᠤ ᠰᠠᠯᠠᠭ᠎ᠠ ᠮᠥᠴᠢᠷ ᠤᠳ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠬᠡᠷᠡᠭᠯᠡᠭᠡ ᠶᠢᠨ ᠵᠢᠭᠤᠷᠠᠯᠳᠤᠭᠠᠨ ᠢ ᠴᠠᠭ ᠲᠤᠬᠠᠶ ᠳᠤ ᠨᠢ ᠰᠢᠶᠳᠪᠦᠷᠢᠯᠡᠨ᠂ ᠬᠡᠷᠡᠭᠯᠡᠭᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠬᠡᠷᠡᠭᠯᠡᠭᠡ ᠶᠢᠨ ᠳᠠᠯᠳᠠ ᠬᠦᠴᠦᠨ ᠢ ᠤᠯᠠᠮ ᠨᠢᠭᠡ ᠠᠯᠬᠤᠮ ᠪᠠᠳᠠᠷᠠᠭᠤᠯᠤᠨ᠎ᠠ᠃     ︵ᠭᠤᠷᠪᠠ︶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠨᠠᠶᠢᠳᠠᠪᠤᠷᠢᠵᠢᠭᠤᠯᠤᠨ᠎ᠠ᠃ ᠠᠵᠢᠯᠯᠠᠭ᠎ᠠ ᠶᠢᠨ ᠬᠤᠭᠤᠴᠠᠭᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠯᠪᠣᠭᠳᠠᠯ ᠪᠥᠬᠦᠶ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠬᠠᠮᠢᠶᠠᠷᠤᠯᠲᠠ ᠪᠠᠨ ᠰᠠᠶᠢᠲᠤᠷ ᠬᠢᠵᠦ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠬᠡᠷᠡᠭᠯᠡᠭᠡᠨ ᠤ ᠲᠠᠯᠠᠪᠤᠷ ᠭᠠᠵᠠᠷ᠂ ᠭᠤᠤᠯᠳᠠᠯᠭ᠎ᠠ ᠲᠠᠢ ᠭᠤᠭᠴᠤᠭ᠎ᠠ ᠪᠠ ᠴᠤᠪᠤᠷᠠᠯ ᠤᠨ ᠬᠢᠵᠢᠭ ᠢ ᠰᠡᠷᠭᠡᠶᠢᠯᠡᠬᠦ ᠪᠠ ᠬᠦᠮᠦᠰ ᠤᠨ ᠬᠠᠮᠠᠭᠠᠯᠠᠯᠲᠠ ᠶᠢ ᠰᠠᠶᠢᠲᠤᠷ ᠬᠢᠵᠦ᠂  ᠵᠣᠬᠢᠶᠠᠨ ᠪᠠᠶᠢᠭᠤᠯᠤᠭᠰᠠᠨ ᠨᠢᠭᠡᠴᠢ᠂ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠠᠵᠤ ᠠᠬᠤᠶᠢᠯᠠᠯ ᠬᠤᠳᠠᠯᠳᠤᠭᠠᠴᠢᠨ ᠡᠷᠦᠬᠡ᠂ ᠬᠡᠷᠡᠭᠯᠡᠭᠴᠢᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠦᠨᠡᠨᠬᠦ ᠰᠠᠶᠢᠲᠤᠷ ᠨᠠᠶᠢᠳᠠᠪᠤᠷᠢᠵᠢᠭᠤᠯᠵᠤ᠂ ᠺᠣᠳ᠋ ᠰᠢᠷᠪᠢᠬᠦ᠂ ᠳᠤᠯᠠᠭᠠᠨ ᠢ ᠬᠡᠮᠵᠢᠬᠦ᠂ ᠠᠮᠠᠪᠴᠢ ᠵᠡᠭᠦᠬᠦ᠂ ᠲᠠᠯᠠᠪᠤᠷ ᠭᠠᠵᠠᠷ ᠤᠨ  ᠪᠠᠺᠲ᠋ᠧᠷᠢ ᠤᠰᠠᠳᠬᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠠᠶᠢᠲᠤᠷ ᠬᠢᠨ᠎ᠡ᠃     ᠲᠠᠪᠤ᠂ ᠱᠠᠯᠠᠪᠳᠠᠭᠤᠯᠤᠨ ᠵᠢᠯᠣᠭᠤᠳᠴᠤ ᠬᠢᠨᠠᠨ ᠰᠢᠯᠭᠠᠬᠤ ᠶᠢ ᠴᠢᠩᠭᠠᠷᠠᠭᠤᠯᠤᠨ᠎ᠠ     ︵ᠨᠢᠭᠡ︶ ᠱᠠᠯᠠᠪᠳᠠᠭᠤᠯᠤᠨ ᠵᠢᠯᠣᠭᠤᠳᠬᠤ ᠶᠢ ᠴᠢᠩᠭᠠᠳᠬᠠᠨ᠎ᠠ᠃ ᠡᠯ᠎ᠡ ᠭᠠᠵᠠᠷ ᠤᠨ ᠬᠢᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠤᠯᠠᠮᠵᠢᠯᠠᠯᠲᠤ ᠪᠣᠷᠣᠯᠠᠭᠤᠯᠭ᠎ᠠ ᠶᠢᠨ ᠬᠥᠭᠵᠢᠯᠲᠡᠶ ᠤᠯᠠᠷᠢᠯ ᠤᠨ ᠴᠣᠩᠬᠤᠨ ᠤ ᠬᠤᠭᠤᠴᠠᠭ᠎ᠠ ᠶᠢ ᠴᠢᠩᠭ᠎ᠠ ᠠᠳᠬᠤᠵᠤ᠂ ᠡᠯᠧᠺᠲᠷᠣᠨ ᠬᠡᠷᠡᠭᠯᠡᠭᠡᠨ ᠤ ᠲᠡᠮᠳᠡᠭᠲᠦ ᠶᠢᠨ ᠪᠣᠷᠣᠯᠠᠭᠤᠯᠭ᠎ᠠ ᠶᠢ ᠠᠬᠢᠭᠤᠯᠬᠤ ᠠᠵᠢᠯ ᠢ ᠢᠳᠡᠪᠬᠢᠲᠡᠶ ᠥᠷᠨᠢᠭᠦᠯᠵᠦ᠂ ᠳᠣᠲᠣᠭᠠᠳᠤ ᠬᠡᠷᠡᠭᠴᠡᠭᠡ ᠶᠢ ᠤᠯᠠᠮ ᠨᠢᠭᠡ ᠠᠯᠬᠤᠮ ᠳᠠᠶᠢᠴᠢᠯᠠᠨ᠂ ᠬᠡᠷᠡᠭᠯᠡᠭᠡ ᠶᠢ ᠥᠷᠭᠡᠳᠬᠡᠨ᠎ᠡ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠬᠠᠮᠲᠤᠷᠠᠨ ᠡᠯ᠎ᠡ ᠭᠠᠵᠠᠷ ᠤᠨ ᠬᠡᠷᠡᠭᠯᠡᠭᠡᠨ ᠤ ᠲᠡᠮᠳᠡᠭᠲᠦ ᠶᠢ ᠥᠷᠨᠢᠭᠦᠯᠵᠦ ᠪᠠᠶᠢᠭ᠎ᠠ ᠪᠠᠶᠢᠳᠠᠯ ᠢ ᠱᠠᠯᠠᠪᠳᠠᠨ ᠵᠢᠯᠣᠭᠤᠳᠤᠨ᠎ᠠ᠃     ︵ᠬᠤᠶᠠᠷ︶ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠶᠢ ᠥᠷᠨᠢᠭᠦᠯᠦᠨ᠎ᠡ᠃ ᠡᠯ᠎ᠡ ᠭᠠᠵᠠᠷ ᠤᠨ ᠨᠢᠭᠡᠳᠦᠭᠡᠷ ᠤᠳᠠᠭᠠᠨ ᠤ ᠡᠳ᠋ ᠤᠨ ᠵᠠᠰᠠᠭ ᠤᠨ ᠪᠠᠯᠠ ᠮᠥᠩᠭᠦ ᠶᠢᠨ ᠡᠯᠧᠺᠲᠷᠣᠨ ᠬᠡᠷᠡᠭᠯᠡᠭᠡᠨ ᠤ ᠲᠡᠮᠳᠡᠭᠲᠦ ᠲᠠᠷᠬᠠᠭᠠᠬᠤ ᠠᠵᠢᠯ ᠢ ᠡᠷᠬᠡᠪᠰᠢ 3 ᠳ᠋ᠤᠭᠠᠷ ᠰᠠᠷ᠎ᠠ ᠳᠤ ᠳᠠᠭᠤᠰᠬᠠᠵᠤ᠂ ᠲᠠᠷᠬᠠᠭᠠᠬᠤ ᠠᠵᠢᠯ ᠳᠠᠭᠤᠰᠤᠭᠰᠠᠨ ᠤ ᠳᠠᠷᠠᠭ᠎ᠠ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠬᠠᠮᠲᠤᠷᠠᠨ ᠡᠯ᠎ᠡ ᠭᠠᠵᠠᠷ ᠤᠨ ᠠᠵᠢᠯᠯᠠᠭ᠎ᠠ ᠶᠢᠨ ᠠᠮᠵᠢᠯᠲᠠ ᠪᠦᠲᠦᠮᠵᠢ ᠶᠢ ᠦᠨᠡᠯᠡᠨ  ᠵᠢᠱᠢᠨ᠎ᠡ᠃ ᠦᠨᠡᠯᠡᠨ ᠵᠢᠱᠢᠬᠦ ᠶᠢ ᠡᠯ᠎ᠡ ᠭᠠᠵᠠᠷ ᠤᠨ ᠱᠠᠭᠠᠷᠳᠠᠭᠰᠠᠨ ᠴᠠᠭ ᠬᠤᠭᠤᠴᠠᠭ᠎ᠠ ᠶᠢᠨ ᠬᠢᠵᠠᠭᠠᠷ ᠶᠣᠰᠣᠭᠠᠷ ᠴᠠᠭ ᠲᠤᠬᠠᠶ ᠳᠤ ᠨᠢ ᠥᠷᠨᠢᠭᠦᠯᠦᠭᠰᠡᠨ ᠡᠰᠡᠬᠦ᠂ ᠠᠵᠢᠯᠯᠠᠭ᠎ᠠ ᠶᠢᠨ ᠬᠤᠭᠤᠴᠠᠭᠠᠨ ᠳᠤ ᠰᠢᠨ᠎ᠡ ᠪᠠᠷ ᠨᠡᠮᠡᠭᠳᠡᠭᠰᠡᠨ ᠪᠦᠷᠢᠳᠬᠡᠯ ᠳᠤ ᠣᠷᠣᠭᠰᠠᠨ ᠠᠵᠤ ᠠᠬᠤᠶᠢᠯᠠᠯ ᠤᠨ ᠲᠤᠭ᠎ᠠ᠂ ᠠᠵᠢᠯᠴᠢᠨ ᠤ ᠡᠪᠯᠡᠯ᠂ ᠬᠤᠳᠠᠯᠳᠤᠭᠠᠴᠢᠳ ᠠᠵᠢᠯᠯᠠᠭ᠎ᠠ ᠶᠢ ᠲᠤᠰᠠᠯᠠᠭᠰᠠᠨ ᠪᠠᠶᠢᠳᠠᠯ᠂ ᠳᠠᠩᠰᠠᠨ ᠠᠴᠠ ᠭᠠᠷᠴᠣ  ᠪᠤᠲᠠᠲᠠᠢ ᠬᠡᠷᠡᠭᠯᠡᠭᠳᠡᠭᠰᠡᠨ ᠨᠣᠷᠮ᠎ᠠ᠂ ᠬᠥᠰᠢᠭᠦᠷᠭᠡ ᠶᠢᠨ ᠨᠣᠷᠮ᠎ᠠ᠂ ᠬᠤᠳᠠᠯᠳᠤᠭᠠᠴᠢᠳ ᠤᠨ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠵᠡᠷᠭᠡ ᠲᠠᠯ᠎ᠠ ᠪᠠᠷ ᠥᠷᠨᠢᠭᠦᠯᠦᠨ᠎ᠡ᠃ ᠦᠨᠡᠯᠡᠨ ᠵᠢᠱᠢᠭᠰᠡᠨ ᠦᠷ᠎ᠡ ᠳ᠋ᠦᠩ ᠢ ᠲᠠᠷᠠᠭᠠᠴᠢ ᠶᠢᠨ ᠱᠠᠩᠨᠠᠯ ᠤᠨ ᠪᠠᠯᠠ ᠮᠥᠩᠭᠦ ᠶᠢᠨ ᠬᠤᠪᠢᠶᠠᠷᠢᠯᠠᠯᠲᠠ ᠶᠢᠨ ᠭᠤᠤᠯ ᠦᠨᠳᠦᠰᠦᠯᠡᠯ ᠪᠣᠯᠭᠠᠨ᠎ᠠ᠃
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2